ᠮᠠᠨ ᠤ ᠬᠤᠲᠠ ︽ᠨᠠᠢᠮᠠᠨ 100︾ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠢᠶᠠᠷ ᠠᠬᠢᠭᠤᠯᠵᠤ ᠪᠣᠶ
ᠨᠡᠶᠢᠲᠡᠯᠡᠭᠰᠡᠨ ᠴᠠᠭ᠄
2023/9/26
      ᠡᠨᠡ ᠵᠢᠯ ᠠᠴᠠ ᠨᠠᠰᠢ᠂ ᠮᠠᠨ ᠤ ᠬᠤᠲᠠ ︽ᠨᠠᠢᠮᠠᠨ 100 ︾᠎ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠢᠶᠠᠷ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠪᠠ᠃      100 ᠲᠦᠮᠡᠨ ᠮᠦ ᠪᠤᠭᠤᠳᠠᠢ ᠳᠠᠷᠢᠬᠤ ᠲᠠᠯ᠎ᠠ ᠪᠠᠷ᠂ ᠪᠥᠬᠦ ᠬᠤᠲᠠ ᠶᠢᠨ ᠪᠤᠭᠤᠳᠠᠢ ᠳᠠᠷᠢᠬᠤ ᠲᠠᠯᠠᠪᠠᠶ 95.79 ᠲᠦᠮᠡᠨ ᠮᠦ ︵ᠴᠡᠪᠡᠷ ᠢᠶᠠᠷ ᠨᠤᠭᠤᠯᠵᠤ ᠪᠤᠳᠤᠪᠠᠯ 79.97 ᠲᠦᠮᠡᠨ ᠮᠦ︶ ᠪᠠᠶᠢᠵᠤ᠂ 100 ᠲᠦᠮᠡᠨ ᠮᠦ ᠶᠢᠨ ᠡᠭᠦᠷᠭᠡ ᠶᠢᠨ ᠲᠠᠯᠠᠪᠠᠶ ᠶᠢᠨ 95.8%᠎ ᠶᠢ ᠪᠡᠶᠡᠯᠡᠭᠦᠯᠪᠡ᠃ 100 ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ ᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠠᠯ᠎ᠠ ᠪᠠᠷ᠂ 2023 ᠣᠨ ᠳᠤ ᠪᠥᠬᠦ ᠬᠤᠲᠠ ᠳᠤ 102 ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ ᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷ ᠲᠥᠯᠥᠪᠯᠡᠵᠦ ᠪᠣᠶ᠂ ᠡᠭᠦᠨ ᠳᠤ 47 ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠪᠠᠶᠢᠵᠤ᠂ ᠣᠲᠣ ᠨᠢᠭᠡᠨᠲᠡ 35᠎ ᠶᠢ ᠪᠠᠶᠢᠭᠤᠯᠵᠤ ᠳᠠᠭᠤᠰᠬᠠᠪᠠ︔ 42 ᠪᠡᠯᠡᠳᠭᠡᠮᠵᠢᠳᠤ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ ︵ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ︶᠎ ᠢ ᠣᠲᠣ ᠨᠢᠭᠡᠨᠲᠡ 18 ᠪᠠᠶᠢᠭᠤᠯᠵᠤ ᠳᠠᠭᠤᠰᠬᠠᠪᠠ︔ 13 ᠲᠠᠷᠢᠮᠠᠯ ᠤᠨ ᠦᠢᠯᠡᠰ ᠤᠨ ᠬᠦᠷᠢᠶᠡᠯᠡᠩ ᠲᠣᠭᠤᠷᠢᠭ ᠢ ᠣᠳᠣᠬᠠᠨ ᠳᠤ ᠨᠢᠭᠡᠨᠲᠡ 10 ᠎ ᠶᠢ ᠪᠠᠶᠢᠭᠤᠯᠵᠤ ᠳᠠᠭᠤᠰᠬᠠᠪᠠ᠃ 100 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ 2023 ᠣᠨ ᠳᠤ ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ 93 ᠲᠦᠮᠡᠨ ᠮᠦ ︵13 ᠲᠦᠮᠡᠨ ᠮᠦ ᠶᠢ ᠰᠢᠨ᠎ᠡ ᠪᠠᠷ ᠪᠠᠶᠢᠭᠤᠯᠵᠤ᠂ 80 ᠲᠦᠮᠡᠨ ᠮᠦ ᠶᠢ ᠥᠭᠡᠷᠡᠴᠢᠯᠡᠨ ᠳᠡᠭᠡᠭᠰᠢᠯᠡᠭᠦᠯᠦᠨ᠎ᠡ︶ ᠪᠠᠶᠢᠵᠤ᠂ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠨᠢᠭᠡᠨᠲᠡ ᠪᠦᠬᠦᠨ ᠢ ᠪᠡᠶᠡᠯᠡᠭᠦᠯᠦᠭᠰᠡᠨ ᠪᠥᠭᠡᠳ ᠴᠣᠬᠤᠯᠠᠪᠤᠷᠢ ᠪᠠᠭᠤᠯᠭᠠᠵᠤ᠂ ᠪᠠᠶᠢᠭᠤᠯᠵᠤ ᠪᠠᠶᠢᠭ᠎ᠠ 42.55 ᠲᠦᠮᠡᠨ ᠮᠦ ᠶᠢᠨ ᠪᠠᠷᠢᠯᠭ᠎ᠠ ᠶᠢᠨ ᠠᠵᠢᠯ ᠤᠨ ᠠᠬᠢᠴᠠ ᠶᠢᠨ 82%᠎ ᠢ ᠨᠢᠭᠡᠨᠲᠡ ᠡᠬᠢᠯᠡᠭᠦᠯᠦᠭᠰᠡᠨ ᠪᠠᠶᠢᠨ᠎ᠠ᠃ 100 ᠲᠦᠮᠡᠨ ᠮᠦ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠯ᠎ᠠ ᠪᠠᠷ᠂ 2023 ᠣᠨ ᠤ ᠥᠨᠳᠥᠷ ᠪᠦᠲᠦᠮᠵᠢᠲᠡᠶ ᠤᠰᠤ ᠠᠷᠪᠢᠯᠠᠬᠤ ᠡᠭᠦᠷᠭᠡ 108.19 ᠲᠦᠮᠡᠨ ᠮᠦ ᠳᠤ ᠬᠦᠷᠴᠦ᠂ ᠣᠳᠣᠬᠠᠨ ᠳᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ 116.04 ᠲᠦᠮᠡᠨ ᠮᠦ ᠶᠢ ᠪᠣᠳᠠᠲᠠᠢ ᠨᠠᠶᠢᠳᠠᠪᠤᠷᠢᠵᠢᠭᠤᠯᠵᠤ᠂ ᠨᠢᠭᠡᠨᠲᠡ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠠᠯᠠᠪᠠᠶ 100.19 ᠲᠦᠮᠡᠨ ᠮᠦ ᠶᠢ ᠪᠠᠶᠢᠭᠤᠯᠵᠤ ᠳᠠᠭᠤᠰᠬᠠᠪᠠ᠃ 100 ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠴᠡᠭ ᠤᠨ ᠲᠠᠯ᠎ᠠ ᠪᠠᠷ᠂ 2023 ᠣᠨ ᠳᠤ 100 ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠴᠡᠭ ᠢ ᠪᠦᠬᠦᠨ ᠢ ᠪᠦᠲᠦᠭᠡᠨ ᠪᠠᠶᠢᠭᠤᠯᠵᠤ ᠳᠠᠭᠤᠰᠬᠠᠪᠠ᠂ ᠭᠤᠣᠯ ᠪᠣᠯᠬᠤ ᠣᠷᠣᠨ ᠤ ᠲᠠᠯᠠᠪᠠᠢ 12.4 ᠲᠦᠮᠡᠨ ᠮᠦ᠂ ᠰᠠᠴᠤᠷᠠᠯᠲᠠ ᠶᠢᠨ ᠣᠷᠣᠨ ᠤ ᠲᠠᠯᠠᠪᠠᠢ 69.13 ᠲᠦᠮᠡᠨ ᠮᠦ᠂ ᠭᠤᠣᠯᠳᠠᠭᠤ ᠡᠷᠳᠡᠨᠢ ᠰᠢᠰᠢ᠂ ᠪᠤᠭᠤᠳᠠᠢ᠂ ᠨᠡᠷᠡᠨ ᠬᠤᠸᠠᠷ᠂ ᠲᠥᠪᠡᠳ ᠬᠠᠰᠢ᠂ ᠯᠠᠵᠤᠤ᠂ ᠲᠥᠬᠦᠭᠡᠷᠦᠮᠵᠢᠲᠦ ᠢᠳᠡᠰᠢᠨ ᠨᠣᠭᠤᠭ᠎ᠠ ᠵᠡᠷᠭᠡ ᠲᠦᠷᠦᠯ ᠵᠦᠢᠯ ᠢ ᠲᠠᠷᠢᠪᠠ᠃ 100 ᠲᠦᠮᠡᠨ ᠮᠦ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢᠨ ᠲᠠᠯ᠎ᠠ ᠪᠠᠷ᠂ ᠪᠥᠬᠦ ᠬᠤᠲᠠ ᠶᠢᠨ 2023 ᠣᠨ ᠳᠤ 100 ᠲᠦᠮᠡᠨ ᠮᠦ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢ ᠰᠢᠨ᠎ᠡ ᠪᠠᠷ ᠨᠡᠮᠡᠭᠳᠡᠭᠦᠯᠦᠨ ᠬᠡᠷᠡᠭᠵᠢᠭᠦᠯᠬᠦ ᠪᠠᠷ ᠲᠥᠯᠥᠪᠯᠡᠵᠦ᠂ ᠨᠡᠶᠢᠲᠡ 512 ᠲᠦᠮᠡᠨ ᠮᠦ ᠳᠤ ᠬᠦᠷᠦᠭᠦᠯᠦᠨ᠎ᠡ᠃ ᠣᠲᠣ ᠪᠣᠯᠲᠠᠯ᠎ᠠ᠂ 7 ᠬᠤᠰᠢᠭᠤ ᠰᠢᠶᠠᠨ ᠲᠣᠭᠤᠷᠢᠭ ᠤᠨ ᠬᠢᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢ ᠨᠡᠶᠢᠲᠡ 386.21 ᠲᠦᠮᠡᠨ ᠮᠦ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 75.43% ᠪᠠᠶᠢᠵᠤ᠂ ᠵᠢᠯ ᠤᠨ ᠡᠴᠦᠰ ᠲᠤ ᠪᠦᠬᠦᠨ ᠢ ᠪᠡᠶᠡᠯᠡᠭᠦᠯᠬᠦ ᠪᠠᠷ ᠵᠢᠱᠢᠵᠦ ᠪᠣᠶ᠃ 100 ᠵᠢᠱᠢᠶ᠎ᠡ ᠦᠵᠡᠭᠦᠯᠬᠦ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠲᠠᠯ᠎ᠠ ᠪᠠᠷ᠂ 2023 ᠣᠨ ᠳᠤ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠬᠤᠷᠰᠢᠶ᠎ᠠ ᠪᠠ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠲᠣᠰ ᠲᠣᠰ 100 ᠪᠣᠶᠢᠵᠢᠭᠤᠯᠬᠤ ᠪᠠᠷ ᠲᠥᠯᠥᠪᠯᠡᠵᠦ ᠪᠣᠶ᠃ ᠣᠲᠣ ᠪᠣᠯᠲᠠᠯ᠎ᠠ᠂ ᠪᠥᠬᠦ ᠬᠤᠲᠠ ᠳᠤ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠬᠤᠷᠰᠢᠶ᠎ᠠ ᠶᠢ ᠨᠡᠶᠢᠲᠡ 132᠂ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠨᠡᠶᠢᠲᠡ 144 ᠪᠣᠶᠢᠵᠢᠭᠤᠯᠵᠤ᠂ ᠪᠦᠬᠦᠨ ᠢ ᠳᠠᠪᠠᠭᠤᠯᠤᠨ ᠪᠡᠶᠡᠯᠡᠭᠦᠯᠪᠡ᠃ 100 ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠦᠢᠲᠡᠨ ᠢᠶᠠᠷ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ ᠲᠥᠬᠦᠭᠡᠷᠦᠮᠵᠢ ᠶᠢᠨ ᠲᠠᠯ᠎ᠠ ᠪᠠᠷ᠂ 2023 ᠣᠨ ᠳᠤ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠦᠢᠲᠡᠨ ᠢᠶᠠᠷ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ ᠲᠥᠬᠦᠭᠡᠷᠦᠮᠵᠢ ᠶᠢ 100 ᠪᠠᠶᠢᠭᠤᠯᠬᠤ ᠪᠠᠷ ᠲᠥᠯᠥᠪᠯᠡᠵᠦ᠂  ᠣᠳᠣᠬᠠᠨ ᠎ ᠳᠤ  ᠨᠢᠭᠡᠨᠲᠡ  87  ᠎ ᠶᠢ  ᠪᠠᠶᠢᠭᠤᠯᠵᠤ᠂  ᠶᠠᠭ  21 ᠎ ᠶᠢ  ᠪᠠᠶᠢᠭᠤᠯᠵᠤ᠂  ᠵᠢᠱᠢᠯᠲᠡ ᠎ ᠪᠠᠷ  8  ᠎ ᠶᠢ  ᠳᠠᠪᠠᠭᠤᠯᠤᠨ  ᠪᠡᠶᠡᠯᠡᠭᠦᠯᠦᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ