ᠡᠨᠡ ᠵᠢᠯ ᠠᠴᠠ ᠨᠠᠰᠢ᠂ ᠮᠠᠨ ᠤ ᠬᠤᠲᠠ ︽ᠨᠠᠢᠮᠠᠨ 100 ︾ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠢᠶᠠᠷ | ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠪᠠ᠃ | 100 ᠲᠦᠮᠡᠨ ᠮᠦ ᠪᠤᠭᠤᠳᠠᠢ ᠳᠠᠷᠢᠬᠤ ᠲᠠᠯ᠎ᠠ ᠪᠠᠷ᠂ ᠪᠥᠬᠦ ᠬᠤᠲᠠ ᠶᠢᠨ ᠪᠤᠭᠤᠳᠠᠢ ᠳᠠᠷᠢᠬᠤ ᠲᠠᠯᠠᠪᠠᠶ 95.79 ᠲᠦᠮᠡᠨ ᠮᠦ ︵ᠴᠡᠪᠡᠷ ᠢᠶᠠᠷ ᠨᠤᠭᠤᠯᠵᠤ | ᠪᠤᠳᠤᠪᠠᠯ 79.97 ᠲᠦᠮᠡᠨ ᠮᠦ︶ ᠪᠠᠶᠢᠵᠤ᠂ 100 ᠲᠦᠮᠡᠨ ᠮᠦ ᠶᠢᠨ ᠡᠭᠦᠷᠭᠡ ᠶᠢᠨ ᠲᠠᠯᠠᠪᠠᠶ ᠶᠢᠨ 95.8% ᠶᠢ ᠪᠡᠶᠡᠯᠡᠭᠦᠯᠪᠡ᠃ 100 ᠪᠡᠯᠡᠳᠭᠡᠮᠵᠢᠳᠤ | ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ ᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠠᠯ᠎ᠠ ᠪᠠᠷ᠂ 2023 ᠣᠨ ᠳᠤ ᠪᠥᠬᠦ | ᠬᠤᠲᠠ ᠳᠤ 102 ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ ᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷ | ᠲᠥᠯᠥᠪᠯᠡᠵᠦ ᠪᠣᠶ᠂ ᠡᠭᠦᠨ ᠳᠤ 47 ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠪᠠᠶᠢᠵᠤ᠂ ᠣᠲᠣ ᠨᠢᠭᠡᠨᠲᠡ 35 ᠶᠢ ᠪᠠᠶᠢᠭᠤᠯᠵᠤ ᠳᠠᠭᠤᠰᠬᠠᠪᠠ︔ | 42 ᠪᠡᠯᠡᠳᠭᠡᠮᠵᠢᠳᠤ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ ︵ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ︶ ᠢ ᠣᠲᠣ ᠨᠢᠭᠡᠨᠲᠡ 18 | ᠪᠠᠶᠢᠭᠤᠯᠵᠤ ᠳᠠᠭᠤᠰᠬᠠᠪᠠ︔ 13 ᠲᠠᠷᠢᠮᠠᠯ ᠤᠨ ᠦᠢᠯᠡᠰ ᠤᠨ ᠬᠦᠷᠢᠶᠡᠯᠡᠩ ᠲᠣᠭᠤᠷᠢᠭ ᠢ ᠣᠳᠣᠬᠠᠨ ᠳᠤ ᠨᠢᠭᠡᠨᠲᠡ 10 ᠶᠢ ᠪᠠᠶᠢᠭᠤᠯᠵᠤ ᠳᠠᠭᠤᠰᠬᠠᠪᠠ᠃ 100 | ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ 2023 ᠣᠨ ᠳᠤ ᠪᠥᠬᠦ ᠬᠤᠲᠠ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ 93 ᠲᠦᠮᠡᠨ ᠮᠦ ︵13 ᠲᠦᠮᠡᠨ ᠮᠦ ᠶᠢ ᠰᠢᠨ᠎ᠡ ᠪᠠᠷ ᠪᠠᠶᠢᠭᠤᠯᠵᠤ᠂ 80 ᠲᠦᠮᠡᠨ | ᠮᠦ ᠶᠢ ᠥᠭᠡᠷᠡᠴᠢᠯᠡᠨ ᠳᠡᠭᠡᠭᠰᠢᠯᠡᠭᠦᠯᠦᠨ᠎ᠡ︶ ᠪᠠᠶᠢᠵᠤ᠂ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠨᠢᠭᠡᠨᠲᠡ ᠪᠦᠬᠦᠨ ᠢ ᠪᠡᠶᠡᠯᠡᠭᠦᠯᠦᠭᠰᠡᠨ ᠪᠥᠭᠡᠳ | ᠴᠣᠬᠤᠯᠠᠪᠤᠷᠢ ᠪᠠᠭᠤᠯᠭᠠᠵᠤ᠂ ᠪᠠᠶᠢᠭᠤᠯᠵᠤ ᠪᠠᠶᠢᠭ᠎ᠠ 42.55 ᠲᠦᠮᠡᠨ ᠮᠦ ᠶᠢᠨ ᠪᠠᠷᠢᠯᠭ᠎ᠠ ᠶᠢᠨ ᠠᠵᠢᠯ ᠤᠨ ᠠᠬᠢᠴᠠ ᠶᠢᠨ 82% ᠢ ᠨᠢᠭᠡᠨᠲᠡ ᠡᠬᠢᠯᠡᠭᠦᠯᠦᠭᠰᠡᠨ | ᠪᠠᠶᠢᠨ᠎ᠠ᠃ 100 ᠲᠦᠮᠡᠨ ᠮᠦ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠯ᠎ᠠ ᠪᠠᠷ᠂ 2023 ᠣᠨ ᠤ ᠥᠨᠳᠥᠷ ᠪᠦᠲᠦᠮᠵᠢᠲᠡᠶ ᠤᠰᠤ | ᠠᠷᠪᠢᠯᠠᠬᠤ ᠡᠭᠦᠷᠭᠡ 108.19 ᠲᠦᠮᠡᠨ ᠮᠦ ᠳᠤ ᠬᠦᠷᠴᠦ᠂ ᠣᠳᠣᠬᠠᠨ ᠳᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ 116.04 ᠲᠦᠮᠡᠨ ᠮᠦ ᠶᠢ | ᠪᠣᠳᠠᠲᠠᠢ ᠨᠠᠶᠢᠳᠠᠪᠤᠷᠢᠵᠢᠭᠤᠯᠵᠤ᠂ ᠨᠢᠭᠡᠨᠲᠡ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠠᠯᠠᠪᠠᠶ 100.19 ᠲᠦᠮᠡᠨ ᠮᠦ ᠶᠢ ᠪᠠᠶᠢᠭᠤᠯᠵᠤ ᠳᠠᠭᠤᠰᠬᠠᠪᠠ᠃ | 100 ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠴᠡᠭ ᠤᠨ ᠲᠠᠯ᠎ᠠ ᠪᠠᠷ᠂ 2023 ᠣᠨ ᠳᠤ 100 | ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠴᠡᠭ ᠢ ᠪᠦᠬᠦᠨ ᠢ ᠪᠦᠲᠦᠭᠡᠨ ᠪᠠᠶᠢᠭᠤᠯᠵᠤ ᠳᠠᠭᠤᠰᠬᠠᠪᠠ᠂ ᠭᠤᠣᠯ | ᠪᠣᠯᠬᠤ ᠣᠷᠣᠨ ᠤ ᠲᠠᠯᠠᠪᠠᠢ 12.4 ᠲᠦᠮᠡᠨ ᠮᠦ᠂ ᠰᠠᠴᠤᠷᠠᠯᠲᠠ ᠶᠢᠨ ᠣᠷᠣᠨ ᠤ ᠲᠠᠯᠠᠪᠠᠢ 69.13 ᠲᠦᠮᠡᠨ ᠮᠦ᠂ ᠭᠤᠣᠯᠳᠠᠭᠤ ᠡᠷᠳᠡᠨᠢ ᠰᠢᠰᠢ᠂ ᠪᠤᠭᠤᠳᠠᠢ᠂ | ᠨᠡᠷᠡᠨ ᠬᠤᠸᠠᠷ᠂ ᠲᠥᠪᠡᠳ ᠬᠠᠰᠢ᠂ ᠯᠠᠵᠤᠤ᠂ ᠲᠥᠬᠦᠭᠡᠷᠦᠮᠵᠢᠲᠦ ᠢᠳᠡᠰᠢᠨ ᠨᠣᠭᠤᠭ᠎ᠠ ᠵᠡᠷᠭᠡ ᠲᠦᠷᠦᠯ ᠵᠦᠢᠯ ᠢ ᠲᠠᠷᠢᠪᠠ᠃ 100 ᠲᠦᠮᠡᠨ ᠮᠦ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢᠨ ᠲᠠᠯ᠎ᠠ ᠪᠠᠷ᠂ ᠪᠥᠬᠦ ᠬᠤᠲᠠ ᠶᠢᠨ 2023 ᠣᠨ ᠳᠤ 100 ᠲᠦᠮᠡᠨ ᠮᠦ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ᠲᠠᠯᠠᠪᠠᠶ ᠶᠢ ᠰᠢᠨ᠎ᠡ ᠪᠠᠷ ᠨᠡᠮᠡᠭᠳᠡᠭᠦᠯᠦᠨ ᠬᠡᠷᠡᠭᠵᠢᠭᠦᠯᠬᠦ ᠪᠠᠷ ᠲᠥᠯᠥᠪᠯᠡᠵᠦ᠂ ᠨᠡᠶᠢᠲᠡ 512 ᠲᠦᠮᠡᠨ ᠮᠦ ᠳᠤ ᠬᠦᠷᠦᠭᠦᠯᠦᠨ᠎ᠡ᠃ ᠣᠲᠣ ᠪᠣᠯᠲᠠᠯ᠎ᠠ᠂ | 7 ᠬᠤᠰᠢᠭᠤ ᠰᠢᠶᠠᠨ ᠲᠣᠭᠤᠷᠢᠭ ᠤᠨ ᠬᠢᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢ ᠨᠡᠶᠢᠲᠡ 386.21 ᠲᠦᠮᠡᠨ ᠮᠦ ᠪᠡᠶᠡᠯᠡᠭᠦᠯᠵᠦ᠂ | ᠪᠡᠶᠡᠯᠡᠭᠦᠯᠦᠭᠰᠡᠨ ᠨᠣᠷᠮ᠎ᠠ ᠨᠢ 75.43% ᠪᠠᠶᠢᠵᠤ᠂ ᠵᠢᠯ ᠤᠨ ᠡᠴᠦᠰ ᠲᠤ ᠪᠦᠬᠦᠨ ᠢ ᠪᠡᠶᠡᠯᠡᠭᠦᠯᠬᠦ ᠪᠠᠷ ᠵᠢᠱᠢᠵᠦ ᠪᠣᠶ᠃ 100 ᠵᠢᠱᠢᠶ᠎ᠡ ᠦᠵᠡᠭᠦᠯᠬᠦ ᠬᠤᠷᠰᠢᠶ᠎ᠠ᠂ | ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠲᠠᠯ᠎ᠠ ᠪᠠᠷ᠂ 2023 ᠣᠨ ᠳᠤ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠬᠤᠷᠰᠢᠶ᠎ᠠ ᠪᠠ ᠬᠤᠲᠠ ᠶᠢᠨ | ᠲᠠᠰ ᠤᠨ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠲᠣᠰ ᠲᠣᠰ 100 ᠪᠣᠶᠢᠵᠢᠭᠤᠯᠬᠤ ᠪᠠᠷ ᠲᠥᠯᠥᠪᠯᠡᠵᠦ ᠪᠣᠶ᠃ ᠣᠲᠣ | ᠪᠣᠯᠲᠠᠯ᠎ᠠ᠂ ᠪᠥᠬᠦ ᠬᠤᠲᠠ ᠳᠤ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠬᠤᠷᠰᠢᠶ᠎ᠠ ᠶᠢ ᠨᠡᠶᠢᠲᠡ 132᠂ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠭᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠨᠡᠶᠢᠲᠡ 144 ᠪᠣᠶᠢᠵᠢᠭᠤᠯᠵᠤ᠂ ᠪᠦᠬᠦᠨ ᠢ ᠳᠠᠪᠠᠭᠤᠯᠤᠨ ᠪᠡᠶᠡᠯᠡᠭᠦᠯᠪᠡ᠃ 100 ᠲᠠᠷᠢᠶᠠᠯᠠᠩ ᠤᠨ | ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠦᠢᠲᠡᠨ ᠢᠶᠠᠷ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ ᠲᠥᠬᠦᠭᠡᠷᠦᠮᠵᠢ ᠶᠢᠨ ᠲᠠᠯ᠎ᠠ ᠪᠠᠷ᠂ 2023 ᠣᠨ ᠳᠤ | ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠦᠢᠲᠡᠨ ᠢᠶᠠᠷ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ ᠲᠥᠬᠦᠭᠡᠷᠦᠮᠵᠢ ᠶᠢ 100 | ᠪᠠᠶᠢᠭᠤᠯᠬᠤ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 87 ᠶᠢ ᠪᠠᠶᠢᠭᠤᠯᠵᠤ᠂ ᠶᠠᠭ 21 ᠶᠢ ᠪᠠᠶᠢᠭᠤᠯᠵᠤ᠂ ᠵᠢᠱᠢᠯᠲᠡ ᠪᠠᠷ 8 ᠶᠢ | ᠳᠠᠪᠠᠭᠤᠯᠤᠨ ᠪᠡᠶᠡᠯᠡᠭᠦᠯᠦᠨ᠎ᠡ᠃ | | | |