ᠮᠠᠨ ᠤ ᠬᠤᠲᠠ ᠶᠢᠨ 100 ᠲᠦᠮᠡᠨ ᠺᠢᠯᠣᠸᠠᠲ ᠤᠨ ᠬᠡᠷᠡᠯ ᠤᠨ ᠬᠠᠳᠠᠭᠠᠯᠠᠮᠵᠢ + ᠠᠮᠢ ᠠᠬᠤᠢ ᠶᠢᠨ ᠵᠠᠰᠠᠯᠲᠠ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠪᠠ
ᠨᠡᠶᠢᠲᠡᠯᠡᠭᠰᠡᠨ ᠴᠠᠭ᠄
2023/9/4
      ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠣᠳᠣᠬᠠᠨ ᠳᠤ᠂ ᠪᠠᠶᠠᠨᠨᠠᠭᠤᠷ ᠤᠨ 100 ᠲᠦᠮᠡᠨ ᠺᠢᠯᠣᠸᠠᠲ ᠤᠨ ᠭᠡᠷᠡᠯ ᠤᠨ ᠨᠥᠭᠡᠴᠡ + ᠠᠮᠢ ᠠᠬᠤᠢ ᠶᠢᠨ ᠵᠠᠰᠠᠯᠲᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠷᠭᠡᠳᠬᠡᠵᠦ᠂ ᠵᠢᠱᠢᠯᠲᠡ ᠪᠠᠷ 12 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠪᠠᠭᠲᠠᠭᠠᠮᠵᠢᠲᠠᠢ ᠪᠠᠷ ᠲᠣᠣᠷ ᠲᠤ ᠣᠷᠣᠭᠤᠯᠬᠤ ᠶᠢ ᠪᠡᠶᠡᠯᠡᠭᠦᠯᠦᠨ᠎ᠡ᠃      ᠪᠠᠶᠠᠨᠨᠠᠭᠤᠷ ᠤᠨ 100 ᠲᠦᠮᠡᠨ ᠺᠢᠯᠣᠸᠠᠲ ᠤᠨ ᠬᠡᠷᠡᠯ ᠤᠨ ᠬᠠᠳᠠᠭᠠᠯᠠᠮᠵᠢ + ᠠᠮᠢ ᠠᠬᠤᠢ ᠶᠢᠨ ᠵᠠᠰᠠᠯᠲᠠ ᠶᠢᠨ ᠲᠥᠷᠥᠯ ᠵᠦᠢᠯ ᠢ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠳᠤ ᠬᠠᠷᠢᠶᠠᠯᠠᠭᠳᠠᠬᠤ ᠪᠠᠶᠠᠨᠨᠠᠭᠤᠷ ᠤᠨ ᠮᠧᠩ ᠨᠧᠩ ᠡᠨᠧᠷᠭᠢ ᠶᠢᠨ ᠬᠢᠵᠠᠭᠠᠷᠲᠤ ᠺᠣᠮᠫᠠᠨᠢ  ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠲᠥᠷᠥᠯ ᠵᠦᠢᠯ ᠢ ᠳ᠋ᠧᠩᠺᠸᠤ ᠰᠢᠶᠠᠨ ᠤ 85 ᠲᠦᠮᠡᠨ ᠺᠢᠯᠣᠸᠠᠲ ᠪᠠ ᠤᠷᠠᠳ ᠤᠨ ᠡᠮᠦᠨᠡᠲᠦ ᠬᠤᠰᠢᠭᠤᠨ ᠤ 15 ᠲᠦᠮᠡᠨ ᠺᠢᠯᠣᠸᠠᠲ ᠤᠨ ᠬᠤᠶᠠᠷ ᠬᠤᠪᠢᠶᠠᠷᠢ ᠲᠥᠷᠥᠯ ᠵᠦᠢᠯ ᠬᠤᠪᠢᠶᠠᠵᠤ᠂ ᠨᠢᠭᠡᠨᠲᠡ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠳᠤ ᠣᠷᠣᠭᠤᠯᠪᠠ᠂ ᠡᠨᠡ ᠪᠣᠯ ᠥᠪᠡᠷᠲᠡᠭᠡᠨ ᠵᠠᠰᠠᠬᠤ ᠣᠷᠣᠨ ᠤ 2023 ᠣᠨ ᠤ ᠭᠤᠣᠯᠳᠠᠯᠭ᠎ᠠ ᠲᠠᠢ ᠢᠨᠵᠧᠨᠧᠷᠢᠩ ᠪᠣᠯᠣᠨ᠎ᠠ᠃      ᠣᠲᠣ ᠪᠣᠯᠲᠠᠯ᠎ᠠ᠂ ᠲᠣᠰ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠴᠣᠬᠤᠯᠠᠪᠤᠷᠢ ᠶᠢᠨ ᠰᠠᠨᠠᠯ  ᠠᠴᠠ ᠪᠤᠰᠤᠳ ᠪᠦᠬᠦᠨ ᠢ ᠭᠦᠢᠴᠡᠳᠬᠡᠵᠦ ᠳᠠᠭᠤᠰᠬᠠᠨ᠂ ᠲᠥᠬᠦᠭᠡᠷᠦᠮᠵᠢ ᠶᠢᠨ ᠳᠠᠭᠠᠭᠠᠴᠢᠯᠠᠯᠲᠠ ᠵᠠᠷᠯᠠᠬᠤ ᠠᠵᠢᠯ ᠢ ᠡᠨᠧᠷᠭᠢ ᠬᠠᠳᠠᠭᠠᠯᠠᠬᠤ ᠰᠢᠰᠲ᠋ᠧᠮ ᠠᠴᠠ ᠪᠤᠰᠤᠳ ᠪᠦᠬᠦᠨ ᠢ ᠭᠦᠢᠴᠡᠳᠬᠡᠨ᠎ᠡ︔12.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 22%  ᠢ ᠡᠵᠡᠯᠡᠪᠡ︔ 4 ᠪᠠᠷᠢᠮᠵᠢᠶᠠᠲᠤ ᠬᠡᠰᠡᠭ ᠤᠨ ᠪᠠᠷᠢᠯᠭ᠎ᠠ ᠶᠢᠨ ᠨᠢᠭᠡᠴᠡ ᠪᠦᠬᠦᠨ ᠢᠶᠠᠷ ᠢᠶᠠᠨ ᠲᠠᠯᠠᠪᠠᠶ ᠳᠤ ᠣᠷᠣᠵᠤ ᠪᠠᠷᠢᠯᠭ᠎ᠠ ᠪᠠᠷᠢᠵᠤ᠂ 375661 ᠬᠡᠷᠡᠯ ᠴᠡᠨᠡᠭ ᠤᠨ ᠲᠤᠯᠭᠠᠭᠤᠷᠢ ᠶᠢᠨ ᠰᠠᠭᠤᠷᠢ ᠶᠢ 97544 ᠪᠠᠷᠢᠵᠤ ᠳᠠᠭᠤᠰᠬᠠᠭᠠᠳ᠂ 26% ᠶᠢ ᠡᠵᠡᠯᠡᠪᠡ︔ ᠬᠦᠴᠦᠳᠡᠯ ᠳᠡᠭᠡᠭᠰᠢᠯᠡᠭᠦᠯᠬᠦ ᠥᠷᠲᠡᠭᠡᠨ ᠤ ᠭᠤᠣᠯ ᠬᠦᠴᠦᠳᠡᠯ ᠥᠭᠡᠷᠡᠴᠢᠯᠡᠭᠴᠢ ᠶᠢᠨ ᠰᠠᠭᠤᠷᠢ ᠶᠢ ᠨᠢᠭᠡᠨᠲᠡ ᠮᠠᠯᠲᠠᠪᠠ᠃ ᠣᠶᠢᠷ᠎ᠠ ᠶᠢᠨ ᠬᠤᠭᠤᠴᠠᠭᠠᠨ ᠳᠤ ᠠᠬᠢᠴᠠ ᠶᠣᠰᠣᠭᠠᠷ᠂ ᠲᠣᠰ ᠲᠥᠷᠥᠯ ᠵᠦᠢᠯ ᠤᠨ ᠲᠥᠯᠥᠪᠯᠡᠭᠡ ᠪᠠᠷ 9 ᠰᠠᠷ᠎ᠠ ᠶᠢᠨ 30 ᠤ ᠡᠳᠦᠷ ᠠᠴᠠ ᠡᠮᠦᠨ᠎ᠡ ᠬᠡᠷᠡᠯ ᠴᠡᠨᠡᠭ ᠤᠨ ᠪᠤᠯᠠᠭᠠᠷᠢ ᠶᠢᠨ ᠰᠠᠭᠤᠷᠢ ᠶᠢ ᠪᠠᠶᠢᠭᠤᠯᠵᠤ᠂ 10 ᠰᠠᠷ᠎ᠠ ᠶᠢᠨ 31 ᠤ ᠡᠳᠦᠷ ᠠᠴᠠ ᠡᠮᠦᠨ᠎ᠡ ᠠᠩᠬᠠᠳᠠᠭᠴᠢ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠨᠢᠭᠡᠴᠡ ᠶᠢ ᠲᠣᠣᠷ ᠲᠤ ᠨᠡᠶᠢᠯᠡᠭᠦᠯᠵᠦ᠂ 11 ᠰᠠᠷ᠎ᠠ ᠶᠢᠨ 20 ᠤ ᠡᠳᠦᠷ ᠠᠴᠠ ᠡᠮᠦᠨ᠎ᠡ ᠪᠥᠬᠦ ᠬᠡᠷᠡᠯ ᠴᠡᠨᠡᠭ ᠤᠨ ᠲᠣᠨᠤᠭ ᠢ ᠤᠭᠰᠠᠷᠠᠵᠤ᠂ 12 ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠪᠠᠭᠲᠠᠭᠠᠮᠵᠢ ᠶᠢ ᠲᠣᠣᠷ ᠲᠤ ᠨᠡᠶᠢᠯᠡᠭᠦᠯᠬᠦ ᠶᠢ ᠪᠡᠶᠡᠯᠡᠭᠦᠯᠦᠨ᠎ᠡ᠃      ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠲᠠ ᠶᠢᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠳᠠᠶᠢᠴᠢᠯᠠᠬᠤ ᠦᠢᠯᠡᠳᠦᠯ ᠮᠠᠰᠢ ᠬᠦᠴᠦᠲᠡᠢ ᠪᠠᠶᠢᠵᠤ᠂ ᠤᠷᠠᠳ ᠤᠨ ᠬᠤᠶᠢᠲᠤ ᠬᠤᠰᠢᠭᠤᠨ ᠤ ᠪᠡᠭᠡᠵᠢᠩ ᠡᠨᠧᠷᠭᠢ ᠶᠢᠨ 200 ᠰᠠᠶ᠎ᠠ ᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ᠂ ᠱᠠᠩᠬᠠᠢ ᠶᠢᠨ ᠰᠦᠮ᠎ᠡ ᠠᠴᠠ ᠱᠠᠨᠳᠦ᠋ᠩ ᠬᠦᠷᠬᠦ ᠲᠣᠭᠲᠠᠮᠠᠯ ᠴᠠᠬᠢᠯᠭᠠᠨ ᠤ ᠣᠨᠴᠠ ᠥᠨᠳᠥᠷ ᠬᠦᠴᠦᠳᠡᠯᠲᠦ ᠴᠠᠬᠢᠯᠭᠠᠨ᠂ ᠪᠠᠶᠠᠨᠨᠠᠭᠤᠷ ᠤᠨ 100 ᠲᠦᠮᠡᠨ ᠺᠢᠯᠣᠸᠠᠲ ᠤᠨ ᠬᠡᠷᠡᠯ ᠤᠨ ᠬᠠᠳᠠᠭᠠᠯᠠᠯᠲᠠ + ᠠᠮᠢ ᠠᠬᠤᠢ ᠶᠢᠨ ᠵᠠᠰᠠᠯᠲᠠ ᠶᠢᠨ ᠲᠥᠷᠥᠯ ᠵᠦᠢᠯ ᠵᠡᠷᠭᠡ ᠰᠢᠨ᠎ᠡ ᠡᠨᠧᠷᠭᠢ ᠶᠢᠨ ᠲᠥᠷᠥᠯ ᠵᠦᠢᠯ ᠤᠨ ᠳᠠᠭᠠᠭᠤᠯᠭ᠎ᠠ ᠳᠣᠣᠷ᠎ᠠ᠂ 1-7 ᠰᠠᠷ᠎ᠠ ᠳᠤ᠂ ᠪᠥᠬᠦ ᠬᠤᠲᠠ ᠶᠢᠨ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.6 ᠳᠠᠬᠢᠨ ᠨᠡᠮᠡᠭᠳᠡᠵᠦ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 35.6 ᠵᠠᠭᠤᠨ ᠤ ᠨᠢᠭᠡᠴᠢ ᠳᠠᠶᠢᠴᠢᠯᠠᠨ᠂ ᠪᠥᠬᠦ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠢ ᠠᠳᠠᠯᠢ ᠬᠤᠭᠤᠴᠠᠭᠠᠨ ᠤ ᠬᠢ ᠠᠴᠠ 20 ᠵᠠᠭᠤᠨ ᠤ ᠨᠢᠭᠡᠴᠢ ᠳᠡᠭᠡᠭᠰᠢᠯᠡᠭᠦᠯᠪᠡ᠃ ᠡᠭᠦᠨ ᠳᠤ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2 ᠳᠠᠬᠢᠨ ᠨᠡᠮᠡᠭᠳᠡᠵᠦ᠂ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠬᠤ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 33.5 ᠳᠠᠬᠢᠨ ᠨᠡᠮᠡᠭᠳᠡᠵᠡᠢ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ