ᠰᠢᠨᠬᠤᠸᠠ ᠬᠤᠷᠢᠶ᠎ᠠ ᠶᠢᠨ ᠶᠤᠬᠠᠨᠨᠧᠰᠪᠦ᠋ᠷᠡᠭ ᠤᠨ 8 ᠰᠠᠷ᠎ᠠ ᠶᠢᠨ 23 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 23 ᠤ | ᠦᠳᠡ ᠶᠢᠨ ᠡᠮᠦᠨ᠎ᠡ᠂ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠲᠠᠪᠤᠳᠤᠭᠠᠷ ᠤᠳᠠᠭ᠎ᠠ ᠶᠢᠨ ᠠᠭᠤᠯᠵᠠᠯᠲᠠ | ᠶᠤᠬᠠᠨᠨᠧᠰᠪᠦ᠋ᠷᠡᠭ ᠤᠨ ᠱᠠᠨᠲ᠋ᠧᠩ ᠬᠤᠷᠠᠯ ᠤᠨ ᠲᠥᠪ ᠲᠤ ᠶᠠᠪᠤᠭᠳᠠᠪᠠ᠃ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠠᠭᠤᠯᠵᠠᠯᠲᠠ ᠶᠢ ᠡᠷᠭᠢᠯᠡᠪᠡ᠃ | ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠪᠷᠠᠽᠢᠯ ᠤᠨ ᠶᠡᠷᠦᠩᠬᠡᠶᠢᠯᠡᠭᠴᠢ ᠯᠦᠯᠠ᠂ ᠡᠨᠡᠳᠬᠡᠭ ᠤᠨ ᠶᠡᠷᠦᠩᠬᠡᠢ ᠰᠠᠶᠢᠳ ᠮᠦᠸᠧᠳᠢ ᠪᠣᠯᠣᠨ | ᠣᠷᠣᠰ ᠤᠨ ᠶᠡᠷᠦᠩᠬᠡᠶᠢᠯᠡᠭᠴᠢ ᠫᠦᠲ᠋ᠢᠨ ︵ᠰᠦᠯᠵᠢᠶᠡᠨ ᠳᠡᠭᠡᠷ᠎ᠡ︶ ᠣᠷᠣᠯᠴᠠᠪᠠ᠃ ᠲᠠᠪᠤᠨ ᠤᠯᠤᠰ ᠤᠨ ᠤᠳᠤᠷᠢᠳᠬᠤ ᠬᠥᠮᠥᠰ ︽ᠠᠯᠳᠠᠨ ᠲᠣᠭᠤᠰᠭ᠋᠎ᠠ | ᠤᠯᠤᠰ ᠤᠳ ᠪᠣᠯᠣᠨ ᠠᠹᠷᠢᠺᠠ ᠲᠢᠪ᠄ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ᠲᠤᠰ ᠲᠤᠰ ᠤᠨ ᠢᠶᠠᠨ ᠨᠡᠮᠡᠭᠳᠡᠯ ᠢ ᠠᠬᠢᠭᠤᠯᠵᠤ᠂ ᠦᠷᠭᠦᠯᠵᠢᠯᠡᠬᠦ | ᠬᠥᠭᠵᠢᠯᠲᠡ ᠶᠢ ᠪᠡᠶᠡᠯᠡᠭᠦᠯᠵᠦ᠂ ᠪᠠᠭᠲᠠᠭᠠᠮᠵᠢᠲᠤ ᠴᠢᠨᠠᠷᠲᠠᠢ ᠤᠯᠠᠨ ᠲᠠᠯᠠᠲᠤ ᠦᠵᠡᠯ ᠢ ᠴᠢᠩᠭᠠᠳᠬᠠᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ᠂ ᠠᠯᠳᠠᠨ | ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠶᠡᠭᠡ ᠳᠡᠯᠡᠬᠡᠢ ᠶᠢᠨ ᠠᠰᠠᠭᠤᠳᠠᠯ ᠤᠨ ᠲᠤᠬᠠᠢ ᠰᠠᠨᠠᠯ ᠢᠶᠠᠨ | ᠭᠦᠨᠵᠡᠭᠡᠢ ᠰᠣᠯᠢᠯᠴᠠᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠪᠠ᠃ | | | | | | ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 23 ᠤ ᠦᠳᠡ ᠶᠢᠨ ᠡᠮᠦᠨ᠎ᠡ᠂ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ | ᠠᠷᠪᠠᠨ ᠲᠠᠪᠤᠳᠤᠭᠠᠷ ᠤᠳᠠᠭ᠎ᠠ ᠶᠢᠨ ᠠᠭᠤᠯᠵᠠᠯᠲᠠ ᠶᠤᠬᠠᠨᠨᠧᠰᠪᠦ᠋ᠷᠡᠭ ᠤᠨ ᠱᠠᠨᠲ᠋ᠧᠩ ᠬᠤᠷᠠᠯ ᠤᠨ ᠲᠥᠪ ᠲᠤ ᠶᠠᠪᠤᠭᠳᠠᠪᠠ᠃ ᠡᠮᠦᠨᠡᠲᠦ ᠠᠹᠷᠢᠺᠠ ᠶᠢᠨ | ᠶᠡᠷᠦᠩᠬᠡᠶᠢᠯᠡᠭᠴᠢ ᠯᠠᠮᠠᠹᠦ᠋ᠰᠠ ᠠᠭᠤᠯᠵᠠᠯᠲᠠ ᠶᠢ ᠡᠷᠭᠢᠯᠡᠪᠡ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠪᠷᠠᠽᠢᠯ ᠤᠨ ᠶᠡᠷᠦᠩᠬᠡᠶᠢᠯᠡᠭᠴᠢ | ᠯᠦᠯᠠ᠂ ᠡᠨᠡᠳᠬᠡᠭ ᠤᠨ ᠶᠡᠷᠦᠩᠬᠡᠢ ᠰᠠᠶᠢᠳ ᠮᠦᠸᠧᠳᠢ ᠪᠣᠯᠣᠨ ᠣᠷᠣᠰ ᠤᠨ ᠶᠡᠷᠦᠩᠬᠡᠶᠢᠯᠡᠭᠴᠢ ᠫᠦᠲ᠋ᠢᠨ ︵ᠰᠦᠯᠵᠢᠶᠡᠨ ᠳᠡᠭᠡᠷ᠎ᠡ︶ ᠣᠷᠣᠯᠴᠠᠪᠠ᠃ ᠰᠢ ᠶᠢᠨ ᠫᠢᠩ | ︽ᠪᠦᠯᠬᠦᠮᠳᠡᠨ ᠬᠠᠮᠵᠢᠯᠴᠠᠵᠤ ᠬᠥᠭᠵᠢᠯᠲᠡ ᠶᠢ ᠡᠷᠢᠯᠬᠢᠯᠡᠵᠦ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠡᠩᠬᠡ ᠲᠠᠶᠢᠪᠤᠩ ᠢ ᠠᠬᠢᠭᠤᠯᠤᠶ᠎ᠠ︾ ᠭᠡᠬᠦ ᠰᠡᠳᠦᠪ ᠢᠶᠠᠷ | ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | | | | | ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 23 ᠤ ᠦᠳᠡ ᠶᠢᠨ ᠡᠮᠦᠨ᠎ᠡ᠂ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ | ᠠᠷᠪᠠᠨ ᠲᠠᠪᠤᠳᠤᠭᠠᠷ ᠤᠳᠠᠭ᠎ᠠ ᠶᠢᠨ ᠠᠭᠤᠯᠵᠠᠯᠲᠠ ᠶᠤᠬᠠᠨᠨᠧᠰᠪᠦ᠋ᠷᠡᠭ ᠤᠨ ᠱᠠᠨᠲ᠋ᠧᠩ ᠬᠤᠷᠠᠯ ᠤᠨ ᠲᠥᠪ ᠲᠤ ᠶᠠᠪᠤᠭᠳᠠᠪᠠ᠃ ᠡᠮᠦᠨᠡᠲᠦ ᠠᠹᠷᠢᠺᠠ ᠶᠢᠨ | ᠶᠡᠷᠦᠩᠬᠡᠶᠢᠯᠡᠭᠴᠢ ᠯᠠᠮᠠᠹᠦ᠋ᠰᠠ ᠠᠭᠤᠯᠵᠠᠯᠲᠠ ᠶᠢ ᠡᠷᠭᠢᠯᠡᠪᠡ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠪᠷᠠᠽᠢᠯ ᠤᠨ ᠶᠡᠷᠦᠩᠬᠡᠶᠢᠯᠡᠭᠴᠢ | ᠯᠦᠯᠠ᠂ ᠡᠨᠡᠳᠬᠡᠭ ᠤᠨ ᠶᠡᠷᠦᠩᠬᠡᠢ ᠰᠠᠶᠢᠳ ᠮᠦᠸᠧᠳᠢ ᠪᠣᠯᠣᠨ ᠣᠷᠣᠰ ᠤᠨ ᠶᠡᠷᠦᠩᠬᠡᠶᠢᠯᠡᠭᠴᠢ ᠫᠦᠲ᠋ᠢᠨ ︵ᠰᠦᠯᠵᠢᠶᠡᠨ ᠳᠡᠭᠡᠷ᠎ᠡ︶ ᠣᠷᠣᠯᠴᠠᠪᠠ᠃ ᠵᠢᠷᠤᠭ ᠪᠣᠯ | ᠠᠭᠤᠯᠵᠠᠯᠲᠠ ᠶᠢᠨ ᠬᠤᠭᠤᠴᠠᠭᠠᠨ ᠳᠤ ᠲᠠᠪᠤᠨ ᠤᠯᠤᠰ ᠤᠨ ᠤᠳᠤᠷᠢᠳᠬᠤ ᠬᠥᠮᠥᠰ ᠬᠠᠮᠲᠤ ᠶᠢᠨ ᠭᠡᠷᠡᠯ ᠵᠢᠷᠤᠭ ᠲᠠᠲᠠᠭᠤᠯᠪᠠ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠰᠢ ᠶᠢᠨ ᠫᠢᠩ ︽ᠪᠦᠯᠬᠦᠮᠳᠡᠨ ᠬᠠᠮᠵᠢᠯᠴᠠᠵᠤ ᠬᠥᠭᠵᠢᠯᠲᠡ ᠶᠢ ᠡᠷᠢᠯᠬᠢᠯᠡᠵᠦ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠡᠩᠬᠡ ᠲᠠᠶᠢᠪᠤᠩ ᠢ ᠠᠬᠢᠭᠤᠯᠤᠶ᠎ᠠ︾ | ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ | ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ ᠶᠠᠭ ᠶᠡᠭᠡ | ᠲᠣᠬᠢᠷᠠᠭᠤᠯᠤᠯᠲᠠ᠂ ᠶᠡᠭᠡ ᠵᠠᠳᠠᠷᠠᠯ᠂ ᠶᠡᠭᠡ ᠲᠠᠭᠢᠨ ᠪᠠᠶᠢᠭᠤᠯᠤᠯᠲᠠ ᠶᠢᠨ ᠦᠶ᠎ᠡ ᠳᠤ ᠨᠢ ᠣᠷᠣᠰᠢᠵᠤ ᠪᠠᠶᠢᠨ᠎ᠠ᠃ ᠠᠯᠳᠠᠨ ᠲᠣᠭᠤᠰᠭ᠋᠎ᠠ ᠤᠯᠤᠰ ᠤᠳ ᠪᠣᠯ | ᠳᠡᠯᠡᠬᠡᠢ ᠶᠢᠨ ᠪᠠᠶᠢᠷᠢᠰᠢᠯ ᠢ ᠴᠣᠭᠴᠠᠯᠠᠬᠤ ᠴᠢᠬᠤᠯᠠ ᠬᠦᠴᠦᠨ ᠮᠥᠨ᠃ ᠪᠢᠳᠡ ᠬᠥᠭᠵᠢᠯᠲᠡ ᠶᠢᠨ ᠵᠠᠮ ᠢᠶᠠᠨ ᠡᠵᠡᠨ ᠮᠡᠳᠡᠨ ᠰᠣᠩᠭᠤᠵᠤ᠂ ᠬᠥᠭᠵᠢᠯᠲᠡ ᠶᠢᠨ | ᠡᠷᠬᠡ ᠪᠠᠨ ᠬᠠᠮᠲᠤ ᠪᠠᠷ ᠬᠠᠮᠠᠭᠠᠯᠠᠵᠤ᠂ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠨᠢ ᠬᠥᠮᠥᠨ ᠲᠥᠷᠥᠯᠬᠢᠲᠡᠨ ᠤ ᠨᠡᠶᠢᠭᠡᠮ ᠤᠨ ᠤᠷᠤᠭᠰᠢᠯᠠᠯᠲᠠ ᠶᠢᠨ | ᠴᠢᠭᠯᠡᠯ ᠢ ᠲᠥᠯᠥᠭᠡᠯᠡᠵᠦ᠂ ᠳᠡᠯᠡᠬᠡᠢ ᠶᠢᠨ ᠬᠥᠭᠵᠢᠯᠲᠡ ᠶᠢᠨ ᠠᠬᠢᠴᠠ ᠶᠢ ᠭᠦᠨᠵᠡᠭᠡᠢ ᠨᠥᠯᠥᠭᠡᠯᠡᠬᠦ ᠨᠢ ᠯᠠᠪᠲᠠᠢ ᠶᠤᠮ᠃ ᠲᠡᠦᠬᠡ ᠶᠢ ᠡᠷᠭᠢᠴᠡᠭᠦᠯᠬᠦᠶ᠎ᠡ᠂ ᠪᠢᠳᠠ | ᠢᠮᠠᠭᠲᠠ ᠨᠡᠭᠡᠭᠡᠯᠲᠡᠲᠡᠢ ᠪᠠᠭᠲᠠᠭᠠᠮᠵᠢᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠠᠯᠳᠠᠨ ᠲᠣᠭᠤᠰᠭ᠋᠎ᠠ ᠤᠯᠤᠰ ᠤᠳ ᠤᠨ ᠵᠣᠷᠢᠭ ᠰᠠᠨᠠᠭ᠎ᠠ ᠶᠢ | ᠪᠠᠷᠢᠮᠲᠠᠯᠠᠵᠤ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠳᠠ ᠦᠭᠡᠢ ᠠᠬᠢᠭᠤᠯᠵᠤ᠂ ᠲᠠᠪᠤᠨ | ᠤᠯᠤᠰ ᠤᠨ ᠬᠥᠭᠵᠢᠯᠲᠡ ᠳᠤ ᠬᠦᠴᠦᠨ ᠨᠡᠮᠡᠷᠢᠯᠡᠪᠡ︔ ᠢᠮᠠᠭᠲᠠ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ᠂ ᠳᠡᠯᠡᠬᠡᠢ ᠶᠢᠨ ᠪᠠ ᠭᠠᠵᠠᠷ | ᠣᠷᠣᠨ ᠤ ᠴᠢᠬᠤᠯᠠ ᠶᠡᠭᠡ ᠠᠰᠠᠭᠤᠳᠠᠯ ᠳᠡᠭᠡᠷ᠎ᠡ ᠲᠥᠪ ᠶᠣᠰᠣ ᠶᠢ ᠪᠠᠷᠢᠮᠲᠠᠯᠠᠵᠤ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ | ᠪᠠᠶᠢᠭ᠎ᠠ ᠤᠯᠤᠰ ᠤᠨ ᠦᠭᠡ ᠬᠡᠯᠡᠬᠦ ᠡᠷᠬᠡ ᠪᠣᠯᠣᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ᠃ ᠠᠯᠳᠠᠨ ᠲᠣᠭᠤᠰᠭ᠋᠎ᠠ ᠤᠯᠤᠰ ᠤᠳ ᠪᠣᠯ ᠶᠡᠷᠦ ᠠᠴᠠ ᠪᠡᠶ᠎ᠡ ᠪᠠᠨ | ᠳᠠᠭᠠᠭᠠᠵᠤ ᠡᠵᠡᠨ ᠮᠡᠳᠡᠬᠦ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠰᠠᠨᠠᠭᠠᠴᠢᠯᠠᠭᠴᠢ᠂ ᠦᠢᠯᠡᠳᠦᠯᠭᠡᠵᠢᠭᠦᠯᠦᠭᠴᠢ ᠮᠥᠨ᠂ ᠴᠢᠬᠤᠯᠠ ᠶᠡᠭᠡ | ᠳᠡᠯᠡᠬᠡᠢ ᠶᠢᠨ ᠠᠰᠠᠭᠤᠳᠠᠯ ᠳᠡᠭᠡᠷ᠎ᠡ ᠤᠴᠢᠷ ᠶᠠᠪᠤᠳᠠᠯ ᠤᠨ ᠲᠤᠰ ᠪᠡᠶ᠎ᠡ ᠶᠢᠨ ᠬᠢᠨᠢ ᠵᠥᠪ ᠪᠤᠷᠤᠭᠤ ᠲᠥᠪ ᠭᠠᠵᠢᠭᠤ ᠠᠴᠠ ᠡᠭᠦᠰᠬᠦ ᠶᠢ ᠪᠠᠷᠢᠮᠲᠠᠯᠠᠵᠤ᠂ ᠭᠤᠣᠯᠴᠢ | ᠦᠭᠡ ᠬᠡᠯᠡᠵᠦ᠂ ᠭᠤᠤᠯᠴᠢ ᠶᠠᠪᠤᠳᠠᠯ ᠬᠢᠵᠦ᠂ ᠵᠠᠷᠴᠢᠮ ᠢ ᠠᠷᠠᠯᠵᠢᠬᠤ ᠦᠭᠡᠢ᠂ ᠭᠠᠳᠠᠭᠠᠳᠤ ᠳᠠᠷᠤᠯᠲᠠ ᠳᠤ ᠨᠤᠭᠤᠷᠠᠬᠤ ᠦᠭᠡᠢ᠂ ᠪᠤᠰᠤᠳ ᠤᠯᠤᠰ ᠤᠨ ᠳᠠᠭᠠᠯᠲᠠ | ᠪᠤᠯᠬᠤ ᠦᠭᠡᠢ᠃ ᠠᠯᠳᠠᠨ ᠲᠣᠭᠤᠰᠭ᠋᠎ᠠ ᠤᠯᠤᠰ ᠤᠳ ᠥᠷᠭᠡᠨ ᠳᠡᠯᠭᠡᠷ ᠬᠠᠮᠲᠤ ᠶᠢᠨ ᠲᠠᠨᠢᠯᠲᠠ ᠪᠠ ᠬᠠᠮᠲᠤ ᠶᠢᠨ ᠬᠠᠷᠠᠯᠲᠠ ᠲᠠᠢ ᠶᠤᠮ᠂ ᠳᠡᠯᠡᠬᠡᠢ ᠶᠢᠨ ᠪᠠᠶᠢᠳᠠᠯ | ᠶᠠᠭᠠᠬᠢᠵᠤ ᠬᠤᠪᠢᠷᠠᠭᠰᠠᠨ ᠴᠤ᠂ ᠬᠠᠮᠲᠤᠷᠠᠯᠴᠠᠭᠠᠨ ᠤ ᠤᠭ ᠰᠠᠨᠠᠭ᠎ᠠ᠂ ᠬᠠᠮᠲᠤ ᠶᠢᠨ ᠬᠦᠰᠡᠯ ᠡᠷᠡᠮᠡᠯᠵᠡᠯ ᠬᠤᠪᠢᠷᠠᠬᠤ ᠦᠭᠡᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ᠶᠠᠭ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ᠂ | ᠥᠩᠭᠡᠷᠡᠭᠰᠡᠨ ᠢ ᠵᠠᠯᠭᠠᠮᠵᠢᠯᠠᠨ ᠢᠷᠡᠭᠡᠳᠦᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠃ ᠪᠢᠳᠡ ᠶᠡᠭᠡ ᠬᠠᠨᠳᠤᠰᠢ ᠶᠢ ᠡᠵᠡᠮᠳᠡᠵᠦ᠂ | ᠴᠢᠭᠯᠡᠯ ᠢ ᠬᠥᠲᠥᠯᠥᠨ ᠳᠠᠭᠠᠭᠤᠯᠵᠤ᠂ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠤᠭ ᠰᠠᠨᠠᠭ᠎ᠠ ᠪᠠᠨ ᠪᠠᠲᠤ ᠰᠠᠬᠢᠵᠤ᠂ ᠡᠯ᠎ᠡ ᠬᠦᠷᠢᠶᠡᠨ ᠤ | ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠢᠨᠠᠷ ᠰᠠᠶᠢᠲᠠᠢ ᠬᠠᠨᠢᠲᠠᠨ ᠤ ᠬᠠᠷᠢᠯᠴᠠᠭ᠎ᠠ ᠶᠢ ᠠᠬᠢᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢᠨ | ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠵᠤ᠂ ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠲᠤ ᠴᠢᠨᠠᠷ᠂ ᠲᠣᠭᠲᠠᠭᠤᠨ | ᠴᠢᠨᠠᠷ᠂ ᠢᠳᠡᠪᠬᠢ ᠬᠦᠴᠦᠨ ᠨᠡᠮᠡᠷᠢᠯᠡᠶ᠎ᠡ᠃ ᠪᠢᠳᠡ ᠠᠵᠤ ᠠᠬᠤᠢ ᠠᠷᠠᠯᠵᠢᠶ᠎ᠠ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠶ᠎ᠡ᠃ | ᠬᠥᠭᠵᠢᠯᠲᠡ ᠪᠣᠯ ᠡᠯ᠎ᠡ ᠤᠯᠤᠰ ᠤᠨ ᠪᠤᠯᠢᠶᠠᠵᠤ ᠪᠣᠯᠣᠰᠢ ᠦᠭᠡᠢ ᠡᠷᠬᠡ ᠮᠥᠨ᠂ ᠴᠥᠭᠡᠨ ᠲᠣᠭᠠᠨ ᠤ ᠤᠯᠤᠰ ᠤᠨ ︽ᠲᠤᠰᠬᠠᠢ ᠠᠰᠢᠭ︾ ᠪᠢᠰᠢ᠃ ᠠᠯᠳᠠᠨ | ᠲᠣᠭᠤᠰᠭ᠋᠎ᠠ ᠤᠯᠤᠰ ᠤᠳ ᠬᠥᠭᠵᠢᠨ ᠮᠠᠨᠳᠤᠬᠤ ᠵᠠᠮ ᠳᠠᠭᠠᠨ ᠬᠠᠮᠲᠤ ᠠᠶᠠᠯᠠᠵᠤ᠂ ︽ᠬᠠᠷᠢᠯᠴᠠᠭ᠎ᠠ ᠪᠠᠨ ᠲᠠᠰᠤᠯᠵᠤ ᠬᠡᠯᠬᠢᠶ᠎ᠡ ᠪᠠᠨ ᠲᠠᠰᠤᠯᠬᠤ︾ ᠪᠠ ᠠᠵᠤ | ᠠᠬᠤᠢ ᠶᠢᠨ ᠰᠦᠷᠳᠡᠭᠦᠯᠦᠯ ᠢ ᠡᠰᠡᠷᠭᠦᠴᠡᠶ᠎ᠡ᠃ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ᠂ ᠢᠯᠠᠩᠭᠤᠶ᠎ᠠ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ | ᠬᠥᠭᠵᠢᠯᠲᠡ᠂ ᠬᠠᠩᠭᠠᠯᠭ᠎ᠠ ᠶᠢᠨ ᠬᠡᠯᠬᠢᠶ᠎ᠡ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠶ᠎ᠡ᠃ ᠳᠤᠮᠳᠠᠳᠤ ᠤᠯᠤᠰ ︽ᠳᠤᠮᠳᠠᠳᠤ ᠤᠯᠤᠰ — ᠠᠯᠳᠠᠨ | ᠲᠣᠭᠤᠰᠭ᠋᠎ᠠ ᠤᠯᠤᠰ ᠤᠳ ᠤᠨ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠪᠴᠢᠭᠦᠯᠬᠦ ᠬᠦᠷᠢᠶᠡᠯᠡᠩ︾ ᠢ | ᠪᠠᠶᠢᠭᠤᠯᠵᠤ᠂ ︽ᠠᠯᠳᠠᠨ ᠲᠣᠭᠤᠰᠭ᠋᠎ᠠ ᠤᠯᠤᠰ ᠤᠳ ᠤᠨ ᠪᠦᠭᠦ ᠪᠥᠮᠪᠥᠷᠴᠡᠭ ᠤᠨ ᠠᠯᠤᠰ ᠰᠡᠷᠡᠯ ᠤᠨ ᠳᠠᠭᠠᠭᠤᠯᠢ ᠤᠳᠤᠨ ᠤ ᠳ᠋ᠠᠶᠢᠲ᠋ᠠ ᠪᠣᠯᠣᠨ ᠬᠡᠷᠡᠭᠯᠡᠭᠡᠨ ᠤ | ᠬᠠᠮᠲᠤᠷᠠᠯᠴᠠᠭᠠᠨ ᠤ ᠲᠠᠪᠴᠠᠩ︾ ᠢ ᠰᠦᠪᠡᠭᠴᠢᠯᠡᠨ ᠪᠠᠶᠢᠭᠤᠯᠵᠤ᠂ ᠡᠯ᠎ᠡ ᠤᠯᠤᠰ ᠤᠨ ᠬᠥᠳᠡᠭᠡ ᠠᠵᠤ ᠠᠬᠤᠢ᠂ ᠠᠮᠢ ᠠᠬᠤᠢ᠂ ᠭᠠᠮᠰᠢᠭ ᠢ ᠪᠠᠭᠠᠰᠬᠠᠬᠤ ᠵᠡᠷᠭᠡ | ᠬᠦᠷᠢᠶᠡᠨ ᠤ ᠬᠥᠭᠵᠢᠯᠲᠡ ᠳᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ︽ᠠᠯᠳᠠᠨ ᠲᠣᠭᠤᠰᠭ᠋᠎ᠠ | ᠤᠯᠤᠰ ᠤᠳ ᠤᠨ ᠦᠷᠭᠦᠯᠵᠢᠯᠡᠬᠦ ᠠᠵᠤ ᠦᠢᠯᠡᠰ ᠤᠨ ᠰᠣᠯᠢᠯᠴᠠᠭ᠎ᠠ ᠬᠠᠮᠲᠤᠷᠠᠯᠴᠠᠭᠠᠨ ᠤ ᠲᠣᠭᠲᠠᠴᠠ︾ ᠶᠢ ᠬᠠᠮᠲᠤ ᠪᠠᠷ ᠪᠠᠶᠢᠭᠤᠯᠵᠤ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ ᠨᠠᠶᠢᠳᠠᠪᠤᠷᠢᠵᠢᠭᠤᠯᠬᠤ ᠳᠤ ᠠᠵᠤ ᠦᠢᠯᠡᠰ ᠤᠨ | ᠵᠣᠯᠭᠠᠯᠴᠠᠭ᠎ᠠ ᠪᠣᠯᠣᠨ ᠲᠦᠷᠦᠯ ᠵᠦᠢᠯ ᠤᠨ ᠬᠠᠮᠲᠤᠷᠠᠯᠴᠠᠭᠠᠨ ᠤ ᠲᠠᠪᠴᠠᠩ ᠬᠠᠩᠭᠠᠨ᠎ᠠ᠃ | ᠪᠢᠳᠡ ᠤᠯᠤᠰ ᠲᠦᠷᠦ ᠶᠢᠨ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠡᠩᠬᠡ ᠲᠠᠶᠢᠪᠤᠩ ᠠᠮᠤᠷ ᠲᠣᠭᠲᠠᠭᠤᠨ ᠢ ᠬᠠᠮᠠᠭᠠᠯᠠᠶ᠎ᠠ᠃ ᠡᠯ᠎ᠡ | ᠤᠯᠤᠰ ᠤᠨ ᠠᠷᠠᠳ ᠲᠦᠮᠡᠨ ᠴᠥᠮ ᠰᠠᠶᠢᠨ ᠰᠠᠶᠢᠬᠠᠨ ᠠᠮᠤᠷ ᠲᠦᠪᠰᠢᠨ ᠣᠷᠴᠢᠨ ᠢ ᠬᠦᠰᠡᠵᠦ ᠪᠠᠶᠢᠨ᠎ᠠ᠃ ᠳᠡᠯᠡᠬᠡᠢ ᠶᠢᠨ ᠠᠮᠤᠷ ᠲᠦᠪᠰᠢᠨ ᠢ ᠰᠠᠯᠭᠠᠵᠤ ᠪᠣᠯᠣᠰᠢ | ᠦᠭᠡᠢ᠂ ᠪᠤᠰᠤᠳ ᠤᠯᠤᠰ ᠤᠨ ᠠᠰᠢᠭ ᠲᠤᠰᠠ ᠶᠢ ᠦᠷᠡᠭᠳᠡᠭᠦᠯᠵᠦ᠂ ᠲᠤᠰ ᠪᠡᠶ᠎ᠡ ᠶᠢᠨ ᠬᠠᠷᠢᠴᠠᠯᠠᠰᠢᠭᠦᠢ ᠠᠮᠤᠷ ᠲᠦᠪᠰᠢᠨ ᠢ ᠬᠥᠭᠡᠭᠡᠴᠡᠯᠳᠦᠪᠡᠯ ᠡᠴᠦᠰ ᠲᠡᠭᠡᠨ | ᠲᠤᠰ ᠪᠡᠶ᠎ᠡ ᠪᠠᠨ ᠬᠤᠬᠢᠷᠠᠭᠤᠯᠬᠤ ᠪᠣᠯᠣᠨ᠎ᠠ᠃ ᠠᠯᠲᠠᠨ ᠲᠣᠭᠤᠰᠭ᠋᠎ᠠ ᠤᠯᠤᠰ ᠤᠳ ᠡᠩᠬᠡ ᠲᠠᠶᠢᠪᠤᠩ ᠬᠥᠭᠵᠢᠯᠲᠡ ᠶᠢᠨ ᠶᠡᠭᠡ ᠴᠢᠭᠯᠡᠯ ᠢ ᠪᠠᠷᠢᠮᠲᠠᠯᠠᠵᠤ᠂ ᠲᠣᠰ | ᠲᠣᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠬᠠᠷᠢᠯᠴᠠᠨ ᠳᠡᠮᠵᠢᠵᠦ᠂ ᠴᠢᠬᠤᠯᠠ ᠶᠡᠭᠡ ᠳᠡᠯᠡᠬᠡᠢ ᠶᠢᠨ ᠪᠠ ᠭᠠᠵᠠᠷ | ᠣᠷᠣᠨ ᠤ ᠠᠰᠠᠭᠤᠳᠠᠯ ᠤᠨ ᠲᠤᠬᠠᠢ ᠵᠣᠬᠢᠴᠠᠭᠤᠯᠭ᠎ᠠ ᠪᠠᠨ ᠴᠢᠩᠭᠠᠳᠬᠠᠵᠤ᠂ ᠬᠠᠯᠠᠮᠰᠢᠯ ᠠᠰᠠᠭᠤᠳᠠᠯ ᠢ ᠢᠳᠡᠪᠬᠢᠲᠡᠢ ᠵᠣᠬᠢᠴᠠᠭᠤᠯᠵᠤ᠂ ᠤᠯᠤᠰ ᠲᠥᠷᠥ ᠪᠠᠷ | ᠰᠢᠢᠳᠪᠦᠷᠢᠯᠡᠬᠦ ᠶᠢ ᠠᠬᠢᠭᠤᠯᠵᠤ᠂ ᠬᠠᠯᠠᠮᠰᠢᠯ ᠠᠰᠠᠭᠤᠳᠠᠯ ᠢ ᠨᠠᠮᠳᠠᠭᠠᠶᠠ᠃ ᠵᠣᠬᠢᠶᠠᠮᠠᠯ ᠣᠶᠤᠨ ᠴᠢᠳᠠᠪᠤᠷᠢ ᠶᠢᠨ ᠬᠠᠮᠲᠤᠷᠠᠯᠴᠠᠭ᠎ᠠ ᠶᠢ ᠤᠯᠠᠮ ᠥᠷᠭᠡᠳᠬᠡᠵᠦ᠂ ᠮᠡᠳᠡᠭᠡ | ᠵᠠᠩᠭᠢ ᠶᠢᠨ ᠰᠣᠯᠢᠯᠴᠠᠭ᠎ᠠ ᠪᠣᠯᠣᠨ ᠮᠡᠷᠭᠡᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠬᠠᠮᠲᠤ ᠪᠠᠷ ᠰᠠᠶᠢᠲᠤᠷ | ᠬᠢᠵᠦ᠂ ᠨᠡᠶᠢᠳᠡᠮ ᠳᠡᠭᠡᠨ ᠣᠷᠤᠯᠴᠠᠬᠤ ᠳᠡᠯᠡᠬᠡᠢ ᠶᠢᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠵᠠᠰᠠᠯᠲᠠ ᠶᠢᠨ | ᠪᠣᠷᠣ ᠲᠥᠰᠥᠪ ᠪᠣᠯᠣᠨ ᠪᠠᠷᠢᠮᠵᠢᠶ᠎ᠠ ᠵᠢᠷᠤᠮᠵᠢᠯ ᠢ ᠪᠦᠷᠢᠯᠳᠦᠭᠦᠯᠵᠦ᠂ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠤᠨ ᠠᠮᠤᠷ ᠲᠦᠪᠰᠢᠨ ᠴᠢᠨᠠᠷ᠂ ᠨᠠᠶᠢᠳᠠᠪᠤᠷᠢᠲᠤ | ᠴᠢᠨᠠᠷ᠂ ᠡᠵᠡᠮᠳᠡᠵᠦ ᠪᠣᠯᠬᠤᠶᠢᠴᠠ ᠴᠢᠨᠠᠷ᠂ ᠡᠷᠬᠡ ᠲᠡᠭᠰᠢ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠶ᠎ᠡ᠃ | ᠪᠢᠳᠡ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ ᠠᠬᠢᠭᠤᠯᠤᠶ᠎ᠠ᠃ ᠪᠣᠯᠪᠠᠰᠤᠨ ᠰᠠᠶᠢᠬᠠᠨ᠂ | ᠬᠥᠭᠵᠢᠯᠲᠡ ᠶᠢᠨ ᠵᠠᠮ ᠤᠯᠠᠨ ᠡᠰᠢᠵᠢᠨ ᠤᠯᠠᠨ ᠶᠠᠩᠵᠤ ᠶᠢᠨ ᠪᠠᠶᠢᠳᠠᠭ᠂ ᠡᠨᠡ ᠪᠣᠯ ᠳᠡᠯᠡᠬᠡᠢ ᠳ᠋ᠠᠬᠢᠨ ᠤ ᠪᠠᠶᠢᠪᠠᠰᠤ ᠵᠣᠬᠢᠬᠤ ᠶᠠᠩᠵᠤ ᠮᠥᠨ᠃ ᠬᠥᠮᠥᠨ | ᠲᠥᠷᠥᠯᠬᠢᠲᠡᠨ ᠤ ᠲᠡᠦᠬᠡ ᠪᠣᠯ ᠨᠢᠭᠡ ᠵᠦᠢᠯ ᠤᠨ ᠪᠣᠯᠪᠠᠰᠤᠨ᠂ ᠨᠢᠭᠡ ᠵᠦᠢᠯ ᠤᠨ ᠪᠠᠶᠢᠭᠤᠯᠤᠯ ᠢᠶᠠᠷ ᠡᠴᠦᠰᠯᠡᠬᠦ ᠦᠭᠡᠢ ᠶᠤᠮ᠃ ᠠᠯᠳᠠᠨ ᠲᠣᠭᠤᠰᠭ᠋᠎ᠠ ᠤᠯᠤᠰ ᠤᠳ | ᠠᠨᠠᠪᠠᠳ ᠲᠠᠯᠠᠢ ᠶᠢ ᠪᠠᠭᠲᠠᠭᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠳᠠᠯᠢ ᠪᠤᠰᠤ ᠪᠣᠯᠪᠠᠰᠤᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠡᠶ᠎ᠡ ᠨᠠᠶᠢᠷ ᠲᠠᠢ | ᠬᠠᠮᠲᠤ ᠣᠷᠣᠰᠢᠬᠤ ᠶᠢ ᠰᠠᠨᠠᠭᠠᠴᠢᠯᠠᠵᠤ᠂ ᠡᠯ᠎ᠡ ᠤᠯᠤᠰ ᠤᠨ ᠪᠡᠶ᠎ᠡ ᠪᠠᠨ ᠳᠠᠭᠠᠭᠠᠵᠤ ᠰᠣᠩᠭᠤᠭᠰᠠᠨ ᠣᠳᠣᠬᠢᠴᠢᠯᠠᠯᠲᠠ ᠶᠢᠨ ᠵᠠᠮ ᠢ ᠭᠦᠨᠳᠦᠳᠭᠡᠵᠦ᠂ ᠦᠵᠡᠯ | ᠤᠬᠠᠮᠰᠠᠷ ᠤᠨ ᠭᠡᠯᠪᠡᠷᠢ ᠶᠢᠨ ᠡᠰᠡᠷᠭᠦᠴᠡᠯᠳᠦᠯ᠂ ᠪᠠᠶᠢᠭᠤᠯᠤᠯ ᠤᠨ ᠡᠰᠡᠷᠭᠦᠴᠡᠯᠳᠦᠯ᠂ ︽ᠪᠣᠯᠪᠠᠰᠤᠨ ᠤ ᠮᠥᠷᠭᠦᠯᠳᠦᠭᠡᠨ︾ ᠢ ᠡᠰᠡᠷᠭᠦᠴᠡᠶ᠎ᠡ᠃ ᠠᠯᠳᠠᠨ ᠲᠣᠭᠤᠰᠭ᠋᠎ᠠ | ᠤᠯᠤᠰ ᠤᠳ ᠰᠤᠷᠭᠠᠨ ᠬᠥᠮᠦᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠯᠪᠤᠭ᠎ᠠ ᠶᠢᠨ | ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠲᠣᠭᠠᠴᠢᠯᠠᠭᠰᠠᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠶᠢᠨ | ᠬᠠᠮᠲᠤ ᠤᠯᠠᠮᠵᠢᠯᠠᠯᠲᠤ ᠰᠣᠶᠣᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ | ᠡᠭᠦᠳᠬᠦ ᠶᠢ ᠠᠬᠢᠭᠤᠯᠬᠤ ᠶᠢ ᠳᠤᠮᠳᠠᠳᠤ ᠶᠢᠨ ᠲᠠᠯ᠎ᠠ ᠰᠠᠨᠠᠭᠤᠯᠵᠤ ᠪᠠᠶᠢᠨ᠎ᠠ᠃ | ᠪᠢᠳᠡ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠦᠶ᠎ᠡ᠃ ᠪᠦᠭᠦ ᠪᠥᠮᠪᠥᠷᠴᠡᠭ ᠤᠨ | ᠵᠠᠰᠠᠯᠲᠠ ᠶᠢ ᠴᠢᠩᠭᠠᠳᠬᠠᠬᠤ ᠪᠣᠯ ᠳᠡᠯᠡᠬᠡᠢ ᠨᠡᠶᠢᠭᠡᠮ ᠢᠶᠠᠷ ᠢᠶᠠᠨ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠬᠦ᠂ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠠᠷᠭᠠᠴᠠᠭᠠᠬᠤ ᠵᠥᠪ ᠰᠣᠩᠭᠤᠯᠲᠠ ᠮᠥᠨ᠃ ᠤᠯᠠᠨ ᠤᠯᠤᠰ ᠤᠨ ᠳᠦᠷᠢᠮ ᠨᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠦᠨᠳᠦᠰᠦᠯᠡᠨ᠂ ᠤᠯᠠᠨ ᠢᠶᠠᠷ ᠢᠶᠠᠨ ᠬᠠᠮᠲᠤ ᠪᠠᠷ ᠪᠢᠴᠢᠭᠯᠡᠵᠦ᠂ ᠬᠠᠮᠲᠤ ᠪᠠᠷ ᠬᠠᠮᠠᠭᠠᠯᠠᠬᠤ ᠬᠡᠷᠡᠭᠲᠡᠢ᠂ ᠬᠡᠨ ᠤ | ᠬᠦᠴᠦᠨ ᠨᠢ ᠶᠡᠭᠡ᠂ ᠲᠠᠭᠤ ᠨᠢ ᠥᠨᠳᠥᠷ ᠪᠣᠯ ᠳᠠᠷᠤᠢ ᠲᠡᠭᠦᠨ ᠤ ᠬᠡᠯᠡᠭᠰᠡᠨ ᠢᠶᠠᠷ ᠶᠠᠪᠤᠵᠤ ᠪᠤᠯᠬᠤ ᠦᠭᠡᠢ᠃ ᠨᠠᠩ ᠴᠤ ᠰᠦᠯᠪᠡᠭᠡᠯᠡᠨ ᠪᠦᠯᠦᠭᠯᠡᠵᠦ᠂ ᠣᠯᠠᠨ | ᠤᠯᠤᠰ ᠤᠨ ᠳᠦᠷᠢᠮ ᠢ ᠥᠪᠡᠷ ᠤᠨ ︽ᠭᠡᠷ ᠤᠨ ᠬᠠᠤᠯᠢ ᠪᠦᠯᠦᠭᠲᠡᠨ ᠤ ᠳᠦᠷᠢᠮ︾ ᠢᠶᠠᠷ ᠢᠶᠠᠨ ᠣᠷᠣᠯᠠᠭᠤᠯᠵᠤ ᠪᠤᠯᠬᠤ ᠦᠭᠡᠢ᠃ ᠠᠯᠳᠠᠨ ᠲᠣᠭᠤᠰᠭ᠋᠎ᠠ | ᠤᠯᠤᠰ ᠤᠳ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ | ᠤᠯᠤᠰ ᠤᠨ ᠰᠢᠰᠲ᠋ᠧᠮ ᠢ ᠬᠠᠮᠠᠭᠠᠯᠠᠵᠤ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠤᠯᠭᠠᠬᠰᠠᠨ ᠤᠯᠠᠨ ᠲᠠᠯᠠᠲᠤ ᠠᠷᠠᠯᠵᠢᠶᠠᠨ ᠤ | ᠪᠠᠶᠢᠭᠤᠯᠤᠮᠵᠢ ᠶᠢ ᠳᠡᠮᠵᠢᠨ ᠴᠢᠩᠭᠠᠳᠬᠠᠵᠤ᠂ ︽ᠵᠢᠵᠢᠭ ᠪᠦᠯᠭᠦᠮ︾᠂ ︽ᠵᠢᠵᠢᠭ ᠪᠦᠯᠦᠭᠯᠡᠯ︾ ᠪᠠᠶᠢᠭᠤᠯᠬᠤ ᠶᠢ ᠡᠰᠡᠷᠭᠦᠴᠡᠶ᠎ᠡ᠃ ᠰᠢᠨ᠎ᠡ ᠨᠡᠭᠡᠭᠡᠨ | ᠬᠥᠭᠵᠢᠭᠦᠯᠦᠯᠲᠡ ᠶᠢᠨ ᠪᠠᠩᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠤᠯᠤᠰ ᠤᠨ ᠮᠥᠩᠭᠦᠨ ᠭᠦᠢᠯᠭᠡᠭᠡᠨ ᠵᠣᠭᠤᠰᠤᠨ ᠤ ᠰᠢᠰᠲ᠋ᠧᠮ ᠤᠨ | ᠥᠭᠡᠷᠡᠴᠢᠯᠡᠯᠲᠡ ᠶᠢ ᠠᠬᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠦᠶ᠎ᠡ᠃ ᠪᠢᠳᠡ | ᠨᠡᠭᠡᠭᠡᠯᠲᠡᠲᠡᠢ ᠪᠠᠭᠲᠠᠭᠠᠮᠵᠢᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠠᠯᠳᠠᠨ ᠲᠣᠭᠤᠰᠭ᠋᠎ᠠ ᠤᠯᠤᠰ ᠤᠳ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ︽ | ᠠᠯᠳᠠᠨ ᠲᠣᠭᠤᠰᠭ᠋᠎ᠠ ᠤᠯᠤᠰ ᠤᠳ +︾ ᠶᠢᠨ ᠬᠠᠮᠲᠤᠷᠠᠯᠴᠠᠭ᠎ᠠ ᠶᠢ ᠰᠠᠶᠢᠲᠤᠷ ᠠᠰᠢᠭᠯᠠᠵᠤ᠂ ᠪᠦᠷᠢᠯᠳᠦᠭᠦᠨ ᠢᠶᠠᠨ ᠥᠷᠭᠡᠳᠬᠡᠬᠦ ᠠᠬᠢᠴᠠ ᠶᠢ ᠲᠦᠷᠭᠡᠳᠬᠡᠵᠦ᠂ ᠨᠡᠩ | ᠤᠯᠠᠨ ᠤᠯᠤᠰ ᠢ ᠠᠯᠳᠠᠨ ᠲᠣᠭᠤᠰᠭ᠋᠎ᠠ ᠤᠯᠤᠰ ᠤᠳ ᠤᠨ ᠶᠡᠭᠡ ᠭᠡᠷ ᠪᠦᠯᠢ ᠳᠤ ᠣᠷᠣᠭᠤᠯᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠤᠯᠠᠨ ᠤ | ᠬᠦᠴᠦᠨ ᠢ ᠨᠢᠭᠲᠠᠷᠠᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠶ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠠᠯᠳᠠᠨ ᠲᠣᠭᠤᠰᠭ᠋᠎ᠠ ᠤᠯᠤᠰ ᠤᠳ ᠤᠨ ᠦᠢᠯᠡᠰ ᠳᠡᠯᠡᠬᠡᠢ ᠶᠢᠨ ᠶᠣᠰᠣ ᠵᠢᠷᠤᠮ ᠢ ᠪᠠᠷᠢᠮᠲᠠᠯᠠᠵᠤ᠂ ᠲᠠᠪᠤᠨ | ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠦ᠂ ᠯᠠᠪᠲᠠᠢ ᠯᠠᠪᠳᠠᠭᠤᠨ ᠢᠶᠠᠷ ᠬᠤᠯᠠ ᠠᠶᠠᠯᠠᠵᠤ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ | ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠠᠯᠳᠠᠨ ᠲᠣᠭᠤᠰᠭ᠋᠎ᠠ ᠤᠯᠤᠰ ᠤᠳ ᠤᠨ ᠬᠠᠨᠢᠲᠠᠨ ᠲᠠᠢ | ᠬᠠᠮᠲᠤ ᠪᠠᠷ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠯᠳᠠᠨ ᠲᠣᠭᠤᠰᠭ᠋᠎ᠠ ᠤᠯᠤᠰ ᠤᠳ ᠤᠨ | ᠬᠠᠷᠢᠭᠤᠴᠠᠯᠭ᠎ᠠ ᠪᠠᠷ ᠬᠠᠮᠲᠤ ᠶᠢᠨ ᠥᠷᠢᠰᠦᠯᠳᠦᠭᠡᠨ ᠢ ᠠᠷᠭᠠᠴᠠᠭᠠᠵᠤ᠂ ᠠᠯᠳᠠᠨ ᠲᠣᠭᠤᠰᠭ᠋᠎ᠠ ᠤᠯᠤᠰ ᠤᠳ ᠤᠨ ᠡᠭᠦᠷᠭᠡᠯᠡᠯ ᠢᠶᠠᠷ ᠰᠠᠶᠢᠨ ᠰᠠᠶᠢᠬᠠᠨ ᠢᠷᠡᠭᠡᠳᠦᠢ ᠶᠢ | ᠴᠣᠭᠴᠠᠯᠠᠵᠤ᠂ ᠣᠳᠣᠬᠢᠴᠢᠯᠠᠯᠲᠠ ᠶᠢᠨ ᠲᠡᠷᠲᠡᠭᠡ ᠡᠷᠭᠢ ᠵᠦᠭ ᠬᠠᠮᠲᠤ ᠪᠠᠷ ᠤᠷᠤᠭᠰᠢᠯᠠᠨ᠎ᠠ ᠭᠡᠵᠦ ᠴᠢᠬᠤᠯᠠᠴᠢᠯᠠᠪᠠ᠃ | ᠯᠠᠮᠠᠹᠦ᠋ᠰᠠ᠂ ᠯᠦᠯᠠ᠂ ᠫᠦᠲ᠋ᠢᠨ᠂ ᠮᠦᠸᠧᠳᠢ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠶᠢᠨ ᠣᠯᠣᠭᠰᠠᠨ ᠢᠳᠡᠪᠬᠢᠲᠡᠢ | ᠠᠬᠢᠴᠠ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠭᠠᠵᠠᠷ ᠣᠷᠣᠨ ᠤ ᠤᠯᠤᠰ ᠲᠦᠷᠦ ᠶᠢᠨ ᠮᠥᠷᠭᠦᠯᠳᠦᠭᠡᠨ᠂ ᠳᠡᠯᠡᠬᠡᠢ ᠶᠢᠨ ᠠᠵᠤ ᠠᠬᠤᠢ ᠶᠢᠨ ᠬᠦᠴᠢᠷᠳᠡᠯ | ᠵᠡᠷᠭᠡ ᠶᠢᠨ ᠨᠥᠯᠥᠭᠡ ᠪᠠᠷ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠡᠳᠦᠷ ᠢᠷᠡᠬᠦᠶ᠎ᠡ ᠬᠦᠨᠳᠦ ᠨᠣᠴᠢᠲᠠᠢ | ᠶᠠᠳᠠᠭᠤᠷᠠᠯ᠂ ᠡᠷᠬᠡ ᠲᠡᠭᠰᠢ ᠪᠤᠰᠤ᠂ ᠲᠥᠪ ᠭᠤᠤᠯᠴᠢ ᠪᠤᠰᠤ ᠵᠡᠷᠭᠡ ᠥᠷᠢᠰᠦᠯᠳᠦᠭᠡᠨ ᠳᠤ ᠲᠤᠯᠭᠠᠷᠠᠵᠤ᠂ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠶᠢ | ᠪᠡᠶᠡᠯᠡᠭᠦᠯᠬᠦ ᠡᠭᠦᠷᠭᠡ ᠬᠦᠨᠳᠦ ᠵᠠᠮ ᠬᠤᠯᠠ ᠪᠠᠶᠢᠨ᠎ᠠ᠃ ᠠᠯᠳᠠᠨ ᠲᠣᠭᠤᠰᠭ᠋᠎ᠠ ᠤᠯᠤᠰ ᠤᠳ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ | ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠡᠩᠬᠡ ᠲᠠᠶᠢᠪᠤᠩ ᠲᠣᠭᠲᠠᠭᠤᠨ ᠪᠣᠯᠣᠨ ᠡᠷᠬᠡ ᠲᠡᠭᠰᠢ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠨ᠎ᠠ᠃ 20 ᠭᠠᠷᠤᠢ | ᠤᠯᠤᠰ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠳᠤ ᠨᠢ ᠣᠷᠣᠬᠤ ᠪᠠᠷ ᠭᠤᠶᠤᠴᠢᠯᠠᠭᠰᠠᠨ ᠨᠢ ᠠᠯᠳᠠᠨ ᠲᠣᠭᠤᠰᠭ᠋᠎ᠠ | ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠶᠢᠨ ᠠᠮᠢᠵᠢᠷᠠᠯ ᠤᠨ ᠬᠦᠴᠦᠨ᠂ ᠲᠠᠲᠠᠬᠤ ᠬᠦᠴᠦᠨ ᠵᠢᠴᠢ ᠳᠡᠯᠡᠬᠡᠢ ᠶᠢᠨ ᠬᠡᠷᠡᠭ ᠶᠠᠪᠤᠳᠠᠯ ᠳᠠᠬᠢ ᠪᠠᠶᠢᠯᠳᠤᠬᠤ | ᠪᠣᠳᠣᠯᠭ᠎ᠠ ᠶᠢᠨ ᠦᠨ᠎ᠡ ᠦᠷᠳᠡᠭ ᠢ ᠭᠦᠢᠴᠡᠳ ᠢᠯᠡᠷᠡᠭᠦᠯᠪᠡ᠃ ᠠᠯᠳᠠᠨ ᠲᠣᠭᠤᠰᠭ᠋᠎ᠠ ᠤᠯᠤᠰ ᠤᠳ ᠪᠦᠯᠬᠦᠮᠳᠡᠯ ᠢᠶᠠᠨ ᠴᠢᠩᠭᠠᠳᠬᠠᠵᠤ᠂ ᠨᠡᠭᠡᠭᠡᠯᠲᠡᠲᠡᠢ | ᠪᠠᠭᠲᠠᠭᠠᠮᠵᠢᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠣᠷᠢᠭ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠠᠯᠳᠠᠨ ᠲᠣᠭᠤᠰᠭ᠋᠎ᠠ ᠤᠯᠤᠰ ᠤᠳ ᠤᠨ | ᠪᠦᠷᠢᠯᠳᠦᠭᠦᠨ ᠢᠶᠠᠨ ᠥᠷᠭᠡᠳᠬᠡᠬᠦ ᠠᠬᠢᠴᠠ ᠶᠢ ᠲᠦᠷᠭᠡᠳᠬᠡᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢᠨ ᠨᠡᠩ ᠪᠠᠭᠲᠠᠭᠠᠮᠵᠢᠲᠠᠢ᠂ | ᠨᠡᠩ ᠡᠷᠬᠡ ᠲᠡᠭᠰᠢ᠂ ᠨᠡᠩ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠵᠤ᠂ ᠤᠯᠠᠨ ᠲᠠᠯᠠᠲᠤ ᠪᠠᠶᠢᠭᠤᠯᠤᠮᠵᠢ ᠶᠢ ᠰᠡᠷᠭᠦᠭᠡᠨ ᠥᠭᠡᠷᠡᠴᠢᠯᠡᠵᠦ᠂ | ᠳᠡᠯᠡᠬᠡᠢ ᠶᠢᠨ ᠤᠯᠠᠨ ᠲᠦᠢᠯᠵᠢᠯᠳᠠ ᠶᠢᠨ ᠠᠬᠢᠴᠠ ᠶᠢ ᠠᠬᠢᠭᠤᠯᠵᠤ᠂ ᠲᠡᠭᠦᠨ ᠢ ᠳᠡᠯᠡᠬᠡᠢ ᠶᠢᠨ ᠣᠯᠠᠩᠬᠢ ᠲᠣᠭᠠᠨ ᠤ ᠠᠷᠠᠳ ᠲᠦᠮᠡᠨ ᠢ ᠲᠥᠯᠥᠭᠡᠯᠡᠵᠦ ᠪᠠᠶᠢᠭ᠎ᠠ | ᠬᠥᠭᠵᠢᠵᠦ ᠪᠠᠶᠢᠭ᠎ᠠ ᠤᠯᠤᠰ ᠤᠨ ᠠᠰᠢᠭ ᠲᠤᠰᠠ ᠳᠤ ᠨᠡᠩ ᠨᠡᠶᠢᠴᠡᠭᠦᠯᠪᠡᠯ ᠵᠣᠬᠢᠨ᠎ᠠ᠃ ᠠᠯᠳᠠᠨ ᠲᠣᠭᠤᠰᠭ᠋᠎ᠠ ᠤᠯᠤᠰ ᠤᠳ ᠲᠤᠰ ᠲᠤᠰ ᠤᠨ ᠭᠤᠣᠯᠯᠠᠭᠴᠢ ᠠᠰᠢᠭ | ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠬᠠᠷᠢᠯᠴᠠᠨ ᠲᠡᠮᠵᠢᠵᠤ᠂ ᠡᠯ᠎ᠡ ᠤᠯᠤᠰ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ | ᠣᠳᠣᠬᠢᠴᠢᠯᠠᠯᠲᠠ ᠶᠢᠨ ᠵᠠᠮ ᠢᠶᠠᠨ ᠡᠵᠡᠨ ᠮᠡᠳᠡᠨ ᠰᠣᠩᠭᠤᠬᠤ ᠶᠢ ᠬᠦᠨᠳᠦᠳᠬᠡᠪᠡᠯ ᠵᠣᠬᠢᠨ᠎ᠠ᠃ ᠤᠯᠠᠨ ᠤᠯᠤᠰ ᠤᠨ ᠮᠥᠩᠭᠦᠨ ᠭᠦᠢᠯᠭᠡᠭᠡᠨ ᠤ ᠰᠢᠰᠲ᠋ᠧᠮ ᠨᠢ ᠭᠠᠵᠠᠷ | ᠣᠷᠣᠨ ᠤ ᠤᠯᠤᠰ ᠲᠦᠷᠦ ᠶᠢᠨ ᠥᠷᠢᠰᠦᠯᠳᠦᠭᠡᠨ ᠤ ᠪᠠᠭᠠᠵᠢ ᠪᠣᠯᠵᠤ ᠪᠤᠯᠬᠤ ᠦᠭᠡᠢ᠂ ᠤᠯᠠᠨ ᠤᠯᠤᠰ ᠤᠨ ᠮᠥᠩᠭᠦᠨ ᠭᠦᠢᠯᠭᠡᠭᠡᠨ ᠵᠣᠭᠤᠰᠤᠨ ᠤ ᠰᠢᠰᠲ᠋ᠧᠮ ᠤᠨ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠰᠢᠨ᠎ᠡ ᠪᠠᠷ ᠬᠥᠭᠵᠢᠭᠰᠡᠨ ᠵᠠᠬ᠎ᠠ ᠳᠡᠯᠭᠡᠭᠦᠷ ᠤᠨ ᠤᠯᠤᠰ ᠪᠠ ᠬᠥᠭᠵᠢᠵᠦ ᠪᠠᠶᠢᠭ᠎ᠠ ᠤᠯᠤᠰ ᠤᠨ ᠲᠥᠯᠥᠭᠡᠯᠡᠬᠦ | ᠴᠢᠨᠠᠷ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠦᠨ᠂ ᠦᠷᠭᠦᠯᠵᠢᠯᠡᠬᠦ ᠬᠥᠭᠵᠢᠯᠲᠡ ᠪᠠ ᠪᠠᠭᠲᠠᠭᠠᠮᠵᠢᠲᠤ ᠴᠢᠨᠠᠷ ᠤᠨ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠵᠤ᠂ | ᠲᠠᠪᠤᠨ ᠤᠯᠤᠰ ᠤᠨ ᠪᠠ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠶᠢ ᠠᠬᠢᠭᠤᠯᠪᠠᠯ ᠵᠣᠬᠢᠨ᠎ᠠ ᠭᠡᠵᠦ ᠡᠯ᠎ᠡ | ᠲᠠᠯ᠎ᠠ ᠶᠢᠨ ᠬᠢᠨ ᠦᠵᠡᠪᠡ᠃ | ᠠᠭᠤᠯᠵᠠᠯᠲᠠ ᠶᠢᠨ ᠬᠤᠭᠤᠴᠠᠭᠠᠨ ᠳᠤ᠂ ᠲᠠᠪᠤᠨ ᠤᠯᠤᠰ ᠤᠨ ᠤᠳᠤᠷᠢᠳᠬᠤ ᠬᠥᠮᠥᠰ ᠪᠠᠰᠠ ᠠᠯᠳᠠᠨ ᠲᠣᠭᠤᠰᠭ᠋᠎ᠠ ᠤᠯᠤᠰ ᠤᠳ ᠤᠨ ᠬᠤᠯᠪᠣᠭᠳᠠᠯ ᠪᠦᠬᠦᠢ | ᠲᠣᠭᠲᠠᠴᠠ ᠶᠢᠨ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠲᠤ ᠶᠢᠨ ᠭᠡᠷᠡᠯ ᠵᠢᠷᠤᠭ ᠲᠠᠲᠠᠭᠤᠯᠪᠠ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | | | | | | | |