ᠣᠶᠢᠷ᠎ᠠ ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ 1 - 7 ᠰᠠᠷ᠎ᠠ ᠳᠤ᠂ ᠮᠠᠨ ᠤ ᠬᠤᠲᠠ ᠶᠢᠨ ᠮᠢᠩᠭᠠᠨ ᠲᠦᠮᠡᠨ | ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠨᠢᠭᠡᠨᠲᠡ 88 ᠠᠵᠢᠯ ᠢᠶᠠᠨ ᠡᠬᠢᠯᠡᠭᠦᠯᠵᠦ᠂ 76.3 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠡ ᠶᠢᠨ ᠢᠶᠠᠨ 60% ᠶᠢ ᠪᠡᠶᠡᠯᠡᠭᠦᠯᠵᠡᠢ᠃ ᠡᠨᠡ ᠵᠢᠯ᠂ ᠪᠥᠬᠦ ᠬᠤᠲᠠ ᠳᠤ ᠮᠢᠩᠭᠠᠨ | ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠢ 94 ᠬᠡᠷᠡᠭᠵᠢᠭᠦᠯᠬᠦ ᠪᠠᠷ ᠲᠥᠯᠥᠪᠯᠡᠵᠦ ᠪᠣᠶ᠂ ᠡᠭᠦᠨ ᠳᠤ | 38 ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ 56 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠨᠡᠶᠢᠲᠡ 615 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ᠵᠢᠯ ᠤᠨ ᠳᠣᠲᠣᠷ᠎ᠠ 127 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ | ᠡᠭᠦᠨ ᠠᠴᠠ ᠭᠠᠳᠠᠨ᠎ᠠ ᠣᠶᠢᠯᠠᠭᠠᠭᠰᠠᠨ ᠢᠶᠠᠷ᠂ 1 - 7 ᠰᠠᠷ᠎ᠠ ᠳᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 46.9% ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 29.4 ᠵᠠᠭᠤᠨ ᠤ ᠨᠢᠭᠡᠴᠢ ᠲᠦᠷᠭᠡᠨ ᠪᠣᠯᠵᠤ᠂ | ᠪᠥᠬᠦ ᠣᠷᠣᠨ ᠤ ᠨᠢᠭᠡᠳᠦᠭᠡᠷ ᠲᠤ ᠣᠷᠣᠪᠠ᠃ ᠡᠭᠦᠨ ᠳᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 113.3% | ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 48.9 ᠵᠠᠭᠤᠨ ᠤ ᠨᠢᠭᠡᠴᠢ ᠳᠠᠶᠢᠴᠢᠯᠠᠪᠠ︔ ᠰᠠᠭᠤᠷᠢ ᠲᠥᠬᠦᠭᠡᠷᠦᠮᠵᠢ ᠶᠢᠨ ᠪᠡᠯᠡ | ᠣᠷᠣᠭᠤᠯᠤᠯᠲᠠ 113.8% ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 40.8 ᠵᠠᠭᠤᠨ ᠤ ᠨᠢᠭᠡᠴᠢ ᠳᠠᠶᠢᠴᠢᠯᠠᠪᠠ︔ | ᠨᠡᠶᠢᠭᠡᠮ ᠤᠨ ᠬᠦᠷᠢᠶᠡᠨ ᠳᠠᠬᠢ ᠪᠡᠯᠡ ᠣᠷᠣᠭᠤᠯᠤᠯᠲᠠ 201.4% ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 3.6 ᠵᠠᠭᠤᠨ ᠤ | ᠨᠢᠭᠡᠴᠢ ᠪᠠᠷ ᠲᠠᠶᠢᠴᠢᠯᠠᠪᠠ᠃ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠲᠦᠷᠦᠯ ᠤᠨ ᠪᠡᠯᠡ ᠣᠷᠣᠭᠤᠯᠤᠯᠲᠠ ᠶᠡᠭᠡ ᠬᠡᠮᠵᠢᠶ᠎ᠡ ᠪᠠᠷ ᠨᠡᠮᠡᠭᠳᠡᠪᠡ᠃ ︽ᠬᠤᠶᠠᠷ | ᠰᠠᠭᠤᠷᠢᠨ᠂ ᠳᠥᠷᠪᠡᠨ ᠠᠵᠤ ᠦᠢᠯᠡᠰ ᠤᠨ ᠪᠦᠯᠦᠭᠯᠡᠯ︾ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠠᠳᠠᠯᠢ ᠬᠤᠭᠤᠴᠠᠭᠠᠨ ᠤ ᠬᠢ ᠠᠴᠠ 168.6% ᠪᠠᠷ | ᠨᠡᠮᠡᠭᠳᠡᠪᠡ᠃ ᠴᠡᠪᠡᠷ ᠡᠨᠧᠷᠭᠢ ᠶᠢᠨ ᠰᠤᠷᠪᠤᠯᠵᠢ ᠶᠢᠨ ᠪᠡᠯᠡ ᠣᠷᠣᠭᠤᠯᠤᠯᠲᠠ 263.1% ᠪᠠᠷ ᠨᠡᠮᠡᠭᠳᠡᠪᠡ᠂ ᠡᠭᠦᠨ ᠳᠤ ᠰᠢᠨ᠎ᠡ ᠡᠨᠧᠷᠭᠢ ᠶᠢᠨ ᠰᠤᠷᠪᠤᠯᠵᠢ ᠶᠢᠨ | ᠪᠡᠯᠡ ᠣᠷᠣᠭᠤᠯᠤᠯᠲᠠ 263.8% ᠪᠠᠷ ᠨᠡᠮᠡᠭᠳᠡᠪᠡ︔ ᠰᠢᠨ᠎ᠡ ᠡᠨᠧᠷᠭᠢ ᠶᠢᠨ ᠰᠤᠷᠪᠤᠯᠵᠢ ᠶᠢᠨ ᠲᠣᠨᠣᠭᠯᠠᠯ ᠦᠢᠯᠡᠳᠬᠦ ᠦᠢᠯᠡᠰ ᠤᠨ ᠪᠡᠯᠡ | ᠣᠷᠣᠭᠤᠯᠤᠯᠲᠠ 377.8% ᠪᠠᠷ ᠨᠡᠮᠡᠭᠳᠡᠪᠡ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ 16.6% ᠪᠠᠷ ᠨᠡᠮᠡᠭᠳᠡᠪᠡ᠂ ᠡᠭᠦᠨ ᠤ | ᠳᠣᠲᠣᠷ᠎ᠠ ᠳᠡᠭᠡᠳᠦ ᠮᠡᠷᠭᠡᠵᠢᠯ ᠤᠨ ᠦᠢᠯᠡᠳᠬᠦ ᠦᠢᠯᠡᠰ 122.2% ᠢᠶᠠᠷ ᠨᠡᠮᠡᠭᠳᠡᠪᠡ᠃ | | | |