1-7 ᠰᠠᠷ᠎ᠠ ᠳᠤ᠂ ᠮᠠᠨ ᠤ ᠬᠤᠲᠠ ᠨᠡᠶᠢᠲᠡ 500 ᠲᠦᠮᠡᠨ ᠲᠥᠭᠦᠷᠢᠭ ᠠᠴᠠ ᠳᠡᠭᠡᠭᠰᠢᠬᠢ ᠪᠥᠬᠦ ᠪᠡᠯᠡ ᠣᠷᠣᠭᠤᠯᠤᠯᠲᠠ ᠶᠢᠨ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠲᠥᠷᠥᠯ ᠵᠦᠢᠯ ᠢ 222 ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ 158.2 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠣᠷᠣᠭᠤᠯᠤᠨ ᠠᠪᠴᠢᠷᠠᠵᠤ᠂ ᠨᠡᠮᠡᠭᠳᠡᠯ ᠤᠨ ᠬᠤᠷᠳᠤᠴᠠ ᠨᠢ 82.2% ᠪᠠᠶᠢᠵᠤ᠂ ᠪᠥᠬᠦ ᠵᠢᠯ ᠤᠨ ᠬᠠᠷᠠᠯᠲᠠ ᠶᠢᠨ ᠡᠭᠦᠷᠭᠡ ᠶᠢᠨ 71.6% ᠶᠢ ᠪᠡᠶᠡᠯᠡᠭᠦᠯᠵᠡᠢ᠃ | ᠡᠭᠦᠨ ᠳᠤ᠂ ᠣᠷᠣᠨ ᠤ ᠭᠠᠳᠠᠨ᠎ᠠ 96 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ ᠪᠥᠬᠦ ᠵᠢᠯ ᠤᠨ ᠬᠠᠷᠠᠯᠲᠠᠲᠤ ᠡᠭᠦᠷᠭᠡ ᠶᠢᠨ 63. | 7% ᠶᠢ ᠪᠡᠶᠡᠯᠡᠭᠦᠯᠪᠡ︔ ᠣᠷᠣᠨ ᠤ ᠳᠣᠲᠣᠷ᠎ᠠ 62.2 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ ᠪᠥᠬᠦ ᠵᠢᠯ ᠤᠨ ᠬᠠᠷᠠᠯᠲᠠ ᠶᠢᠨ | ᠡᠭᠦᠷᠭᠡ ᠶᠢᠨ 88.4% ᠶᠢ ᠪᠡᠶᠡᠯᠡᠭᠦᠯᠪᠡ᠃ | ᠮᠠᠨ ᠤ ᠬᠤᠲᠠ ᠶᠢᠨ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ 103 ᠪᠠᠶᠢᠵᠤ᠂ ᠬᠡᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 1036.6 | ᠳ᠋ᠦᠩᠰᠢᠭᠤᠷ ᠲᠥᠭᠦᠷᠢᠭ ᠲᠤ ᠬᠦᠷᠴᠦ᠂ 39 ᠲᠥᠷᠥᠯ ᠵᠦᠢᠯ ᠢ ᠨᠢᠭᠡᠳᠦᠯᠲᠡᠢ ᠪᠦᠷᠢᠳᠬᠡᠯ ᠳᠤ ᠣᠷᠣᠭᠤᠯᠤᠨ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ | ᠨᠣᠷᠮ᠎ᠠ 37.9%᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠪᠣᠳᠠᠲᠠᠶᠢᠵᠢᠭᠰᠠᠨ ᠪᠡᠯᠡ ᠮᠥᠩᠭᠦ 20.6 ᠳ᠋ᠦᠩᠰᠢᠭᠤᠷ ᠲᠥᠭᠦᠷᠢᠭ ᠲᠤ ᠬᠦᠷᠴᠦ᠂ | ᠪᠡᠯᠡ ᠮᠥᠩᠭᠦ ᠶᠢᠨ ᠪᠣᠳᠠᠲᠠᠶᠢᠵᠢᠭᠰᠠᠨ ᠨᠣᠷᠮ᠎ᠠ 17.5% ᠪᠣᠯᠣᠨ᠎ᠠ᠃ ᠡᠭᠦᠨ ᠳᠤ᠂ ᠣᠷᠣᠨ ᠤ ᠭᠠᠳᠠᠨᠠᠬᠢ ᠲᠥᠷᠥᠯ ᠵᠦᠢᠯ 78 ᠪᠠᠶᠢᠵᠤ᠂ ᠵᠥᠪᠳᠡᠯᠴᠡᠭᠡᠷ ᠤᠨ | ᠶᠡᠷᠦᠩᠬᠡᠢ ᠪᠡᠯᠡ ᠣᠷᠣᠭᠤᠯᠤᠯᠲᠠ 656 ᠳ᠋ᠦᠩᠰᠢᠭᠤᠷ ᠲᠥᠭᠦᠷᠢᠭ ᠲᠤ ᠬᠦᠷᠴᠦ᠂ 32 ᠲᠥᠷᠥᠯ ᠵᠦᠢᠯ ᠢ ᠨᠢᠭᠡᠳᠦᠯᠲᠡᠢ ᠠᠵᠢᠯ ᠡᠬᠢᠯᠡᠭᠦᠯᠵᠦ᠂ ᠠᠵᠢᠯ | ᠡᠬᠢᠯᠡᠭᠦᠯᠦᠭᠰᠡᠨ ᠨᠣᠷᠮ᠎ᠠ 41% ᠳᠤ ᠬᠥᠷᠪᠡ︔ ᠣᠷᠣᠨ ᠤ ᠳᠣᠲᠣᠷᠠᠬᠢ ᠲᠥᠷᠥᠯ ᠵᠦᠢᠯ 25 ᠪᠠᠶᠢᠵᠤ᠂ ᠵᠥᠪᠳᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ | 380.6 ᠳ᠋ᠦᠩᠰᠢᠭᠤᠷ ᠲᠥᠭᠦᠷᠢᠭ ᠲᠤ ᠬᠦᠷᠴᠦ᠂ 7 ᠲᠥᠷᠥᠯ ᠵᠦᠢᠯ ᠢ ᠨᠢᠭᠡᠳᠦᠯᠲᠡᠢ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ 28% ᠳᠤ | ᠬᠥᠷᠪᠡ᠃ | ᠡᠨᠡ ᠵᠢᠯ ᠠᠴᠠ ᠨᠠᠰᠢ᠂ ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠲᠥᠪᠯᠡᠷᠡᠭᠦᠯᠦᠨ ᠭᠡᠷ᠎ᠡ ᠲᠣᠭᠲᠠᠬᠤ᠂ ᠲᠥᠪᠯᠡᠷᠡᠭᠦᠯᠦᠨ ᠠᠵᠢᠯ | ᠡᠬᠢᠯᠡᠭᠦᠯᠬᠦ᠂ ᠲᠤᠰᠬᠠᠢ ᠰᠡᠳᠦᠪ ᠢᠶᠠᠷ ᠲᠠᠨᠢᠯᠴᠠᠭᠤᠯᠬᠤ ᠵᠡᠷᠭᠡ ᠡᠯ᠎ᠡ ᠲᠥᠷᠥᠯ ᠤᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢ 25 ᠲᠠᠯᠠᠪᠤᠷ ᠡᠷᠭᠢᠯᠡᠪᠡ︔ ᠡᠯ᠎ᠡ | ᠬᠤᠰᠢᠭᠤ ᠰᠢᠶᠠᠨ ᠲᠣᠭᠤᠷᠢᠭ ᠤᠨ ᠨᠠᠮ ᠵᠠᠰᠠᠭ ᠤᠨ ᠭᠤᠣᠯ ᠤᠳᠤᠷᠢᠳᠤᠯᠭ᠎ᠠ ᠪᠦᠯᠬᠦᠮ ᠳᠠᠭᠠᠭᠤᠯᠤᠨ ᠭᠠᠳᠠᠭᠰᠢ ᠭᠠᠷᠴᠤ 76 ᠤᠳᠠᠭ᠎ᠠ | ᠬᠤᠳᠠᠯᠳᠤᠭᠠᠴᠢᠨ ᠤᠷᠢᠪᠠ᠃ | | | |