1-7 ᠰᠠᠷ᠎ᠠ ᠳᠤ ᠮᠠᠨ ᠤ ᠬᠤᠲᠠ ᠶᠢᠨ ︽ᠬᠤᠶᠠᠷ ᠰᠠᠭᠤᠷᠢᠨ ᠭᠠᠵᠠᠷ᠂ ᠳᠥᠷᠪᠡᠨ ᠠᠵᠤ ᠦᠢᠯᠡᠰ ᠤᠨ ᠪᠦᠯᠦᠭᠯᠡᠯ︾ ᠤᠨ ᠨᠡᠮᠡᠭᠳᠡᠯ ᠤᠨ ᠥᠷᠲᠡᠭ ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/9/4
      ᠲᠦᠷᠦᠭᠦᠬᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 1 ︱ 7 ᠰᠠᠷ᠎ᠠ ᠳᠤ᠂ ᠮᠠᠨ ᠤ ᠬᠤᠲᠠ ᠶᠢᠨ ︽ᠬᠤᠶᠠᠷ ᠰᠠᠭᠤᠷᠢᠨ ᠭᠠᠵᠠᠷ᠂ ᠳᠥᠷᠪᠡᠨ ᠠᠵᠤ ᠦᠢᠯᠡᠰ ᠤᠨ ᠪᠦᠯᠦᠭᠯᠡᠯ︾ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠵᠦ᠂ ᠪᠥᠬᠦ ᠬᠤᠲᠠ ᠶᠢᠨ ᠲᠣᠭᠲᠠᠭᠠᠯ ᠳᠡᠭᠡᠷᠡᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 4.9 ᠵᠠᠭᠤᠨ ᠤ ᠨᠢᠭᠡᠴᠢ ᠳᠠᠶᠢᠴᠢᠯᠠᠪᠠ᠃      ᠡᠭᠦᠨ ᠳᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠶᠢ ᠪᠡᠶᠡᠯᠡᠭᠦᠯᠦᠭᠰᠡᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.0% ᠨᠡᠮᠡᠭᠳᠡᠵᠦ᠂ ᠴᠡᠪᠡᠷ ᠡᠨᠧᠷᠭᠢ ᠠᠳᠠᠯᠢ ᠬᠤᠭᠤᠴᠠᠭᠠᠨ ᠤ ᠬᠢ ᠠᠴᠠ 3.6% ᠨᠡᠮᠡᠭᠳᠡᠵᠦ᠂ ᠰᠢᠨ᠎ᠡ ᠬᠡᠯᠪᠡᠷᠢ ᠶᠢᠨ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 4.0% ᠨᠡᠮᠡᠭᠳᠡᠵᠦ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 44.3% ᠨᠡᠮᠡᠭᠳᠡᠵᠦ᠂ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 51.3% ᠨᠡᠮᠡᠭᠳᠡᠵᠡᠢ᠃ ᠠᠷᠪᠠᠨ ᠤ ᠵᠢᠷᠭᠤᠭᠠᠨ ᠬᠤᠪᠢ ᠣᠷᠴᠢᠮ ᠤᠨ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠨᠡᠮᠡᠭᠳᠡᠪᠡ᠃ ᠪᠥᠬᠦ ᠬᠤᠲᠠ ᠶᠢᠨ 60 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 35 ᠵᠦᠢᠯ ᠤᠨ ᠦᠢᠯᠡᠳᠬᠦᠨ ᠤ ᠭᠠᠷᠤᠯᠲᠠ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 58.3% ᠪᠣᠯᠪᠠ᠃ ᠡᠭᠦᠨ ᠤ ᠳᠣᠲᠣᠷ᠎ᠠ ᠬᠡᠦᠷᠡᠰᠦ 246.2 ᠲᠦᠮᠡᠨ ᠲᠣᠨ ᠳᠤ ᠬᠦᠷᠴᠦ᠂ 13.6%  ᠪᠠᠷ ᠨᠡᠮᠡᠭᠳᠡᠪᠡ︔ ᠴᠠᠬᠢᠯᠭᠠᠨ ᠭᠠᠷᠭᠠᠬᠤ ᠬᠡᠮᠵᠢᠶ᠎ᠡ 153.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 14.9% ᠪᠠᠷ ᠨᠡᠮᠡᠭᠳᠡᠪᠡ︔ ᠲᠦᠭᠦᠬᠡᠢ ᠴᠢᠯᠠᠭᠤᠨ ᠲᠣᠰᠣ ᠶᠢ 36.0 ᠲᠦᠮᠡᠨ ᠲᠣᠨ ᠳᠤ ᠬᠦᠷᠭᠡᠵᠦ᠂ 102.1% ᠪᠠᠷ ᠨᠡᠮᠡᠭᠳᠡᠭᠦᠯᠦᠨ᠎ᠡ︔ ᠴᠠᠶᠢᠷ ᠤᠨ ᠲᠡᠮᠦᠷᠯᠢᠭ ᠤᠨ ᠠᠭᠤᠯᠤᠭᠳᠠᠴᠠ 9.2 ᠲᠦᠮᠡᠨ ᠲᠣᠨ ᠳᠤ ᠬᠦᠷᠴᠦ᠂ 20.1% ᠪᠠᠷ ᠨᠡᠮᠡᠭᠳᠡᠪᠡ︔ ᠪᠣᠷᠳᠤᠭ᠎ᠠ ᠶᠢ 28.5 ᠲᠦᠮᠡᠨ ᠲᠣᠨ ᠳᠤ ᠬᠦᠷᠭᠡᠵᠦ᠂ 23.0% ᠪᠠᠷ ᠨᠡᠮᠡᠭᠳᠡᠭᠦᠯᠦᠨ᠎ᠡ︔ ᠴᠠᠭᠠᠨ ᠢᠳᠡᠭᠡᠨ ᠢ 54.3 ᠲᠦᠮᠡᠨ ᠲᠣᠨ ᠳᠤ ᠬᠦᠷᠭᠡᠵᠦ᠂ 1.2% ᠢᠶᠠᠷ ᠨᠡᠮᠡᠭᠳᠡᠭᠦᠯᠦᠨ᠎ᠡ︔ ᠲᠠᠩ ᠲᠠᠯᠠᠰᠲᠤ ᠴᠠᠬᠢᠭᠤᠷ ᠢ 864.9 ᠲᠦᠮᠡᠨ ᠺᠢᠯᠣᠭ᠍ᠷᠠᠮ ᠳᠤ ᠬᠦᠷᠭᠡᠵᠦ᠂ 68.1% ᠪᠠᠷ ᠨᠡᠮᠡᠭᠳᠡᠭᠦᠯᠦᠨ᠎ᠡ᠃ ᠪᠥᠬᠦ ᠬᠤᠲᠠ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ 99.8% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.4 ᠵᠠᠭᠤᠨ ᠤ ᠨᠢᠭᠡᠴᠢ ᠳᠡᠭᠡᠭᠰᠢᠯᠡᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ