2023 ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠶᠠᠷᠢᠶᠠᠨ ᠤ ᠲᠠᠪᠴᠠᠩ ︵ᠪᠠᠶᠠᠨᠨᠠᠭᠤᠷ︶ ᠤᠨ ᠨᠠᠮᠤᠷ ᠤᠨ ᠤᠯᠠᠷᠢᠯ ᠤᠨ ᠲᠦᠷᠦᠭᠦᠴᠦᠳ ᠤᠨ ᠬᠤᠷᠠᠯ ᠵᠢᠴᠢ ︽  ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ ᠨᠡᠶᠢᠲᠡᠯᠡᠭᠰᠡᠨ ᠲᠠᠪᠤᠨ ᠵᠢᠯ ᠤᠨ ᠣᠶ ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/26
      9 ᠰᠠᠷ᠎ᠠ ᠶᠢᠨ 13 ᠤ ᠡᠳᠦᠷ᠂ 2023 ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠶᠠᠷᠢᠶᠠᠨ ᠤ ᠲᠠᠪᠴᠠᠩ ︵ᠪᠠᠶᠠᠨᠨᠠᠭᠤᠷ︶ ᠤᠨ ᠨᠠᠮᠤᠷ ᠤᠨ ᠤᠯᠠᠷᠢᠯ ᠤᠨ ᠲᠦᠷᠦᠭᠦᠴᠦᠳ ᠤᠨ ᠬᠤᠷᠠᠯ ᠵᠢᠴᠢ ︽ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠨᠡᠶᠢᠲᠡᠯᠡᠭᠰᠡᠨ ᠲᠠᠪᠤᠨ ᠵᠢᠯ ᠤᠨ ᠣᠶ ᠶᠢᠨ ᠶᠡᠭᠡ ᠬᠤᠷᠠᠯ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠲᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠬᠤᠷᠠᠯ ᠳᠤ ᠣᠷᠣᠯᠴᠠᠭᠰᠠᠨ ᠪᠥᠭᠡᠳ ᠲᠠᠪᠤᠳᠤᠭᠠᠷ ᠪᠦᠯᠦᠭ ᠤᠨ ︽ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠭᠰᠠᠨ ᠠᠵᠤ ᠠᠬᠤᠶᠢᠯᠠᠯ ᠳᠤ ᠫᠠᠶᠢᠰᠠ ᠣᠯᠭᠤᠪᠠ᠃      ᠠᠵᠢᠯᠯᠠᠭ᠎ᠠ ᠶᠢᠨ ᠳᠤᠮᠳᠠ᠂ ᠥᠪᠥᠷ ᠮᠣᠩᠭᠤᠯ ᠤᠨ ᠪᠠᠶᠠᠨ  ᠪᠣᠬᠢᠷᠲᠤᠯ ᠦᠭᠡᠢ ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ︽ᠲᠠᠪᠤᠨ ᠵᠢᠯ ᠤᠨ ᠰᠠᠯᠬᠢ ᠪᠣᠷᠣᠭᠠᠨ ᠢ ᠡᠷᠭᠢᠴᠡᠭᠦᠯᠵᠦ ᠤᠭ ᠰᠠᠨᠠᠭ᠎ᠠ ᠪᠠᠨ ᠡᠷᠭᠢᠴᠡᠭᠦᠯᠦᠶ᠎ᠡ︾ ᠭᠡᠬᠦ ᠰᠡᠳᠦᠪ ᠢᠶᠠᠷ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠲᠠᠪᠤᠨ ᠵᠢᠯ ᠤᠨ ᠤᠢ ᠶᠢᠨ ᠭᠤᠣᠯ ᠰᠡᠳᠦᠪᠲᠦ ᠶᠠᠷᠢᠶ᠎ᠠ ᠢᠯᠡᠳᠬᠡᠯ ᠬᠢᠵᠡᠢ︔ ︽2018 ︱ 2022︾ ᠤᠨ ᠲᠡᠭᠷᠢ ᠶᠢᠨ ᠬᠡᠰᠢᠭᠲᠦ ᠪᠣᠷᠣᠳᠣᠬᠤᠢ ︽ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠮᠡᠳᠡᠭᠦᠯᠦᠯᠲᠡ ︱ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠰᠡᠩᠬᠡᠷᠡᠭᠦᠯᠦᠯ ᠤᠨ ᠲᠡᠮᠳᠡᠭᠯᠡᠯ︾ ᠢ ᠨᠡᠶᠢᠲᠡᠯᠡᠪᠡ︔ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠭᠤᠣᠯ ᠵᠣᠷᠢᠯᠲᠠ ᠶᠢᠨ ᠶᠠᠷᠢᠶ᠎ᠠ ᠲᠠᠯᠪᠢᠪᠠ︔ ︽ᠣᠷᠣᠨ ᠪᠦᠰᠡ ᠶᠢᠨ ᠲᠠᠷᠢᠶᠠᠯᠠᠩ ᠤᠨ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢᠨ ᠰᠢᠨ᠎ᠡ ᠶᠢ ᠡᠭᠦᠳᠬᠦ ᠪᠠ ᠦᠷᠭᠦᠯᠵᠢᠯᠡᠨ ᠬᠥᠭᠵᠢᠭᠦᠯᠬᠦ︾ ᠲᠤᠬᠠᠢ ᠵᠥᠪᠯᠡᠬᠦ ᠰᠡᠳᠦᠪ ᠪᠣᠯᠭᠠᠭᠰᠠᠨ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠲᠠᠰ  ᠠᠴᠠ ᠳᠠᠪᠠᠭᠰᠠᠨ ᠶᠠᠷᠢᠯᠴᠠᠭ᠎ᠠ ᠬᠢᠪᠡ︔ ︽ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠲᠠᠪᠤᠳᠤᠭᠠᠷ ᠪᠦᠯᠦᠭ ᠤᠨ ᠡᠷᠬᠡ ᠣᠯᠭᠤᠭᠰᠠᠨ ᠪᠦᠲᠦᠭᠡᠭᠳᠡᠬᠦᠨ ᠢ ᠨᠡᠶᠢᠲᠡᠯᠡᠬᠦ ᠵᠢᠴᠢ ᠫᠠᠶᠢᠰᠠ ᠣᠯᠭᠤᠬᠤ ᠶᠣᠰᠣᠯᠠᠯ ᠶᠠᠪᠤᠭᠤᠯᠪᠠ︔ ᠬᠤᠶᠠᠳᠤᠭᠠᠷ ᠬᠤᠭᠤᠴᠠᠭᠠᠨ ᠤ ︽ᠪᠠᠶᠠᠨᠨᠠᠭᠤᠷ ᠤᠨ ᠠᠷᠪᠠᠨ ᠲᠣᠮᠣ ᠰᠦᠯᠵᠢᠶᠡᠨ ᠤ ᠤᠯᠠᠭᠠᠨ ᠲᠠᠷᠢᠶᠠᠯᠠᠩ ᠤᠨ ᠪᠦᠲᠦᠭᠡᠭᠳᠡᠬᠦᠨ︾ ᠢ ᠰᠢᠯᠭᠠᠷᠠᠭᠤᠯᠬᠤ ᠠᠵᠢᠯᠯᠠᠭ᠎ᠠ ᠶᠢ ᠡᠬᠢᠯᠡᠭᠦᠯᠪᠡ᠃      ︽ᠲᠡᠭᠷᠢ ᠶᠢᠨ ᠬᠡᠰᠢᠭᠲᠦ ᠪᠣᠷᠣᠳᠣᠬᠤᠢ︾ ᠶᠢ ᠨᠡᠶᠢᠲᠡᠯᠡᠭᠰᠡᠨ ᠠᠴᠠ ᠨᠠᠰᠢᠬᠢ 5 ᠵᠢᠯ ᠤᠨ ᠲᠤᠷᠰᠢ᠂ ᠮᠠᠨ ᠤ ᠬᠤᠲᠠ ᠶᠢᠨ ᠪᠥᠬᠦ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠥᠬᠦ ᠲᠠᠯ᠎ᠠ ᠪᠠᠷ ᠪᠠᠶᠢᠭᠤᠯᠵᠤ᠂ ᠪᠠᠷᠢᠮᠵᠢᠶ᠎ᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ︽ᠲᠡᠭᠷᠢ ᠶᠢᠨ ᠬᠡᠰᠢᠭᠲᠦ ᠪᠣᠷᠣᠳᠣᠬᠤᠢ︾ ᠨᠢ ︽ᠰᠢᠨ᠎ᠡ ᠴᠠᠭ ᠦᠶ᠎ᠡ ᠶᠢᠨ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠠᠷᠪᠠᠨ ᠵᠢᠯ · ᠭᠠᠷᠮᠠᠭᠠᠢ ᠨᠥᠯᠥᠭᠡᠯᠡᠬᠦ ᠬᠦᠴᠦᠨ ᠲᠠᠢ ᠨᠠᠷᠠᠲᠤ ᠲᠥᠷᠥᠯ ᠲᠡᠮᠳᠡᠭᠲᠦ︾ ᠵᠡᠷᠭᠡ 21 ᠲᠣᠮᠣ ᠱᠠᠩᠨᠠᠯ ᠢ ᠭᠥᠷᠳᠡᠪᠡ᠃2022 ᠣᠨ ᠳᠤ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠲᠦᠷᠦᠯ ᠲᠡᠮᠳᠡᠭ ᠤᠨ ᠦᠷᠳᠡᠭ 260 ᠳ᠋ᠦᠩᠰᠢᠭᠤᠷ ᠲᠥᠭᠦᠷᠢᠭ ᠢ ᠳᠠᠪᠠᠵᠤ᠂ ᠡᠷᠬᠡ ᠣᠯᠭᠤᠭᠰᠠᠨ ᠦᠢᠯᠡᠳᠬᠦᠨ ᠤ ᠪᠣᠷᠤᠯᠠᠭᠤᠯᠭ᠎ᠠ ᠶᠢᠨ ᠬᠡᠮᠵᠢᠶ᠎ᠡ 4.4 ᠳ᠋ᠦᠩᠰᠢᠭᠤᠷ ᠲᠥᠭᠦᠷᠢᠭ ᠲᠤ ᠬᠦᠷᠴᠡᠢ᠃ 2022 ᠣᠨ ᠪᠣᠯᠬᠤ ᠳᠤ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠡᠷᠬᠡ ᠣᠯᠭᠤᠭᠰᠠᠨ ᠪᠦᠲᠦᠭᠡᠭᠳᠡᠬᠦᠨ ᠤ ᠦᠨ᠎ᠡ ᠨᠢ 30% ᠠᠴᠠ ᠳᠡᠭᠡᠭᠰᠢ ᠥᠰᠴᠦ᠂ ᠪᠥᠬᠦ ᠬᠤᠲᠠ ᠶᠢᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠦᠬᠦᠯᠢ ᠴᠣᠭᠴᠠ ᠶᠢᠨ ᠦᠨ᠎ᠡ ᠨᠢ 15% ᠠᠴᠠ ᠳᠡᠭᠡᠭᠰᠢ ᠥᠰᠬᠦ ᠶᠢ ᠳᠠᠶᠢᠴᠢᠯᠠᠪᠠ᠃      ᠲᠤᠰ ᠤᠳᠠᠭᠠᠨ ᠤ ᠠᠵᠢᠯᠯᠠᠭ᠎ᠠ ᠨᠢ ︽ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠣᠯᠭᠤᠬᠤ ᠨᠡᠷᠡᠲᠦ ᠲᠡᠮᠳᠡᠭ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠳᠤᠮᠳᠠᠳᠤ ᠤᠯᠤᠰ ᠤᠨ ᠨᠠᠷᠠᠲᠤ ᠲᠡᠮᠳᠡᠭᠲᠦ ᠶᠢᠨ ᠰᠡᠳᠬᠦᠯ ᠤᠨ ᠬᠤᠷᠢᠶ᠎ᠠ  ᠠᠴᠠ ᠭᠤᠣᠯᠯᠠᠨ ᠡᠷᠭᠢᠯᠡᠵᠦ᠂ ᠬᠤᠲᠠ ᠶᠢᠨ ᠪᠣᠬᠢᠷᠲᠤᠯ ᠦᠭᠡᠢ ᠠᠵᠤ ᠦᠢᠯᠡᠰ ᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠠᠯᠪᠠᠨ ᠭᠡᠷ᠂ ᠪᠠᠶᠠᠨᠨᠠᠭᠤᠷ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠪᠠᠶᠠᠨ  ᠪᠣᠬᠢᠷᠲᠤᠯ ᠦᠭᠡᠢ ᠦᠢᠯᠡᠰ ᠤᠨ ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠨᠠᠷᠠᠲᠤ ᠲᠡᠮᠳᠡᠭᠲᠦ ᠶᠢᠨ ᠰᠡᠳᠬᠦᠯ ᠤᠨ ᠬᠤᠷᠢᠶ᠎ᠠ ᠶᠢᠨ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠰᠤᠳᠤᠯᠭᠠᠨ ᠤ ᠲᠥᠪ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠤᠨ ᠨᠡᠶᠢᠭᠡᠮᠯᠢᠭ ᠠᠴᠠ ᠳᠠᠭᠠᠭᠠᠨ ᠡᠷᠭᠢᠯᠡᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ