ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 20 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ 9 ᠳ᠋ᠦ᠋ᠭᠡᠷ ᠰᠠᠷ᠎ᠠ ᠶᠢᠨ 20 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠵᠢᠯ ᠢ ᠰᠤᠳᠤᠯᠵᠤ᠂ ︽ᠠᠵᠤ ᠠᠬᠤᠶᠢᠯᠠᠯ ᠳᠤ | ᠥᠷᠢᠲᠦᠵᠦ ᠪᠠᠶᠢᠭ᠎ᠠ ᠳᠠᠩᠰᠠ ᠶᠢ ᠴᠠᠶᠢᠷᠠᠭᠤᠯᠬᠤ ᠲᠤᠰᠬᠠᠢ ᠠᠵᠢᠯᠯᠠᠭᠠᠨ ᠤ ᠲᠥᠰᠥᠯ︾ ᠢ ᠬᠢᠨᠠᠨ ᠪᠠᠲᠤᠯᠠᠵᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ | ᠠᠬᠢᠭᠤᠯᠬᠤ ᠶᠢ ᠰᠢᠮᠳᠠᠭᠤᠯᠤᠨ ᠪᠠᠶᠢᠴᠠᠭᠠᠵᠤ ᠰᠤᠳᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ︽ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ | ᠬᠠᠮᠠᠭᠠᠯᠠᠯᠲᠠ ᠶᠢᠨ ᠳᠦᠷᠢᠮ ︵ᠲᠥᠰᠥᠯ︶︾ ᠢ ᠬᠢᠨᠠᠨ ᠪᠠᠲᠤᠯᠠᠪᠠ᠃ | ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠬᠤᠪᠢᠷᠠᠯᠲᠠ ᠪᠣᠯᠣᠨ ᠮᠠᠨ ᠤ ᠤᠯᠤᠰ ᠤᠨ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠱᠠᠲᠤᠴᠢ ᠴᠢᠨᠠᠷᠲᠠᠢ ᠣᠨᠴᠠᠯᠢᠭ ᠢ ᠭᠦᠨᠵᠡᠭᠡᠢ ᠵᠠᠳᠠᠯᠤᠨ ᠡᠵᠡᠮᠳᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠶᠠᠰᠤ ᠴᠢᠨᠠᠷ᠂ ᠦᠷ᠎ᠡ ᠠᠰᠢᠭ ᠬᠢᠭᠡᠳ ᠳᠡᠯᠡᠬᠡᠢ ᠳᠡᠭᠡᠷᠡᠬᠢ | ᠥᠷᠢᠰᠦᠯᠳᠦᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠠᠬᠢᠭᠤᠯᠬᠤ ᠪᠠ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠵᠡᠷᠭᠡ ᠳᠤ ᠨᠢ ᠠᠳᠬᠤᠬᠤ ᠶᠢ | ᠪᠠᠷᠢᠮᠲᠠᠯᠠᠵᠤ᠂ ᠲᠡᠷᠢᠭᠦᠨ ᠤ ᠦᠢᠯᠡᠳᠬᠡᠯ ᠤᠨ ᠦᠢᠯᠡᠰ ᠢ ᠲᠦᠷᠭᠡᠳᠬᠡᠨ ᠬᠥᠭᠵᠢᠭᠦᠯᠵᠦ᠂ ᠲᠣᠭᠠᠴᠢᠯᠠᠭᠰᠠᠨ ᠠᠵᠤ ᠦᠢᠯᠡᠰᠵᠢᠯᠲᠡ ᠪᠠ ᠠᠵᠤ ᠦᠢᠯᠡᠰ ᠤᠨ | ᠲᠣᠭᠠᠴᠢᠯᠠᠯᠲᠠ ᠶᠢ ᠬᠠᠮᠵᠢᠯᠴᠠᠭᠤᠯᠤᠨ ᠠᠬᠢᠭᠤᠯᠵᠤ᠂ ᠳᠤᠲᠠᠭᠳᠠᠯ ᠢ ᠨᠥᠬᠦᠪᠦᠷᠢᠯᠡᠨ᠂ ᠳᠠᠪᠠᠭᠤᠯᠢᠭ ᠢ ᠪᠠᠳᠠᠷᠠᠭᠤᠯᠵᠤ᠂ ᠰᠢᠨ᠎ᠡ ᠳᠠᠪᠠᠭᠤᠯᠢᠭ ᠡᠭᠦᠳᠬᠦ ᠳᠤ ᠬᠦᠴᠦᠯᠡᠬᠦ | ᠬᠡᠷᠡᠭᠲᠡᠢ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠡᠭᠡᠭᠡᠯᠲᠡ ᠶᠢ ᠥᠷᠭᠡᠳᠬᠡᠬᠦ ᠶᠢ ᠪᠠᠷᠢᠮᠲᠠᠯᠠᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ | ᠢᠳᠡᠪᠬᠢᠵᠢᠯ ᠢ ᠭᠦᠢᠴᠡᠳ ᠲᠠᠶᠢᠴᠢᠯᠠᠨ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠲᠤᠰᠠᠯᠠᠬᠤ ᠦᠢᠯᠡᠳᠦᠯ ᠢ ᠪᠠᠳᠠᠷᠠᠭᠤᠯᠵᠤ᠂ ᠭᠤᠣᠯ | ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠪᠠᠷ ᠠᠵᠤ ᠦᠢᠯᠡᠰ ᠤᠨ ᠵᠦᠢ ᠵᠣᠬᠢᠰᠲᠠᠢ ᠪᠠᠶᠢᠷᠢᠯᠠᠭᠤᠯᠤᠯᠲᠠ ᠶᠢ ᠳᠠᠭᠠᠭᠤᠯᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠠᠬᠢᠭᠤᠯᠬᠤ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠦᠨᠡᠨ ᠬᠦ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ᠂ ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠬᠦ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠣᠯ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠬᠢᠭᠡᠳ ᠪᠡᠯᠡ ᠣᠷᠣᠭᠤᠯᠤᠯᠲᠠ ᠶᠢᠨ ᠵᠢᠱᠢᠯᠲᠡ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠲᠠᠢ ᠬᠤᠯᠪᠣᠭᠳᠠᠵᠤ ᠪᠠᠶᠢᠭ᠎ᠠ | ᠪᠣᠯᠬᠤᠷ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠮᠤᠵᠢ ᠶᠢᠨ ᠱᠠᠲᠤᠨ ᠤ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠥᠷᠢ | ᠰᠢᠷᠢ ᠶᠢ ᠴᠠᠶᠢᠷᠠᠭᠤᠯᠬᠤ ᠠᠵᠢᠯ ᠳᠤ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠵᠠᠰᠠᠭ ᠤᠨ ᠣᠷᠳᠣᠨ ᠤ ᠠᠵᠤ ᠠᠬᠤᠶᠢᠯᠠᠯ ᠳᠤ ᠥᠷᠢᠲᠦᠵᠦ ᠪᠠᠶᠢᠭ᠎ᠠ | ᠠᠰᠠᠭᠤᠳᠠᠯ ᠢ ᠰᠢᠮᠳᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠳ ᠤᠨ ᠬᠤᠭᠤᠷᠣᠨᠳᠣᠬᠢ ᠬᠠᠷᠢᠯᠴᠠᠨ ᠥᠷᠢᠲᠦᠵᠦ ᠪᠠᠶᠢᠭ᠎ᠠ ︽ᠬᠡᠯᠬᠢᠶ᠎ᠡ︾ ᠶᠢ ᠠᠯᠳᠠᠷᠠᠭᠠᠵᠤ᠂ | ᠲᠥᠪ ᠤᠨ ᠠᠵᠤ ᠠᠬᠤᠶᠢᠯᠠᠯ ᠤᠯᠤᠰ ᠤᠨ ᠥᠮᠴᠢᠯᠡᠯᠲᠦ ᠠᠵᠤ ᠠᠬᠤᠶᠢᠯᠠᠯ ᠲᠦᠷᠦᠭᠦᠯᠡᠨ ᠲᠥᠯᠥᠬᠦ ᠬᠡᠷᠡᠭᠲᠡᠢ᠃ ᠦᠨᠡᠨ ᠪᠣᠳᠠᠲᠠᠢ ᠪᠠᠷ ᠲᠥᠯᠥᠵᠦ ᠳᠠᠭᠤᠰᠬᠠᠬᠤ ᠶᠢ | ᠲᠤᠪᠤᠶᠢᠯᠭᠠᠵᠦ᠂ ᠲᠦᠷᠦ ᠶᠢᠨ ᠪᠣᠳᠣᠯᠭ᠎ᠠ ᠪᠠᠷ ᠳᠡᠮᠵᠢᠬᠦ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠳᠬᠠᠵᠤ᠂ | ᠲᠥᠯᠥᠬᠦ ᠶᠣᠰᠣᠲᠠᠢ ᠶᠢ ᠨᠢ ᠪᠦᠬᠦᠨ ᠢ ᠴᠢᠷᠮᠠᠶᠢᠨ ᠲᠥᠯᠥᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠳᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠶᠢ ᠰᠢᠮᠳᠠᠭᠤᠯᠤᠨ ᠪᠠᠶᠢᠴᠠᠭᠠᠵᠤ ᠰᠤᠳᠤᠯᠤᠭᠰᠠᠨ ᠪᠠᠶᠢᠳᠠᠯ ᠤᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠳᠡᠭᠡᠷ᠎ᠡ᠂ ᠰᠢᠮᠳᠠᠭᠤᠯᠤᠨ ᠪᠠᠶᠢᠴᠠᠭᠠᠨ ᠰᠤᠳᠤᠯᠤᠯᠲᠠ ᠪᠠᠷ ᠢᠯᠡᠷᠡᠭᠦᠯᠦᠭᠰᠡᠨ ᠠᠰᠠᠭᠤᠳᠠᠯ ᠤᠳ ᠢ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠢᠮᠠᠭᠲᠠ ᠠᠩᠬᠠᠷᠴᠤ᠂ ︽ᠠᠰᠠᠭᠤᠳᠠᠯ ᠤᠨ ᠨᠠᠷᠢᠨ ᠳᠠᠩᠰᠠ︾ ᠶᠢ ︽ | ᠬᠠᠷᠢᠭᠤᠴᠠᠯᠭ᠎ᠠ ᠶᠢᠨ ᠨᠠᠷᠢᠨ ᠳᠠᠩᠰᠠ︾ ᠪᠣᠯᠭᠠᠵᠤ᠂ ᠨᠢᠭᠡᠳ ᠨᠢᠭᠡ ᠪᠠᠷ ᠰᠠᠶᠢᠲᠤᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠨᠢᠭᠡ ᠠᠴᠠ ᠨᠥᠭᠦᠭᠡ ᠶᠢ | ᠮᠡᠳᠡᠵᠦ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠥᠷᠭᠡᠳᠬᠡᠨ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠴᠠᠭ ᠢ ᠨᠢ ᠲᠠᠭᠠᠷᠠᠭᠤᠯᠤᠨ ︽ᠳᠠᠬᠢᠨ | ᠪᠠᠶᠢᠴᠠᠭᠠᠵᠤ︾᠂ ᠨᠡᠶᠢᠲᠡᠯᠡᠭᠰᠡᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠦᠴᠦᠯᠡᠨ ᠠᠬᠢᠭᠤᠯᠬᠤ | ᠬᠡᠷᠡᠭᠲᠡᠢ᠃ ᠰᠢᠮᠳᠠᠭᠤᠯᠤᠨ ᠪᠠᠶᠢᠴᠠᠭᠠᠨ ᠰᠤᠳᠤᠯᠤᠯᠲᠠ ᠪᠠᠷ ᠴᠤᠭᠯᠠᠭᠤᠯᠤᠭᠰᠠᠨ ᠰᠠᠨᠠᠯ ᠰᠠᠨᠠᠭᠤᠯᠭ᠎ᠠ ᠨᠤᠭᠤᠳ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠥᠯᠥᠪᠯᠡᠭᠡ ᠲᠠᠢ ᠪᠠᠨ ᠤᠶᠠᠯᠳᠤᠭᠤᠯᠤᠨ | ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠭᠦᠨᠵᠡᠭᠡᠢ ᠰᠤᠳᠤᠯᠵᠤ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠨᠡᠶᠢᠲᠡᠯᠡᠬᠦ ᠪᠠ ᠠᠵᠢᠯ ᠤᠨ | ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠬᠠᠨᠳᠤᠰᠢ ᠶᠢ ᠤᠯᠠᠮ ᠪᠠᠬᠢᠵᠢᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠳᠤ᠂ ᠨᠠᠰᠤᠨ ᠳᠤ ᠥᠯᠥ ᠬᠦᠷᠦᠭᠰᠡᠳ ᠪᠣᠯ ᠤᠯᠤᠰ ᠣᠷᠣᠨ ᠤ ᠢᠷᠡᠭᠡᠳᠦᠢ᠂ ᠦᠨᠳᠦᠰᠦᠲᠡᠨ ᠤ ᠬᠦᠰᠡᠯ ᠮᠥᠨ᠃ ᠨᠠᠰᠤᠨ ᠳᠤ ᠥᠯᠥ | ᠭᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠬᠠᠤᠯᠢᠵᠢᠯ ᠤᠨ ᠲᠤᠰᠠᠯᠠᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠡᠯ᠎ᠡ ᠲᠠᠯ᠎ᠠ ᠠᠴᠠ ᠨᠠᠰᠤᠨ ᠳᠤ | ᠥᠯᠥ ᠭᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠯᠪᠣᠭᠳᠠᠯ ᠪᠦᠬᠦᠢ ᠠᠵᠤ | ᠠᠬᠤᠶᠢᠯᠠᠯ ᠤᠳ ᠳᠦᠷᠢᠮ ᠢ ᠢᠳᠡᠪᠬᠢᠲᠡᠢ ᠨᠠᠶᠢᠳᠠᠪᠤᠷᠢᠵᠢᠭᠤᠯᠬᠤ᠂ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠵᠢᠯᠣᠭᠤᠳᠤᠨ ᠳᠡᠮᠵᠢᠵᠦ᠂ ᠨᠠᠰᠤᠨ ᠳᠤ ᠥᠯᠥ | ᠭᠦᠷᠦᠭᠰᠡᠳ ᠤᠨ ᠲᠣᠷᠨᠢᠨ ᠪᠤᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃ | | | |