ᠪᠥᠬᠦ ᠬᠤᠲᠠ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/4
      8 ᠰᠠᠷ᠎ᠠ ᠶᠢᠨ 22 ᠤᠨ ᠡᠳᠦᠷ᠂ ᠪᠦᠬᠦ ᠬᠤᠳᠠ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠶᠢᠷ᠎ᠠ ᠶᠢᠨ ᠭᠤᠷᠪᠠᠨ ᠵᠢᠯ ᠤᠨ ᠪᠦᠬᠦ ᠬᠤᠳᠠ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠪᠣᠯᠣᠨ ᠳᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠵᠠᠷᠯᠠᠨ ᠮᠡᠳᠡᠭᠳᠡᠪᠡ᠃      ᠬᠤᠷᠠᠯ ᠠᠴᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠡᠯ᠎ᠡ ᠵᠦᠢᠯ ᠤᠨ ᠠᠵᠢᠯ ᠤᠨ ᠳᠤᠮᠳᠠ ᠪᠠᠨ ᠡᠷᠡᠰ ᠭᠤᠶᠢᠪᠢᠰᠢ ᠦᠭᠡᠢ ᠪᠠᠷ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠥᠨᠳᠥᠷᠴᠡ ᠠᠴᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠢᠰᠲ᠋ᠥᠮ ᠲᠠᠢ ᠲᠥᠯᠥᠪᠵᠢᠭᠦᠯᠵᠦ᠂ ᠬᠦᠴᠦᠲᠡᠢ ᠡᠮᠬᠢ ᠵᠢᠷᠤᠮ ᠲᠠᠢ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠳᠡᠯᠭᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠬᠠᠮᠠᠭᠠᠯᠠᠨ᠎ᠠ᠃      ᠬᠤᠷᠠᠯ  ᠠᠴᠠ ᠱᠠᠭᠠᠷᠳᠠᠭᠰᠠᠨ ᠨᠢ᠂ ᠪᠥᠬᠦ ᠬᠤᠲᠠ ᠶᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠲᠥᠰᠥᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠢᠶᠠᠨ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠭᠤᠣᠯᠳᠠᠯᠭ᠎ᠠ ᠲᠠᠢ ᠠᠵᠢᠯ ᠢ ᠪᠣᠳᠠᠲᠠᠶᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠡᠭᠦᠷᠭᠡ ᠶᠢ ᠤᠷᠤᠭᠰᠢᠲᠠᠢ ᠪᠥᠭᠡᠳ ᠡᠮᠬᠢ ᠵᠢᠷᠤᠮ ᠲᠠᠢ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠬᠠᠭᠤᠯᠬᠤ ᠬᠡᠯᠪᠡᠷᠢ ᠶᠢ ᠪᠠᠶᠠᠯᠢᠭᠵᠢᠭᠤᠯᠤᠨ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠲᠣᠳᠣᠷᠬᠠᠢ ᠶᠠᠷᠢᠵᠤ᠂ ᠡᠯ᠎ᠡ ᠱᠠᠲᠤᠨ ᠤ ᠡᠯ᠎ᠡ ᠡᠲᠡᠭᠡᠳ ᠤᠨ ᠢᠳᠡᠪᠬᠢᠲᠡᠢ ᠬᠦᠷᠢᠶᠡᠯᠡᠬᠦ᠂ ᠪᠥᠬᠦ ᠬᠦᠴᠦᠨ ᠢᠶᠠᠷ ᠢᠶᠠᠨ ᠳᠡᠮᠵᠢᠬᠦ ᠶᠢ ᠬᠥᠲᠥᠯᠥᠨ ᠵᠢᠯᠤᠭᠤᠳᠬᠤ ᠬᠡᠷᠡᠭᠲᠡᠢ᠃ ᠰᠠᠭᠤᠷᠢ ᠪᠠᠲᠤᠯᠠᠭ᠎ᠠ ᠶᠢ ᠴᠢᠩᠭᠠᠳᠬᠠᠵᠤ᠂ ᠪᠠᠭᠰᠢ ᠶᠢᠨ ᠠᠵᠢᠯ ᠤᠨ ᠪᠠᠶᠢᠷᠢ ᠡᠭᠡᠯᠵᠢᠯᠡᠭᠦᠯᠦᠨ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠵᠤ᠂ ᠪᠠᠭᠰᠢ ᠶᠢᠨ ᠬᠦᠴᠦᠨ ᠢ ᠰᠢᠯᠢᠳᠡᠭ ᠢ ᠨᠢ ᠰᠣᠩᠭᠤᠨ ᠲᠣᠬᠢᠷᠠᠭᠤᠯᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠪᠠᠭᠰᠢ ᠶᠢ ᠰᠠᠨᠠᠭ᠎ᠠ ᠠᠮᠤᠷ᠂ ᠭᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ᠃      ᠬᠤᠲᠠ  ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ  ᠶᠢᠨ ᠬᠤᠷᠢᠶᠠᠨ ᠤ ᠱᠦᠵᠢ ᠫᠠᠩ ᠾᠦᠢ ᠬᠤᠷᠠᠯ ᠡᠷᠭᠢᠯᠡᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ