ᠬᠥᠲᠥᠯᠥᠭᠴᠢ᠄ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠦᠵᠡᠬᠦ᠂ ᠪᠠᠶᠠᠨᠨᠠᠭᠤᠷ ᠬᠡᠷᠬᠢᠨ ᠠᠵᠢᠯᠯᠠᠬᠤ᠂ ︽ᠴᠢᠨᠠᠷ ᠰᠠᠶᠢᠲᠠᠢ ᠬᠥᠭᠵᠢᠯᠲᠡ ᠶᠢᠨ ᠲᠤᠬᠠᠢ | ᠣᠯᠠᠨ ᠤ ᠶᠠᠷᠢᠯᠴᠠᠭ᠎ᠠ︾ ᠶᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠡᠷᠬᠡ ᠲᠡᠭᠰᠢ ᠥᠷᠢᠰᠦᠯᠳᠦᠭᠡᠨ ᠢ ᠴᠢᠩᠭᠠᠳᠬᠠᠬᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠵᠠᠩᠭᠢᠯᠠᠭ᠎ᠠ ᠶᠢᠨ ᠡᠯᠧᠮᠧᠨ᠋ᠲ ᠪᠣᠯᠣᠨ᠎ᠠ᠃ ᠮᠠᠨ ᠤ ᠬᠤᠲᠠ ᠶᠢᠨ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠶᠠᠮᠠᠷ ᠶᠠᠮᠠᠷ ᠬᠤᠪᠢ ᠨᠡᠮᠡᠷᠢ ᠦᠵᠡᠭᠦᠯᠦᠭᠰᠡᠨ ᠪᠣᠶ︖ ᠥᠨᠥᠳᠥᠷ ᠪᠢᠳᠡ ᠪᠠᠶᠠᠨᠨᠠᠭᠤᠷ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠶᠢᠨ ᠲᠣᠪᠴᠢᠶᠠᠨ | ᠳᠠᠷᠤᠭ᠎ᠠ ᠵᠣᠣ ᠶᠦᠩ ᠵᠢᠶᠦ᠋ᠨ ᠪᠣᠯᠣᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠪᠠᠢ ᠯᠢ ᠶᠢ ᠤᠷᠢᠵᠤ ᠮᠠᠨ ᠤ | ᠲᠣᠭᠯᠠᠯᠲᠠ ᠶᠢᠨ ᠲᠠᠰᠤᠭ ᠲᠤ ᠮᠣᠷᠢᠯᠠᠵᠤ ᠣᠯᠠᠨ ᠳᠤ ᠬᠠᠷᠢᠭᠤᠯᠲᠠ ᠥᠭᠭᠦᠨ᠎ᠡ᠃ ᠬᠤᠶᠠᠷ ᠵᠣᠴᠢᠨ ᠢ ᠪᠠᠶᠠᠷᠯᠠᠨ ᠤᠭᠲᠤᠵᠤ ᠪᠠᠶᠢᠨ᠎ᠠ᠃ | ᠵᠣᠴᠢᠨ᠄ ᠬᠥᠲᠥᠯᠥᠭᠴᠢ ᠰᠠᠶᠢᠨ ᠤᠤ︕ ᠦᠵᠡᠭᠴᠢᠳ ᠨᠠᠶᠢᠵᠠ ᠨᠠᠷ ᠰᠠᠶᠢᠨ ᠪᠠᠶᠢᠵᠠᠭᠠᠨ᠎ᠠ ᠤᠤ︕ | ᠬᠥᠲᠥᠯᠥᠭᠴᠢ᠄ ︽ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠠᠩᠬᠠᠷᠤᠯ ᠳᠤ ᠠᠩᠬᠠᠷᠤᠯ ᠢᠶᠠᠨ | ᠲᠥᠪᠯᠡᠷᠡᠭᠦᠯᠦᠨ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠨ᠎ᠡ︾ ᠭᠡᠳᠡᠭ ᠪᠣᠯ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠢᠮᠠᠭᠲᠠ ᠪᠠᠷᠢᠮᠲᠠᠯᠠᠭᠰᠠᠭᠠᠷ ᠢᠷᠡᠭᠰᠡᠨ ᠬᠠᠷᠠᠯᠲᠠ ᠮᠥᠨ᠂ 2019 ᠣᠨ ᠳᠤ ᠪᠠᠶᠢᠭᠤᠯᠤᠭᠳᠠᠭᠰᠠᠨ ᠠᠴᠠ ᠣᠲᠣ ᠪᠣᠯᠲᠠᠯ᠎ᠠ᠂ ᠲᠠᠳᠠ ᠴᠥᠬᠦᠷᠡᠰᠢ | ᠦᠭᠡᠢ ᠴᠢᠷᠮᠠᠶᠢᠵᠤ᠂ ᠪᠠᠭ᠎ᠠ ᠪᠤᠰᠤ ᠠᠮᠵᠢᠯᠲᠠ ᠪᠦᠲᠦᠮᠵᠢ ᠣᠯᠵᠠᠢ᠂ ᠪᠢᠳᠡ ᠤᠷᠢᠳ ᠢᠶᠠᠷ ᠨᠢᠭᠡ ᠣᠬᠤᠷ ᠹᠢᠯᠢᠮ ᠢᠶᠠᠷ ᠳᠠᠮᠵᠢᠭᠤᠯᠤᠨ ᠣᠶᠢᠯᠠᠭᠠᠶ᠎ᠠ᠃ | ᠬᠥᠲᠥᠯᠥᠭᠴᠢ᠄ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠣᠯ ᠳᠠᠷᠤᠢ ᠦᠢᠯᠡᠳᠪᠦᠷᠢᠯᠡᠯ ᠤᠨ ᠬᠦᠴᠦᠨ ᠮᠥᠨ᠂ ᠳᠠᠷᠤᠢ ᠥᠷᠢᠰᠦᠯᠳᠦᠬᠦ ᠬᠦᠴᠦᠨ | ᠮᠥᠨ᠃ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠣᠨ ᠪᠦᠲᠦᠭᠡᠯᠴᠢ | ᠬᠦᠴᠦᠨ ᠢ ᠭᠦᠢᠴᠡᠳ ᠬᠥᠭᠵᠢᠭᠡᠬᠦ ᠪᠣᠯ ᠠᠵᠤ ᠠᠬᠤᠢ ᠶᠢᠨ ᠲᠦᠷᠭᠡᠨ ᠨᠡᠮᠡᠭᠳᠡᠯ ᠠᠴᠠ ᠴᠢᠨᠠᠷ ᠰᠠᠶᠢᠲᠠᠢ ᠬᠥᠭᠵᠢᠯᠲᠡ ᠲᠡᠰᠢ ᠰᠢᠯᠵᠢᠬᠦ ᠶᠢᠨ ᠴᠢᠬᠤᠯᠠ ᠰᠠᠭᠤᠷᠢ | ᠪᠣᠯᠣᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ | ᠲᠠᠯ᠎ᠠ ᠪᠠᠷ ᠪᠢᠳᠡᠨ ᠳᠤ ᠶᠠᠮᠠᠷ ᠶᠠᠮᠠᠷ ᠢᠳᠡᠪᠬᠢᠲᠡᠢ ᠠᠷᠭ᠎ᠠ ᠬᠡᠮᠵᠢᠶ᠎ᠡ ᠪᠠᠶᠢᠬᠤ ᠪᠣᠶ︖ | ᠵᠣᠴᠢᠨ᠄ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠣᠯ ᠨᠢᠭᠡ ᠬᠤᠲᠠ ᠶᠢᠨ ᠵᠥᠭᠡᠯᠡᠨ ᠪᠣᠳᠠᠲᠤ ᠬᠦᠴᠦᠨ ᠤ ᠰᠢᠯᠭᠠᠭᠤᠷ ᠮᠥᠨ᠃ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ | ᠪᠣᠯᠭᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠴᠢᠯᠦᠭᠡᠲᠡᠢ ᠲᠠᠯᠪᠢᠬᠤ ᠲᠠᠯ᠎ᠠ ᠪᠠᠷ ᠠᠯᠢ ᠪᠣᠯᠬᠤ ᠪᠠᠷ ᠠᠮᠢᠳᠤ ᠰᠣᠷᠭᠤᠭ | ᠬᠦᠴᠦᠨ ᠴᠢᠳᠠᠯ ᠢᠶᠠᠨ ᠪᠠᠳᠠᠷᠠᠭᠤᠯᠵᠤ᠂ ᠪᠦᠲᠦᠭᠡᠯᠴᠢ ᠬᠦᠴᠦᠨ ᠢᠶᠠᠨ ᠪᠠᠳᠠᠷᠠᠭᠤᠯᠬᠤ ᠪᠠᠷ ᠴᠢᠷᠮᠠᠶᠢᠬᠤ ᠬᠡᠷᠡᠭᠲᠡᠢ᠃ ︽ᠦᠨᠡᠮᠯᠡᠯ ᠪᠠ ᠭᠡᠷᠡᠴᠢ ᠶᠢ ᠰᠠᠯᠭᠠᠬᠤ︾ | ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠶᠢ ᠰᠢᠭᠤᠳ ᠬᠦᠴᠦᠨ ᠦᠭᠡᠢ ᠪᠣᠯᠭᠠᠬᠤ᠂ ᠬᠢᠨᠠᠨ ᠵᠥᠪᠰᠢᠶᠡᠷᠡᠬᠦ ᠶᠢ ᠳᠠᠩᠰᠠᠯᠠᠬᠤ | ᠪᠣᠯᠭᠠᠨ ᠥᠭᠡᠷᠡᠴᠢᠯᠡᠬᠦ᠂ ᠠᠮᠠᠯᠠᠯᠲᠠ ᠪᠠᠨ ᠮᠡᠳᠡᠭᠳᠡᠬᠦ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠳᠥᠷᠪᠡᠨ ᠵᠦᠢᠯ ᠤᠨ ᠠᠷᠭ᠎ᠠ ᠮᠠᠶ᠋ᠢᠭ ᠢᠶᠠᠷ | ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠥᠷᠥᠯ ᠬᠤᠪᠢᠶᠠᠨ ᠲᠦᠯᠬᠢᠨ ᠠᠬᠢᠭᠤᠯᠤᠨ᠎ᠠ᠃ ᠬᠢᠨᠠᠨ ᠵᠥᠪᠰᠢᠶᠡᠷᠡᠬᠦ ᠵᠦᠢᠯᠡᠰ ᠢ ᠳᠣᠷᠣᠭᠰᠢ ᠪᠠᠭᠤᠯᠭᠠᠬᠤ | ᠠᠵᠢᠯ ᠢ ᠢᠳᠡᠪᠬᠢᠲᠡᠢ ᠪᠠᠷ ᠠᠬᠢᠭᠤᠯᠵᠤ᠂ ᠬᠡᠰᠡᠭ ᠡᠷᠬᠡ ᠮᠡᠳᠡᠯ ᠤᠨ ᠬᠡᠪᠴᠢᠶ᠎ᠡ ᠶᠢ ᠳᠣᠷᠣᠭᠰᠢ ᠪᠠᠭᠤᠯᠭᠠᠬᠤ ᠪᠤᠶᠤ ᠬᠤᠰᠢᠭᠤ ᠰᠢᠶᠠᠨ ᠲᠣᠭᠤᠷᠢᠭ ᠤᠨ | ᠲᠣᠪᠴᠢᠶ᠎ᠠ ᠳᠤ ᠨᠠᠶᠢᠳᠠᠨ ᠳᠣᠷᠣᠭᠰᠢ ᠪᠠᠭᠤᠯᠭᠠᠵᠤ ᠭᠦᠢᠴᠡᠳᠬᠡᠨ᠎ᠡ᠃ ᠬᠠᠮᠢᠶᠠᠷᠬᠤ ᠲᠠᠯ᠎ᠠ ᠪᠠᠷ ᠬᠢᠷᠢ ᠬᠡᠮᠵᠢᠶ᠎ᠡ ᠶᠢ ᠨᠢ ᠬᠠᠮᠢᠶᠠᠷᠴᠤ᠂ ᠶᠠᠰᠤ ᠴᠢᠨᠠᠷ ᠢ ᠨᠢ | ᠬᠠᠮᠢᠶᠠᠷᠬᠤ ᠪᠠᠷ ᠴᠢᠷᠮᠠᠶᠢᠬᠤ ᠬᠡᠷᠡᠭᠲᠡᠢ᠃ ᠬᠠᠤᠯᠢ ᠪᠠᠷ ᠵᠠᠰᠠᠬᠤ ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠣᠶᠤᠨᠴᠢ ᠬᠢᠨᠠᠯᠲᠠ | ᠬᠠᠮᠢᠶᠠᠷᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢ ᠶᠡᠬᠡᠪᠡᠷ ᠬᠡᠷᠡᠭᠵᠢᠭᠦᠯᠵᠦ᠂ ᠬᠢᠨᠠᠨ ᠬᠠᠮᠢᠶᠠᠷᠬᠤ ᠡᠲᠡᠭᠡᠳ ᠤᠨ ᠢᠲᠡᠭᠡᠮᠵᠢ ᠶᠢᠨ ᠲᠠᠰ ᠪᠠ ᠲᠦᠭᠰᠢᠭᠦᠷᠢ ᠶᠢᠨ ᠲᠥᠷᠥᠯ ᠠᠩᠭᠢᠯᠠᠯ ᠲᠠᠢ | ᠤᠶᠠᠯᠳᠤᠭᠤᠯᠤᠨ᠂ ᠰᠤᠭᠤᠴᠢᠨ ᠪᠠᠶᠢᠴᠠᠭᠠᠬᠤ ᠬᠠᠷᠢᠴᠠᠯ᠂ ᠤᠳᠠᠭ᠎ᠠ ᠤᠳᠠᠭ᠎ᠠ ᠪᠠ ᠣᠷᠣᠯᠴᠠᠬᠤ ᠰᠠᠯᠠᠭ᠎ᠠ ᠮᠥᠴᠢᠷ ᠢ ᠵᠦᠢ ᠵᠣᠬᠢᠰᠲᠠᠢ ᠲᠣᠭᠲᠠᠭᠠᠵᠤ᠂ ︽ᠨᠢᠭᠡ | ᠤᠳᠠᠭ᠎ᠠ ᠡᠭᠦᠳᠡ ᠪᠠᠷ ᠣᠷᠣᠵᠤ᠂ ᠣᠯᠠᠨ ᠵᠦᠢᠯ ᠤᠨ ᠤᠴᠢᠷ ᠶᠠᠪᠤᠳᠠᠯ ᠢ ᠪᠠᠶᠢᠴᠠᠭᠠᠬᠤ︾ ︽ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ︾ ᠪᠠᠶᠢᠬᠤ ᠶᠢ | ᠪᠡᠶᠡᠯᠡᠭᠦᠯᠦᠨ᠎ᠡ᠃ ᠤᠤᠭᠤᠬᠤ ᠲᠠᠯ᠎ᠠ ᠪᠠᠷ ᠴᠢᠳᠠᠬᠤ ᠶᠢᠨ ᠬᠢᠷᠢ ᠪᠠᠷ ᠤᠤᠭᠤᠬᠤ ᠳᠤ ᠲᠦᠭᠦᠮ ᠦᠵᠡᠭᠦᠯᠵᠦ᠂ ᠤᠤᠭᠤᠬᠤ ᠳᠤ ᠠᠰᠢᠭᠲᠠᠢ ᠪᠣᠯᠭᠠᠬᠤ ᠪᠠᠷ ᠴᠢᠷᠮᠠᠶᠢᠬᠤ | ᠬᠡᠷᠡᠭᠲᠡᠢ᠃ ︽ᠳᠠᠷᠤᠶᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠬᠦ︾ | ︽ᠳᠥᠷᠪᠡ ᠶᠢ ᠭᠦᠢᠴᠡᠳᠬᠡᠬᠦ︾ ᠶᠢᠨ ᠦᠢᠯᠡᠴᠢᠯᠡᠭᠡᠨ ᠢ ᠶᠡᠬᠡᠪᠡᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ | ᠵᠥᠪᠰᠢᠶᠡᠷᠡᠯ ᠪᠠ ᠦᠢᠯᠡᠴᠢᠯᠡᠭᠡᠨ ᠤ ᠵᠦᠢᠯᠡᠰ ᠢ ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠬᠤ ᠶᠢᠨ ᠬᠠᠮᠲᠤ ᠲᠤᠰᠬᠠᠢ ᠲᠢᠩᠬᠢᠮ | ᠪᠠᠶᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠬᠤ ᠬᠢᠨᠠᠨ ᠵᠥᠪᠰᠢᠶᠡᠷᠡᠯ ᠤᠨ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ | ᠬᠢᠵᠠᠭᠠᠷ ᠢ ᠪᠠᠭᠠᠰᠬᠠᠬᠤ᠂ ᠵᠠᠷᠤᠳᠠᠯ ᠢ ᠪᠠᠭᠠᠰᠬᠠᠬᠤ ᠶᠢ ᠠᠬᠢᠭᠤᠯᠵᠤ᠂ ᠠᠵᠤ ᠠᠬᠤᠶᠢᠯᠠᠯ ᠢ 0.5 ᠠᠵᠢᠯᠯᠠᠬᠤ ᠡᠳᠦᠷ ᠲᠤ ᠳᠠᠷᠤᠢ ᠭᠦᠢᠴᠡᠳᠬᠡᠨ ᠳᠠᠭᠤᠰᠬᠠᠵᠤ᠂ | ᠠᠵᠤ ᠠᠬᠤᠶᠢᠯᠠᠯ ᠢ ᠳᠥᠭᠦᠮᠬᠡᠨ ᠢᠶᠠᠷ ᠬᠦᠴᠦᠨ ᠦᠭᠡᠢ ᠪᠣᠯᠭᠠᠬᠤ ᠶᠢ 20 ᠡᠳᠦᠷ ᠪᠣᠯᠭᠠᠨ ᠪᠠᠭᠠᠰᠬᠠᠨ᠎ᠠ᠃ ᠵᠠᠰᠠᠭ ᠪᠠ ᠪᠠᠩᠬᠢ ᠶᠢᠨ ᠬᠠᠮᠲᠤᠷᠠᠯᠴᠠᠭ᠎ᠠ ᠶᠢ ᠪᠥᠬᠦ | ᠲᠠᠯ᠎ᠠ ᠪᠠᠷ ᠠᠬᠢᠭᠤᠯᠵᠤ᠂ ᠮᠤᠵᠢ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠨᠡᠶᠢᠳᠡᠮ ᠭᠦᠢᠴᠡᠳᠬᠡᠬᠦ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠪᠠ ᠡᠯᠧᠺᠲᠷᠣᠨ | ᠲᠠᠮᠠᠭ᠎ᠠ ᠶᠢ ᠰᠠᠯᠠᠭ᠎ᠠ ᠮᠥᠴᠢᠷ ᠠᠯᠤᠰᠯᠠᠨ ᠭᠠᠵᠠᠷ ᠣᠷᠣᠨ ᠠᠯᠤᠰᠯᠠᠨ ᠬᠠᠷᠢᠯᠴᠠᠨ ᠢᠲᠡᠭᠡᠯᠴᠡᠵᠦ ᠬᠠᠷᠢᠯᠴᠠᠨ ᠮᠡᠳᠡᠷᠡᠬᠦ ᠶᠢ ᠪᠡᠶᠡᠯᠡᠭᠦᠯᠦᠨ᠎ᠡ᠃ | ᠬᠥᠲᠥᠯᠥᠭᠴᠢ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠥᠷᠨᠢᠭᠦᠯᠵᠦ ᠪᠠᠶᠢᠭ᠎ᠠ ᠮᠠᠰᠢ ᠣᠯᠠᠨ ᠠᠵᠢᠯ ᠨᠢ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠰᠢᠭᠤᠳ ᠬᠠᠨᠳᠤᠵᠤ᠂ ᠣᠯᠠᠨ ᠲᠦᠮᠡᠨ ᠠᠴᠠ ᠬᠠᠮᠤᠭ ᠤᠨ ᠣᠶᠢᠷ᠎ᠠ ᠪᠠᠶᠢᠳᠠᠭ᠂ ᠵᠠᠬ᠎ᠠ ᠳᠡᠯᠭᠡᠭᠦᠷ ᠤᠨ ᠭᠤᠣᠯ ᠴᠣᠭᠴᠠ ᠲᠠᠢ | ᠬᠠᠮᠤᠭ ᠤᠨ ᠨᠢᠭᠲᠠ ᠬᠠᠷᠢᠯᠴᠠᠵᠤ ᠪᠠᠶᠢᠭ᠎ᠠ ᠰᠠᠯᠠᠭ᠎ᠠ ᠮᠥᠴᠢᠷ ᠤᠨ ᠨᠢᠭᠡ ᠪᠣᠯᠬᠤ ᠶᠢ ᠪᠢᠳᠡ ᠮᠡᠳᠡᠨ᠎ᠡ᠂ ᠲᠡᠭᠡᠪᠡᠯ ᠮᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠵᠦ ᠥᠭᠬᠦ ᠪᠣᠶ︖ | ᠵᠣᠴᠢᠨ᠄ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠪᠣᠯ ᠳᠠᠷᠤᠢ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠪᠠᠲᠤᠯᠠᠵᠤ ᠪᠠᠶᠢᠭ᠎ᠠ ᠶᠠᠪᠤᠳᠠᠯ | ᠮᠥᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠬᠤ ᠪᠣᠯ ᠳᠠᠷᠤᠢ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠦᠨᠳᠦᠰᠦᠨ ᠠᠷᠠᠳ ᠤᠨ | ᠠᠮᠢᠳᠤᠷᠠᠯ ᠢ ᠲᠣᠭᠲᠠᠪᠤᠷᠢᠵᠢᠭᠤᠯᠤᠨ᠎ᠠ᠃ ᠣᠶᠢᠷ᠎ᠠ ᠶᠢᠨ ᠵᠢᠯ ᠠᠴᠠ᠂ ᠪᠢᠳᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠵᠦ ᠬᠦᠴᠢᠷᠳᠡᠯ ᠢ ᠨᠢ ᠰᠢᠢᠳᠪᠦᠷᠢᠯᠡᠬᠦ ᠶᠢᠨ ᠲᠣᠭᠤᠷᠢᠨ ᠳᠤ᠂ ᠠᠯᠢ ᠤᠯᠠᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠬᠢᠨᠠᠯᠲᠠ | ᠬᠠᠮᠢᠶᠠᠷᠤᠯᠲᠠ ᠶᠢᠨ ︽ᠬᠠᠮ ᠠᠷᠭ᠎ᠠ ᠬᠡᠮᠵᠢᠶ᠎ᠡ︾ ᠶᠢ ᠬᠡᠷᠡᠭᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠬᠦᠴᠢᠷ ᠢ ᠲᠤᠭᠤᠯᠬᠤ ᠪᠠᠷ ᠴᠢᠷᠮᠠᠶᠢᠪᠠ᠃ | ᠨᠢᠭᠡ ᠳᠤ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠳᠦᠷᠢᠮ︾ ᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠤᠬᠤᠷᠢᠨ ᠭᠠᠷᠬᠤ᠂ ᠶᠠᠰᠤ ᠴᠢᠨᠠᠷ ᠢ ᠳᠡᠭᠡᠭᠰᠢᠯᠡᠭᠦᠯᠦᠨ ᠬᠠᠪᠰᠤᠷᠤᠨ ᠲᠡᠳᠬᠦᠬᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠡᠳᠬᠦᠨ ᠲᠤᠰᠠᠯᠠᠵᠤ ᠱᠠᠩᠨᠠᠬᠤ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠯᠲᠠ ᠶᠢ | ᠵᠢᠷᠤᠮᠵᠢᠭᠤᠯᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠠᠭᠤᠯᠭ᠎ᠠ ᠶᠢ ᠪᠠᠭᠲᠠᠭᠠᠭᠰᠠᠨ ᠠᠵᠤ ᠠᠬᠤᠢ ᠶᠢ ᠲᠣᠭᠲᠠᠪᠤᠷᠢᠵᠢᠭᠤᠯᠬᠤ | ᠨᠠᠢᠮᠠᠨ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠲᠠᠢ ᠤᠶᠠᠯᠳᠤᠭᠤᠯᠤᠨ ᠲᠣᠭᠲᠠᠭᠠᠵᠤ ᠨᠡᠶᠢᠲᠡᠯᠡᠨ ᠬᠡᠷᠡᠭᠵᠢᠭᠦᠯᠦᠭᠡᠳ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠵᠣᠬᠢᠬᠤ ᠬᠡᠮᠵᠢᠶ᠎ᠡ ᠪᠠᠷ ᠲᠣᠭᠲᠠᠪᠤᠷᠢᠵᠢᠭᠤᠯᠪᠠ᠃ ᠬᠤᠶᠠᠷ ᠲᠤ ᠠᠵᠤ ᠠᠬᠤᠶᠢᠯᠠᠯ ᠳᠤ ᠬᠤᠯᠪᠣᠭᠳᠠᠭᠰᠠᠨ ᠤᠶᠠᠨ ᠵᠥᠭᠡᠯᠡᠨ ᠴᠢᠨᠠᠷᠲᠠᠢ ᠬᠠᠤᠯᠢ ᠬᠡᠷᠡᠭᠵᠢᠭᠦᠯᠦᠯᠲᠡ ᠶᠢ | ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠰᠢᠳᠬᠡᠯ ᠥᠯᠥ ᠥᠭᠬᠦ ᠵᠦᠢᠯᠡᠰ ᠢ ᠲᠣᠭᠲᠠᠭᠠᠨ᠂ ᠵᠠᠰᠠᠭ ᠵᠠᠬᠢᠷᠭᠠᠨ ᠤ ᠰᠢᠳᠬᠡᠯ ᠥᠯᠥ ᠥᠭᠬᠦ ᠵᠦᠢᠯᠡᠰ ᠢ | ᠨᠡᠶᠢᠲᠡ 27 ᠵᠦᠢᠯ ᠬᠥᠩᠭᠡᠷᠡᠭᠦᠯᠬᠦ ᠪᠤᠶᠤ ᠬᠥᠩᠭᠡᠨ ᠢᠶᠠᠷ ᠰᠢᠳᠭᠡᠵᠦ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ 6 ᠵᠦᠢᠯ ᠤᠨ ᠠᠷᠭ᠎ᠠ ᠬᠡᠮᠵᠢᠶ᠎ᠡ ᠶᠢ ᠥᠯᠥ | ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢ ᠨᠠᠩ ᠢᠯᠡᠭᠦᠦ ︽ᠳᠤᠯᠠᠭᠠᠨ︾ ᠲᠠᠢ ᠪᠣᠯᠭᠠᠪᠠ᠃ ᠭᠤᠷᠪᠠ ᠳᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ | ᠵᠣᠯᠭᠠᠭᠤᠯᠤᠨ ᠬᠠᠪᠰᠤᠷᠤᠨ ᠲᠡᠳᠬᠦᠵᠦ᠂ ︽ᠦᠨᠳᠦᠰᠦᠨ ᠱᠠᠲᠤᠨ ᠳᠤ ᠶᠠᠪᠤᠬᠤ᠂ ᠪᠣᠳᠠᠲᠠᠢ ᠶᠠᠪᠤᠳᠠᠯ ᠬᠢᠬᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ︾ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠬᠦᠴᠢᠷᠳᠡᠯ ᠢ ᠦᠨᠡᠨᠬᠦ ᠰᠢᠢᠳᠪᠦᠷᠢᠯᠡᠵᠦ ᠥᠭᠭᠦᠨ᠎ᠡ᠃ 2022 ᠣᠨ ᠳᠤ ᠪᠥᠬᠦ | ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ 2.4 ᠲᠦᠮᠡᠨ ᠡᠷᠦᠬᠡ ᠳᠤ ᠬᠦᠷᠴᠦ᠂ ᠦᠷᠭᠦᠯᠵᠢᠯᠡᠨ ᠣᠷᠣᠰᠢᠵᠤ ᠪᠠᠶᠢᠭ᠎ᠠ | ᠵᠠᠬ᠎ᠠ ᠳᠡᠯᠭᠡᠭᠦᠷ ᠤᠨ ᠪᠡᠶᠡᠴᠢ ᠴᠣᠭᠴᠠ 16.55 ᠲᠦᠮᠡᠨ ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.81% ᠪᠠᠷ ᠨᠡᠮᠡᠭᠳᠡᠪᠡ᠃ | ᠬᠥᠲᠥᠯᠥᠭᠴᠢ᠄ ᠡᠲᠡᠭᠡᠷ ᠠᠷᠭ᠎ᠠ ᠬᠡᠮᠵᠢᠶ᠎ᠡ ᠠᠴᠠ ᠮᠠᠨ ᠤ ᠠᠵᠢᠯ ᠤᠨ ᠨᠠᠷᠢᠨ ᠨᠢᠮᠪᠠᠢ᠂ ᠬᠠᠯᠠᠭᠤᠨ ᠳᠤᠯᠠᠭᠠᠨ ᠤ ᠬᠡᠮᠵᠢᠶ᠎ᠡ ᠶᠢ ᠨᠠᠳᠠ ᠳᠤ ᠮᠡᠳᠡᠷᠡᠭᠦᠯᠪᠡ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠣᠯ ᠠᠵᠤ ᠠᠬᠤᠶᠢᠯᠠᠯ ᠤᠨ ᠭᠤᠣᠯᠯᠠᠭᠴᠢ ᠥᠷᠢᠰᠦᠯᠳᠦᠬᠦ ᠬᠦᠴᠦᠨ ᠮᠥᠨ᠂ ᠤᠯᠤᠰ ᠤᠨ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ᠂ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢᠨ ᠴᠢᠬᠤᠯᠠ ᠲᠤᠯᠭᠠᠭᠤᠷᠢᠯᠠᠯ ᠮᠥᠨ᠂ ᠴᠢᠨᠠᠷ ᠰᠠᠶᠢᠲᠠᠢ ᠬᠥᠭᠵᠢᠯᠲᠡ ᠶᠢ | ᠬᠥᠲᠥᠯᠥᠨ ᠳᠠᠭᠠᠭᠤᠯᠬᠤ ︽ᠰᠢᠨ᠎ᠡ ᠬᠥᠳᠡᠯᠭᠡᠭᠦᠷ︾ ᠮᠥᠨ᠂ ᠪᠢᠳᠡᠨ ᠳᠤ ᠡᠨᠡ ᠲᠠᠯ᠎ᠠ ᠶᠢᠨ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠲᠠᠨᠢᠯᠴᠠᠭᠤᠯᠤᠭᠠᠳ | ᠥᠭᠭᠦᠨ᠎ᠡ ᠤᠤ︖ | ᠵᠣᠴᠢᠨ᠄ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠤᠭᠤᠶᠢᠯᠠᠩ ᠨᠢ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠫᠠᠶᠢᠰᠠ ᠶᠢ ᠬᠠᠮᠲᠤ ᠳᠤᠨᠢ ᠨᠡᠮᠡᠵᠦ ᠡᠯᠭᠦᠨ᠎ᠡ᠃ ᠣᠶᠢᠷ᠎ᠠ ᠶᠢᠨ ᠵᠢᠯ ᠠᠴᠠ᠂ ᠪᠢᠳᠡ ᠮᠡᠳᠡᠯᠭᠡ ᠶᠢᠨ | ᠥᠮᠴᠢᠯᠡᠯ ᠤᠨ ᠡᠷᠬᠡ ᠪᠠᠷ ᠬᠤᠳᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠵᠤ᠂ ᠬᠤᠳᠠ ᠶᠢᠨ ᠵᠠᠰᠠᠭ ᠤᠨ ᠣᠷᠳᠣᠨ | ᠳᠤ ︽ᠮᠡᠳᠡᠯᠭᠡ ᠶᠢᠨ ᠥᠮᠴᠢᠯᠡᠯ ᠤᠨ ᠡᠷᠬᠡ ᠶᠢ ᠲᠤᠰᠠᠯᠠᠨ ᠱᠠᠩᠨᠠᠬᠤ ᠠᠷᠭ᠎ᠠ︾ ᠶᠢ ᠲᠣᠭᠲᠠᠭᠠᠨ ᠨᠡᠶᠢᠲᠡᠯᠡᠬᠦ ᠪᠠᠷ ᠳᠡᠪᠰᠢᠭᠦᠯᠵᠦ᠂ ᠬᠤᠳᠠ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠬᠤᠶᠠᠷ ᠠᠯᠪᠠᠨ ᠭᠡᠷ ︽ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠴᠢᠩᠭᠠᠳᠬᠠᠬᠤ ᠠᠷᠭ᠎ᠠ ᠬᠡᠮᠵᠢᠶ᠎ᠡ︾ ᠶᠢ | ᠳᠠᠷᠤᠮᠠᠯᠯᠠᠨ ᠲᠠᠷᠬᠠᠭᠠᠵᠤ᠂ ︽ᠮᠡᠳᠡᠯᠭᠡ ᠶᠢᠨ ᠥᠮᠴᠢᠯᠡᠯ ᠤᠨ ᠡᠷᠬᠡ ᠪᠠᠷ ᠬᠦᠴᠦᠷᠬᠡᠭ ᠤᠯᠤᠰ ᠢ ᠪᠠᠶᠢᠭᠤᠯᠬᠤ ᠬᠥᠲᠥᠯᠪᠦᠷᠢ ︵2021 ᠠᠴᠠ 2035 ᠣᠨ︶︾ ᠶᠢ | ᠢᠵᠢ ᠪᠦᠷᠢᠳᠦᠭᠦᠯᠦᠨ ᠨᠠᠶᠢᠳᠠᠪᠤᠷᠢᠵᠢᠭᠤᠯᠬᠤ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠭᠦᠳᠦᠯᠲᠡ᠂ | ᠬᠡᠷᠡᠭᠯᠡᠯᠲᠡ᠂ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ ᠪᠤᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠬᠦ ᠲᠠᠯ᠎ᠠ ᠪᠠᠷ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠲᠠᠸᠠᠷ ᠤᠨ ᠲᠡᠮᠳᠡᠭ ᠤᠨ ᠨᠠᠷᠠᠲᠤ | ᠲᠥᠷᠥᠯ ᠲᠡᠮᠳᠡᠭᠲᠦ ᠶᠢᠨ ᠵᠢᠯᠤᠭᠤᠳᠬᠤ ᠥᠷᠲᠡᠭᠡ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠴᠡᠭ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠢ 75 ᠪᠠᠶᠢᠭᠤᠯᠵᠤ᠂ ᠪᠥᠬᠦ | ᠬᠤᠲᠠ ᠶᠢᠨ ᠬᠦᠴᠦᠨ ᠪᠦᠬᠦᠢ ᠳᠠᠩᠰᠠᠯᠠᠭᠤᠯᠤᠭᠰᠠᠨ ᠲᠠᠸᠠᠷ ᠤᠨᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠠᠰᠢᠭ ᠤᠨ | ᠬᠤᠪᠢᠷᠠᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠶᠢ | ᠢᠳᠡᠪᠬᠢᠲᠡᠢ ᠥᠷᠨᠢᠭᠦᠯᠦᠨ᠂ ︽ᠤᠷᠠᠳ ᠬᠤᠨᠢᠨ ᠮᠢᠬ᠎ᠠ︾ ︽ᠪᠠᠶᠠᠨᠨᠠᠭᠤᠷ ᠤᠨ ᠪᠤᠭᠤᠳᠠᠢ︾ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠭᠠᠵᠠᠷ ᠵᠦᠢ ᠶᠢᠨ | ᠪᠡᠯᠭᠡ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠵᠥᠪᠰᠢᠶᠡᠷᠡᠭᠦᠯᠵᠦ᠂ ︽ ᠲᠡᠭᠷᠢ ᠶᠢᠨ | ᠬᠡᠰᠢᠭᠲᠦ ᠪᠣᠷᠣᠳᠣᠬᠤᠢ︾ ᠬᠢᠭᠡᠳ ︽ ᠮᠧᠩ︾ ᠥᠰᠥᠭ ᠤᠨ ᠲᠡᠮᠳᠡᠭ ᠤᠨ ᠭᠡᠷᠡᠴᠢᠯᠡᠭᠡ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠣᠣ | ᠹᠧᠩ᠂ ᠾᠧᠩ ᠹᠧᠩ ᠶᠢᠨ ᠯᠢᠶᠠᠩ ᠭᠤᠯᠢᠷ ᠤᠨ ᠦᠢᠯᠡᠰ᠂ ᠳ᠋ᠠ ᠹᠠ ᠭᠦᠩ ᠭᠤᠯᠢᠷ ᠵᠡᠷᠭᠡ ᠭᠤᠷᠪᠠᠨ ᠠᠵᠤ ᠠᠬᠤᠶᠢᠯᠠᠯ ᠬᠤᠶᠠᠳᠤᠭᠠᠷ ᠪᠦᠯᠦᠭ ᠤᠨ ︽ ᠮᠧᠩ︾ | ᠥᠰᠥᠭ ᠤᠨ ᠲᠡᠮᠳᠡᠭ ᠤᠨ ᠭᠡᠷᠡᠴᠢᠯᠡᠭᠡ ᠶᠢ ᠭᠥᠷᠳᠡᠪᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠠᠯ᠎ᠠ ᠪᠠᠷ᠂ ᠰᠠᠯᠠᠭ᠎ᠠ ᠮᠥᠴᠢᠷ | ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠵᠢᠯᠴᠠᠨ ᠬᠠᠮᠠᠭᠠᠯᠠᠬᠤ ᠲᠣᠭᠲᠠᠴᠠ ᠶᠢ ᠲᠠᠰᠤᠷᠠᠯᠲᠠ | ᠦᠭᠡᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠨᠡᠷᠡᠰ ᠤᠨ ᠬᠥᠮᠥᠷᠭᠡ ᠶᠢ ᠪᠠᠶᠢᠭᠤᠯᠤᠨ᠂ ᠡᠯ᠎ᠡ ᠲᠥᠷᠥᠯ ᠤᠨ | ᠲᠠᠸᠠᠷ ᠤᠨ ᠲᠡᠮᠳᠡᠭ᠂ ᠲᠤᠰᠬᠠᠢ ᠠᠰᠢᠭ᠂ ᠭᠠᠵᠠᠷ ᠵᠦᠢ ᠶᠢᠨ ᠲᠡᠮᠳᠡᠭ ᠵᠡᠷᠭᠡ ᠡᠷᠬᠡ ᠳᠤ ᠬᠠᠯᠳᠠᠵᠤ ᠬᠠᠭᠤᠷᠮᠠᠭᠯᠠᠬᠤ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠲᠠᠸᠠᠷ ᠤᠨ ᠲᠡᠮᠳᠡᠭ ᠤᠨ ᠡᠷᠬᠡ ᠣᠯᠭᠤᠨ ᠬᠡᠷᠡᠭᠯᠡᠬᠦ ᠶᠢ | ᠴᠢᠩᠭ᠎ᠠ ᠵᠢᠷᠤᠮᠵᠢᠭᠤᠯᠤᠨ᠎ᠠ᠃ ︽ᠦᠶᠤᠸᠠᠨ ᠤ ᠨᠡᠷᠡᠨ ᠬᠤᠸᠠᠷ︾ ᠨᠢ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ | ᠣᠷᠣᠨ ᠢ ᠪᠠᠶᠢᠭᠤᠯᠬᠤ ᠪᠠᠷ ᠵᠥᠪᠰᠢᠶᠡᠷᠡᠭᠳᠡᠵᠦ᠂ ᠥᠪᠡᠷᠲᠡᠭᠡᠨ ᠵᠠᠰᠠᠬᠤ ᠣᠷᠣᠨ ᠤ ︽ᠲᠡᠭ︾ ᠤᠨ ᠰᠢᠪᠲᠤᠯᠤᠯᠲᠠ ᠶᠢ ᠪᠡᠶᠡᠯᠡᠭᠦᠯᠪᠡ᠃ | ᠬᠥᠲᠥᠯᠥᠭᠴᠢ᠄ ᠶᠠᠰᠤ ᠴᠢᠨᠠᠷ ᠪᠣᠯ ᠠᠵᠤ ᠠᠬᠤᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠪ ᠳᠠᠭᠤᠷᠢᠶᠠᠯ ᠮᠥᠨ᠂ ᠶᠠᠰᠤ ᠴᠢᠨᠠᠷ ᠤᠨ ᠬᠦᠴᠦᠷᠬᠡᠭ | ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠶᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠤᠪᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ | ᠢᠯᠡᠳᠬᠡᠯ ᠳᠤ ᠪᠢᠴᠢᠨ ᠣᠷᠣᠭᠤᠯᠪᠠ᠂ ᠮᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠠᠨᠨᠠᠭᠤᠷ ᠬᠤᠲᠠ ᠳᠤ ᠶᠠᠰᠤ ᠴᠢᠨᠠᠷ ᠤᠨ | ᠬᠦᠴᠦᠷᠬᠡᠭ ᠬᠤᠲᠠ ᠶᠢ ᠲᠦᠯᠬᠢᠨ ᠠᠬᠢᠭᠤᠯᠬᠤ ᠲᠠᠯ᠎ᠠ ᠪᠠᠷ ᠶᠠᠮᠠᠷ ᠶᠠᠮᠠᠷ ᠴᠢᠷᠮᠠᠶᠢᠯᠭ᠎ᠠ ᠭᠠᠷᠭᠠᠭᠰᠠᠨ ᠪᠣᠶ︖ | ᠵᠣᠴᠢᠨ᠄ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠠᠵᠤ ᠠᠬᠤᠢ ᠶᠢ ᠬᠥᠭᠵᠢᠭᠦᠯᠬᠦ ᠶᠢᠨ ᠬᠦᠴᠦᠯᠡᠬᠦ ᠴᠡᠭ ᠢ ᠪᠣᠳᠠᠲᠤ ᠴᠣᠭᠴᠠ ᠶᠢᠨ | ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠶᠠᠰᠤ ᠴᠢᠨᠠᠷ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠲᠣᠳᠣᠷᠬᠠᠢ | ᠳᠤᠷᠠᠳᠪᠠ᠃ ᠣᠶᠢᠷ᠎ᠠ ᠶᠢᠨ ᠵᠢᠯ ᠤᠨ ᠲᠤᠷᠰᠢ᠂ ᠪᠢᠳᠡ ︽ᠶᠠᠰᠤ ᠴᠢᠨᠠᠷ ᠢᠶᠠᠷ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ︾ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠭᠲᠠᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠡᠳᠬᠢᠴᠡ | ᠪᠠ ᠪᠠᠶᠢᠯᠳᠤᠬᠤ ᠪᠣᠳᠣᠯᠭ᠎ᠠ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠦᠨ᠎ᠡ᠄ ᠨᠢᠭᠡ ᠲᠠᠯ᠎ᠠ ᠪᠠᠷ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠵᠠᠭᠤᠨ ᠠᠵᠤ | ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ᠂ ᠳᠤᠮᠳᠠ ᠵᠢᠵᠢᠭ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠵᠡᠷᠭᠡ ᠲᠤᠰᠬᠠᠢ ᠠᠵᠢᠯᠯᠠᠭ᠎ᠠ ᠶᠢ ᠬᠢᠨᠠᠮᠠᠭᠠᠢ ᠰᠠᠶᠢᠲᠤᠷ ᠠᠳᠬᠤᠵᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠵᠦ᠂ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠶᠠᠰᠤ ᠴᠢᠨᠠᠷ ᠤᠨ ᠲᠦᠷᠦᠭᠦᠸ ᠲᠤᠰᠢᠶᠠᠯᠲᠠᠨ ᠪᠠᠶᠢᠭᠤᠯᠵᠤ᠂ ᠪᠣᠷᠣᠳᠣᠬᠤᠢ ᠶᠢᠨ ᠨᠡᠷᠡᠨ ᠬᠤᠸᠠᠷ ᠤᠨ ᠠᠵᠤ ᠦᠢᠯᠡᠰ ᠢ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠦᠢᠯᠡᠴᠢᠯᠡᠬᠦ ᠴᠢᠨᠠᠷ ᠰᠠᠶᠢᠲᠠᠢ ᠬᠥᠭᠵᠢᠯᠲᠡ ᠶᠢᠨ | ᠠᠵᠢᠯᠯᠠᠭᠠᠨ ᠤ ᠲᠥᠯᠥᠪᠯᠡᠭᠡ ᠳᠤ ᠵᠢᠭᠰᠠᠭᠠᠨ ᠣᠷᠣᠭᠤᠯᠵᠤ᠂ ᠬᠤᠲᠠ ᠶᠢᠨ ᠵᠠᠰᠠᠭ ᠤᠨ ᠣᠷᠳᠣᠨ ᠬᠢᠭᠡᠳ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠠᠯᠠᠰᠢᠨ ᠬᠤᠨᠢ ᠢᠮᠠᠭᠠᠨ ᠨᠣᠯᠤᠥᠷ ᠤᠨ ᠠᠮᠢᠳᠤ ᠪᠣᠳᠠᠰ ᠤᠨ ᠡᠮ ᠦᠢᠯᠡᠳᠬᠦ ᠠᠵᠤ ᠦᠢᠯᠡᠰ ᠤᠨ | ᠬᠡᠯᠬᠢᠶᠡᠰᠦ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷᠨᠥ᠋ᠭᠦᠭᠡ ᠲᠠᠯ᠎ᠠ ᠪᠠᠷ᠂ ᠪᠢᠳᠡ ᠬᠡᠮᠵᠢᠯᠲᠡ᠂ | ᠪᠠᠷᠢᠮᠵᠢᠶ᠎ᠠ᠂ ᠭᠡᠷᠡᠴᠢᠯᠡᠯ ᠵᠥᠪᠰᠢᠶᠡᠷᠡᠯ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠵᠡᠷᠭᠡ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ | ᠪᠦᠲᠦᠭᠡᠵᠦ᠂ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠪᠥᠬᠦ ᠬᠡᠯᠬᠢᠶᠡᠵᠢᠭᠰᠡᠨ᠂ ᠪᠥᠬᠦ ᠲᠠᠯ᠎ᠠ ᠶᠢᠨ᠂ ᠪᠥᠬᠦ ᠶᠠᠪᠤᠴᠠ ᠶᠢᠨ ᠶᠡᠷᠦᠩᠬᠡᠶᠢᠯᠡᠭᠰᠡᠨ | ᠦᠢᠯᠡᠴᠢᠯᠡᠭᠡ ᠶᠢ ᠬᠠᠩᠭᠠᠨ᠎ᠠ᠃ ᠬᠤᠲᠠ ᠶᠢᠨ ᠦᠢᠯᠡᠳᠬᠦᠨ ᠤ ᠶᠠᠰᠤ ᠴᠢᠨᠠᠷ ᠤᠨ ᠬᠡᠮᠵᠢᠯᠲᠡ ᠶᠢᠨ ᠪᠠᠶᠢᠴᠠᠭᠠᠨ ᠰᠢᠯᠭᠠᠬᠤ ᠲᠥᠪ ᠢ ᠪᠠᠶᠢᠭᠤᠯᠵᠤ᠂ ᠪᠥᠬᠦ ᠣᠷᠣᠨ ᠤ | ᠴᠣᠷ ᠤᠨ ᠭᠠᠭᠴᠠ ᠲᠤᠰᠬᠠᠢ ᠣᠷᠣᠨ ᠤ ᠲᠠᠰ ᠤᠨ ᠬᠤᠲᠠ ᠶᠢᠨ ᠵᠢᠩᠬᠢᠨᠢ ᠭᠠᠵᠠᠷ ᠤᠨ ᠲᠠᠰ ᠤᠨ ᠪᠠᠶᠢᠴᠠᠭᠠᠨ ᠰᠢᠯᠭᠠᠬᠤ ᠪᠠᠶᠢᠴᠠᠭᠠᠨ ᠰᠢᠯᠭᠠᠬᠤ ᠪᠠᠶᠢᠭᠤᠯᠤᠮᠵᠢ | ᠪᠣᠯᠵᠤ᠂ ᠢᠳᠡᠭᠡᠨ᠂ ᠬᠢᠮᠢ ᠶᠢᠨ ᠪᠣᠷᠳᠣᠭᠤᠷ ᠵᠡᠷᠭᠡ ᠣᠯᠠᠨ ᠵᠦᠢᠯ ᠤᠨ ᠪᠣᠯᠵᠣᠯᠲᠤ ᠲᠤᠭ᠎ᠠ ᠶᠢ CNAS ᠲᠤᠷᠰᠢᠯᠲᠠ ᠶᠢᠨ ᠲᠠᠰᠤᠭ ᠤᠨ ᠵᠥᠪᠰᠢᠶᠡᠷᠡᠯ ᠢ ᠣᠯᠪᠠ᠃ | | ᠬᠥᠲᠥᠯᠥᠭᠴᠢ᠄ ᠠᠷᠠᠳ ᠣᠯᠠᠨ ᠤ ᠠᠮᠢᠳᠤᠷᠠᠯ ᠤᠨ ᠬᠢᠷᠢ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠥᠷᠭᠡᠨ ᠣᠯᠠᠨ ᠠᠷᠠᠳ ᠲᠦᠮᠡᠨ ᠤ ᠬᠡᠷᠡᠭᠯᠡᠭᠡᠨ ᠤ | ᠴᠢᠨᠠᠷ ᠴᠢᠨᠰᠠᠭ᠎ᠠ᠂ ᠬᠡᠷᠡᠭᠯᠡᠭᠡᠨ ᠤ ᠦᠢᠯᠡᠴᠢᠯᠡᠭᠡ ᠵᠢᠴᠢ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠦᠰᠡᠯ ᠡᠷᠡᠮᠡᠯᠵᠡᠯ ᠨᠠᠩ ᠥᠨᠳᠥᠷ ᠪᠣᠯᠪᠠ᠃ ᠢᠳᠡᠭᠡᠨ ᠤ | ᠵᠦᠢᠯ᠂ ᠡᠮ ᠤᠨ ᠵᠦᠢᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠪᠠ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ | ᠴᠢᠨᠠᠷ ᠤᠨ ︽ᠳᠥᠷᠪᠡᠨ ᠶᠡᠭᠡ ᠬᠦᠷᠢᠶ᠎ᠡ︾ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ︽ᠲᠡᠷᠢᠭᠦᠨ ᠴᠢᠬᠤᠯᠠ ᠡᠭᠦᠷᠭᠡ ᠬᠠᠷᠢᠭᠤᠴᠠᠯᠭ᠎ᠠ︾ ᠮᠥᠨ ᠪᠥᠭᠡᠳ ᠪᠠᠰᠠ ᠴᠤ ᠮᠠᠨ ᠤ ᠠᠷᠠᠳ ᠣᠯᠠᠨ ᠤ ᠬᠠᠮᠤᠭ ᠠᠴᠠ ᠠᠩᠬᠠᠷᠴᠤ | ᠪᠠᠶᠢᠭ᠎ᠠ ᠶᠠᠪᠤᠳᠠᠯ ᠮᠥᠨ ᠭᠡᠳᠡᠭ ᠢ ᠪᠢᠳᠡ ᠮᠡᠳᠡᠨ᠎ᠡ᠂ ᠪᠢᠳᠡ ᠰᠤᠷᠪᠤᠯᠵᠢᠯᠠᠬᠤ ᠠᠴᠠ ᠪᠠᠨ ᠡᠮᠦᠨ᠎ᠡ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠢᠳᠡᠭᠡᠨ ᠤ | ᠵᠦᠢᠯ ᠡᠮ ᠤᠨ ᠵᠦᠢᠯ ᠤᠨ ᠠᠮᠤᠷ ᠲᠦᠪᠰᠢᠨ ᠤ ᠲᠤᠬᠠᠢ ᠡᠳᠦᠢ ᠲᠡᠳᠦᠢ ᠪᠠᠶᠢᠴᠠᠭᠠᠯᠲᠠ ᠰᠣᠷᠪᠤᠯᠵᠢᠯᠠᠭ᠎ᠠ ᠬᠢᠵᠦ᠂ ᠬᠤᠲᠠ ᠶᠢᠨ ᠠᠷᠠᠳ ᠲᠤ ᠶᠠᠮᠠᠷ ᠶᠠᠮᠠᠷ | ᠮᠠᠳᠠᠭ ᠲᠠᠢ ᠪᠠᠶᠢᠬᠤ ᠶᠢ ᠦᠵᠡᠪᠡ᠃ | ᠬᠤᠲᠠ ᠶᠢᠨ ᠠᠷᠠᠳ᠄ ᠣᠳᠣᠬᠠᠨ ᠳᠤ ᠵᠢᠵᠢᠭ ᠢᠳᠡᠭᠡᠨ ᠤ ᠳᠡᠯᠭᠡᠭᠦᠷ ᠮᠠᠰᠢ ᠣᠯᠠᠨ᠂ ᠲᠥᠷᠥᠯ ᠵᠦᠢᠯ ᠴᠦ ᠮᠠᠰᠢ ᠣᠯᠠᠨ᠂ ᠡᠷᠡᠭᠦᠯ ᠬᠠᠮᠠᠭᠠᠯᠠᠯ ᠠᠮᠤᠷ | ᠲᠦᠪᠰᠢᠨ ᠤ ᠲᠠᠯ᠎ᠠ ᠪᠠᠷ ᠪᠠᠲᠤᠯᠠᠭ᠎ᠠ ᠲᠠᠢ ᠤᠤ︖ | ᠬᠤᠲᠠ ᠶᠢᠨ ᠠᠷᠠᠳ᠄ ᠣᠳᠣ ᠡᠷᠡᠭᠦᠯ ᠮᠡᠨᠳᠦ ᠶᠢ ᠬᠠᠮᠠᠭᠠᠯᠠᠬᠤ ᠡᠮ ᠲᠡᠶᠢᠮᠦ ᠠᠷᠪᠢᠨ᠂ ᠪᠢᠳᠡ ᠶᠠᠭᠠᠬᠢᠵᠤ ᠬᠢᠨᠠᠵᠤ ᠬᠠᠮᠢᠶᠠᠷᠴᠤ ᠪᠠᠶᠢᠬᠤ ᠪᠤᠢ᠂ ᠠᠰᠠᠭᠤᠳᠠᠯ ᠢ | ᠣᠯᠵᠤ ᠮᠡᠳᠡᠪᠡᠯ ᠶᠠᠭᠠᠬᠢᠵᠤ ᠰᠢᠢᠳᠪᠦᠷᠢᠯᠡᠬᠦ ᠪᠤᠢ ︖ | ᠬᠥᠲᠥᠯᠥᠭᠴᠢ᠄ ᠡᠨᠡ ᠬᠤᠶᠠᠷ ᠠᠰᠠᠭᠤᠳᠠᠯ ᠪᠣᠯ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠤᠬᠠᠢ | ᠠᠰᠠᠭᠤᠳᠠᠯ ᠪᠣᠯᠣᠨ᠎ᠠ᠂ ᠮᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠨᠢ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ | ᠬᠠᠮᠠᠭᠠᠯᠠᠬᠤ ᠲᠠᠯ᠎ᠠ ᠪᠠᠷ ᠪᠣᠳᠠᠲᠠᠢ ᠪᠠᠷ ᠶᠠᠭᠠᠬᠢᠵᠤ ᠬᠢᠭᠰᠡᠨ ᠪᠣᠶ︖ | ᠵᠣᠴᠢᠨ᠄ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠦᠨᠡᠨ ᠬᠦ ᠴᠢᠩᠭᠠᠳᠬᠠᠵᠤ᠂ ᠬᠠᠮᠤᠭ ᠤᠨ ᠴᠢᠩᠭ᠎ᠠ ᠨᠢᠮᠪᠠᠢ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ᠂ | ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠪᠠᠷ ᠳᠠᠮᠵᠢᠭᠤᠯᠤᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠠᠰᠠᠯᠲᠠ ᠶᠢᠨ ᠰᠢᠨᠵᠢᠯᠡᠬᠦ | ᠤᠬᠠᠭᠠᠨᠴᠢ ᠪᠦᠷᠢᠨ ᠲᠡᠭᠦᠯᠳᠡᠷ ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠬᠡᠷᠡᠭᠲᠡᠢ ᠭᠡᠵᠡᠢ᠃ ᠣᠶᠢᠷ᠎ᠠ ᠶᠢᠨ ᠵᠢᠯ ᠠᠴᠠ᠂ ᠪᠢᠳᠡ ᠢᠳᠡᠭᠡᠨ ᠤ ᠦᠢᠯᠡᠳᠪᠦᠷᠢᠯᠡᠯ ᠤᠨ | ᠠᠵᠤ ᠠᠬᠤᠶᠢᠯᠠᠯ᠂ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠬᠡᠯ᠂ ᠲᠠᠷᠢᠶᠠᠯᠠᠩ ᠤᠨ ᠪᠥᠭᠡᠮ ᠢᠶᠠᠷ ᠬᠤᠳᠠᠯᠳᠤᠬᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ | ᠲᠣᠮᠣ ᠬᠡᠯᠪᠡᠷᠢ ᠶᠢᠨ ᠬᠤᠳᠠᠯᠳᠤᠭᠠᠨ ᠤ ᠳᠡᠯᠭᠡᠭᠦᠷ᠂ ᠭᠤᠣᠯᠳᠠᠯᠭ᠎ᠠ ᠲᠠᠢ ᠢᠳᠡᠭᠡᠨ ᠤᠮᠳᠠᠭᠠᠨ ᠤ ᠨᠢᠭᠡᠴᠡ ᠵᠡᠷᠭᠡ ᠬᠦᠷᠢᠶᠡᠨ ᠤ ᠢᠳᠡᠭᠡᠨ ᠤ ᠶᠠᠰᠤ ᠴᠢᠨᠠᠷ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠢᠳᠡᠭᠡᠨ ᠤ ᠦᠢᠯᠡᠳᠪᠦᠷᠢᠯᠡᠯ᠂ ᠭᠦᠢᠯᠭᠡᠭᠡ᠂ ᠢᠳᠡᠭᠡᠨ ᠤᠮᠳᠠᠭᠠᠨ᠂ ᠰᠦᠯᠵᠢᠶᠡᠨ ᠤ | ᠪᠣᠷᠤᠯᠠᠭᠤᠯᠭ᠎ᠠ ᠵᠡᠷᠭᠡ ᠠᠳᠠᠯᠢ ᠪᠤᠰᠤ ᠡᠵᠡᠩᠨᠡᠯᠲᠡ ᠶᠢᠨ ᠬᠡᠯᠪᠡᠷᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠰᠠᠶᠢᠲᠤᠷ ᠬᠢᠵᠦ᠂ 2022 ᠣᠨ ᠳᠤ | ᠢᠳᠡᠭᠡᠨ ᠪᠠ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠤ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠤᠷᠮ᠎ᠠ 97.11% ᠪᠠ 98.47% ᠳᠤ | ᠬᠦᠷᠴᠡᠢ᠃ 2019 ᠣᠨ ᠠᠴᠠ 2021 ᠣᠨ ᠪᠣᠯᠲᠠᠯ᠎ᠠ ᠪᠦᠬᠦ ᠬᠤᠳᠠ ᠶᠢᠨ ᠢᠳᠡᠭᠡᠨ ᠤ ᠠᠮᠤᠷ ᠲᠦᠪᠰᠢᠨ ᠤ ᠠᠵᠢᠯ ᠭᠤᠷᠪᠠᠨ ᠵᠢᠯ ᠳᠠᠷᠠᠭᠠᠯᠠᠨ ᠥᠪᠡᠷᠲᠡᠭᠡᠨ | ᠵᠠᠰᠠᠬᠤ ᠣᠷᠣᠨ ᠳᠤ ᠰᠢᠯᠢᠳᠡᠭ ᠲᠡᠰ ᠢᠶᠠᠷ ᠦᠨᠡᠯᠡᠭᠳᠡᠪᠡ᠃ ᠪᠢᠳᠡ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ | ᠭᠦᠨᠵᠡᠭᠡᠶᠢᠷᠡᠭᠦᠯᠵᠦ᠂ ᠮᠠᠭᠤ ᠲᠤᠰᠬᠠᠯ ︵ᠬᠡᠷᠡᠭ︶ ᠢ ᠬᠢᠨᠠᠨ ᠬᠡᠮᠵᠢᠬᠦ᠂ ᠳᠠᠬᠢᠨ ᠦᠨᠡᠯᠡᠬᠦ ᠶᠢ ᠢᠳᠡᠪᠬᠢᠲᠡᠢ ᠰᠠᠶᠢᠲᠤᠷ ᠬᠢᠵᠦ᠂ ᠬᠠᠭᠤᠷᠮᠠᠭ ᠮᠠᠭᠤ ᠡᠮ ᠢ ᠮᠠᠭᠠᠳᠯᠠᠨ | ᠲᠣᠭᠲᠠᠭᠠᠬᠤ ᠺᠣᠮᠢᠰ ᠢ ᠲᠦᠷᠦᠭᠦᠯᠡᠨ ᠪᠠᠶᠢᠭᠤᠯᠵᠤ᠂ ᠨᠢᠭᠡ ᠪᠦᠯᠦᠭ ᠬᠡᠷᠡᠭ ᠢ ᠪᠠᠶᠢᠴᠠᠭᠠᠨ ᠰᠢᠢᠳᠪᠦᠷᠢᠯᠡᠵᠦ᠂ ︽ᠬᠤᠶᠠᠷ ᠵᠦᠢᠯ ᠤᠨ ᠨᠢᠭᠡ ᠵᠦᠢᠯ ᠤᠨ ᠪᠠᠭᠠᠵᠢ | ᠵᠡᠪᠰᠡᠭ︾ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠦᠲᠦᠮᠵᠢᠲᠡᠶ ᠴᠡᠪᠡᠷᠰᠢᠭᠦᠯᠵᠦ᠂ ᠪᠥᠬᠦ ᠬᠤᠲᠠ ᠶᠢᠨ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ | ᠭᠤᠷᠪᠠᠨ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠠᠴᠠ A ᠲᠠᠰ ᠢᠶᠠᠷ ᠦᠨᠡᠯᠡᠨ ᠲᠣᠭᠲᠠᠭᠠᠪᠠ᠃ ᠬᠤᠲᠠ ᠶᠢᠨ ᠠᠷᠠᠳ ᠬᠡᠷᠪᠡ ᠬᠠᠭᠤᠷᠮᠠᠭ ᠮᠠᠭᠤ ᠡᠮ | ᠪᠠᠶᠢᠬᠤ ᠶᠢ ᠣᠯᠵᠤ ᠮᠡᠳᠡᠪᠡᠯ 12315 ᠳᠤ ᠤᠲᠠᠰᠤᠳᠠᠵᠤ ᠢᠯᠡᠴᠢᠯᠡᠨ ᠮᠡᠳᠡᠭᠦᠯᠵᠦ ᠪᠣᠯᠣᠨ᠎ᠠ᠃ | ᠬᠥᠲᠥᠯᠥᠭᠴᠢ᠄ ᠪᠠᠰᠠ ᠨᠢᠭᠡ ᠠᠰᠠᠭᠤᠳᠠᠯ ᠪᠣᠯ ᠮᠢᠨᠤ ᠨᠡᠯᠢᠶᠡᠳ ᠠᠩᠬᠠᠷᠴᠤ ᠪᠠᠶᠢᠭ᠎ᠠ ᠠᠰᠠᠭᠤᠳᠠᠯ ᠪᠣᠯᠣᠨ᠎ᠠ᠂ ᠣᠶᠢᠯᠠᠭᠠᠭᠰᠠᠨ ᠢᠶᠠᠷ᠂ ᠤᠯᠤᠰ ᠤᠨ | ᠢᠳᠡᠭᠡᠨ ᠤ ᠵᠦᠢᠯ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢ ᠬᠤᠲᠠ ᠶᠢᠨ ᠵᠠᠰᠠᠭ ᠤᠨ ᠣᠷᠳᠣᠨ ᠠᠴᠠ 2023 | ᠣᠨ ᠳᠤ ᠡᠭᠦᠳᠦᠨ ᠪᠠᠶᠢᠭᠤᠯᠤᠭᠠᠳ ᠠᠮᠵᠢᠯᠲᠠ ᠣᠯᠬᠤ ᠳᠥᠷᠪᠡᠨ ᠵᠢᠱᠢᠶ᠎ᠡ ᠦᠵᠡᠭᠦᠯᠬᠦ ᠬᠤᠲᠠ ᠶᠢᠨ ᠨᠢᠭᠡ ᠪᠠᠷ ᠵᠢᠭᠰᠠᠭᠠᠵᠠᠢ᠃ ᠲᠠ ᠪᠢᠳᠡᠨ ᠳᠤ ᠪᠣᠳᠠᠲᠠᠢ ᠪᠠᠷ | ᠲᠠᠨᠢᠯᠴᠠᠭᠤᠯᠤᠶ᠎ᠠ ᠭᠡᠵᠦ ᠪᠣᠳᠣᠵᠤ ᠪᠠᠢᠨ᠎ᠠ︕ | 2021 ᠣᠨ ᠤ 11 ᠰᠠᠷ᠎ᠠ ᠳᠤ᠂ ᠪᠠᠶᠠᠨᠨᠠᠭᠤᠷ ᠬᠤᠲᠠ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠠᠯᠪᠠᠨ ᠭᠡᠷ ᠤᠨ | ᠵᠥᠪᠰᠢᠶᠡᠷᠡᠯ ᠢᠶᠠᠷ ᠪᠥᠬᠦ ᠤᠯᠤᠰ ᠤᠨ ᠳᠥᠷᠪᠡᠳᠦᠭᠡᠷ ᠪᠦᠯᠦᠭ ᠤᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢᠨ ᠡᠭᠦᠳᠦᠨ | ᠪᠠᠶᠢᠭᠤᠯᠬᠤ ᠬᠤᠲᠠ ᠪᠣᠯᠵᠤ᠂ ᠪᠥᠬᠦ ᠤᠯᠤᠰ ᠤᠨ 53 ᠡᠭᠦᠳᠦᠨ ᠪᠠᠶᠢᠭᠤᠯᠬᠤ ᠬᠤᠲᠠ ᠶᠢᠨ ᠨᠢᠭᠡ ᠪᠣᠯᠵᠤ᠂ ᠡᠭᠦᠳᠦᠨ ᠪᠠᠶᠢᠭᠤᠯᠬᠤ ᠬᠤᠭᠤᠴᠠᠭ᠎ᠠ ᠨᠢ 2021 | ᠣᠨ ᠠᠴᠠ 2023 ᠣᠨ ᠪᠣᠯᠣᠨ᠎ᠠ᠃ ᠪᠢᠳᠡ ᠪᠦᠲᠦᠮᠵᠢᠲᠡᠶ ᠠᠵᠢᠯᠯᠠᠬᠤ ᠴᠠᠭ ᠣᠬᠤᠷ᠂ ᠬᠢᠵᠢᠭ ᠤᠨ ᠨᠥᠯᠥᠭᠡ ᠠᠴᠠ ᠪᠣᠯᠤᠭᠰᠠᠨ ᠲᠣᠭᠲᠠᠭᠠᠯᠲᠤ ᠪᠤᠰᠤ ᠴᠢᠨᠠᠷ | ᠵᠡᠷᠭᠡ ᠨᠥᠯᠥᠭᠡ ᠶᠢ ᠴᠢᠷᠮᠠᠶᠢᠨ ᠲᠡᠪᠴᠢᠵᠦ᠂ ᠬᠤᠲᠠ ᠶᠢᠨ ᠵᠠᠰᠠᠭ ᠤᠨ ᠣᠷᠳᠣᠨ ᠬᠤᠲᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠡᠭᠦᠳᠦᠨ | ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠲᠠ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ | ᠡᠯ᠎ᠡ ᠲᠥᠷᠥᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠂ ᠳᠡᠭᠡᠳᠦ ᠪᠠᠶᠢᠷᠢᠨ ᠳᠤ ᠠᠬᠢᠭᠤᠯᠤᠨ᠂ ᠡᠭᠦᠳᠦᠨ ᠪᠠᠶᠢᠭᠤᠯᠬᠤ ᠠᠵᠢᠯ ᠢ ᠪᠥᠬᠦ | ᠲᠠᠯ᠎ᠠ ᠪᠠᠷ ᠡᠬᠢᠯᠡᠭᠦᠯᠪᠡ᠃ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ | ᠵᠥᠪᠯᠡᠯ ᠠᠴᠠ ᠠᠩᠬᠠᠨ ᠤ ᠰᠢᠯᠭᠠᠷᠠᠭᠤᠯᠤᠯᠲᠠ ᠬᠢᠵᠦ᠂ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠢᠳᠡᠭᠡᠨ ᠤ | ᠠᠮᠤᠷ ᠲᠦᠪᠰᠢᠨ ᠤ ᠠᠯᠪᠠᠨ ᠭᠡᠷ ᠠᠴᠠ ᠡᠭᠦᠳᠦᠨ ᠪᠠᠶᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠰᠢᠯᠭᠠᠨ ᠠᠪᠬᠤ ᠠᠵᠢᠯ ᠢ ᠥᠷᠨᠢᠭᠦᠯᠵᠦ᠂ ᠴᠠᠭ ᠪᠠᠴᠢᠮ᠂ | ᠡᠭᠦᠷᠭᠡ ᠬᠦᠨᠳᠦ ᠪᠠᠶᠢᠵᠤ᠂ ᠪᠢᠳᠡ ᠶᠠᠭ ᠨᠢᠭᠡ ᠮᠥᠴᠡ ᠴᠦ ᠵᠣᠭᠰᠣᠯ ᠦᠭᠡᠢ ᠲᠦᠯᠬᠢᠨ ᠠᠬᠢᠭᠤᠯᠵᠤ ᠪᠠᠶᠢᠨ᠎ᠠ᠃ ᠤᠬᠠᠭᠤᠯᠤᠨ ᠬᠥᠲᠥᠯᠥᠨ ᠵᠢᠯᠤᠭᠤᠳᠬᠤ ᠶᠢ | ᠤᠯᠠᠮ ᠨᠢᠭᠡ ᠠᠯᠬᠤᠮ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ︽ᠲᠠᠪᠤ ᠶᠢ ᠣᠷᠣᠭᠤᠯᠬᠤ︾᠂ ︽ᠴᠢ ᠵᠢᠭᠠᠨ ᠲᠣᠭᠲᠠᠭᠠᠵᠤ ᠪᠢᠳᠡ ᠪᠠᠶᠢᠴᠠᠭᠠᠬᠤ︾ ᠪᠠ | ︽ᠲᠤᠷᠰᠢᠯᠲᠠ ᠶᠢᠨ ᠲᠠᠰᠤᠭ ᠤᠨ ᠨᠡᠭᠡᠭᠡᠯᠲᠡ ᠶᠢᠨ ᠡᠳᠦᠷ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠬᠤᠲᠠ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ | ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠪᠠᠶᠢᠴᠠᠭᠠᠬᠤ ᠴᠢᠭ᠋ ᠪᠠᠶᠢᠷᠢ ᠪᠣᠯᠣᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠲᠥᠷᠥᠯ ᠵᠦᠢᠯ ᠢ ᠪᠥᠬᠦ | ᠬᠦᠴᠦᠨ ᠢᠶᠠᠷ ᠢᠶᠠᠨ ᠪᠣᠶ ᠪᠣᠯᠭᠠᠵᠤ᠂ ᠴᠢᠭ᠋ ᠢᠶᠠᠷ ᠨᠡᠶᠢᠳᠡᠮ ᠢ ᠳᠠᠶᠢᠴᠢᠯᠠᠨ ᠵᠢᠱᠢᠶ᠎ᠡ ᠦᠵᠡᠭᠦᠯᠬᠦ ᠦᠢᠯᠡᠳᠦᠯ ᠢ ᠪᠣᠶ ᠪᠣᠯᠭᠠᠨ᠎ᠠ᠃ ᠰᠠᠶᠢᠰᠢᠶᠠᠨ ᠬᠥᠬᠢᠭᠦᠯᠵᠦ | ᠤᠷᠮᠠᠰᠢᠭᠤᠯᠬᠤ ᠠᠵᠢᠯ ᠢ ᠰᠠᠶᠢᠲᠤᠷ ᠠᠳᠬᠤᠵᠤ᠂ ᠬᠤᠳᠠ ᠪᠠᠶᠢᠭᠤᠯᠬᠤ ᠠᠵᠢᠯ ᠤᠨ ᠳᠤᠮᠳᠠ ᠲᠣᠪᠣᠶᠢᠮ᠎ᠠ ᠢᠯᠡᠷᠡᠯ ᠲᠠᠢ ᠬᠠᠮᠲᠤ ᠨᠡᠶᠢᠳᠡ ᠪᠠ ᠬᠤᠪᠢ ᠬᠥᠮᠥᠨ ᠢ | ᠰᠠᠶᠢᠰᠢᠶᠠᠨ ᠬᠥᠬᠢᠭᠦᠯᠦᠨ᠎ᠡ᠃ ᠨᠡᠶᠢᠭᠡᠮ ᠤᠨ ᠡᠯ᠎ᠡ ᠡᠲᠡᠭᠡᠳ ᠤᠨ ᠬᠢᠨ ᠪᠢᠳᠡᠨ ᠳᠤ ᠬᠦᠴᠦᠲᠡᠢ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ᠃ | ᠬᠥᠲᠥᠯᠥᠭᠴᠢ᠄ ᠣᠶᠢᠷ᠎ᠠ ᠶᠢᠨ ᠵᠢᠯ ᠤᠳ ᠲᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠤ ᠲᠠᠰᠤᠷᠠᠯᠲᠠ ᠦᠭᠡᠢ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠴᠦ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠴᠢᠬᠤᠯᠠ ᠬᠤᠪᠢ ᠨᠡᠮᠡᠷᠢ ᠦᠵᠡᠭᠦᠯᠪᠡ᠃ 2023 ᠣᠨ ᠳᠤ᠂ ᠪᠦᠬᠦ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ︽ᠤᠯᠤᠰ ᠲᠥᠷᠥ ᠶᠢ ᠡᠷᠬᠢᠮᠯᠡᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠥᠭᠵᠢᠯᠲᠡ ᠶᠢ ᠠᠬᠢᠭᠤᠯᠬᠤ᠂ ᠠᠮᠤᠷ ᠲᠦᠪᠰᠢᠨ ᠢ | ᠪᠠᠲᠤᠯᠠᠬᠤ︾ ᠠᠵᠢᠯ ᠤᠨ ᠶᠡᠷᠦᠩᠬᠡᠢ ᠰᠡᠳᠬᠢᠴᠡ ᠶᠢ ᠪᠠᠲᠤ ᠡᠵᠡᠮᠰᠢᠵᠦ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ | ᠪᠥᠬᠦᠳᠡ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠪᠦᠬᠦ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠣᠶᠢᠯᠠᠭᠠᠭᠳᠠᠬᠤᠨ ᠢᠶᠠᠨ ᠤᠯᠠᠮ ᠨᠢᠭᠡ ᠠᠯᠬᠤᠮ ᠲᠥᠪ ᠪᠣᠯᠭᠠᠵᠤ᠂ ᠰᠢᠨ᠎ᠡ ᠶᠢ ᠡᠭᠦᠳᠬᠦ ᠶᠢ ᠪᠠᠷᠢᠮᠲᠠᠯᠠᠨ᠂ ᠥᠨᠳᠥᠷ ᠪᠠᠷᠢᠮᠵᠢᠶᠠᠲᠤ ᠨᠠᠮ ᠤᠨ | ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ︽ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ︾ ᠶᠢ ᠪᠤᠵᠠᠭᠠᠶᠢᠷᠠᠭᠤᠯᠵᠤ᠂ ︽ ᠬᠤᠶᠠᠷ | ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ︾ ᠶᠢ ᠬᠡᠷᠡᠭᠵᠢᠭᠦᠯᠦᠨ ᠂ ︽ᠭᠤᠷᠪᠠᠨ ᠬᠢᠨᠠᠯᠲᠠ ᠬᠠᠮᠢᠶᠠᠷᠤᠯᠲᠠ︾ ᠶᠢ | ᠴᠢᠩᠭᠠᠷᠠᠭᠤᠯᠵᠤ᠂ ︽ᠳᠥᠷᠪᠡᠨ ᠠᠮᠤᠷ ᠲᠦᠪᠰᠢᠨ ᠤ ᠬᠤᠷᠢᠭ᠎ᠠ ᠱᠤᠭᠤᠮ︾ ᠢ ᠪᠠᠲᠤ ᠰᠠᠬᠢᠵᠤ᠂ ︽ᠲᠠᠪᠤᠨ ᠵᠦᠢᠯ ᠤᠨ ᠭᠤᠣᠯᠳᠠᠯᠭ᠎ᠠ ᠲᠠᠢ ᠡᠭᠦᠷᠭᠡ︾ ᠶᠢ | ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠦᠴᠦᠨ ᠴᠢᠳᠠᠯ ᠢᠶᠠᠨ ᠨᠡᠮᠡᠷᠢᠯᠡᠨ᠎ᠡ᠃ | | | |