ᠾᠧ ᠸᠧᠢ ᠬᠤᠸᠠ  ᠳ᠋ᠧᠩᠺᠧᠦ ᠰᠢᠶᠠᠨ ᠳᠤ ᠬᠦᠷᠴᠦ ᠭᠤᠷᠪᠠᠨ ᠤᠮᠠᠷᠠᠲᠤ ᠶᠢᠨ ᠢᠨᠵᠧᠨᠧᠷᠢᠩ ᠤᠨ ᠬᠠᠳᠤᠨ ᠭᠤᠣᠯ ᠤᠨ ︽  ᠵᠢᠢ ᠦᠰᠦᠭ ᠤᠨ ᠮᠤᠷᠤᠶᠢᠯᠲᠠ︾  ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2023/9/4
      8 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ  ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ  ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠳᠠᠷᠤᠭ᠎ᠠ ᠾᠧ ᠸᠧᠢ ᠬᠤᠸᠠ ᠳ᠋ᠸᠡᠭᠺᠸᠤ ᠰᠢᠶᠠᠨ ᠳᠤ ᠭᠦᠨᠵᠡᠭᠡᠶᠢᠷᠡᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠪᠠᠶᠢᠴᠠᠭᠠᠨ ᠰᠤᠳᠤᠯᠵᠤ᠂ ᠲᠤᠬᠠᠢ ᠶᠢᠨ ᠲᠠᠯᠠᠪᠠᠢ ᠳᠤ ᠬᠠᠳᠤᠨ ᠭᠤᠣᠯ ᠤᠨ ︽ᠵᠢᠢ ᠦᠰᠦᠭ ᠤᠨ ᠮᠤᠷᠤᠶᠢᠯᠲᠠ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠬᠤ ᠬᠤᠷᠠᠯ ᠤᠨ ᠪᠡᠯᠡᠳᠬᠡᠯ ᠠᠵᠢᠯ ᠢ ᠱᠠᠯᠠᠪᠳᠠᠭᠤᠯᠤᠨ ᠵᠢᠯᠤᠭᠤᠳᠴᠤ᠂ ᠰᠢ ᠶᠢᠨ ᠫᠢᠩ ᠶᠡᠷᠦᠩᠬᠡᠢ ᠱᠦᠵᠢ ᠶᠢᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠠᠳᠤᠨ ᠭᠤᠣᠯ ᠤᠨ ︽  ᠵᠢᠢ ᠦᠰᠦᠭ ᠤᠨ ᠮᠤᠷᠤᠶᠢᠯᠲᠠ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠰᠠᠶᠢᠲᠤᠷ ᠣᠯᠬᠤ ᠳᠤ ᠦᠯᠢᠭᠡᠷ ᠳᠠᠭᠤᠷᠢᠶᠠᠯ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠾᠧ ᠸᠧᠢ ᠬᠤᠸᠠ ᠤᠯᠠᠭᠠᠨᠪᠤᠬ᠎ᠠ ᠶᠢᠨ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠲᠣᠭᠤᠷᠢᠭ ᠲᠤ ᠬᠦᠷᠴᠦ᠂ ᠡᠪᠡᠰᠦ ᠪᠡᠯᠴᠢᠭᠡᠷ ᠤᠨ ᠳᠥᠷᠪᠡᠯᠵᠢᠨ ᠬᠡ ᠲᠠᠢ ᠡᠯᠡᠰᠦᠨ ᠬᠠᠯᠬᠠᠪᠴᠢ᠂ ᠤᠢ ᠰᠢᠭᠤᠢ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠪᠠᠶᠢᠳᠠᠯ ᠵᠡᠷᠭᠡ ᠪᠠᠶᠢᠳᠠᠯ ᠢ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠤᠯᠠᠭᠠᠨᠪᠤᠬ᠎ᠠ ᠶᠢᠨ ᠡᠯᠡᠰᠦᠨ ᠴᠦᠯ ᠤᠨ ᠠᠮᠢ ᠠᠬᠤᠢ ᠶᠢᠨ ᠵᠠᠰᠠᠯᠲᠠ ᠪᠣᠯ ᠮᠠᠨ ᠤ ᠬᠤᠳᠠ ᠶᠢᠨ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠴᠠ ᠴᠢᠬᠤᠯᠠ ᠵᠦᠢᠯ ᠪᠣᠯᠣᠨ᠎ᠠ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠵᠦ᠂ ᠰᠢᠨ᠎ᠡ ᠴᠠᠭ ᠦᠶ᠎ᠡ ᠶᠢᠨ ᠳ᠋ᠧᠩᠺᠧᠦ ᠶᠢᠨ ᠵᠠᠭᠪᠤᠷ ᠢ ᠰᠢᠨ᠎ᠡ ᠪᠠᠷ ᠡᠭᠦᠳᠴᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠨᠣᠭᠤᠭᠠᠷᠠᠭᠤᠯᠵᠤ ᠡᠯᠡᠰᠦ ᠶᠢ ᠳᠠᠪᠰᠢᠭᠤᠯᠵᠤ ᠡᠯᠡᠰᠦ ᠶᠢ ᠤᠬᠤᠷᠢᠭᠤᠯᠬᠤ︾ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠦᠨ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠳ᠋ᠧᠩᠺᠧᠦ ᠰᠢᠶᠠᠨ ᠤ 10 ᠲᠦᠮᠡᠨ ᠺᠢᠯᠣᠸᠠᠲ ᠤᠨ ᠭᠡᠷᠡᠯ ᠢᠶᠠᠷ ᠡᠯᠡᠰᠦ ᠶᠢ ᠵᠠᠰᠠᠬᠤ ᠲᠦᠷᠦᠯ ᠵᠦᠢᠯ ᠤᠨ ᠲᠣᠭᠤᠷᠢᠭ ᠲᠤ᠂ ᠾᠧ ᠸᠧᠢ ᠬᠤᠸᠠ ᠬᠠᠪᠲᠠᠰᠤᠨ ᠳᠣᠣᠷᠠᠬᠢ ᠲᠠᠷᠢᠮᠠᠯ᠂ ᠭᠠᠷᠤᠯᠲᠠ ᠶᠢᠨ ᠦᠷ᠎ᠡ ᠠᠰᠢᠭ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠵᠤ᠂ ︽ᠠᠮᠢ ᠠᠬᠤᠢ + ᠭᠡᠷᠡᠯ ᠴᠡᠨᠡᠭ︾  ᠤᠨ ᠵᠠᠭᠪᠤᠷ ᠢ ᠢᠳᠡᠪᠬᠢᠲᠡᠢ ᠰᠦᠪᠡᠭᠴᠢᠯᠡᠨ ᠬᠥᠭᠵᠢᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠬᠡᠷᠡᠭᠲᠡᠢ᠃      ᠸᠠᠩ ᠶᠧ ᠳ᠋ᠢ ᠴᠠᠭᠠᠨ ᠭᠤᠶᠣᠣ ᠠᠮᠢᠳᠤ ᠪᠣᠳᠠᠰ ᠤᠨ ᠬᠢᠵᠠᠭᠠᠷᠲᠤ ᠺᠣᠮᠫᠠᠨᠢ ᠶᠢᠨ ᠰᠦᠸ᠋ᠸ ᠰᠦᠸ᠋ᠸ ᠤᠢ ᠶᠢᠨ ᠲᠠᠷᠢᠮᠠᠯ ᠤᠨ ᠰᠠᠭᠤᠷᠢᠨ ᠳᠤ᠂ ᠾᠧ ᠸᠧᠢ ᠬᠤᠸᠠ ᠡᠯᠡᠰᠦ ᠶᠢ ᠵᠠᠰᠠᠬᠤ ᠲᠠᠷᠢᠮᠠᠯ ᠤᠨ ᠠᠵᠤ ᠠᠬᠤᠢ ᠶᠢᠨ ᠦᠷ᠎ᠡ ᠠᠰᠢᠭ ᠪᠣᠯᠣᠨ ᠡᠯᠡᠰᠦ ᠶᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠶᠢ ᠨᠠᠷᠢᠨ ᠯᠠᠪᠯᠠᠨ ᠠᠰᠠᠭᠤᠪᠠ᠃ ᠲᠡᠷᠡ᠂ ᠡᠯᠡᠰᠦ ᠡᠪᠡᠰᠦᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠡᠪᠡᠰᠦ ᠪᠣᠷᠳᠤᠭ᠎ᠠ᠂ ᠬᠢᠲᠠᠳ ᠡᠮ ᠤᠨ ᠮᠠᠲ᠋ᠧᠷᠢᠶᠠᠯ᠂ ᠤᠢ ᠵᠢᠮᠢᠰ ᠵᠡᠷᠭᠡ ᠠᠵᠤ ᠦᠢᠯᠡᠰ ᠢ ᠬᠥᠭᠵᠢᠭᠦᠯᠵᠦ᠂ ᠡᠯᠡᠰᠦ ᠶᠢ ᠵᠠᠰᠠᠵᠤ ᠡᠭᠦᠳᠦᠭᠰᠡᠨ ᠠᠵᠤ ᠠᠬᠤᠢ ᠶᠢᠨ ᠦᠷ᠎ᠡ ᠠᠰᠢᠭ ᠢᠶᠠᠷ ᠨᠡᠩ ᠤᠯᠠᠨ ᠠᠵᠤ ᠠᠬᠤᠶᠢᠯᠠᠯ ᠢ ᠳᠠᠳᠠᠨ ᠣᠷᠣᠯᠴᠠᠭᠤᠯᠵᠤ᠂ ᠤᠯᠠᠨ ᠲᠦᠮᠡᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠣᠯᠴᠠᠬᠤ ᠢᠳᠡᠪᠬᠢᠵᠢᠯ ᠢ ᠬᠥᠭᠵᠢᠭᠡᠵᠦ᠂ ᠡᠯᠡᠰᠦ ᠶᠢ ᠵᠠᠰᠠᠬᠤ ᠮᠥᠷᠲᠡᠭᠡᠨ ᠪᠠᠶᠠᠵᠢᠭᠤᠯᠬᠤ ᠶᠢ ᠪᠡᠶᠡᠯᠡᠭᠦᠯᠵᠦ᠂ ︽ᠡᠯᠡᠰᠦᠨ ᠤ ᠭᠠᠮᠰᠢᠭ︾ ︽ᠠᠯᠲᠠᠨ ᠡᠯᠡᠰᠦ︾ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠳᠠ ᠶᠢᠨ ᠤᠳᠤᠷᠢᠳᠤᠯᠭ᠎ᠠ ᠫᠠᠩ  ᠾᠦᠢ᠂ ᠵᠠᠩ ᠷᠦ ᠬᠤᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ