ᠬᠤᠲᠠ  ᠶᠢᠨ ᠨᠠᠮ ᠤᠨ ᠬᠤᠷᠢᠶ᠎ᠠ ᠪᠠᠶᠢᠩᠭᠤ  ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/4
      8 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠾᠧ ᠸᠧᠢ ᠬᠤᠸᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠠᠩᠬᠠᠳᠠᠭᠴᠢ ᠪᠥᠬᠦ ᠤᠯᠤᠰ ᠤᠨ ᠠᠮᠢ ᠠᠬᠤᠢ ᠶᠢᠨ ᠡᠳᠦᠷ ᠤᠨ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠪᠥᠬᠦ ᠣᠷᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠰᠢ ᠶᠢᠨ ᠫᠢᠩ  ᠶᠡᠷᠦᠩᠬᠡᠢ ᠱᠦᠵᠢ  ᠶᠢᠨ ᠦᠶᠡᠷ  ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠲᠤᠬᠠᠢ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠦᠶᠡᠷ  ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ  ᠶᠢ ᠬᠤᠶᠠᠷ ᠲᠠᠯ᠎ᠠ ᠪᠠᠷ ᠠᠳᠬᠤᠬᠤ  ᠶᠢ ᠪᠠᠷᠢᠮᠲᠠᠯᠠᠨ᠂ ᠠᠷᠭ᠎ᠠ ᠬᠡᠮᠵᠢᠶ᠎ᠡ ᠶᠢ  ᠴᠢᠩᠭᠠᠷᠠᠭᠤᠯᠤᠨ᠂ ᠬᠠᠷᠢᠭᠤᠴᠠᠯᠭ᠎ᠠ  ᠶᠢ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠣᠷᠣᠨ ᠪᠠᠶᠢᠷᠢ ᠳᠤ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠠᠯᠵᠢᠬᠤ ᠣᠷᠣᠨ ᠤ  ᠭᠠᠩ ᠬᠠᠭᠰᠠᠷᠠᠭᠠᠨ ᠲᠠᠢ ᠲᠡᠮᠡᠴᠡᠬᠦ᠂ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠤᠷᠳᠤ ᠬᠤᠭᠤᠴᠠᠭ᠎ᠠ ᠪᠠᠷ ᠴᠢᠷᠮᠠᠶᠢᠨ ᠠᠬᠢᠭᠤᠯᠵᠤ᠂ ᠠᠭᠤᠯᠠ ᠶᠢ ᠬᠠᠮᠠᠭᠠᠯᠠᠬᠤ᠂ ᠤᠰᠤ ᠠᠷᠪᠢᠯᠠᠬᠤ᠂ ᠣᠶᠢᠵᠢᠭᠤᠯᠬᠤ᠂ ᠲᠠᠷᠢᠶᠠᠨ ᠭᠠᠵᠠᠷ ᠢ ᠥᠭᠡᠷᠡᠴᠢᠯᠡᠬᠦ᠂ ᠨᠠᠭᠤᠷ ᠢ ᠬᠠᠮᠠᠭᠠᠯᠠᠬᠤ᠂ ᠡᠪᠡᠰᠦ ᠪᠡᠯᠴᠢᠭᠡᠷ ᠢ ᠨᠡᠮᠡᠭᠳᠡᠭᠦᠯᠬᠦ᠂ ᠡᠯᠡᠰᠦ ᠶᠢ ᠵᠠᠰᠠᠬᠤ ᠶᠢ ᠵᠡᠷᠭᠡᠪᠡᠷ ᠤᠷᠤᠭᠰᠢᠯᠠᠭᠤᠯᠵᠤ᠂ ᠶᠡᠷᠦᠩᠬᠡᠶᠢᠯᠡᠨ ᠵᠠᠰᠠᠬᠤ ᠶᠢ ᠬᠠᠮᠵᠢᠯᠴᠠᠨ ᠠᠬᠢᠭᠤᠯᠵᠤ᠂ ᠬᠠᠳᠤᠨ ᠭᠤᠣᠯ ᠤᠨ ︽  ᠵᠢᠢ ᠦᠰᠦᠭ ᠤᠨ ᠮᠤᠷᠤᠶᠢᠯᠲᠠ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠯ᠎ᠡ ᠵᠦᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠵᠦ᠂ ᠪᠦᠬᠦ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶ᠎ᠡ ᠳᠠᠭᠤᠷᠢᠶᠠᠯ ᠢ ᠪᠤᠢ ᠪᠣᠯᠭᠠᠬᠤ ᠬᠡᠷᠡᠭᠲᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠦᠬᠦ ᠤᠯᠤᠰ᠂ ᠪᠦᠬᠦ ᠣᠷᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠠᠪᠤᠨ ᠥᠨᠳᠥᠷ ᠲᠠᠪᠤᠨ ᠣᠷᠣᠨ︾ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠬᠤᠶᠠᠷ ᠰᠠᠭᠤᠷᠢᠨ᠂ ᠳᠥᠷᠪᠡᠨ ᠪᠦᠯᠦᠭᠯᠡᠯ︾ ᠤᠨ ᠭᠤᠣᠯᠳᠠᠯᠭ᠎ᠠ ᠲᠠᠢ ᠡᠭᠦᠷᠭᠡ ᠶᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠲᠠᠪᠤᠨ ᠶᠡᠭᠡ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠺᠠᠳ᠋ᠷ ᠢ ᠰᠠᠶᠢᠲᠤᠷ ᠬᠡᠷᠡᠭᠯᠡᠬᠦ᠂ ᠪᠠᠭ ᠢ ᠰᠠᠶᠢᠲᠤᠷ ᠲᠣᠬᠢᠷᠠᠭᠤᠯᠬᠤ᠂ ᠵᠣᠬᠢᠶᠠᠨ ᠪᠠᠶᠢᠭᠤᠯᠤᠯᠲᠠ ᠶᠢ ᠬᠦᠴᠦᠷᠬᠡᠭᠵᠢᠭᠦᠯᠬᠦ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠃ ᠪᠥᠬᠦ ᠤᠯᠤᠰ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠪᠠ ᠥᠪᠡᠷᠲᠡᠭᠡᠨ ᠵᠠᠰᠠᠬᠤ ᠣᠷᠣᠨ ᠤ ᠠᠷᠭ᠎ᠠ ᠬᠡᠮᠵᠢᠶ᠎ᠡ ᠨᠦᠭᠦᠳ ᠢ ᠴᠢᠩᠭ᠎ᠠ ᠨᠠᠶᠢᠳᠠᠪᠤᠷᠢᠵᠢᠭᠤᠯᠵᠤ᠂ ᠺᠠᠳ᠋ᠷ ᠢ ᠰᠣᠩᠭᠤᠬᠤ᠂ ᠬᠥᠮᠥᠵᠢᠭᠦᠯᠬᠦ᠂ ᠬᠠᠮᠢᠶᠠᠷᠬᠤ᠂ ᠬᠡᠷᠡᠭᠯᠡᠬᠦ ᠠᠵᠢᠯ ᠢ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠪᠠᠭ ᠤᠨ ᠪᠦᠬᠦᠯᠢ ᠴᠣᠭᠴᠠ ᠶᠢᠨ ᠴᠢᠳᠠᠮᠵᠢ ᠪᠠ ᠺᠠᠳ᠋ᠷ ᠤᠨ ᠡᠩᠨᠡᠭᠡᠨ ᠤ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃      ᠬᠤᠷᠠᠯ ᠠᠴᠠ ︽ᠤᠯᠠᠭᠠᠨᠰᠤᠬᠠᠢ ᠲᠠᠩᠭᠢᠰ ᠤᠨ ᠰᠠᠪᠠ ᠭᠠᠵᠠᠷ ᠤᠨ ᠬᠠᠮᠠᠭᠠᠯᠠᠯᠲᠠ ᠶᠢᠨ ᠳᠦᠷᠢᠮ ︵ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ︶︾ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠤᠯᠢ ᠪᠠᠷ ᠲᠣᠭᠲᠠᠭᠠᠭᠰᠠᠨ ᠲᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ᠂ ᠨᠡᠶᠢᠲᠡᠯᠡᠵᠦ ᠬᠡᠷᠡᠭᠵᠢᠭᠦᠯᠬᠦ ᠶᠢ ᠲᠦᠷᠭᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠠᠮᠲᠤᠷᠠᠯᠴᠠᠬᠤ᠂ ᠵᠡᠭᠦᠨᠰᠢ ᠪᠠᠷᠠᠭᠤᠨᠰᠢ ᠬᠠᠮᠵᠢᠯᠴᠠᠬᠤ᠂ ᠥᠨᠳᠥᠷ ᠪᠦᠲᠦᠮᠵᠢᠲᠡᠢ ᠠᠵᠢᠯᠯᠠᠬᠤ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠤᠯᠠᠭᠠᠨᠰᠤᠬᠠᠢ ᠨᠠᠭᠤᠷ ᠤᠨ ᠬᠠᠮᠠᠭᠠᠯᠠᠯᠲᠠ ᠵᠠᠰᠠᠯᠲᠠ ᠶᠢᠨ ᠬᠠᠤᠯᠢᠵᠢᠯ ᠤᠨ ᠵᠠᠮ ᠢᠶᠠᠷ ᠵᠠᠮᠨᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ