1-7 ᠰᠠᠷ᠎ᠠ ᠳᠤ ᠮᠠᠨ ᠤ ᠬᠤᠲᠠ ᠵᠢᠭᠤᠯᠴᠢᠯᠠᠯ ᠤᠨ ᠪᠥᠬᠦ ᠣᠷᠣᠯᠭ᠎ᠠ ᠶᠢ ᠪᠠᠷᠤᠭ 57.97 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 121.43% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/9/4
      ᠲᠦᠷᠦᠭᠦᠬᠡᠨ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠨᠡᠪᠲᠡᠷᠡᠭᠦᠯᠭᠡ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 1-7 ᠰᠠᠷ᠎ᠠ ᠳᠤ᠂ ᠮᠠᠨ ᠤ ᠬᠤᠲᠠ ᠶᠢᠨ ᠵᠢᠭᠤᠯᠴᠢᠯᠠᠯ ᠤᠨ ᠶᠡᠷᠦᠩᠬᠡᠢ ᠣᠷᠣᠯᠭ᠎ᠠ ᠪᠠᠷᠤᠭ 57.97 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 121.43% ᠪᠠᠷ ᠨᠡᠮᠡᠭᠳᠡᠪᠡ᠃      ᠡᠨᠡ ᠵᠢᠯ ᠤᠨ 1 - 7 ᠰᠠᠷ᠎ᠠ ᠳᠤ᠂ ᠮᠠᠨ ᠤ ᠬᠤᠲᠠ ᠪᠠᠷᠤᠭ 506.17 ᠲᠦᠮᠡᠨ ᠬᠥᠮᠥᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 89.05% ᠪᠠᠷ ᠨᠡᠮᠡᠭᠳᠡᠪᠡ᠂ ᠡᠭᠦᠨ ᠳᠤ ᠬᠤᠨᠤᠭ ᠤᠨ ᠵᠤᠭᠠᠴᠠᠭᠴᠢ 203.32 ᠲᠦᠮᠡᠨ ᠬᠥᠮᠥᠨ ᠤᠳᠠᠭ᠎ᠠ᠂ ᠨᠢᠭᠡ ᠡᠳᠦᠷ ᠤᠨ ᠵᠤᠭᠠᠴᠠᠭᠰᠠᠳ ᠤᠨ ᠵᠤᠭᠠᠴᠠᠭᠴᠢ 302.85 ᠲᠦᠮᠡᠨ ᠬᠥᠮᠥᠨ ᠤᠳᠠᠭ᠎ᠠ ᠳᠤ ᠬᠦᠷᠴᠦ᠂ ᠵᠤᠭᠠᠴᠠᠯ ᠤᠨ ᠪᠥᠬᠦ ᠣᠷᠣᠯᠭ᠎ᠠ ᠶᠢ ᠪᠠᠷᠤᠭ 57.97 ᠳ᠋ᠦᠩᠰᠢᠭᠤᠷ ᠲᠥᠭᠦᠷᠢᠭ ᠪᠡᠶᠡᠯᠡᠭᠦᠯᠵᠡᠢ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ