ᠰᠢᠨᠬᠤᠸᠠ ᠬᠤᠷᠢᠶ᠎ᠠ ᠶᠢᠨ ᠶᠤᠬᠠᠨᠨᠧᠰᠪᠦ᠋ᠷᠡᠭ ᠤᠨ 8 ᠰᠠᠷ᠎ᠠ ᠶᠢᠨ 24 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 24 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠶᠤᠬᠠᠨᠨᠧᠰᠪᠦ᠋ᠷᠡᠭ ᠲᠤ ᠠᠯᠳᠠᠨ ᠲᠣᠭᠤᠰᠭ᠋᠎ᠠ ᠤᠯᠤᠰ ᠤᠳ ᠤᠨ ᠠᠹᠷᠢᠺᠠ ᠲᠢᠪ ᠤᠨ ᠤᠯᠤᠰ ᠵᠢᠴᠢ | ᠪᠤᠰᠤᠳ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠪᠠ ᠬᠥᠭᠵᠢᠵᠦ ᠪᠠᠶᠢᠭ᠎ᠠ ᠤᠯᠤᠰ ᠯᠤᠭ᠎ᠠ ᠶᠢᠨ ᠤᠳᠤᠷᠢᠳᠬᠤ ᠬᠥᠮᠥᠰ ᠤᠨ ᠶᠠᠷᠢᠯᠴᠠᠭ᠎ᠠ ᠶᠢᠨ ᠬᠤᠷᠠᠯ ᠳᠤ | ᠣᠷᠣᠯᠴᠠᠪᠠ᠃ | | | | | | ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 24 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠶᠤᠬᠠᠨᠨᠧᠰᠪᠦ᠋ᠷᠡᠭ ᠲᠤ | ᠠᠯᠳᠠᠨ ᠲᠣᠭᠤᠰᠭ᠋᠎ᠠ ᠤᠯᠤᠰ ᠤᠳ ᠤᠨ ᠠᠹᠷᠢᠺᠠ ᠲᠢᠪ ᠤᠨ ᠤᠯᠤᠰ ᠵᠢᠴᠢ ᠪᠤᠰᠤᠳ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠪᠠ ᠬᠥᠭᠵᠢᠵᠦ ᠪᠠᠶᠢᠭ᠎ᠠ | ᠤᠯᠤᠰ ᠯᠤᠭ᠎ᠠ ᠶᠢᠨ ᠤᠳᠤᠷᠢᠳᠬᠤ ᠬᠥᠮᠥᠰ ᠤᠨ ᠶᠠᠷᠢᠯᠴᠠᠭ᠎ᠠ ᠶᠢᠨ ᠬᠤᠷᠠᠯ ᠳᠤ ᠣᠷᠣᠯᠴᠠᠪᠠ᠃ ᠰᠢ ᠶᠢᠨ ᠫᠢᠩ ︽ᠰᠡᠳᠬᠢᠯ ᠨᠢᠭᠡᠳᠦᠨ ᠬᠦᠴᠦᠨ ᠢᠶᠠᠨ | ᠬᠠᠮᠲᠤᠳᠬᠠᠵᠤ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ ᠬᠥᠭᠵᠢᠯᠲᠡ ᠶᠢᠨ ᠬᠠᠮᠲᠤ ᠶᠢᠨ ᠴᠣᠭᠴᠠ ᠲᠡᠶᠢᠰᠢ ᠤᠷᠤᠭᠰᠢᠯᠠᠶ᠎ᠠ︾ ᠭᠡᠬᠦ ᠰᠡᠳᠦᠪ ᠢᠶᠠᠷ ᠶᠠᠷᠢᠶ᠎ᠠ | ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | | | | | ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 24 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠶᠤᠬᠠᠨᠨᠧᠰᠪᠦ᠋ᠷᠡᠭ ᠲᠤ | ᠠᠯᠳᠠᠨ ᠲᠣᠭᠤᠰᠭ᠋᠎ᠠ ᠤᠯᠤᠰ ᠤᠳ ᠤᠨ ᠠᠹᠷᠢᠺᠠ ᠲᠢᠪ ᠤᠨ ᠤᠯᠤᠰ ᠵᠢᠴᠢ ᠪᠤᠰᠤᠳ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠪᠠ ᠬᠥᠭᠵᠢᠵᠦ ᠪᠠᠶᠢᠭ᠎ᠠ | ᠤᠯᠤᠰ ᠯᠤᠭ᠎ᠠ ᠶᠢᠨ ᠤᠳᠤᠷᠢᠳᠬᠤ ᠬᠥᠮᠥᠰ ᠤᠨ ᠶᠠᠷᠢᠯᠴᠠᠭ᠎ᠠ ᠶᠢᠨ ᠬᠤᠷᠠᠯ ᠳᠤ ᠣᠷᠣᠯᠴᠠᠪᠠ᠃ ᠬᠤᠷᠠᠯ ᠢ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ | ᠡᠷᠭᠢᠯᠡᠵᠥ᠂ ᠪᠷᠠᠽᠢᠯ ᠤᠨ ᠶᠡᠷᠦᠩᠬᠡᠶᠢᠯᠡᠭᠴᠢ ᠯᠦᠯᠠ᠂ ᠡᠨᠡᠳᠬᠡᠭ ᠤᠨ ᠶᠡᠷᠦᠩᠬᠡᠢ ᠰᠠᠶᠢᠳ ᠮᠦᠸᠧᠳᠢ᠂ ᠤᠷᠤᠰ ᠤᠨ ᠶᠡᠷᠦᠩᠬᠡᠶᠢᠯᠡᠭᠴᠢ ᠫᠦᠲ᠋ᠢᠨ ︵ᠰᠦᠯᠵᠢᠶᠡᠨ | ᠳᠡᠭᠡᠷ᠎ᠡ︶ ᠪᠣᠯᠣᠨ ᠠᠹᠷᠢᠺᠠ ᠲᠢᠪ ᠤᠨ ᠤᠯᠤᠰ ᠵᠢᠴᠢ ᠪᠤᠰᠤᠳ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠪᠠ ᠬᠥᠭᠵᠢᠵᠦ ᠪᠠᠶᠢᠭ᠎ᠠ ᠤᠯᠤᠰ ᠤᠨ 60 ᠭᠠᠷᠤᠢ | ᠤᠳᠤᠷᠢᠳᠬᠤ ᠬᠥᠮᠥᠨ ᠪᠤᠶᠤ ᠲᠥᠯᠥᠭᠡᠯᠡᠭᠴᠢ ᠵᠢᠴᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠦ᠋ᠢᠰ᠂ ᠰᠢᠨ᠎ᠡ | ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹ ᠵᠡᠷᠭᠡ ᠳᠡᠯᠡᠬᠡᠢ ᠶᠢᠨ ᠪᠠ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ | ᠣᠷᠣᠯᠴᠠᠪᠠ᠃ ᠵᠢᠷᠤᠭ ᠪᠣᠯ ᠬᠤᠷᠠᠯ ᠳᠤ ᠣᠷᠣᠯᠴᠠᠬᠰᠠᠨ ᠤᠳᠤᠷᠢᠳᠬᠤ ᠬᠥᠮᠥᠰ ᠬᠠᠮᠲᠤ ᠶᠢᠨ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠬᠤᠷᠠᠯ ᠢ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠡᠷᠭᠢᠯᠡᠵᠥ᠂ ᠪᠷᠠᠽᠢᠯ ᠤᠨ ᠶᠡᠷᠦᠩᠬᠡᠶᠢᠯᠡᠭᠴᠢ ᠯᠦᠯᠠ᠂ ᠡᠨᠡᠳᠬᠡᠭ ᠤᠨ ᠶᠡᠷᠦᠩᠬᠡᠢ ᠰᠠᠶᠢᠳ | ᠮᠦᠸᠧᠳᠢ᠂ ᠤᠷᠤᠰ ᠤᠨ ᠶᠡᠷᠦᠩᠬᠡᠶᠢᠯᠡᠭᠴᠢ ᠫᠦᠲ᠋ᠢᠨ ︵ᠰᠦᠯᠵᠢᠶᠡᠨ ᠳᠡᠭᠡᠷ᠎ᠡ︶ ᠪᠣᠯᠣᠨ ᠠᠹᠷᠢᠺᠠ ᠲᠢᠪ ᠤᠨ ᠤᠯᠤᠰ ᠵᠢᠴᠢ ᠪᠤᠰᠤᠳ ᠰᠢᠨ᠎ᠡ ᠪᠠᠷ ᠮᠠᠨᠳᠤᠭᠰᠠᠨ | ᠵᠠᠬ᠎ᠠ ᠳᠡᠯᠭᠡᠭᠦᠷ ᠤᠨ ᠪᠠ ᠬᠥᠭᠵᠢᠵᠦ ᠪᠠᠶᠢᠭ᠎ᠠ ᠤᠯᠤᠰ ᠤᠨ 60 ᠭᠠᠷᠤᠢ ᠤᠳᠤᠷᠢᠳᠬᠤ ᠬᠥᠮᠥᠨ ᠪᠤᠶᠤ ᠲᠥᠯᠥᠭᠡᠯᠡᠭᠴᠢ ᠵᠢᠴᠢ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠦ᠋ᠢᠰ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹ ᠵᠡᠷᠭᠡ ᠳᠡᠯᠡᠬᠡᠢ ᠶᠢᠨ | ᠪᠠ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠣᠷᠣᠯᠴᠠᠪᠠ᠃ | ᠰᠢ ᠶᠢᠨ ᠫᠢᠩ ︽ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠵᠤ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ ᠬᠥᠭᠵᠢᠯᠲᠡ ᠶᠢᠨ ᠬᠠᠮᠲᠤ ᠶᠢᠨ | ᠴᠣᠭᠴᠠ ᠲᠡᠶᠢᠰᠢ ᠤᠷᠤᠭᠰᠢᠯᠠᠶ᠎ᠠ︾ ᠭᠡᠬᠦ ᠰᠡᠳᠦᠪ ᠢᠶᠠᠷ ᠶᠠᠷᠢᠶ᠎ᠠ ᠲᠠᠯᠪᠢᠪᠠ᠃ ︵ᠶᠠᠷᠢᠶᠠᠨ ᠤ ᠪᠦᠭᠦ ᠠᠭᠤᠯᠭ᠎ᠠ ᠶᠢ ᠠᠰ ᠲᠤᠨᠢ ᠨᠡᠶᠢᠲᠡᠯᠡᠪᠡ︶ | ᠰᠢ ᠶᠢᠨ ᠫᠢᠩ᠂ ᠬᠥᠭᠵᠢᠭᠦᠯᠦᠯᠲᠡ ᠨᠢ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠠᠴᠢᠶᠠᠯᠠᠵᠤ᠂ ᠬᠥᠭᠵᠢᠵᠦ | ᠪᠠᠶᠢᠭ᠎ᠠ ᠤᠯᠤᠰ ᠤᠨ ᠲᠡᠷᠢᠭᠦᠨ ᠴᠢᠬᠤᠯᠠ ᠡᠭᠦᠷᠭᠡ ᠮᠥᠨ᠂ ᠮᠥᠨ ᠴᠤ ᠬᠥᠮᠥᠨ ᠲᠥᠷᠥᠯᠬᠢᠲᠡᠨ ᠤ ᠨᠡᠶᠢᠭᠡᠮ ᠤᠨ ᠮᠥᠩᠬᠡ ᠶᠢᠨ ᠭᠤᠣᠯ ᠰᠡᠳᠦᠪ ᠮᠥᠨ᠃ ᠡᠨᠡ ᠵᠢᠯ | ᠪᠣᠯ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠤᠨ ᠳᠤᠮᠳᠠ ᠬᠤᠭᠤᠴᠠᠭᠠᠨ ᠤ | ᠦᠨᠡᠯᠡᠯᠲᠡ ᠶᠢᠨ ᠣᠨ ᠪᠣᠯᠣᠨ᠎ᠠ᠃ ᠣᠳᠣᠬᠠᠨ ᠳᠤ᠂ ᠣᠯᠠᠩᠬᠢ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠶᠢ ᠨᠠᠶᠢᠳᠠᠪᠤᠷᠢᠵᠢᠭᠤᠯᠬᠤ ᠨᠢ ᠤᠳᠠᠭᠠᠨ ᠪᠠᠶᠢᠵᠤ᠂ | ᠬᠥᠮᠥᠰ ᠢ ᠰᠠᠨᠠᠭᠠᠰᠢᠷᠠᠭᠤᠯᠵᠤ ᠪᠠᠶᠢᠨ᠎ᠠ᠃ ᠪᠦᠭᠦ ᠪᠥᠮᠪᠥᠷᠴᠡᠭ ᠤᠨ ᠬᠥᠭᠵᠢᠯᠲᠡ ᠶᠢᠨ ᠦᠢᠯᠡᠰ ᠯᠤᠲᠤ ᠶᠡᠭᠡ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠳᠡᠯᠡᠬᠡᠢ | ᠨᠡᠶᠢᠭᠡᠮ ᠢᠶᠠᠷ ᠢᠶᠠᠨ ᠳᠡᠯᠡᠬᠡᠢ ᠳ᠋ᠠᠬᠢᠨ ᠤ ᠠᠰᠢᠭ ᠲᠤᠰᠠ ᠪᠠᠷ ᠠᠰᠢᠭ ᠲᠤᠰᠠ ᠪᠠᠨ ᠪᠤᠯᠭᠠᠵᠤ᠂ ᠠᠷᠠᠳ ᠲᠦᠮᠡᠨ ᠤ ᠪᠤᠳᠤᠯ ᠰᠡᠳᠬᠢᠯ ᠢᠶᠠᠷ ᠪᠤᠳᠤᠯ ᠰᠡᠳᠬᠢᠯ ᠢᠶᠠᠨ | ᠪᠤᠯᠭᠠᠵᠤ᠂ ᠬᠥᠭᠵᠢᠯᠲᠡ ᠶᠢᠨ ᠠᠰᠠᠭᠤᠳᠠᠯ ᠢ ᠳᠠᠬᠢᠨᠲᠠ ᠤᠯᠠᠨ ᠤᠯᠤᠰ ᠤᠨ ᠵᠥᠪᠯᠡᠬᠦ ᠵᠦᠢᠯᠡᠰ ᠤᠨ ᠭᠤᠣᠯᠳᠠᠯᠭ᠎ᠠ ᠪᠤᠯᠭᠠᠬᠤ ᠶᠢ ᠠᠬᠢᠭᠤᠯᠤᠶ᠎ᠠ᠃ ᠪᠦᠭᠦ | ᠪᠥᠮᠪᠥᠷᠴᠡᠭ ᠤᠨ ᠵᠠᠰᠠᠯᠲᠠ ᠳᠤᠮᠳᠠᠬᠢ ᠬᠥᠭᠵᠢᠵᠦ ᠪᠠᠶᠢᠭ᠎ᠠ ᠤᠯᠤᠰ ᠤᠨ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠵᠦ᠂ ᠬᠥᠭᠵᠢᠵᠦ ᠪᠠᠶᠢᠭ᠎ᠠ | ᠤᠯᠤᠰ ᠤᠨ ᠨᠡᠩ ᠰᠠᠶᠢᠨ ᠬᠥᠭᠵᠢᠯᠲᠡ ᠶᠢ ᠪᠡᠶᠡᠯᠡᠭᠦᠯᠬᠦ ᠶᠢ ᠳᠡᠮᠵᠢᠶ᠎ᠡ᠃ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ | ᠬᠥᠭᠵᠢᠯᠲᠡ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠬᠠᠮᠲᠤ ᠶᠢᠨ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠳᠡᠯᠡᠬᠡᠢ ᠶᠢᠨ ᠣᠷᠴᠢᠨ ᠲᠣᠭᠤᠷᠢᠨ ᠢ | ᠪᠤᠢ ᠪᠣᠯᠭᠠᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠢᠮᠠᠭᠲᠠ ᠬᠥᠭᠵᠢᠵᠦ ᠪᠠᠶᠢᠭ᠎ᠠ ᠤᠯᠤᠰ ᠲᠠᠢ ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠨ᠎ᠠ᠂ | ᠥᠩᠭᠡᠷᠡᠭᠰᠡᠨ ᠳᠤ ᠡᠶᠢᠮᠦ᠂ ᠤᠳᠤ ᠴᠤ ᠡᠶᠢᠮᠦ᠂ ᠢᠷᠡᠭᠡᠳᠦᠢ ᠳᠤ ᠪᠠᠰᠠ ᠥᠨᠢ ᠡᠭᠦᠷᠢᠳᠡ ᠬᠥᠭᠵᠢᠵᠦ ᠪᠠᠶᠢᠭ᠎ᠠ ᠤᠯᠤᠰ ᠤᠨ ᠨᠢᠭᠡ ᠭᠡᠰᠢᠭᠦᠨ ᠪᠣᠯᠣᠨ᠎ᠠ︕ ᠪᠢ | ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠤᠭᠰᠠᠨ ᠨᠢ ᠳᠠᠷᠤᠢ ᠳᠡᠯᠡᠬᠡᠢ ᠨᠡᠶᠢᠭᠡᠮ ᠢᠶᠠᠷ ᠢᠶᠠᠨ ᠬᠥᠭᠵᠢᠯᠲᠡ ᠳᠤ ᠠᠩᠬᠠᠷᠤᠯ ᠢᠶᠠᠨ | ᠲᠥᠪᠯᠡᠷᠡᠭᠦᠯᠵᠦ᠂ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ ᠨᠢᠳᠤᠨᠤᠨ᠂ | ᠳᠤᠮᠳᠠᠳᠤ ᠤᠯᠤᠰ ᠠᠩᠬᠠᠳᠤᠭᠠᠷ ᠬᠤᠭᠤᠴᠠᠭᠠᠨ ᠤ ᠪᠦᠭᠦ ᠪᠥᠮᠪᠥᠷᠴᠡᠭ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠯᠴᠠᠭᠠᠨ ᠤ ᠬᠤᠷᠠᠯ ᠢ ᠡᠷᠭᠢᠯᠡᠨ | ᠬᠤᠷᠠᠯᠳᠤᠭᠤᠯᠵᠤ᠂ ᠠᠯᠢ ᠤᠯᠠᠨ ᠬᠥᠭᠵᠢᠯᠲᠡ ᠶᠢᠨ ᠬᠠᠮᠲᠤᠷᠠᠯᠴᠠᠭᠠᠨ ᠤ ᠠᠷᠭ᠎ᠠ ᠬᠡᠮᠵᠢᠶ᠎ᠡ ᠶᠢ ᠲᠣᠭᠲᠠᠭᠠᠵᠤ᠂ ᠪᠠᠶᠠᠷᠯᠠᠭᠤᠰᠢᠲᠠᠢ ᠠᠬᠢᠴᠠ ᠲᠠᠢ ᠪᠣᠯᠪᠠ᠃ ᠪᠢᠳᠡ | ᠬᠥᠭᠵᠢᠯᠲᠡ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠡᠬᠢ ᠪᠠᠶᠠᠯᠢᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠨᠢᠭᠡᠨᠲᠡ ᠪᠦᠭᠦ ᠪᠥᠮᠪᠥᠷᠴᠡᠭ ᠤᠨ | ᠬᠥᠭᠵᠢᠯᠲᠡ ᠪᠣᠯᠣᠨ ᠬᠥᠭᠵᠢᠵᠦ ᠪᠠᠶᠢᠭ᠎ᠠ ᠤᠯᠤᠰ ᠤᠨ ᠬᠠᠮᠲᠤᠷᠠᠯᠴᠠᠭᠠᠨ ᠤ ᠰᠠᠭᠤᠷᠢ ᠮᠥᠩᠭᠦ ᠶᠢ ᠪᠠᠶᠢᠭᠤᠯᠵᠤ᠂ ᠳᠤᠮᠳᠠᠳᠤ ᠤᠯᠤᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠤᠳᠠᠯ ᠦᠭᠡᠢ ᠲᠤᠰᠬᠠᠢ ᠪᠡᠯᠡ ᠮᠥᠩᠭᠦ ᠭᠠᠷᠭᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠳᠤ | ᠲᠤᠰᠬᠠᠢ ᠬᠡᠷᠡᠭᠯᠡᠨ᠎ᠡ᠃ ᠪᠢᠳᠠ ᠠᠵᠢᠯᠯᠠᠭᠠᠨ ᠤ ᠤᠳᠤᠷᠢᠳᠤᠮᠵᠢ ᠶᠢ ᠪᠠᠷᠢᠮᠲᠠᠯᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ 200 | ᠭᠠᠷᠤᠢ ᠬᠠᠮᠲᠤᠷᠠᠯᠴᠠᠭᠠᠨ ᠤ ᠲᠦᠷᠦᠯ ᠵᠦᠢᠯ ᠦᠷ᠎ᠡ ᠪᠦᠲᠦᠮᠵᠢ ᠣᠯᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠰᠤᠷᠭᠠᠨ ᠬᠥᠮᠦᠵᠢᠯ᠂ ᠡᠷᠡᠭᠦᠯ | ᠬᠠᠮᠠᠭᠠᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠲᠣᠭᠲᠠᠴᠠ ᠲᠠᠰᠤᠷᠠᠯᠳᠠ ᠦᠭᠡᠢ ᠥᠷᠭᠡᠵᠢᠪᠡ᠃ ᠪᠢᠳᠡ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠤᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠶᠢ ᠨᠡᠮᠡᠭᠳᠡᠭᠦᠯᠪᠡ᠃ ᠪᠣᠬᠢᠷᠳᠤᠯ ᠦᠭᠡᠢ ᠬᠥᠭᠵᠢᠯᠲᠡ᠂ ᠰᠢᠨ᠎ᠡ ᠭᠡᠯᠪᠡᠷᠢ ᠶᠢᠨ ᠠᠵᠤ | ᠦᠢᠯᠡᠳᠪᠦᠷᠢᠵᠢᠯᠲᠡ᠂ ᠲᠣᠭᠠᠴᠢᠯᠠᠭᠰᠠᠨ ᠠᠵᠤ ᠠᠬᠤᠢ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠠᠵᠤ | ᠦᠢᠯᠡᠳᠪᠦᠷᠢ ᠶᠢᠨ ᠬᠤᠪᠢᠰᠬᠠᠯ ᠤᠨ ᠬᠠᠨᠢᠲᠠᠨ ᠤ ᠬᠠᠷᠢᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃ | ᠪᠢᠳᠠ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠤᠶᠠᠨ ᠬᠠᠳᠠᠨ ᠴᠢᠨᠠᠷ ᠢ ᠳᠡᠭᠡᠭᠰᠢᠯᠡᠭᠦᠯᠪᠡ᠃ ᠳᠤᠮᠳᠠᠳᠤ ᠤᠯᠤᠰ — | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠵᠦ ᠪᠠᠶᠢᠭ᠎ᠠ ᠤᠯᠤᠰ ᠤᠨ | ᠬᠠᠮᠲᠤᠷᠠᠯᠴᠠᠭᠠᠨ ᠤ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ᠶᠢ ᠡᠬᠢᠯᠡᠭᠦᠯᠵᠦ᠂ ᠮᠠᠰᠢ ᠤᠯᠠᠨ ᠤᠯᠤᠰ ᠲᠤ ᠠᠮᠤ ᠪᠤᠳᠠᠭᠠᠨ ᠤ ᠲᠤᠰᠠᠯᠠᠮᠵᠢ ᠬᠠᠩᠭᠠᠵᠤ᠂ | ᠲᠠᠷᠢᠶᠠᠯᠠᠩ ᠤᠨ ᠮᠡᠷᠭᠡᠵᠢᠯ ᠤᠨ ᠮᠡᠳᠡᠯᠭᠡ ᠶᠢ ᠬᠤᠪᠢᠶᠠᠯᠴᠠᠨ᠂ ᠪᠦᠭᠦ ᠪᠥᠮᠪᠥᠷᠴᠡᠭ ᠤᠨ ᠴᠡᠪᠡᠷ ᠡᠨᠧᠷᠭᠢ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ | ᠡᠭᠦᠰᠬᠡᠨ ᠪᠠᠶᠢᠭᠤᠯᠵᠤ᠂ ᠡᠨᠧᠷᠭᠢ ᠶᠢᠨ ᠠᠮᠤᠷ ᠲᠦᠪᠰᠢᠨ ᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠪᠣᠯ ᠠᠹᠷᠢᠺᠠ ᠲᠢᠪ ᠤᠨ ᠨᠠᠶᠢᠳᠠᠪᠤᠷᠢᠲᠠᠢ ᠨᠠᠶᠢᠵᠠ ᠮᠥᠨ᠂ ᠥᠩᠭᠡᠷᠡᠭᠰᠡᠨ 10 ᠵᠢᠯ ᠳᠤ ᠠᠹᠷᠢᠺᠠ ᠲᠢᠪ ᠲᠤ ᠶᠡᠭᠡ | ᠬᠡᠮᠵᠢᠶᠡᠨ ᠤ ᠬᠥᠭᠵᠢᠯᠲᠡ ᠶᠢᠨ ᠲᠤᠰᠠᠯᠠᠮᠵᠢ ᠬᠠᠩᠭᠠᠵᠤ᠂ 6000 ᠭᠠᠷᠤᠢ ᠺᠢᠯᠣᠮᠧᠳ᠋ᠷ ᠤᠨ ᠲᠡᠮᠦᠷ ᠵᠠᠮ᠂ 6000 ᠭᠠᠷᠤᠢ ᠺᠢᠯᠣᠮᠧᠳ᠋ᠷ ᠤᠨ ᠵᠠᠰᠠᠮᠠᠯ ᠵᠠᠮ᠂ 80 | ᠭᠠᠷᠤᠢ ᠲᠣᠮᠣ ᠭᠡᠯᠪᠡᠷᠢ ᠶᠢᠨ ᠴᠠᠭᠢᠯᠭᠠᠨ ᠬᠦᠴᠦᠨ ᠤ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠳᠤ ᠣᠷᠣᠯᠴᠠᠪᠠ᠃ ᠲᠠᠷᠠᠭᠠᠴᠢ ᠶᠢᠨ ᠱᠠᠲᠤᠨ ᠳᠤ᠂ ᠳᠤᠮᠳᠠᠳᠤ | ᠤᠯᠤᠰ ᠠᠹᠷᠢᠺᠠ ᠲᠢᠪ ᠤᠨ ᠤᠯᠤᠰ ᠲᠠᠢ ᠨᠡᠩ ᠤᠯᠠᠨ ᠬᠠᠮᠲᠤᠷᠠᠯᠴᠠᠭ᠎ᠠ ᠥᠷᠨᠢᠭᠦᠯᠵᠦ᠂ ᠠᠹᠷᠢᠺᠠ ᠲᠢᠪ ᠤᠨ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠪᠠᠨ | ᠴᠢᠩᠭᠠᠳᠬᠠᠬᠤ ᠶᠢ ᠳᠡᠮᠵᠢᠨ᠎ᠠ᠃ ᠡᠭᠦᠨ ᠳᠤ ᠳᠠᠭᠠᠭᠤᠯᠢ ᠤᠳᠤ ᠪᠠᠷ ᠬᠡᠮᠵᠢᠨ ᠵᠢᠷᠤᠭᠯᠠᠬᠤ ᠢᠵᠢ ᠪᠦᠷᠢᠨ ᠲᠤᠭ᠎ᠠ ᠪᠠᠷᠢᠮᠲᠠ ᠶᠢᠨ ᠦᠢᠯᠡᠳᠬᠦᠨ ᠢ ᠬᠠᠩᠭᠠᠬᠤ︔ ︽ | ᠣᠶᠤᠨᠴᠢ ᠪᠣᠭᠤᠮᠲᠠ︾ ᠶᠢᠨ ᠬᠠᠮᠲᠤᠷᠠᠯᠴᠠᠭᠠᠨ ᠤ ᠬᠠᠨᠢᠲᠠᠨ ᠤ ᠲᠥᠯᠥᠪᠯᠡᠭᠡ ᠶᠢ ᠭᠡᠷᠡᠭᠵᠢᠭᠦᠯᠭᠦ︔ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠲᠠᠢ ᠬᠠᠮᠵᠢᠯᠴᠠᠨ ︽ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠪᠠᠷ | ᠠᠹᠷᠢᠺᠠ ᠲᠢᠪ ᠤᠨ ᠢᠷᠡᠭᠡᠳᠦᠢ ᠳᠤ ᠬᠦᠴᠦᠨ ᠨᠡᠮᠡᠷᠢᠯᠡᠬᠦ︾ ᠠᠵᠢᠯᠯᠠᠭ᠎ᠠ ᠶᠢ ᠥᠷᠨᠢᠭᠦᠯᠬᠦ ᠵᠡᠷᠭᠡ ᠪᠠᠷ ᠠᠹᠷᠢᠺᠠ ᠲᠢᠪ ᠤᠨ ᠦᠷᠭᠦᠯᠵᠢᠯᠡᠬᠦ ᠬᠥᠭᠵᠢᠯᠲᠡ ᠶᠢ | ᠪᠡᠶᠡᠯᠡᠭᠦᠯᠬᠦ ᠶᠢ ᠢᠳᠡᠪᠬᠢᠲᠡᠢ ᠲᠡᠮᠵᠢᠨ᠎ᠠ᠃ ᠪᠢᠳᠡ ᠢᠲᠡᠭᠡᠯ ᠢᠶᠠᠨ ᠪᠠᠲᠤᠳᠬᠠᠨ᠂ ᠪᠦᠭᠦᠳᠡ ᠤᠯᠠᠨ ᠢᠶᠠᠷ ᠢᠶᠠᠨ ᠰᠡᠳᠬᠢᠯ ᠨᠢᠭᠡᠳᠦᠨ᠂ ᠬᠥᠭᠵᠢᠯᠲᠡ ᠶᠢᠨ ᠬᠠᠮᠲᠤ ᠶᠢᠨ | ᠴᠣᠭᠴᠠ ᠶᠢ ᠭᠠᠷ ᠬᠤᠯᠪᠣᠯᠴᠠᠨ ᠪᠠᠶᠢᠭᠤᠯᠵᠤ᠂ ᠠᠯᠢ ᠨᠢᠭᠡᠨ ᠤᠯᠤᠰ ᠢ ᠴᠤ ᠳᠡᠯᠡᠬᠡᠢ ᠶᠢᠨ ᠣᠳᠣᠬᠢᠴᠢᠯᠠᠯᠲᠠ ᠶᠢᠨ ᠠᠬᠢᠴᠠ ᠳᠤᠮᠳᠠ ᠡᠩᠨᠡᠭᠡ ᠠᠴᠠ ᠨᠢ ᠪᠤᠤ | ᠬᠤᠴᠣᠷᠤᠭᠤᠯᠤᠶᠠ ᠭᠡᠵᠦ ᠴᠢᠬᠤᠯᠠᠴᠢᠯᠠᠵᠠᠢ᠃ | ᠬᠤᠷᠠᠯ ᠳᠤ ᠣᠷᠣᠯᠴᠠᠬᠰᠠᠨ ᠤᠳᠤᠷᠢᠳᠬᠤ ᠬᠥᠮᠥᠰ ᠬᠠᠮᠲᠤ ᠶᠢᠨ ᠭᠡᠷᠡᠯ ᠵᠢᠷᠤᠭ ᠲᠠᠲᠠᠭᠤᠯᠵᠠᠢ᠃ | ᠼᠠᠢ ᠴᠢ᠂ ᠸᠠᠩ ᠢ ᠶᠠᠷᠢᠯᠴᠠᠭ᠎ᠠ ᠶᠢᠨ ᠬᠤᠷᠠᠯ ᠳᠤ ᠣᠷᠣᠯᠴᠠᠪᠠ᠃ | | | | | | | |