ᠰᠢ ᠶᠢᠨ ᠫᠢᠩ ᠯᠢᠪᠢᠶᠠ ᠶᠢᠨ ᠠᠶᠤᠯᠲᠤ ᠰᠠᠯᠬᠢᠨ ᠤ ᠭᠠᠮᠰᠢᠭ ᠤᠨ ᠲᠤᠬᠠᠢ ᠯᠢᠪᠢᠶᠠ ᠶᠢᠨ ᠶᠡᠷᠦᠩᠬᠡᠶᠢᠯᠡᠭᠴᠢ ᠶᠢᠨ ᠵᠥᠪᠯᠡᠯ ᠤᠨ ᠲᠡᠷᠢᠭᠦᠯᠡᠭᠴᠢ ᠮᠠᠨᠹᠸᠢ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2023/9/26
      9 ᠰᠠᠷ᠎ᠠ ᠶᠢᠨ 12 ᠤᠨ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠯᠢᠪᠢᠶᠠ ᠶᠢᠨ ᠠᠶᠤᠯᠲᠤ ᠰᠠᠯᠬᠢᠨ ᠤ ᠭᠠᠮᠰᠢᠭ ᠤᠨ ᠲᠤᠬᠠᠢ ᠯᠢᠪᠢᠶᠠ ᠶᠢᠨ ᠶᠡᠷᠦᠩᠬᠡᠶᠢᠯᠡᠭᠴᠢ ᠶᠢᠨ ᠵᠥᠪᠯᠡᠯ ᠤᠨ ᠲᠡᠷᠢᠭᠦᠯᠡᠭᠴᠢ ᠮᠠᠨᠹᠸᠢ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ᠃       ᠰᠢ ᠶᠢᠨ ᠫᠢᠩ᠂ ᠡᠷᠬᠢᠮ ᠤᠯᠤᠰ ᠠᠶᠤᠯᠲᠤ ᠰᠠᠯᠬᠢᠨ ᠤ ᠳᠠᠭᠠᠷᠢᠯᠲᠠ ᠳᠤ ᠤᠴᠠᠷᠠᠵᠤ᠂ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠ ᠡᠳ᠋ ᠬᠥᠷᠥᠩᠭᠡ ᠬᠤᠬᠢᠷᠠᠭᠰᠠᠨ ᠢ ᠰᠣᠴᠢᠰᠬᠢᠨ ᠰᠣᠨᠣᠰᠤᠯ᠎ᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠠᠷᠠᠳ ᠲᠦᠮᠡᠨ ᠤ ᠡᠮᠦᠨ᠎ᠡ ᠠᠴᠠ ᠠᠳᠡᠭᠰᠡᠳ ᠢ ᠡᠮᠭᠡᠨᠢᠨ ᠭᠠᠰᠢᠭᠤᠳᠠᠵᠤ᠂ ᠠᠳᠡᠭᠰᠡᠳ ᠤᠨ ᠭᠡᠷ ᠪᠦᠯᠢ ᠪᠣᠯᠣᠨ ᠰᠢᠷᠬᠠᠲᠤᠭᠰᠠᠳ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠵᠦ ᠪᠠᠶᠢᠨ᠎ᠠ᠃ ᠯᠢᠪᠢᠶ᠎ᠠ ᠶᠢᠨ ᠠᠷᠠᠳ ᠲᠦᠮᠡᠨ ᠯᠠᠪᠲᠠᠢ ᠴᠠᠭ ᠤᠨ ᠪᠡᠷᠬᠡ ᠶᠢ ᠬᠠᠮᠲᠤ ᠪᠠᠷ ᠳᠣᠭᠤᠯᠵᠤ᠂ ᠭᠠᠢ ᠭᠠᠮᠰᠢᠭ ᠢ ᠢᠯᠠᠨ ᠳᠠᠪᠠᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠦ ᠢᠯᠡᠳᠬᠡᠪᠡ᠃       ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 12 ᠤᠨ ᠴᠠᠭᠢᠯᠭᠠᠨ ᠮᠡᠳᠡᠭᠡ︶
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ