1-8 ᠰᠠᠷ᠎ᠠ ᠳᠤ ᠮᠠᠨ ᠤ ᠬᠤᠲᠠ ᠶᠢᠨ ᠬᠤᠲᠠ ᠪᠠᠯᠭᠠᠰᠤᠨ ᠳᠤ 6732 ᠬᠥᠮᠥᠨ ᠳᠤ ᠰᠢᠨ᠎ᠡ ᠪᠠᠷ ᠠᠵᠢᠯ ᠣᠯᠭᠤᠪᠠ
ᠨᠡᠶᠢᠲᠡᠯᠡᠭᠰᠡᠨ ᠴᠠᠭ᠄
2023/9/26
      ᠡᠨᠡ ᠵᠢᠯ ᠠᠴᠠ ᠨᠠᠰᠢ᠂ ᠮᠠᠨ ᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠢᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ︽ᠮᠡᠷᠭᠡᠵᠢᠯ ᠴᠢᠳᠠᠪᠤᠷᠢ ᠲᠠᠢ ᠥᠪᠥᠷ ᠮᠣᠩᠭᠤᠯ︾ ︽ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠠᠬᠢᠭᠤᠯᠬᠤ︾ ᠵᠡᠷᠭᠡ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠪᠥᠬᠦ ᠬᠦᠴᠦᠨ ᠢᠶᠠᠷ ᠢᠶᠠᠨ ᠠᠵᠢᠯ ᠣᠯᠭᠤᠯᠲᠠ ᠶᠢᠨ ᠦᠯᠡᠳᠡᠭᠡᠯ ᠬᠡᠮᠵᠢᠶ᠎ᠡ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢᠨ ᠨᠡᠮᠡᠭᠳᠡᠯ ᠢ ᠥᠷᠭᠡᠳᠬᠡᠵᠦ᠂ ᠠᠵᠢᠯ ᠣᠯᠭᠤᠯᠲᠠ ᠶᠢᠨ ᠴᠢᠨᠠᠷ ᠢ ᠳᠡᠭᠡᠭᠰᠢᠯᠡᠭᠦᠯᠦᠨ᠎ᠡ᠃      8 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ᠶᠢᠨ ᠬᠤᠲᠠ ᠪᠠᠯᠭᠠᠰᠤᠨ ᠳᠤ 6732 ᠬᠥᠮᠥᠨ ᠳᠤ ᠰᠢᠨ᠎ᠡ ᠪᠠᠷ ᠠᠵᠢᠯ ᠣᠯᠭᠤᠵᠤ᠂ 8300 ᠬᠥᠮᠥᠨ  ᠤ  ᠬᠠᠷᠠᠯᠲᠠ  ᠡᠭᠦᠷᠭᠡ ᠎ ᠶᠢ  81.11%  ᠎ ᠪᠠᠷ  ᠪᠡᠶᠡᠯᠡᠭᠦᠯᠪᠡ︔  ᠬᠤᠲᠠ  ᠪᠠᠯᠭᠠᠰᠤᠨ  ᠤ ᠳᠠᠩᠰᠠᠯᠠᠭᠤᠯᠤᠭᠰᠠᠨ ᠠᠵᠢᠯ  ᠠᠯᠳᠠᠯᠲᠠ ᠎ ᠶᠢᠨ ᠨᠣᠷᠮ᠎ᠠ  ᠎ ᠶᠢ  4.04%᠎ ᠳᠤ ᠬᠢᠵᠠᠭᠠᠷᠯᠠᠵᠤ᠂ ᠡᠵᠡᠮᠳᠡᠬᠦ ᠬᠠᠷᠠᠯᠲᠠ ᠶᠢᠨ ᠡᠭᠦᠷᠭᠡ ᠠᠴᠠ ᠵᠠᠭᠤᠨ ᠤ 5%0.96 ᠨᠢᠭᠡᠴᠢ ᠪᠠᠷ ᠳᠣᠣᠷ᠎ᠠ ᠪᠠᠶᠢᠯᠭᠠᠪᠠ︔ ᠪᠥᠬᠦ ᠬᠤᠲᠠ ᠳᠤ ᠬᠤᠲᠠ ᠪᠠᠯᠭᠠᠰᠤᠨ ᠤ 29 ︽ᠠᠵᠢᠯ ᠣᠯᠣᠭᠰᠠᠨ ᠬᠥᠮᠥᠨ ᠦᠭᠡᠢ ᠭᠡᠷ ᠪᠦᠯᠢ︾᠎ ᠶᠢ ᠮᠠᠭᠠᠳᠯᠠᠨ ᠳᠡᠩᠰᠡᠯᠡᠵᠦ᠂ 29 ᠡᠷᠦᠬᠡ ᠶᠢᠨ 29 ᠬᠥᠮᠥᠨ ᠳᠤ ᠠᠵᠢᠯ ᠣᠯᠭᠤᠬᠤ ᠶᠢ ᠪᠡᠶᠡᠯᠡᠭᠦᠯᠪᠡ︔ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠳᠤ ᠨᠡᠶᠢᠲᠡ 112577 ᠬᠥᠮᠥᠨ ᠢ ᠰᠢᠯᠵᠢᠭᠦᠯᠦᠨ ᠠᠵᠢᠯ ᠣᠯᠭᠤᠵᠤ᠂ ᠣᠨ ᠤ ᠬᠠᠷᠠᠯᠲᠠ ᠶᠢᠨ ᠡᠭᠦᠷᠭᠡ ᠶᠢ 93.81%᠎ ᠪᠠᠷ ᠪᠡᠶᠡᠯᠡᠭᠦᠯᠵᠦ᠂ ᠡᠭᠦᠨ ᠳᠤ 6 ᠰᠠᠷ᠎ᠠ ᠎ ᠠᠴᠠ ᠳᠡᠭᠡᠭᠰᠢ 96835 ᠬᠥᠮᠥᠨ ᠢ ᠰᠢᠯᠵᠢᠭᠦᠯᠦᠨ᠂ ᠣᠨ ᠤ ᠬᠠᠷᠠᠯᠲᠠ ᠶᠢᠨ ᠡᠭᠦᠷᠭᠡ ᠶᠢ 99.83%᠎ ᠪᠠᠷ ᠪᠡᠶᠡᠯᠡᠭᠦᠯᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ