ᠲᠦᠷᠦᠭᠦᠬᠡᠨ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠣᠶᠢᠯᠠᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ | ᠂ ᠮᠠᠨ ᠤ ᠬᠤᠲᠠ ︽ᠪᠡᠭᠡᠵᠢᠩ ᠥᠪᠥᠷ ᠮᠣᠩᠭᠤᠯ ᠤᠨ ᠵᠠᠭᠤᠨ ᠠᠵᠤ ᠠᠬᠤᠶᠢᠯᠠᠯ ᠤᠨ ᠪᠠᠶᠢᠳᠠᠯ ᠪᠠᠶᠠᠨᠨᠠᠭᠤᠷ ᠤᠨ ᠠᠶᠠᠯᠠᠯ︾ ᠤᠨ ᠬᠤᠶᠢᠰᠢᠳᠠ ᠶᠢᠨ ᠮᠥᠷᠳᠡᠨ | ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ ᠪᠠᠶᠢᠨ᠎ᠠ᠃ | ᠲᠤᠬᠠᠢ ᠶᠢᠨ ᠲᠠᠯᠠᠪᠤᠷ ᠲᠤ ᠭᠡᠷ᠎ᠡ ᠲᠣᠭᠲᠠᠭᠰᠠᠨ ᠵᠦᠢᠯᠡᠰ ᠦᠨᠠᠵᠢᠯᠯᠠᠭᠠ ᠶᠢᠨ ᠲᠤᠬᠠᠢ ᠶᠢᠨ ᠲᠠᠯᠠᠪᠤᠷ ᠲᠤ 11 ᠲᠥᠷᠥᠯ ᠵᠦᠢᠯ ᠤᠨ ᠭᠡᠷ᠎ᠡ ᠲᠣᠭᠲᠠᠵᠤ᠂ 8 | ᠲᠥᠷᠥᠯ ᠵᠦᠢᠯ ᠢ ᠶᠠᠭ ᠬᠡᠷᠡᠭᠵᠢᠭᠦᠯᠵᠦ ᠪᠣᠶ᠃ ᠰᠠᠨᠠᠮᠵᠢ ᠶᠢᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠦᠶᠤᠸᠠᠨ ᠰᠢᠶᠠᠨ ᠬᠢᠭᠡᠳ ᠪᠡᠭᠡᠵᠢᠩ ᠤᠨ ᠴᠢ ᠳ᠋ᠢ | ᠴᠢᠩ ᠰᠢᠲᠠᠯᠲᠠ ᠶᠢᠨ ᠡᠨᠧᠷᠭᠢ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠲᠦᠷᠦᠯ ᠵᠦᠢᠯ ᠤᠨ ᠲᠤᠬᠠᠢ ᠨᠢᠭᠡᠨᠲᠡ ᠭᠡᠷ᠎ᠡ ᠲᠣᠭᠲᠠᠵᠤ᠂ ᠪᠣᠳᠠᠲᠠᠢ ᠵᠦᠢᠯᠡᠰ ᠢ ᠶᠠᠭ ᠠᠬᠢᠭᠤᠯᠵᠤ ᠪᠤᠢ︔ ᠦᠶᠤᠸᠠᠨ ᠰᠢᠶᠠᠨ ᠪᠣᠯᠣᠨ ᠳ᠋ᠠ ᠳᠤ | ᠳ᠋ᠦᠩ ᠹᠠᠩ ᠰᠢᠨᠵᠢᠯᠡᠬᠦ ᠤᠬᠠᠭᠠᠨ ᠮᠡᠷᠭᠡᠵᠢᠯ ︵ᠪᠡᠭᠡᠵᠢᠩ︶ ᠤᠨ ᠬᠢᠵᠠᠭᠠᠷᠲᠤ ᠺᠣᠮᠫᠠᠨᠢ ᠶᠢᠨ ᠲᠠᠷᠢᠶᠠᠯᠠᠩ ᠵᠤᠭᠠᠴᠠᠯ ᠢ ᠠᠭᠤᠰᠤᠯᠴᠠᠭᠤᠯᠤᠨ ᠠᠮᠠᠷᠠᠭᠤᠯᠬᠤ ᠨᠡᠭᠡᠭᠡᠨ | ᠬᠥᠭᠵᠢᠭᠦᠯᠬᠦ ᠲᠦᠷᠦᠯ ᠵᠦᠢᠯ ᠨᠢ ᠶᠠᠭ ᠪᠣᠳᠠᠲᠠᠢ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠵᠦ ᠪᠤᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ | ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠪᠡᠭᠡᠵᠢᠩ ᠤᠨ ᠱᠧᠦ ᠬᠠᠩ ᠬᠡᠲᠦ ᠳᠡᠯᠭᠡᠭᠦᠷ ᠲᠤ ᠴᠢᠨᠠᠷ | ᠰᠠᠶᠢᠲᠠᠢ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠯᠭᠡᠨ ᠪᠣᠷᠤᠯᠠᠭᠤᠯᠭ᠎ᠠ ᠶᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠤᠯᠠᠭᠤᠯᠭ᠎ᠠ ᠶᠢᠨ ᠬᠡᠮᠵᠢᠶ᠎ᠡ 13.2 ᠲᠦᠮᠡᠨ ᠲᠥᠭᠦᠷᠢᠭ ᠲᠤ ᠬᠦᠷᠴᠦ᠂ 2 ᠲᠠᠯᠠᠪᠤᠷ ᠴᠢᠨᠠᠷ ᠰᠠᠶᠢᠲᠠᠢ | ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠡᠭᠡᠵᠢᠩ ᠤᠨ ᠵᠠᠰᠠᠭ ᠤᠨ ᠣᠷᠳᠣᠨ ᠤ ᠪᠠᠶᠢᠭᠤᠯᠤᠯᠭ᠎ᠠ ᠨᠢᠭᠡᠴᠡ ᠳᠤ ᠳᠡᠯᠭᠡᠨ | ᠪᠣᠷᠣᠯᠠᠭᠤᠯᠬᠤ ᠠᠵᠢᠯᠯᠠᠭ᠎ᠠ ᠶᠢ ᠪᠡᠶᠡᠯᠡᠭᠦᠯᠪᠡ︔ ᠬᠠᠩᠭᠢᠨ ᠬᠤᠶᠢᠲᠤ ᠬᠤᠰᠢᠭᠤ ᠪᠡᠭᠡᠵᠢᠩ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠤᠨ 4000 ᠲᠦᠮᠡᠨ | ᠲᠥᠭᠦᠷᠢᠭ ᠣᠷᠣᠭᠤᠯᠤᠨ ᠮᠠᠨ ᠬᠤᠢ ᠪᠠᠯᠭᠠᠰᠤᠨ ᠤ ᠮᠢᠨ ᠹᠦ᠋ ᠽᠦᠨ ᠰᠢᠦᠢ ᠢ ᠦᠬᠡᠷ ᠤᠨ ᠦᠢᠯᠡᠰ ᠤᠨ ᠲᠦᠮᠡᠨ ᠦᠬᠡᠷ ᠠᠯᠠᠰᠢᠨ ᠦᠬᠡᠷ ᠤᠨ ᠲᠠᠯᠠᠪᠠᠢ ᠶᠢ | ᠪᠦᠲᠦᠭᠡᠨ ᠪᠠᠶᠢᠭᠤᠯᠬᠤ ᠳᠤ ᠪᠡᠯᠡ ᠣᠷᠣᠭᠤᠯᠤᠨ᠎ᠠ︔10 ᠰᠠᠷ᠎ᠠ ᠶᠢᠨ ᠳᠤᠮᠳᠠᠴᠢ ᠪᠠᠷ ᠮᠠᠨ ᠤ ᠬᠤᠲᠠ ᠶᠢᠨ 10 ᠰᠤᠷᠭᠠᠭᠤᠯᠢ ᠶᠢᠨ ᠵᠠᠬᠢᠷᠤᠯ ᠢ ᠪᠡᠭᠡᠵᠢᠩ | ᠬᠤᠲᠠ ᠶᠢᠨ ᠰᠢᠯᠢᠳᠡᠭ ᠳᠤᠮᠳᠠᠳᠤ ᠪᠠᠭ᠎ᠠ ᠰᠤᠷᠭᠠᠭᠤᠯᠢ ᠳᠤ ᠲᠣᠮᠢᠯᠠᠵᠤ ᠠᠵᠢᠯ ᠤᠨ ᠪᠠᠶᠢᠷᠢ ᠳᠠᠭᠠᠵᠤ ᠪᠣᠯᠪᠠᠰᠤᠷᠠᠭᠤᠯᠬᠤ ᠪᠠᠷ ᠲᠥᠯᠥᠪᠯᠡᠵᠦ ᠪᠣᠶ︔ ᠣᠶᠢᠷ᠎ᠠ ᠳᠤ | ᠮᠠᠨ ᠤ ᠬᠤᠲᠠ 22 ᠡᠮᠨᠡᠯᠭᠡ ᠶᠢᠨ ᠠᠵᠢᠯᠲᠠᠨ ᠢ ᠪᠡᠭᠡᠵᠢᠩ ᠬᠤᠲᠠ ᠶᠢᠨ ᠡᠯ᠎ᠡ ᠡᠮᠨᠡᠯᠭᠡ ᠶᠢᠨ ᠬᠤᠷᠢᠶ᠎ᠠ ᠳᠤ ᠲᠣᠮᠢᠯᠠᠨ ᠳᠠᠪᠲᠠᠨ ᠪᠣᠯᠪᠠᠰᠤᠷᠠᠭᠤᠯᠵᠤ | ᠰᠤᠷᠤᠯᠴᠠᠭᠤᠯᠬᠤ ᠶᠢᠨ ᠬᠠᠮᠲᠤ ᠪᠡᠭᠡᠵᠢᠩ ᠤᠨ ᠬᠤᠯᠪᠣᠭᠳᠠᠯ ᠪᠦᠬᠦᠢ ᠡᠮᠨᠡᠯᠭᠡ ᠶᠢᠨ ᠬᠤᠷᠢᠶ᠎ᠠ ᠲᠠᠢ 30 ᠤᠳᠠᠭᠠᠨ ᠤ ᠬᠦᠴᠢᠷ ᠲᠦᠪᠡᠭᠲᠡᠢ ᠠᠶᠤᠯᠲᠠᠢ ᠬᠦᠨᠳᠦ | ᠡᠪᠡᠳᠴᠢᠨ ᠤ ᠵᠢᠱᠢᠶ᠎ᠡ ᠶᠢ ᠠᠯᠤᠰ ᠠᠴᠠ ᠬᠠᠮᠲᠤᠷᠠᠨ ᠣᠨᠣᠰᠢᠯᠠᠬᠤ ᠪᠠᠷ ᠪᠠᠶᠢᠨ᠎ᠠ᠃ | | | |