ᠬᠥᠲᠥᠯᠥᠭᠴᠢ᠄ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠦᠵᠡᠬᠦ᠂ ᠪᠠᠶᠠᠨᠨᠠᠭᠤᠷ ᠬᠡᠷᠬᠢᠨ ᠠᠵᠢᠯᠯᠠᠬᠤ᠂ ︽ᠴᠢᠨᠠᠷ ᠰᠠᠶᠢᠲᠠᠢ ᠬᠥᠭᠵᠢᠯᠲᠡ ᠶᠢᠨ ᠲᠤᠬᠠᠢ | ᠣᠯᠠᠨ ᠤ ᠶᠠᠷᠢᠯᠴᠠᠭ᠎ᠠ︾ ᠶᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠮᠥᠩᠭᠦᠨ ᠭᠦᠢᠯᠭᠡᠭᠡ ᠪᠣᠯ ᠤᠳᠤ ᠦᠶ᠎ᠡ ᠶᠢᠨ ᠠᠵᠤ ᠠᠬᠤᠢ ᠶᠢᠨ | ᠭᠤᠣᠯ ᠴᠢᠮᠦᠭᠡ ᠮᠥᠨ᠂ ᠪᠠᠰᠠ ᠴᠤ ᠪᠣᠳᠠᠲᠤ ᠴᠣᠭᠴᠠ ᠶᠢᠨ ᠠᠵᠤ ᠠᠬᠤᠢ ᠶᠢᠨ ᠠᠮᠢᠨ ᠰᠤᠳᠠᠰᠤ ᠮᠥᠨ᠃ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ | ᠪᠣᠳᠠᠲᠤ ᠴᠣᠭᠴᠠ ᠶᠢᠨ ᠠᠵᠤ ᠠᠬᠤᠢ ᠶᠢᠨ ᠡᠷᠡᠭᠦᠯ ᠬᠥᠭᠵᠢᠯᠲᠡ ᠶᠢ ᠠᠬᠢᠭᠤᠯᠬᠤ ᠳᠤ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ᠬᠢᠨ ᠮᠠᠰᠢ ᠶᠡᠭᠡ ᠠᠷᠭ᠎ᠠ | ᠤᠬᠠᠭᠠᠨ ᠭᠠᠷᠭᠠᠵᠤ ᠪᠣᠯᠣᠨ᠎ᠠ᠃ ᠥᠨᠥᠳᠥᠷ ᠪᠢᠳᠡ ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ | ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠸᠠᠩ ᠹᠦ᠋ ᠴᠢᠤᠸᠠᠨ ᠪᠣᠯᠣᠨ ᠪᠠᠶᠠᠨᠨᠠᠭᠤᠷ ᠬᠤᠳᠠ ᠶᠢᠨ ᠮᠥᠩᠭᠦᠨ ᠭᠦᠢᠯᠭᠡᠭᠡᠨ ᠤ | ᠬᠥᠭᠵᠢᠯᠲᠡ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠳ᠋ᠧᠦ ᠾᠦᠢ ᠮᠢᠨ ᠢ ᠤᠷᠢᠵᠤ ᠲᠣᠭᠯᠠᠯᠲᠠ ᠶᠢᠨ ᠳᠠᠰᠤᠭ ᠲᠤ ᠣᠷᠣᠯᠴᠠᠭᠤᠯᠪᠠ᠃ ᠬᠤᠶᠠᠷ | ᠵᠣᠴᠢᠨ ᠢ ᠪᠠᠶᠠᠷᠯᠠᠨ ᠤᠭᠲᠤᠵᠤ ᠪᠠᠶᠢᠨ᠎ᠠ᠃ | ᠵᠣᠴᠢᠨ᠄ ᠬᠥᠲᠥᠯᠥᠭᠴᠢ ᠰᠠᠶᠢᠨ ᠤᠤ᠂ ᠦᠵᠡᠭᠴᠢᠳ ᠨᠠᠶᠢᠵᠠ ᠨᠠᠷ ᠰᠠᠶᠢᠨ ᠤᠤ︕ | ᠬᠥᠲᠥᠯᠥᠭᠴᠢ᠄ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠤᠨ ᠲᠤᠬᠠᠢ ᠶᠠᠷᠢᠪᠠᠯ᠂ ᠮᠠᠰᠢ ᠣᠯᠠᠨ ᠣᠯᠠᠨ ᠲᠦᠮᠡᠨ ᠲᠡᠭᠦᠨ ᠤ ᠡᠭᠦᠷᠭᠡ ᠴᠢᠳᠠᠪᠤᠷᠢ ᠶᠢ | ᠲᠡᠶᠢᠮᠦ ᠰᠠᠶᠢᠨ ᠣᠶᠢᠯᠠᠭᠠᠬᠤ ᠦᠭᠡᠢ ᠪᠠᠶᠢᠨ᠎ᠠ᠃ ᠦᠨᠡᠨ ᠳᠡᠭᠡᠨ᠂ ᠮᠥᠩᠭᠦᠨ ᠭᠦᠢᠯᠭᠡᠭᠡᠨ ᠤ ᠠᠯᠪᠠᠨ ᠭᠡᠷ ᠨᠢ ᠭᠤᠣᠯᠳᠠᠭᠤ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ ᠶᠡᠭᠡ ᠵᠦᠢᠯᠡᠰ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠡᠮᠬᠢ ᠵᠢᠷᠤᠮ ᠢ ᠬᠠᠮᠠᠭᠠᠯᠠᠨ᠎ᠠ᠃ ᠲᠡᠭᠡᠪᠡᠯ ᠲᠡᠳᠡ ᠴᠣᠬᠤᠮ ᠶᠠᠭᠤ ᠬᠢᠭᠰᠡᠨ ᠢ ᠪᠢᠳᠡ ᠣᠬᠤᠷ ᠹᠢᠯᠢᠮ ᠢᠶᠠᠷ ᠣᠢᠯᠠᠭᠠᠵᠤ ᠦᠵᠡᠶ᠎ᠡ᠃ | ᠬᠥᠲᠥᠯᠥᠭᠴᠢ᠄ ᠣᠬᠤᠷ ᠹᠢᠯᠢᠮ ᠢᠶᠠᠷ ᠳᠡᠮᠵᠢᠨ᠂ ᠪᠢᠳᠡ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠤᠷᠤᠰᠤᠨ ᠣᠷᠣᠵᠤ᠂ ᠮᠠᠨ ᠤ | ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠶᠢᠨ ᠬᠠᠮᠲᠤ ᠪᠠᠰᠠ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ | ᠡᠵᠡᠮᠳᠡᠵᠦ ᠪᠠᠶᠢᠬᠤ ᠶᠢ ᠣᠯᠵᠤ ᠬᠠᠷᠠᠵᠠᠢ᠃ ᠡᠨᠡ ᠬᠡᠳᠦᠨ ᠵᠢᠯ ᠳᠤ᠂ ᠶᠡᠭᠡ ᠣᠷᠴᠢᠨ ᠲᠣᠭᠤᠷᠢᠨ ᠤ ᠨᠥᠯᠥᠭᠡ ᠨᠢ ᠪᠣᠳᠠᠲᠤ ᠴᠣᠭᠴᠠ ᠶᠢᠨ ᠠᠵᠤ ᠠᠬᠤᠢ ᠳᠤ ᠨᠢᠭᠡᠨ | ᠰᠢᠯᠭᠠᠯᠲᠠ ᠪᠣᠯᠵᠠᠢ᠃ ᠡᠶᠢᠮᠦᠷᠬᠦ ᠰᠢᠯᠭᠠᠯᠲᠠ ᠶᠢᠨ ᠡᠮᠦᠨ᠎ᠡ᠂ ᠮᠠᠨ ᠤ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ᠬᠢᠨ ᠪᠣᠳᠠᠲᠤ ᠴᠣᠭᠴᠠ ᠶᠢᠨ ᠠᠵᠤ | ᠠᠬᠤᠢ ᠶᠢ ᠳᠡᠮᠵᠢᠭᠰᠡᠨ ᠪᠠᠶᠢᠳᠠᠯ ᠶᠠᠮᠠᠷ ᠵᠡᠷᠭᠡ ᠪᠤᠢ︖ | ᠸᠠᠩ ᠹᠦ᠋ ᠴᠢᠤᠸᠠᠨ᠄ ᠮᠥᠩᠭᠦᠨ ᠭᠦᠢᠯᠭᠡᠭᠡᠨ ᠤ ᠲᠠᠯ᠎ᠠ ᠪᠠᠷ ᠬᠦᠴᠦᠯᠡᠨ ᠴᠢᠷᠮᠠᠶᠢᠵᠤ᠂ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠴᠢᠩᠭᠠᠳᠬᠠᠨ᠂ ᠪᠡᠯᠡ | ᠲᠣᠬᠢᠷᠠᠭᠤᠯᠭ᠎ᠠ ᠶᠢᠨ ᠶᠡᠷᠦᠩᠬᠡᠢ ᠬᠡᠮᠵᠢᠶ᠎ᠡ ᠶᠢ ᠬᠦᠴᠦᠯᠡᠨ ᠲᠣᠭᠲᠠᠪᠤᠷᠢᠵᠢᠭᠤᠯᠤᠨ᠎ᠠ᠃ 2022 ᠣᠨ ᠳᠤ ᠨᠡᠶᠢᠲᠡ 48 ᠲᠠᠯᠠᠪᠤᠷ ᠵᠠᠰᠠᠭ ᠮᠥᠩᠭᠦ ᠠᠵᠤ | ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠠᠩᠬ᠎ᠠ ᠤᠳᠠᠭ᠎ᠠ ᠮᠢᠩᠭᠠᠨ ᠳ᠋ᠦᠩᠰᠢᠭᠤᠷ | ᠲᠥᠭᠦᠷᠢᠭ ᠤᠨ ᠪᠣᠭᠤᠮᠲᠠ ᠶᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 11.46% ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ | ᠨᠡᠮᠡᠭᠳᠡᠯ ᠤᠨ ᠬᠤᠷᠳᠤᠴᠠ ᠠᠴᠠ 3.63 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠣᠷᠣᠨ ᠳᠤ ᠨᠢᠭᠡᠳᠦᠭᠡᠷ ᠲᠤ ᠵᠢᠭᠰᠠᠭᠠᠭᠳᠠᠵᠠᠢ᠃ | ᠬᠥᠲᠥᠯᠥᠭᠴᠢ᠄ ᠡᠶᠢᠮᠦ ᠶᠡᠭᠡ ᠵᠢᠭᠡᠯᠡᠯᠭᠡ ᠶᠢᠨ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠪᠢᠳᠡ ᠬᠡᠷᠬᠢᠨ ᠨᠠᠷᠢᠯᠢᠭ ᠣᠨᠣᠴᠠᠲᠠᠢ ᠪᠠᠷ ᠬᠦᠴᠦᠯᠡᠬᠦ ᠪᠣᠶ︖ | ᠳ᠋ᠧᠦ ᠾᠦᠢ ᠮᠢᠨ᠄ ᠪᠢᠳᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠪᠠ ᠬᠠᠩᠭᠠᠯᠭ᠎ᠠ ᠶᠢᠨ ᠰᠢᠰᠲ᠋ᠧᠮᠵᠢ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠤᠨ᠎ᠠ᠃ ᠠᠯᠢ ᠤᠯᠠᠨ ᠲᠦᠷᠦ ᠶᠢᠨ ᠪᠣᠳᠣᠯᠭ᠎ᠠ ᠶᠢ ᠲᠣᠭᠲᠠᠭᠠᠵᠤ᠂ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠬᠦᠴᠢᠷᠳᠡᠯ ᠢ | ᠰᠢᠢᠳᠪᠦᠷᠢᠯᠡᠬᠦ᠂ ᠮᠥᠩᠭᠦᠨ ᠭᠦᠢᠯᠭᠡᠭᠡᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠮᠥᠩᠭᠦᠨ ᠭᠦᠢᠯᠭᠡᠭᠡᠨ ᠤ ᠡᠬᠢ ᠪᠠᠶᠠᠯᠢᠭ ᠤᠨ ᠲᠠᠷᠢᠶᠠᠯᠠᠩ ᠳᠤ | ᠬᠤᠯᠪᠣᠭᠳᠠᠬᠤ ᠪᠠ ᠠᠷᠠᠳ ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠶᠢᠯᠠᠯ ᠳᠤ ᠨᠠᠷᠢᠯᠢᠭ ᠣᠨᠣᠴᠠᠲᠠᠢ ᠪᠠᠷ ᠤᠰᠤᠯᠠᠬᠤ ᠶᠠᠪᠤᠳᠠᠯ ᠢ ᠠᠬᠢᠭᠤᠯᠪᠠ᠃ ᠬᠠᠷᠢᠶ᠎ᠠ | ᠳᠣᠲᠣᠷᠠᠬᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠡᠯ᠎ᠡ ᠵᠦᠢᠯ ᠤᠨ ᠪᠦᠲᠦᠴᠡ ᠶᠢᠨ | ᠴᠢᠨᠠᠷᠲᠠᠢ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠰᠠᠶᠢᠲᠤᠷ ᠬᠡᠷᠡᠭᠯᠡᠭᠦᠯᠵᠦ᠂ 2022 ᠣᠨ ᠳᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠪᠠᠭᠠᠵᠢ ᠶᠢ 9.26 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠬᠢᠨ ᠵᠢᠭᠡᠯᠡᠯᠭᠡ ᠲᠠᠯᠪᠢᠬᠤ | ᠪᠠᠭᠠᠵᠢ ᠶᠢ 5.11 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠤᠨ᠎ᠠ᠃ ᠠᠷᠠᠳ ᠤᠨ ᠪᠠᠩᠬᠢ ᠨᠢ ᠬᠠᠷᠢᠶᠠᠨ ᠳᠠᠬᠢ ᠬᠠᠤᠯᠢ ᠶᠢᠨ ᠡᠷᠬᠡᠲᠡᠨ ᠤ ᠮᠥᠩᠭᠦᠨ | ᠭᠦᠢᠯᠭᠡᠭᠡᠨ ᠤ ᠪᠠᠶᠢᠭᠤᠯᠤᠮᠵᠢ ᠳᠠᠭᠠᠨ ᠲᠠᠷᠢᠶᠠᠯᠠᠩ ᠢ ᠳᠡᠮᠵᠢᠬᠦ᠂ ᠪᠠᠭ᠎ᠠ ᠰᠤᠷᠭᠠᠭᠤᠯᠢ ᠶᠢ ᠳᠡᠮᠵᠢᠬᠦ ᠳᠠᠬᠢᠨ ᠵᠢᠭᠡᠯᠡᠯᠭᠡ ᠶᠢ ᠨᠡᠶᠢᠲᠡ 26.85 ᠳ᠋ᠦᠩᠰᠢᠭᠤᠷ ᠲᠥᠭᠦᠷᠢᠭ | ᠲᠠᠯᠪᠢᠪᠠ᠃ | ᠪᠢᠳᠡ ᠵᠢᠭᠡᠯᠡᠯᠭᠡ ᠶᠢᠨ ᠪᠦᠲᠦᠴᠡ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠵᠠᠩᠭᠢᠯᠠᠭ᠎ᠠ ᠳᠤ ᠦᠵᠡᠭᠦᠯᠬᠦ ᠳᠡᠮᠵᠢᠯᠭᠡ ᠪᠠᠨ | ᠨᠡᠮᠡᠭᠳᠡᠭᠦᠯᠪᠡ᠃ ᠲᠠᠪᠤᠨ ᠭᠤᠣᠯᠳᠠᠯᠭ᠎ᠠ ᠲᠠᠢ ᠬᠦᠷᠢᠶᠡᠨ ᠳᠠᠬᠢ ᠪᠡᠯᠡ ᠲᠣᠬᠢᠷᠠᠭᠤᠯᠬᠤ ᠬᠡᠷᠡᠭᠴᠡᠭᠡᠨ ᠤ ᠬᠥᠮᠥᠷᠭᠡ ᠶᠢ ᠪᠠᠶᠢᠭᠤᠯᠵᠤ᠂ ᠪᠠᠩᠬᠢ ᠶᠢᠨ ᠦᠢᠯᠡᠰ ᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠶᠢᠯᠠᠯ ᠪᠠ ᠵᠦᠢᠯᠡᠰ ᠲᠠᠢ ᠢᠳᠡᠪᠬᠢᠲᠡᠢ ᠪᠠᠷ ᠵᠣᠯᠭᠠᠭᠤᠯᠤᠨ᠎ᠠ᠃ | 2022 ᠣᠨ ᠳᠤ᠂ ᠪᠥᠬᠦ ᠬᠤᠲᠠ ᠶᠢᠨ ᠦᠢᠯᠡᠳᠬᠦ ᠦᠢᠯᠡᠰ ᠤᠨ ᠵᠢᠭᠡᠯᠡᠯᠭᠡ᠂ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ᠂ ᠪᠣᠬᠢᠷᠲᠤᠯ ᠦᠭᠡᠢ ᠵᠢᠭᠡᠯᠡᠯᠭᠡ᠂ | ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰ ᠲᠣᠰ 48.84 ᠳ᠋ᠦᠩᠰᠢᠭᠤᠷ ᠲᠥᠭᠦᠷᠢᠭ᠂ 584.46 ᠳ᠋ᠦᠩᠰᠢᠭᠤᠷ | ᠲᠥᠭᠦᠷᠢᠭ᠂ 83.58 ᠳ᠋ᠦᠩᠰᠢᠭᠤᠷ ᠲᠥᠭᠦᠷᠢᠭ᠂ 184.61 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ | ᠲᠣᠰ 9.53%᠂ 9.76%᠂ 37.25%᠂ 11.91% ᠪᠠᠷ ᠨᠡᠮᠡᠭᠳᠡᠪᠡ᠃ | ᠡᠭᠦᠨ ᠤ ᠬᠠᠮᠲᠤ᠂ ᠪᠢᠳᠡ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ | ᠬᠦᠴᠦᠨ ᠢᠶᠠᠷ ᠢᠶᠠᠨ ᠰᠢᠯᠢᠳᠡᠭᠵᠢᠭᠦᠯᠪᠡ᠃ ᠣᠶᠢᠷ᠎ᠠ ᠶᠢᠨ ᠬᠡᠳᠦᠨ ᠵᠢᠯ ᠳᠤ᠂ ᠮᠠᠨ ᠤ ᠬᠤᠲᠠ ᠶᠢᠨ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠤᠭᠤᠳ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠤ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ︽ᠣᠯᠠᠨ ᠨᠢᠭᠡᠳᠦᠭᠡᠷ︾ ᠢ | ᠪᠡᠶᠡᠯᠡᠭᠦᠯᠪᠡ᠃ ᠠᠮᠢᠳᠤ ᠪᠠᠷ ᠪᠠᠷᠢᠴᠠᠭᠠᠯᠠᠬᠤ᠂ ᠬᠥᠳᠡᠭᠡ ᠲᠣᠰᠬᠤᠨ ᠤ ᠳᠠᠭᠠᠭᠠᠴᠢᠯᠠᠭᠰᠠᠨ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠪᠠᠷᠢᠴᠠᠭᠠᠲᠤ | ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰ ᠲᠣᠰ 22.5 ᠳ᠋ᠦᠩᠰᠢᠭᠤᠷ ᠲᠥᠭᠦᠷᠢᠭ᠂ 16 ᠳ᠋ᠦᠩᠰᠢᠭᠤᠷ ᠲᠥᠭᠦᠷᠢᠭ ᠪᠠᠶᠢᠵᠤ᠂ ᠲᠣᠰ ᠲᠣᠰ 205.71%᠂ | 53.85% ᠪᠠᠷ ᠨᠡᠮᠡᠭᠳᠡᠪᠡ᠃ | ᠬᠥᠲᠥᠯᠥᠭᠴᠢ᠄ ᠡᠶᠢᠮᠦᠷᠬᠦ ᠤᠷᠢᠳᠴᠢᠯᠠᠭᠰᠠᠨ ᠲᠥᠯᠦᠪᠵᠢᠭᠦᠯᠭᠡ ᠪᠠ ᠨᠠᠷᠢᠯᠢᠭ ᠣᠨᠣᠴᠠᠲᠠᠢ ᠦᠢᠯᠡᠴᠢᠯᠡᠭᠡ ᠪᠠᠷ ᠳᠡᠮᠵᠢᠨ᠂ ᠮᠠᠰᠢ ᠣᠯᠠᠨ ᠠᠵᠤ ᠠᠬᠤᠶᠢᠯᠠᠯ | ᠦᠨᠡᠨ ᠪᠣᠳᠠᠲᠠᠢ ᠠᠰᠢᠭ ᠣᠷᠣᠯᠭ᠎ᠠ ᠣᠯᠣᠭᠰᠠᠨ ᠪᠠᠶᠢᠨ᠎ᠠ᠃ ᠮᠥᠩᠭᠦᠨ ᠭᠦᠢᠯᠭᠡᠭᠡᠨ ᠤ ᠲᠤᠬᠠᠢ ᠶᠠᠷᠢᠪᠠᠯ᠂ ᠮᠠᠨ ᠤ ᠠᠷᠠᠳ ᠲᠦᠮᠡᠨ ᠤ ᠬᠠᠮᠤᠭ ᠤᠨ ᠲᠦᠷᠦᠭᠦᠨ ᠳᠤ | ᠪᠤᠳᠤᠵᠤ ᠣᠯᠳᠠᠭ ᠨᠢ ᠬᠥᠷᠥᠩᠭᠡ ᠶᠢᠨ ᠵᠠᠬ᠎ᠠ ᠳᠡᠯᠭᠡᠭᠦᠷ ᠪᠣᠯᠣᠨ᠎ᠠ᠂ ᠮᠠᠨ ᠤ ᠪᠠᠶᠠᠨᠨᠠᠭᠤᠷ ᠤᠨ ᠤᠳᠤ ᠶᠢᠨ ᠬᠥᠷᠥᠩᠭᠡ ᠶᠢᠨ ᠵᠠᠬ᠎ᠠ ᠳᠡᠯᠭᠡᠭᠦᠷ ᠶᠡᠭᠡ ᠲᠥᠯᠥᠪ ᠶᠠᠮᠠᠷ | ᠪᠠᠶᠢᠳᠠᠯ ᠲᠠᠢ ᠪᠠᠶᠢᠭ᠎ᠠ ᠪᠤᠢ︖ | ᠸᠠᠩ ᠹᠦ᠋ ᠴᠢᠤᠸᠠᠨ᠄ ᠣᠳᠣᠬᠠᠨ ᠳᠤ᠂ ᠮᠠᠨ ᠤ ᠬᠤᠲᠠ ᠳᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠨᠢᠭᠡ ︵ᠥᠪᠥᠷ ᠮᠣᠩᠭᠤᠯ ᠤᠨ | ᠲᠣᠮᠣ ᠳᠤᠮᠳᠠ ᠠᠭᠤᠷᠬᠠᠢ ᠶᠢᠨ ᠦᠢᠯᠡᠰ︶ ᠪᠣᠶ︔ ᠰᠢᠨ᠎ᠡ ᠰᠠᠨ ᠪᠠᠨ ᠺᠣᠮᠫᠠᠨᠢ ᠳᠥᠷᠪᠡ ︵ᠤᠹᠧᠯᠢ᠂ ᠰᠠᠨ ᠷᠦᠢ ᠲᠠᠷᠢᠶᠠᠯᠠᠩ ᠤᠨ ᠰᠢᠨᠵᠢᠯᠡᠬᠦ ᠤᠬᠠᠭᠠᠨ᠂ | ᠲᠢᠶᠠᠨ ᠢᠦᠢ ᠶᠤᠸᠠᠨ᠂ ᠷᠦᠨ ᠽᠧ ᠠᠮᠢᠳᠤ ᠪᠣᠳᠠᠰ︶ ᠪᠣᠶ︔ ᠰᠢᠨ᠎ᠡ ᠰᠠᠨ ᠪᠠᠨ ᠺᠣᠮᠫᠠᠨᠢ ᠳᠥᠷᠪᠡ ︵ᠠᠦ᠋ᠰᠲᠷᠠᠯᠢᠶ᠎ᠠ ᠶᠢᠨ ᠹᠢᠯᠢᠫ᠂ ᠰᠠᠨ ᠷᠦᠢ ᠲᠠᠷᠢᠶᠠᠯᠠᠩ ᠤᠨ | ᠰᠢᠨᠵᠢᠯᠡᠬᠦ ᠤᠬᠠᠭᠠᠨ᠂ ᠲᠢᠶᠠᠨ ᠢᠦᠢ ᠶᠤᠸᠠᠨ᠂ ᠷᠦᠨ ᠽᠧ ᠠᠮᠢᠳᠤ ᠪᠣᠳᠠᠰ︶︔ ᠦᠨᠡᠲᠦ ᠲᠡᠮᠳᠡᠭᠲᠦ ᠶᠢᠨ ᠰᠠᠯᠪᠤᠷᠢ ᠪᠠᠶᠢᠭᠤᠯᠤᠮᠵᠢ ᠭᠤᠷᠪᠠ ᠪᠤᠢ︔ | ᠬᠤᠪᠢ ᠪᠠᠷ ᠢᠶᠠᠨ ᠴᠤᠭᠯᠠᠭᠤᠯᠤᠭᠰᠠᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠬᠤᠶᠠᠷ ᠪᠣᠶ᠃ | ᠬᠥᠲᠥᠯᠥᠭᠴᠢ᠄ ᠡᠲᠡᠭᠡᠷ ᠠᠵᠤ ᠠᠬᠤᠶᠢᠯᠠᠯ ᠤᠳ ᠲᠤ ᠠᠪᠴᠤ ᠬᠡᠯᠡᠪᠡᠯ᠂ ᠪᠢᠳᠡ ᠶᠠᠮᠠᠷ ᠶᠠᠮᠠᠷ ᠦᠢᠯᠡᠴᠢᠯᠡᠭᠡ ᠬᠠᠩᠭᠠᠵᠤ ᠴᠢᠳᠠᠬᠤ ᠪᠣᠶ︖ ᠬᠥᠷᠥᠩᠭᠡ ᠶᠢᠨ | ᠡᠷᠡᠭᠦᠯ ᠢᠶᠠᠷ ᠬᠥᠭᠵᠢᠬᠦ ᠶᠢ ᠬᠡᠷᠬᠢᠨ ᠵᠢᠷᠤᠮᠵᠢᠭᠤᠯᠵᠤ ᠬᠥᠲᠥᠯᠥᠨ ᠵᠢᠯᠤᠭᠤᠳᠬᠤ ᠪᠣᠶ︖ ᠡᠭᠦᠨ ᠢ ᠪᠣᠳᠠᠲᠠᠢ ᠪᠠᠷ ᠬᠡᠯᠡᠪᠡᠯ᠂ ᠪᠢᠳᠡ ᠶᠠᠮᠠᠷ ᠶᠠᠮᠠᠷ ᠦᠢᠯᠡᠴᠢᠯᠡᠭᠡ | ᠬᠠᠩᠭᠠᠵᠤ ᠴᠢᠳᠠᠬᠤ ᠪᠣᠶ︖ ᠬᠥᠷᠥᠩᠭᠡ ᠶᠢᠨ ᠡᠷᠡᠭᠦᠯ ᠢᠶᠠᠷ ᠬᠥᠭᠵᠢᠬᠦ ᠶᠢ ᠬᠡᠷᠬᠢᠨ ᠵᠢᠷᠤᠮᠵᠢᠭᠤᠯᠵᠤ ᠬᠥᠲᠥᠯᠥᠨ ᠵᠢᠯᠤᠭᠤᠳᠬᠤ ᠪᠣᠶ︖ | ᠸᠠᠩ ᠹᠦ᠋ ᠴᠢᠤᠸᠠᠨ᠄ ᠪᠢᠳᠡ ᠢᠮᠠᠭᠲᠠ ᠬᠥᠷᠥᠩᠭᠡ ᠶᠢᠨ ᠵᠠᠬ᠎ᠠ ᠳᠡᠯᠭᠡᠭᠦᠷ ᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ | ᠬᠥᠳᠡᠯᠭᠡᠭᠦᠷ ᠪᠠ ᠴᠢᠬᠤᠯᠠ ᠭᠠᠷᠳᠠᠴᠠ ᠪᠣᠯᠭᠠᠵᠤ᠂ ︽ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠠᠵᠤ ᠠᠬᠤᠶᠢᠯᠠᠯ ᠢᠶᠠᠷ ᠭᠤᠣᠯᠯᠠᠭᠤᠯᠬᠤ᠂ ᠮᠥᠩᠭᠦᠨ | ᠭᠦᠢᠯᠭᠡᠭᠡᠨ ᠢᠶᠠᠷ ᠳᠡᠮᠵᠢᠬᠦ᠂ ᠲᠥᠷᠥᠯ ᠬᠤᠪᠢᠶᠠᠨ ᠠᠬᠢᠭᠤᠯᠬᠤ︾ ᠶᠢ ᠪᠠᠷᠢᠮᠲᠠᠯᠠᠨ᠎ᠠ᠃ 2021 ᠣᠨ ᠤ 5 ᠰᠠᠷ᠎ᠠ ᠶᠢᠨ 10 ᠤ ᠡᠳᠦᠷ᠂ ᠳ᠋ᠠ ᠵᠥᠩ | ᠠᠭᠤᠷᠬᠠᠢ ᠶᠢᠨ ᠦᠢᠯᠡᠰ ᠱᠧᠨᠵᠧᠨ ᠤ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠠᠮᠵᠢᠯᠲᠠ ᠲᠠᠢ ᠪᠠᠷ ᠵᠠᠬ᠎ᠠ ᠳᠡᠯᠭᠡᠭᠦᠷ ᠲᠤ ᠭᠠᠷᠴᠤ᠂ ᠲᠣᠰ ᠭᠠᠵᠠᠷ | ᠣᠷᠣᠨ ᠤ ᠠᠵᠤ ᠠᠬᠤᠶᠢᠯᠠᠯ ᠤᠨ A ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ︽ᠲᠡᠭ ᠢ ᠰᠢᠪᠲᠤᠯᠬᠤ︾ ᠶᠢ ᠪᠡᠶᠡᠯᠡᠭᠦᠯᠪᠡ᠃ ᠨᠢᠳᠤᠨᠤᠨ ᠪᠠᠰᠠ | ᠱᠧᠨᠵᠧᠨ ᠤ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠰᠢᠯᠵᠢᠭᠦᠯᠵᠦ ᠪᠣᠯᠬᠤ ᠵᠢᠭᠡᠯᠡᠯᠭᠡ ᠶᠢᠨ ᠵᠣᠭᠤᠰ ᠢ 15.2 ᠳ᠋ᠦᠩᠰᠢᠭᠤᠷ ᠲᠥᠭᠦᠷᠢᠭ | ᠠᠮᠵᠢᠯᠲᠠ ᠲᠠᠢ ᠪᠠᠷ ᠲᠠᠷᠬᠠᠭᠠᠪᠠ᠃ ᠮᠠᠨ ᠤ ᠬᠤᠲᠠ ᠤᠷᠢᠳ ᠬᠤᠵᠢᠳ ︽ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ᠱᠠᠩᠨᠠᠵᠤ ᠨᠥᠬᠦᠪᠦᠷᠢᠯᠡᠬᠦ | ᠠᠷᠭ᠎ᠠ︾᠂ ︽ᠣᠯᠠᠨ ᠲᠠᠰ ᠳᠠᠪᠬᠤᠷᠭ᠎ᠠ ᠶᠢᠨ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ ᠠᠵᠤ ᠠᠬᠤᠶᠢᠯᠠᠯ ᠤᠨ ᠪᠡᠯᠡᠳᠬᠡᠯ ᠬᠥᠮᠥᠷᠭᠡ ᠶᠢᠨ ᠬᠠᠮᠢᠶᠠᠷᠤᠯᠲᠠ ᠶᠢᠨ | ᠠᠷᠭ᠎ᠠ︾ ᠵᠡᠷᠭᠡ ᠳᠦᠷᠢᠮ ᠢ ᠲᠣᠭᠲᠠᠭᠠᠨ ᠨᠡᠶᠢᠲᠡᠯᠡᠵᠦ᠂ ᠨᠢᠭᠡᠨᠲᠡ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ ᠫᠠᠶᠢᠰᠠ ᠡᠯᠭᠦᠬᠦ | ᠡᠩᠨᠡᠭᠡ ᠶᠢ ᠠᠩᠬ᠎ᠠ ᠠᠯᠬᠤᠮ ᠪᠠᠶᠢᠭᠤᠯᠤᠭᠰᠠᠨ ᠪᠠᠶᠢᠨ᠎ᠠ᠃ ︽ᠬᠤᠭᠤᠴᠠᠭᠠᠲᠤ ᠪᠠᠷᠠᠭ᠎ᠠ + ᠳᠠᠭᠠᠳᠬᠠᠯ︾ ᠤᠨ ᠲᠤᠬᠠᠶᠢᠯᠠᠭᠰᠠᠨ ᠠᠵᠢᠯ ᠢ ᠥᠷᠨᠢᠭᠦᠯᠬᠦ ᠲᠠᠯ᠎ᠠ ᠪᠠᠷ᠂ | ᠤᠷᠠᠳ ᠤᠨ ᠳᠤᠮᠳᠠᠳᠤ ᠬᠤᠰᠢᠭᠤᠨ ᠤ ᠡᠷᠳᠡᠨᠢ ᠰᠢᠰᠢ ᠶᠢᠨ ᠣᠷᠣᠯᠭ᠎ᠠ ᠶᠢᠨ ︽ᠳᠠᠭᠠᠳᠬᠠᠯ + ᠬᠤᠭᠤᠴᠠᠭᠠᠲᠤ ᠪᠠᠷᠠᠭ᠎ᠠ︾ ᠶᠢᠨ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠠᠮᠵᠢᠯᠲᠠ ᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠠᠮᠵᠢᠯᠲᠠ ᠲᠠᠢ ᠪᠠᠷ ᠲᠥᠷᠥᠯ ᠵᠦᠢᠯ ᠲᠣᠭᠲᠠᠭᠠᠭᠰᠠᠨ | ᠲᠣᠮᠣ ᠬᠤᠳᠠᠯᠳᠤᠭᠠᠨ ᠤ ᠭᠠᠵᠠᠷ ᠤᠨ ᠰᠢᠶᠠᠨ ᠤ ᠬᠡᠪᠴᠢᠶᠡᠨ ᠤ ᠡᠷᠳᠡᠨᠢ ᠰᠢᠰᠢ ᠶᠢᠨ ᠲᠤᠷᠰᠢᠯᠲᠠ ᠶᠢᠨ ᠲᠥᠷᠥᠯ ᠵᠦᠢᠯ ᠪᠣᠯᠪᠠ᠃ ᠲᠣᠰ ᠲᠥᠷᠥᠯ ᠵᠦᠢᠯ ᠨᠢ ᠮᠠᠨ ᠤ | ᠬᠤᠲᠠ ᠶᠢᠨ 41.34 ᠲᠦᠮᠡᠨ ᠮᠦ ᠡᠷᠳᠡᠨᠢ ᠰᠢᠰᠢ ᠳᠤ 7.5 ᠳ᠋ᠦᠩᠰᠢᠭᠤᠷ ᠲᠥᠭᠦᠷᠢᠭ ᠤᠨ ᠲᠦᠭᠰᠢᠭᠦᠷᠢ ᠶᠢᠨ ᠪᠠᠲᠤᠯᠠᠭ᠎ᠠ ᠬᠠᠩᠭᠠᠵᠤ᠂ ᠡᠷᠳᠡᠨᠢ ᠰᠢᠰᠢ ᠶᠢᠨ | ᠦᠨ᠎ᠡ ᠪᠠᠭᠤᠷᠠᠭᠰᠠᠨ ᠠᠴᠠ ᠪᠣᠯᠵᠤ 2152.83 ᠲᠦᠮᠡᠨ ᠲᠥᠭᠦᠷᠢᠭ ᠤᠨ ᠲᠥᠯᠥᠪᠦᠷᠢ ᠥᠭᠬᠦ ᠶᠢ ᠪᠡᠶᠡᠯᠡᠭᠦᠯᠪᠡ᠃ ᠪᠠᠰᠠ ︽ᠭᠠᠭ᠋ᠠᠢ ᠶᠢᠨ ᠬᠤᠭᠤᠴᠠᠭᠠᠲᠤ ᠪᠠᠷᠠᠭ᠎ᠠ | + ᠳᠠᠭᠠᠳᠬᠠᠯ︾ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ᠪᠢᠳᠡ ᠪᠠᠰᠠ ᠬᠤᠭᠤᠴᠠᠭᠠᠲᠤ ᠪᠠᠷᠠᠭᠠᠨ ᠤ ᠰᠢᠷᠢᠰ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠪᠠᠰᠠ ᠨᠡᠷᠡᠨ ᠬᠤᠸᠠᠷ ᠤᠨ ᠦᠷ᠎ᠡ ᠶᠢ ᠰᠢᠨ᠎ᠡ ᠬᠤᠭᠤᠴᠠᠭᠠᠲᠤ ᠪᠠᠷᠠᠭᠠᠨ ᠤ ᠲᠥᠷᠥᠯ ᠵᠦᠢᠯ ᠤᠨ ᠬᠤᠪᠢ ᠪᠠᠷ ᠵᠧᠩᠵᠧᠦ ᠶᠢᠨ | ᠲᠠᠸᠠᠷ ᠤᠨ ᠠᠷᠠᠯᠵᠢᠶᠠᠨ ᠤ ᠭᠠᠵᠠᠷ ᠲᠤ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠭᠠᠬᠤ ᠶᠢ ᠣᠯᠠᠨ ᠤᠳᠠᠭ᠎ᠠ ᠵᠣᠯᠭᠠᠭᠤᠯᠤᠨ ᠵᠥᠪᠳᠡᠯᠴᠡᠪᠡ᠃ | ᠬᠥᠲᠥᠯᠥᠭᠴᠢ᠄ ︽ᠬᠤᠭᠤᠴᠠᠭᠠᠲᠤ ᠪᠠᠷᠠᠭ᠎ᠠ + ᠳᠠᠭᠠᠳᠬᠠᠯ︾ ᠨᠢ ᠮᠥᠨ ᠴᠦ ᠮᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠳᠤ | ᠦᠢᠯᠡᠴᠢᠯᠡᠬᠦ ᠰᠢᠨ᠎ᠡ ᠬᠡᠪ ᠵᠠᠭᠪᠤᠷ ᠪᠣᠯᠣᠨ᠎ᠠ᠃ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠠᠴᠠ ᠭᠠᠳᠠᠨ᠎ᠠ᠂ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠴᠤ ᠮᠠᠨ ᠤ ᠨᠢᠭᠡ ᠶᠡᠭᠡ ᠡᠭᠦᠷᠭᠡ ᠬᠠᠷᠢᠭᠤᠴᠠᠯᠭ᠎ᠠ ᠪᠣᠯᠣᠨ᠎ᠠ᠃ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠬᠤ ᠨᠢ ᠣᠷᠣᠨ ᠨᠤᠲᠤᠭ ᠤᠨ ᠠᠵᠤ | ᠠᠬᠤᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠵᠦ ᠴᠢᠳᠠᠬᠤ ᠡᠰᠡᠬᠦ ᠲᠠᠢ ᠬᠤᠯᠪᠣᠭᠳᠠᠵᠤ ᠪᠠᠶᠢᠳᠠᠭ᠃ ᠡᠨᠡ ᠲᠠᠯ᠎ᠠ ᠪᠠᠷ ᠪᠢᠳᠡᠨ ᠳᠤ ᠶᠠᠮᠠᠷ ᠰᠠᠶᠢᠨ | ᠠᠷᠭ᠎ᠠ ᠪᠠᠶᠢᠬᠤ ᠪᠤᠢ︖ | ᠸᠠᠩ ᠹᠦ᠋ ᠴᠢᠤᠸᠠᠨ᠄ ᠪᠢᠳᠡ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠢᠮᠠᠭᠲᠠ ᠲᠣᠪᠣᠶᠢᠮ᠎ᠠ ᠪᠠᠶᠢᠷᠢᠨ ᠳᠤ ᠲᠠᠯᠪᠢᠵᠤ᠂ | ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠢ ᠡᠷᠡᠰ ᠰᠠᠶᠢᠲᠤᠷ ᠬᠢᠨ᠎ᠡ᠃ ᠣᠳᠣᠬᠠᠨ ᠳᠤ᠂ ᠮᠠᠨ ᠤ | ᠬᠤᠲᠠ ᠶᠢᠨ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠠᠶᠤᠯ ᠲᠦᠭᠰᠢᠭᠦᠷᠢ ᠶᠢ ᠡᠵᠡᠮᠳᠡᠵᠦ ᠳᠡᠶᠢᠯᠬᠦ | ᠬᠡᠮᠵᠢᠶᠡᠨ ᠳᠤ ᠬᠦᠷᠴᠡᠢ᠃ 2022 ᠣᠨ ᠳᠤ ᠪᠢᠳᠡ ᠣᠷᠣᠨ ᠨᠤᠲᠤᠭ ᠤᠨ ᠬᠠᠤᠯᠢ ᠶᠢᠨ ᠬᠥᠮᠥᠨ ᠤ ᠠᠶᠤᠯ ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠠᠷᠢᠯᠭᠠᠬᠤ ᠶᠢ ᠠᠬᠢᠭᠤᠯᠬᠤ ᠬᠤᠷᠠᠯ ᠢ 15 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠴᠢᠭᠯᠡᠭᠦᠯᠬᠦ | ᠴᠢᠨᠠᠷᠲᠠᠢ ᠪᠠᠷ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ | ᠰᠢᠢᠳᠪᠦᠷᠢᠯᠡᠬᠦ ᠠᠬᠢᠴᠠ ᠶᠢ ᠲᠦᠷᠭᠡᠳᠬᠡᠪᠡ᠃ ᠣᠶᠢᠷ᠎ᠠ ᠶᠢᠨ ᠬᠤᠶᠠᠷ ᠵᠢᠯ ᠳᠤ 35 ᠳ᠋ᠦᠩᠰᠢᠭᠤᠷ ᠲᠥᠭᠦᠷᠢᠭ ᠤᠨ ᠲᠤᠰᠬᠠᠢ ᠲᠥᠷᠥᠯ ᠤᠨ ᠵᠢᠭᠡᠯᠡᠯᠭᠡ ᠶᠢ ᠲᠡᠮᠡᠴᠡᠨ | ᠣᠯᠵᠤ᠂ 4 ᠳᠤᠮᠳᠠ ᠵᠢᠵᠢᠭ ᠪᠠᠩᠬᠢ ᠶᠢᠨ ᠬᠥᠷᠥᠩᠭᠡ ᠶᠢ ᠨᠥᠬᠦᠪᠦᠷᠢᠯᠡᠪᠡ᠃ ᠬᠠᠤᠯᠢ ᠴᠠᠭᠠᠵᠠ ᠶᠢᠨ ᠢᠯᠭᠠᠷᠠᠭᠤᠯᠤᠨ ᠬᠤᠷᠢᠶᠠᠬᠤ᠂ ᠠᠯᠪᠠᠨ ᠲᠤᠰᠢᠶᠠᠯᠲᠠᠨ ᠤ | ᠵᠢᠭᠡᠯᠡᠯᠭᠡ ᠶᠢ ᠨᠡᠬᠡᠮᠵᠢᠯᠡᠨ ᠬᠤᠷᠢᠶᠠᠬᠤ᠂ ᠰᠢᠯᠵᠢᠭᠦᠯᠦᠨ ᠥᠭᠭᠦᠭᠰᠡᠨ ᠨᠢ ᠮᠠᠭᠤ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠶᠢ ᠨᠡᠮᠡᠭᠳᠡᠭᠦᠯᠬᠦ ᠪᠠᠷ ᠳᠠᠮᠵᠢᠭᠤᠯᠤᠨ᠂ | ᠡᠷᠡᠭᠦᠯ ᠪᠤᠰᠤ ᠵᠢᠭᠡᠯᠡᠯᠭᠡ ᠶᠢᠨ ᠦᠯᠡᠳᠡᠪᠦᠷᠢ ᠲᠤᠭ᠎ᠠ ᠪᠠ ᠡᠷᠡᠭᠦᠯ ᠪᠤᠰᠤ ᠵᠢᠭᠡᠯᠡᠯᠭᠡ ᠶᠢᠨ ᠨᠤᠷᠮ᠎ᠠ ᠶᠢ ᠶᠡᠭᠡ ᠬᠡᠮᠵᠢᠶ᠎ᠡ ᠪᠠᠷ ᠵᠡᠷᠭᠡᠪᠡᠷ ᠪᠠᠭᠤᠷᠠᠭᠤᠯᠬᠤ ᠶᠢ ᠪᠡᠶᠡᠯᠡᠭᠦᠯᠪᠡ᠃ | ᠪᠢᠳᠡ ᠪᠠᠰᠠ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠪᠦᠬᠦ ᠬᠤᠳᠠ ᠶᠢᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ ᠳᠤ ᠨᠡᠶᠢᠴᠡᠭᠰᠡᠨ ᠡᠷᠡᠭᠦᠯ ᠬᠥᠭᠵᠢᠯᠲᠡ ᠶᠢ | ᠠᠬᠢᠭᠤᠯᠤᠨ᠎ᠠ᠃ | ᠬᠥᠲᠥᠯᠥᠭᠴᠢ᠄ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠡᠷᠭᠡᠶᠢᠯᠡᠯᠲᠡ ᠶᠢᠨ ᠬᠡᠷᠡᠮ ᠢ ᠪᠠᠶᠢᠭᠤᠯᠵᠤ᠂ ᠮᠠᠨ ᠤ ᠮᠥᠩᠭᠦᠨ ᠭᠦᠢᠯᠭᠡᠭᠡᠨ ᠤ | ᠲᠣᠭᠲᠠᠭᠤᠨ ᠪᠠᠶᠢᠳᠠᠯ ᠢ ᠪᠠᠲᠤᠯᠠᠭᠰᠠᠨ ᠲᠠᠢ ᠠᠳᠠᠯᠢ᠃ ᠲᠣᠭᠯᠠᠯᠲᠠ ᠡᠬᠢᠯᠡᠬᠦ ᠠᠴᠠ ᠡᠮᠦᠨ᠎ᠡ᠂ ᠪᠢᠳᠡ ᠠᠵᠤ ᠠᠬᠤᠢᠯᠠᠯ ᠤᠨ ᠡᠵᠡᠨ ᠪᠣᠯᠣᠨ ᠬᠤᠲᠠ ᠶᠢᠨ | ᠠᠷᠠᠳ ᠠᠴᠠ ᠡᠳᠦᠢ ᠲᠡᠳᠦᠢ ᠠᠰᠠᠭᠤᠳᠠᠯ ᠴᠤᠭᠯᠠᠭᠤᠯᠵᠠᠢ᠃ ᠲᠡᠳᠡᠨ ᠤ ᠮᠠᠨ ᠤ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠲᠤ ᠶᠠᠮᠠᠷ ᠰᠠᠨᠠᠭᠤᠯᠭ᠎ᠠ ᠪᠠ ᠬᠦᠰᠡᠯ | ᠡᠷᠡᠮᠡᠯᠵᠡᠯ ᠲᠠᠢ ᠪᠠᠶᠢᠬᠤ ᠶᠢ ᠦᠵᠡᠶ᠎ᠡ᠃ | ᠠᠵᠤ ᠠᠬᠤᠶᠢᠯᠠᠯ ᠤᠨ ᠡᠵᠡᠨ᠄ ᠪᠡᠯᠡ ᠮᠥᠩᠭᠦᠨ ᠤ ᠠᠰᠠᠭᠤᠳᠠᠯ ᠨᠢ ᠠᠵᠤ ᠠᠬᠤᠶᠢᠯᠠᠯ ᠤᠨ ᠬᠥᠭᠵᠢᠯᠲᠡ ᠳᠤ ᠨᠡᠯᠢᠶᠡᠳ ᠶᠡᠭᠡ ᠨᠥᠯᠥᠭᠡ ᠲᠠᠢ ᠶᠤᠮ᠂ ᠪᠢᠳᠡ | ᠵᠢᠭᠡᠯᠡᠯᠭᠡ ᠶᠢᠨ ᠦᠢᠯᠡᠳᠬᠦᠨ ᠢ ᠢᠯᠡᠭᠦᠦ ᠰᠢᠭ ᠪᠣᠯᠭᠠᠵᠤ᠂ ᠭᠠᠷ ᠭᠦᠢᠴᠡᠳᠬᠡᠯ ᠢ ᠨᠢ ᠤᠯᠠᠮ ᠲᠦᠭᠦᠮ ᠪᠣᠯᠭᠠᠵᠤ᠂ ᠬᠦᠦ ᠮᠥᠩᠭᠦ ᠶᠢᠨ ᠨᠤᠷᠮ᠎ᠠ ᠶᠢ ᠨᠢ ᠤᠯᠠᠮ | ᠳᠣᠣᠷ᠎ᠠ ᠪᠣᠯᠭᠠᠬᠤ ᠶᠢ ᠬᠦᠰᠡᠵᠦ ᠪᠠᠶᠢᠨ᠎ᠠ᠃ | ᠬᠤᠲᠠ ᠶᠢᠨ ᠠᠷᠠᠳ᠄ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠮᠡᠲᠦ ᠶᠢᠨ ᠮᠥᠩᠭᠦᠨ ᠭᠦᠢᠯᠭᠡᠭᠡᠨ ᠤ ᠶᠠᠯᠠᠲᠤ ᠠᠵᠢᠯᠯᠠᠭ᠎ᠠ ᠳᠤ ᠪᠢᠳᠡᠨ ᠳᠤ ᠶᠠᠮᠠᠷ | ᠰᠠᠢᠨ ᠠᠷᠭ᠎ᠠ ᠪᠠᠶᠢᠬᠤ ᠪᠤᠢ︖ | ᠬᠤᠲᠠ ᠶᠢᠨ ᠠᠷᠠᠳ᠄ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠡᠰᠡᠬᠦ ᠶᠢ ᠪᠢᠳᠡ ᠬᠡᠷᠬᠢᠨ ᠢᠯᠭᠠᠬᠤ ᠪᠣᠶ︖ | ᠬᠥᠲᠥᠯᠥᠭᠴᠢ᠄ ᠡᠩ ᠲᠡᠷᠢᠭᠦᠨ ᠳᠤ ᠮᠥᠩᠭᠦᠨ ᠭᠦᠢᠯᠭᠡᠭᠡᠨ ᠤ ᠦᠢᠯᠡᠳᠬᠦᠨ ᠪᠠ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠲᠤᠬᠠᠢ | ᠬᠦᠰᠡᠯ ᠡᠷᠡᠮᠡᠯᠵᠡᠯ ᠪᠣᠯᠣᠨ᠎ᠠ᠃ | ᠳ᠋ᠧᠦ ᠾᠦᠢ ᠮᠢᠨ᠄ 2022 ᠣᠨ ᠳᠤ ᠮᠠᠨ ᠤ ᠬᠤᠲᠠ ᠶᠢᠨ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠢᠯᠡᠳᠬᠦ ᠦᠢᠯᠡᠰ᠂ ᠪᠣᠬᠢᠷᠲᠤᠯ ᠦᠭᠡᠢ ᠠᠵᠤ ᠦᠢᠯᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠵᠡᠷᠭᠡ ᠬᠦᠷᠢᠶᠡᠨ ᠳᠤ ᠴᠢᠭᠯᠡᠭᠦᠯᠦᠨ ᠨᠡᠶᠢᠲᠡ 42 ᠵᠦᠢᠯ ᠤᠨ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠭᠠᠷᠭᠠᠵᠤ᠂ ᠪᠣᠳᠠᠲᠠᠢ ᠵᠢᠭᠡᠯᠡᠯᠭᠡ ᠶᠢᠨ ᠬᠦᠦ ᠮᠥᠩᠭᠦ ᠶᠢᠨ | ᠨᠣᠷᠮ᠎ᠠ ᠶᠢ ᠪᠠᠭᠤᠷᠠᠭᠤᠯᠤᠨ᠂ ᠰᠠᠨᠠᠭᠠᠴᠢᠯᠠᠭ᠎ᠠ ᠠᠴᠠ ᠪᠠᠨ ᠰᠦᠢᠳᠬᠡᠯ ᠢ ᠪᠠᠭᠠᠰᠬᠠᠵᠤ ᠠᠰᠢᠭ ᠣᠯᠭᠤᠨ᠎ᠠ᠃ 2022 ᠣᠨ ᠤ ᠡᠴᠦᠰ ᠲᠤ᠂ ᠪᠥᠬᠦ ᠬᠤᠲᠠ ᠶᠢᠨ | ᠰᠢᠨ᠎ᠡ ᠪᠠᠷ ᠲᠠᠯᠪᠢᠭᠰᠠᠨ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠨᠡᠮᠡᠭᠦᠷᠢ ᠶᠢᠨ ᠳᠤᠮᠳᠠᠴᠢ ᠬᠦᠦ ᠮᠥᠩᠭᠦ ᠶᠢᠨ ᠨᠣᠷᠮ᠎ᠠ 4.89% ᠬᠦᠷᠴᠦ᠂ | ᠠᠳᠠᠯᠢ ᠬᠤᠭᠤᠴᠠᠭᠠᠨ ᠤ ᠬᠢ ᠠᠴᠠ 0.75% ᠪᠠᠷ ᠪᠠᠭᠤᠷᠠᠪᠠ︔ ᠡᠭᠦᠨ ᠠᠴᠠ ᠭᠠᠳᠠᠨ᠎ᠠ᠂ ᠣᠯᠠᠨ ᠪᠠᠩᠬᠢ ᠰᠠᠨᠠᠭᠠᠴᠢᠯᠠᠭ᠎ᠠ ᠠᠴᠠ ᠪᠠᠨ ᠵᠢᠵᠢᠭ ᠪᠢᠴᠢᠯ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠠᠩᠰᠠ ᠨᠡᠭᠡᠭᠡᠬᠦ ᠭᠠᠷ ᠭᠦᠢᠴᠡᠳᠬᠡᠯ ᠤᠨ ᠵᠠᠷᠤᠳᠠᠯ᠂ ᠲᠠᠩᠰᠠᠨ ᠡᠷᠦᠬᠡ ᠶᠢᠨ | ᠦᠢᠯᠡᠴᠢᠯᠡᠭᠡᠨ ᠤ ᠵᠠᠷᠤᠳᠠᠯ᠂ ᠲᠠᠩᠰᠠ ᠰᠢᠯᠵᠢᠭᠦᠯᠵᠦ ᠵᠣᠭᠤᠰ ᠭᠤᠪᠢᠭᠤᠯᠬᠤ ᠭᠠᠷ ᠭᠦᠢᠴᠡᠳᠬᠡᠯ ᠤᠨ ᠵᠠᠷᠤᠳᠠᠯ ᠵᠡᠷᠭᠡ ᠵᠠᠷᠤᠳᠠᠯ ᠢ ᠬᠠᠰᠤᠵᠤ ᠬᠡᠯᠲᠦᠷᠢᠭᠦᠯᠦᠭᠰᠡᠨ | ᠪᠥᠭᠡᠳ ᠦᠨᠡᠯᠡᠨ ᠵᠢᠱᠢᠬᠦ ᠵᠠᠷᠤᠳᠠᠯ᠂ ᠪᠠᠷᠢᠴᠠᠭᠠᠯᠠᠬᠤ ᠳᠠᠩᠰᠠᠯᠠᠯᠲᠠ ᠶᠢᠨ ᠵᠠᠷᠤᠳᠠᠯ ᠵᠡᠷᠭᠡ ᠶᠢ ᠡᠭᠦᠷᠭᠡᠯᠡᠵᠦ᠂ ᠪᠠᠰᠠ 36 ᠳ᠋ᠦᠩᠰᠢᠭᠤᠷ ᠲᠥᠭᠦᠷᠢᠭ ᠤᠨ | ᠵᠢᠭᠡᠯᠡᠯᠭᠡ ᠶᠢ ᠱᠠᠲᠤ ᠦᠶ᠎ᠡ ᠶᠢᠨ ᠴᠢᠨᠠᠷᠲᠠᠢ ᠪᠠᠷ ᠬᠤᠶᠢᠰᠢᠯᠠᠭᠤᠯᠤᠨ ᠪᠤᠴᠠᠭᠠᠬᠤ ᠶᠢ ᠬᠡᠷᠡᠭᠵᠢᠭᠦᠯᠦᠭᠰᠡᠨ ᠪᠠᠶᠢᠨ᠎ᠠ᠃ | ᠬᠥᠲᠥᠯᠥᠭᠴᠢ᠄ ᠡᠨᠡ ᠬᠤᠶᠠᠷ ᠠᠰᠠᠭᠤᠳᠠᠯ ᠪᠣᠯ ᠴᠥᠮ ᠬᠠᠤᠯᠢ ᠪᠤᠰᠤ ᠪᠠᠷ ᠪᠡᠯᠡ ᠴᠤᠭᠯᠠᠭᠤᠯᠬᠤ ᠠᠰᠠᠭᠤᠳᠠᠯ ᠪᠣᠯᠣᠨ᠎ᠠ᠃ | ᠸᠠᠩ ᠹᠦ᠋ ᠴᠢᠤᠸᠠᠨ᠄ ᠪᠢᠳᠡ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠫᠠᠶᠢᠰᠠ ᠲᠠᠢ ᠡᠵᠡᠩᠨᠡᠯᠲᠡ ᠶᠢᠨ ᠳᠦᠷᠢᠮ ᠢ ᠪᠠᠷᠢᠮᠲᠠᠯᠠᠵᠤ᠂ | ︽ᠦᠨᠡᠮᠯᠡᠯ ᠲᠠᠢ ᠪᠣᠯ ᠳᠦᠷᠢᠮ ᠠᠴᠠ ᠵᠥᠷᠢᠴᠡᠬᠦ︾ ᠶᠢ ᠵᠠᠯᠠᠷᠠᠭᠤᠯᠬᠤ ᠪᠠᠷ ᠪᠠᠷᠠᠬᠤ ᠦᠭᠡᠢ ᠪᠠᠰᠠ ︽ᠦᠨᠡᠮᠯᠡᠯ ᠦᠭᠡᠢ ᠪᠠᠷ ᠲᠡᠷᠭᠡ ᠵᠢᠯᠤᠭᠤᠳᠬᠤ︾ ᠳᠤ ᠴᠣᠬᠢᠯᠲᠠ | ᠥᠭᠬᠦ ᠬᠡᠷᠡᠭᠲᠡᠢ᠃ ᠪᠢᠳᠡ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ︽ᠬᠠᠤᠯᠢ | ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠰᠦᠪᠡᠭᠴᠢ ᠶᠢ ᠢᠯᠡᠴᠢᠯᠡᠨ ᠮᠡᠳᠡᠭᠦᠯᠬᠦ︾ ᠵᠢᠵᠢᠭ ᠵᠢᠷᠤᠮ ᠢ ᠪᠠᠶᠢᠭᠤᠯᠵᠤ᠂ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯ ᠢ ᠪᠠᠶᠢᠩᠭᠤᠵᠢᠭᠤᠯᠬᠤ ᠶᠢ ᠲᠦᠯᠬᠢᠨ ᠠᠬᠢᠭᠤᠯᠪᠠ᠃ ᠨᠢᠳᠤᠨᠤᠨ ︵2022 ᠣᠨ︶᠂ ᠪᠥᠬᠦ | ᠬᠤᠲᠠ ᠳᠤ ᠨᠡᠶᠢᠲᠡ 400 ᠭᠠᠷᠤᠢ ᠤᠳᠠᠭᠠᠨ ᠤ ︽ᠳᠣᠯᠤᠭᠠᠨᠲᠠ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠭᠡᠷ ᠤᠨ ᠭᠠᠳᠠᠨᠠᠬᠢ ᠵᠠᠷ ᠮᠡᠳᠡᠭᠡ᠂ ᠤᠬᠠᠭᠤᠯᠭ᠎ᠠ ᠶᠢᠨ ᠮᠠᠲ᠋ᠧᠷᠢᠶᠠᠯ ᠢ 5 ᠲᠦᠮᠡ ᠭᠠᠷᠤᠢ ᠬᠤᠪᠢ ᠲᠠᠷᠬᠠᠭᠠᠵᠤ᠂ ︽ᠡᠭᠦᠯᠡ ᠶᠢ ᠬᠤᠯᠪᠣᠨ ᠨᠡᠪᠲᠡᠷᠡᠭᠦᠯᠬᠦ︾ | ᠮᠡᠷᠭᠡᠵᠢᠯ ᠢ ᠠᠰᠢᠭᠯᠠᠨ᠂ ᠸᠢᠴᠠᠲ ᠤᠨ ᠨᠠᠶᠢᠵᠠ ᠶᠢᠨ ᠲᠣᠭᠤᠷᠢᠭ ᠢᠶᠠᠷ ᠳᠠᠮᠵᠢᠭᠤᠯᠤᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ | ᠵᠠᠷ ᠮᠡᠳᠡᠭᠡ ᠶᠢ 24 ᠲᠦᠮᠡᠨ ᠵᠤᠷᠪᠤᠰ ᠬᠦᠷᠭᠡᠭᠰᠡᠨ ᠪᠠᠶᠢᠨ᠎ᠠ᠃ | ᠥᠷᠭᠡᠨ ᠤᠯᠠᠨ ᠠᠷᠠᠳ ᠲᠦᠮᠡᠨ ᠳᠤ᠂ ᠡᠳᠦᠷ ᠳᠤᠳᠤᠮ ᠤᠨ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢᠨ ᠳᠤᠮᠳᠠ᠂ ︽ᠵᠣᠭᠤᠰᠤᠨ ᠤᠭᠤᠲᠠ︾ | ᠶᠢ ᠰᠠᠶᠢᠲᠤᠷ ᠦᠵᠡᠬᠦ ᠳᠤ ᠡᠨᠡᠬᠦ ︽ᠳᠥᠷᠪᠡ ᠶᠢ ᠦᠵᠡᠬᠦ︾᠂ ︽ᠭᠤᠷᠪᠠ ᠶᠢ ᠪᠣᠳᠣᠯᠬᠢᠯᠠᠬᠤ︾᠂ ︽ᠨᠢᠭᠡ ᠵᠡᠷᠭᠡ ᠬᠦᠯᠢᠶᠡᠬᠦ︾ ᠮᠡᠷᠭᠡᠨ ᠠᠷᠭ᠎ᠠ ᠶᠢ ᠡᠵᠡᠮᠰᠢᠬᠦ | ᠬᠡᠷᠡᠭᠲᠡᠢ ᠭᠡᠵᠦ ᠳᠠᠬᠢᠨᠲᠠ ᠰᠠᠨᠠᠭᠤᠯᠵᠠᠢ᠃ | ︽ᠣᠨᠴᠠ ᠦᠢᠯᠡᠳᠦᠯ᠄ ᠪᠡᠯᠡ ᠲᠣᠬᠢᠷᠠᠭᠤᠯᠭ᠎ᠠ ᠶᠢᠨ ᠬᠠᠤᠯᠢ ᠶᠣᠰᠣᠴᠢ ᠴᠢᠨᠠᠷ ᠢ ᠦᠵᠡᠬᠦ ᠳᠤ᠂ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠫᠠᠶᠢᠰᠠ | ᠦᠨᠡᠮᠯᠡᠯ ᠣᠯᠣᠭᠰᠠᠨ ᠡᠰᠡᠬᠦ ᠪᠤᠶᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠡᠰᠡᠬᠦ ᠶᠢ ᠦᠵᠡᠬᠦ ᠬᠡᠷᠡᠭᠲᠡᠢ︔ | ᠬᠤᠶᠠᠷ ᠲᠤ ᠤᠬᠠᠭᠤᠯᠭ᠎ᠠ ᠶᠢᠨ ᠠᠷᠭ᠎ᠠ ᠮᠠᠶ᠋ᠢᠭ ᠢ ᠦᠵᠡᠨ᠎ᠡ᠂ ᠤᠬᠠᠭᠤᠯᠭ᠎ᠠ ᠶᠢᠨ ᠳᠤᠮᠳᠠ ︽ᠪᠠᠲᠤᠯᠠᠭ᠎ᠠ ᠲᠠᠢ᠂ ᠠᠶᠤᠯ ᠲᠦᠭᠰᠢᠭᠦᠷᠢ ᠦᠭᠡᠢ᠂ ᠥᠨᠳᠥᠷ ᠠᠰᠢᠭ | ᠣᠯᠵᠠᠪᠤᠷᠢ ᠲᠠᠢ᠂ ᠲᠣᠭᠲᠠᠭᠤᠨ ᠬᠤᠨᠵᠢᠪᠠᠯ ᠦᠯᠦ ᠠᠯᠳᠠᠬᠤ︾ ᠵᠡᠷᠭᠡ ᠠᠭᠤᠯᠭ᠎ᠠ ᠶᠢ ᠠᠬᠤᠭᠤᠯᠵᠤ ᠪᠠᠶᠢᠬᠤ ᠪᠤᠶᠤ ᠪᠢᠲᠡᠭᠦᠦ ᠪᠠᠷ ᠵᠢᠭᠠᠵᠤ ᠪᠠᠶᠢᠬᠤ ᠡᠰᠡᠬᠦ ᠶᠢ | ᠦᠵᠡᠨ᠎ᠡ︔ ᠭᠤᠷᠪᠠ ᠳᠤ ᠡᠵᠡᠩᠨᠡᠯᠲᠡ ᠶᠢᠨ ᠵᠠᠭᠪᠤᠷ ᠢ ᠦᠵᠡᠬᠦ ᠬᠡᠷᠡᠭᠲᠡᠢ᠂ ᠪᠣᠳᠠᠲᠤ ᠴᠣᠭᠴᠠ ᠶᠢᠨ ᠵᠦᠢᠯᠡᠰ᠂ ᠵᠦᠢᠯᠡᠰ ᠤᠨ ᠦᠨᠡᠨ ᠪᠣᠳᠠᠲᠤ ᠴᠢᠨᠠᠷ᠂ ᠪᠡᠯᠡ | ᠮᠥᠩᠭᠦᠨ ᠤ ᠣᠷᠣᠭᠤᠯᠤᠯᠲᠠ ᠶᠢᠨ ᠬᠠᠨᠳᠤᠰᠢ᠂ ᠠᠰᠢᠭ ᠬᠤᠨᠵᠢᠪᠤᠷᠢ ᠣᠯᠬᠤ ᠠᠷᠭ᠎ᠠ ᠮᠠᠶ᠋ᠢᠭ ᠪᠠᠶᠢᠬᠤ ᠡᠰᠡᠬᠦ ᠶᠢ ᠦᠵᠡᠬᠦ ᠬᠡᠷᠡᠭᠲᠡᠢ︔ ᠳᠥᠷᠪᠡ ᠳᠤ ᠣᠷᠣᠯᠴᠠᠬᠤ | ᠪᠡᠶᠡᠴᠢ ᠴᠣᠭᠴᠠ ᠶᠢ ᠦᠵᠡᠬᠦ ᠬᠡᠷᠡᠭᠲᠡᠢ᠃ ᠪᠡᠯᠡ ᠴᠤᠭᠯᠠᠭᠤᠯᠬᠤ ᠳᠤ ᠣᠷᠣᠯᠴᠠᠬᠤ ᠪᠡᠶᠡᠴᠢ ᠴᠣᠭᠴᠠ ᠶᠢ ᠬᠡᠨ ᠴᠦ ᠪᠦᠷ ᠪᠣᠯᠣᠨ᠎ᠠ ᠤᠤ ᠦᠭᠡᠢ | ᠤᠤ᠃ ︽ᠭᠤᠷᠪᠠᠨᠲᠠ ᠪᠣᠳᠣᠯᠬᠢᠯᠠᠬᠤ︾ ᠨᠢ ᠡᠳᠡᠭᠡᠷ ᠦᠢᠯᠡᠳᠬᠦᠨ ᠪᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠢ ᠥᠪᠡᠷ ᠢᠶᠠᠨ ᠦᠨᠡᠨ ᠬᠦ | ᠣᠶᠢᠯᠠᠭᠠᠭᠰᠠᠨ ᠡᠰᠡᠬᠦ︔ ᠦᠢᠯᠡᠳᠬᠦᠨ ᠤ ᠠᠰᠢᠭ ᠣᠷᠣᠯᠭ᠎ᠠ ᠨᠢ ᠵᠠᠬ᠎ᠠ ᠳᠡᠯᠭᠡᠭᠦᠷ ᠤᠨ ᠵᠢᠮ᠎ᠡ ᠶᠣᠰᠣᠨ ᠳᠤ ᠨᠡᠶᠢᠴᠡᠬᠦ ᠡᠰᠡᠬᠦ︔ ᠥᠪᠡᠷ ᠤᠨ ᠠᠵᠤ ᠠᠬᠤᠢ ᠶᠢᠨ | ᠴᠢᠳᠠᠪᠤᠷᠢ ᠨᠢ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠲᠠᠢ ᠪᠠᠶᠢᠬᠤ ᠡᠰᠡᠬᠦ᠃ ︽ᠪᠠᠶᠢᠵᠠ︾ ᠭᠡᠳᠡᠭ ᠨᠢ ᠪᠡᠯᠡ ᠣᠷᠣᠭᠤᠯᠤᠯᠲᠠ ᠶᠢᠨ ᠲᠥᠷᠥᠯ ᠤᠨ | ᠤᠬᠠᠭᠤᠯᠭ᠎ᠠ ᠪᠣᠷᠤᠯᠠᠭᠤᠯᠭ᠎ᠠ ᠳᠤ ᠲᠣᠬᠢᠶᠠᠯᠳᠤᠪᠠᠯ᠂ ᠡᠷᠬᠡᠪᠰᠢ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠤᠷᠢᠳ ᠢᠶᠠᠷ ᠭᠡᠷ ᠤᠨ ᠬᠥᠮᠥᠰ ᠪᠠ ᠨᠠᠶᠢᠵᠠ ᠨᠠᠷ ᠤᠨ | ᠰᠠᠨᠠᠯ ᠢ ᠬᠤᠷᠢᠶᠠᠵᠤ᠂ ᠳᠠᠷᠠᠭ᠎ᠠ ᠨᠢ ᠰᠢᠢᠳᠪᠦᠷᠢ ᠭᠠᠷᠭᠠᠵᠤ᠂ ᠨᠢᠭᠡ ᠴᠠᠭ ᠤᠨ ᠲᠠᠷᠢᠬᠢ ᠲᠣᠯᠣᠭᠠᠢ ᠬᠥᠭᠡᠷᠬᠦ᠂ ᠭᠡᠮᠰᠢᠬᠦ ᠶᠢᠨ ᠠᠷᠭ᠎ᠠ ᠦᠭᠡᠢ ᠪᠣᠯᠬᠤ ᠶᠢ ᠰᠡᠷᠭᠡᠶᠢᠯᠡᠬᠦ | ᠬᠡᠷᠡᠭᠲᠡᠢ᠃︾ | ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠢ ᠣᠯᠵᠤ ᠮᠡᠳᠡᠪᠡᠯ ᠵᠠᠪᠠᠯ ᠴᠠᠭᠳᠠᠭ᠎ᠠ ᠳᠤ ᠮᠡᠳᠡᠭᠦᠯᠵᠦ᠂ ᠪᠡᠯᠡ ᠣᠷᠣᠭᠤᠯᠤᠯᠲᠠ ᠶᠢᠨ ᠠᠵᠢᠯᠯᠠᠭ᠎ᠠ ᠳᠤ | ᠣᠷᠣᠯᠴᠠᠬᠤ ᠶᠠᠪᠤᠴᠠ ᠳᠠᠬᠢ ᠭᠡᠷ᠎ᠡ᠂ ᠪᠠᠩᠬᠢ ︵ᠲᠣᠭᠠᠴᠠᠭ᠎ᠠ ᠡᠷᠳᠡᠨᠢ᠂ ᠸᠢᠴᠠᠲ︶ ᠶᠢᠨ ᠲᠠᠩᠰᠠ ᠰᠢᠯᠵᠢᠭᠦᠯᠦᠭᠰᠡᠨ ᠠᠷᠠᠯᠵᠢᠶᠠᠨ ᠤ ᠲᠡᠮᠳᠡᠭᠯᠡᠯ᠂ ᠸᠢᠴᠠᠲ ᠤᠨ | ᠵᠣᠭᠤᠭᠳᠠᠭᠰᠠᠨ ᠲᠡᠮᠳᠡᠭᠯᠡᠯ ᠵᠡᠷᠭᠡ ᠮᠠᠲ᠋ᠧᠷᠢᠶᠠᠯ ᠢ ᠪᠡᠯᠡᠳᠬᠡᠵᠦ᠂ ᠮᠠᠨ ᠤ ᠠᠯᠪᠠᠨ ᠭᠡᠷ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠲᠤᠰᠬᠠᠬᠤ ᠬᠡᠷᠡᠭᠲᠡᠢ᠃ | | ᠬᠥᠲᠥᠯᠥᠭᠴᠢ᠄ ᠴᠢᠨᠠᠷ ᠰᠠᠶᠢᠲᠠᠢ ᠬᠥᠭᠵᠢᠯᠲᠡ ᠳᠤ ᠴᠢᠨᠠᠷ ᠰᠠᠶᠢᠲᠠᠢ ᠮᠥᠩᠭᠦᠨ ᠭᠦᠢᠯᠭᠡᠭᠡ ᠱᠠᠭᠠᠷᠳᠠᠭᠳᠠᠨ᠎ᠠ᠂ ᠲᠠᠷᠠᠭᠠᠴᠢ ᠶᠢᠨ ᠠᠯᠬᠤᠮ ᠳᠤ ᠪᠢᠳᠡ ᠶᠠᠮᠠᠷ | ᠪᠠᠶᠢᠷᠢᠯᠠᠭᠤᠯᠤᠯᠲᠠ ᠪᠠ ᠲᠥᠯᠥᠪᠯᠡᠭᠡ ᠲᠠᠢ ᠪᠣᠯᠬᠤ ᠪᠣᠶ︖ | ᠸᠠᠩ ᠹᠦ᠋ ᠴᠢᠤᠸᠠᠨ᠄ ᠨᠢᠭᠡ ᠳᠤ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ︽ᠪᠠᠲᠤᠯᠠᠭ᠎ᠠ ᠲᠠᠢ︾ ᠪᠠᠶᠢᠬᠤ ᠬᠡᠷᠡᠭᠲᠡᠢ᠃ ︽ᠮᠥᠩᠭᠦᠨ | ᠭᠦᠢᠯᠭᠡᠭᠡᠨ ᠢᠶᠠᠷ ᠳᠡᠮᠵᠢᠬᠦ ᠲᠠᠪᠤᠨ ᠶᠡᠭᠡ ᠡᠭᠦᠷᠭᠡ ᠶᠢᠨ ᠬᠡᠷᠡᠭᠵᠢᠭᠦᠯᠬᠦ ᠲᠥᠰᠥᠯ︾᠂ ︽ᠵᠦᠢ ᠶᠣᠰᠣᠨ ᠤ ᠮᠥᠩᠭᠦᠨ ᠭᠦᠢᠯᠭᠡᠭᠡᠨ ᠢᠶᠠᠷ ᠨᠡᠭᠦᠷᠡᠰᠦᠲᠥ᠋ᠷᠥᠭᠴᠢ ᠶᠢ | ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠳᠡᠮᠵᠢᠬᠦ ᠬᠡᠷᠡᠭᠵᠢᠭᠦᠯᠬᠦ ᠲᠥᠰᠥᠯ ᠪᠠ | ᠲᠦᠭᠰᠢᠭᠦᠷᠢ ᠶᠢ ᠠᠷᠭᠠᠴᠠᠬᠤ ᠲᠥᠰᠥᠯ︾ ᠵᠡᠷᠭᠡ ᠶᠢ ᠲᠣᠭᠲᠠᠭᠠᠨ ᠨᠡᠶᠢᠲᠡᠯᠡᠵᠦ᠂ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠶᠡᠷᠦᠩᠬᠡᠶᠢᠯᠡᠭᠰᠡᠨ | ᠬᠦᠴᠦᠨ ᠢ ᠭᠦᠢᠴᠡᠳ ᠪᠠᠳᠠᠷᠠᠭᠤᠯᠤᠨ᠎ᠠ᠃ | ᠬᠤᠶᠠᠷ ᠲᠤ ᠭᠤᠣᠯᠳᠠᠯᠭ᠎ᠠ ᠲᠠᠢ ᠬᠦᠷᠢᠶᠡᠨ ᠳᠤ ︽ᠶᠠᠰᠤ ᠴᠢᠨᠠᠷ ᠢ ᠳᠡᠭᠡᠭᠰᠢᠯᠡᠭᠦᠯᠦᠨ᠎ᠡ︾᠃ ︽ᠲᠥᠷᠥᠯ ᠵᠦᠢᠯ ᠢ ᠪᠠᠲᠤᠯᠠᠬᠤ᠂ ᠬᠦᠷᠢᠶᠡᠯᠡᠩ | ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠬᠥᠳᠡᠭᠡ ᠲᠣᠰᠬᠤᠨ ᠳᠤ ᠪᠠᠭᠤᠯᠭᠠᠬᠤ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠥᠬᠦ | ᠬᠤᠲᠠ ᠶᠢᠨ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠵᠤ ᠦᠢᠯᠡᠰ ᠢ ᠬᠦᠴᠦᠷᠬᠡᠭᠵᠢᠭᠦᠯᠬᠦ ᠵᠠᠰᠠᠭ ᠪᠠᠩᠬᠢ ᠠᠵᠤ ᠠᠬᠤᠶᠢᠯᠠᠯ ᠤᠨ ᠶᠠᠷᠢᠯᠴᠠᠬᠤ ᠬᠤᠷᠠᠯ ᠤᠨ | ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠩᠬᠢ ᠠᠵᠤ ᠠᠬᠤᠶᠢᠯᠠᠯ ᠢ ᠵᠣᠯᠭᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ | ᠴᠢᠩᠭᠠᠳᠬᠠᠨ᠎ᠠ᠃ ︽ᠬᠦᠴᠦᠨ ᠵᠦᠢᠯ ᠨᠢ ᠲᠥᠷᠥᠯ ᠵᠦᠢᠯ ᠢ ᠳᠠᠭᠠᠵᠤ ᠶᠠᠪᠤᠬᠤ︾ ᠶᠢ ᠪᠠᠷᠢᠮᠲᠠᠯᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠴᠢᠬᠤᠯᠠ ᠶᠡᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠪᠠᠷ ᠬᠠᠷᠠᠯᠲᠠ ᠪᠣᠯᠭᠠᠨ᠂ ᠮᠥᠩᠭᠦᠨ ᠭᠦᠢᠯᠭᠡᠭᠡᠨ ᠤ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠰᠢᠭᠤᠳ | ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠂ ᠴᠢᠨᠠᠷ ᠰᠠᠶᠢᠲᠠᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠡᠬᠢ ᠪᠠᠶᠠᠯᠢᠭ ᠢ ᠤᠯᠠᠮ ᠨᠢᠭᠡ ᠠᠯᠬᠤᠮ | ᠠᠭᠤᠳᠠᠯᠵᠤ᠂ 2 ᠠᠵᠤ ᠠᠬᠤᠶᠢᠯᠠᠯ ᠤᠨ ᠲᠤᠰᠠᠯᠠᠬᠤ ᠴᠢᠳᠠᠪᠤᠷᠢ ᠪᠠᠨ ᠮᠡᠳᠡᠭᠦᠯᠬᠦ ᠶᠢ ᠪᠡᠶᠡᠯᠡᠭᠦᠯᠦᠨ᠎ᠡ᠃ | ᠭᠤᠷᠪᠠ ᠳᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠲᠠᠯ᠎ᠠ ᠪᠠᠷ ︽ᠪᠣᠳᠠᠲᠠᠢ ᠠᠷᠭ᠎ᠠ ᠬᠡᠮᠵᠢᠶ᠎ᠡ︾ ᠭᠠᠷᠭᠠᠨ᠎ᠠ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠴᠦ᠂ ᠲᠣᠰ | ᠲᠣᠰ ᠤᠨ ᠣᠨᠴᠠᠯᠢᠭ ᠲᠠᠢ ᠳᠠᠪᠠᠭᠤᠯᠢᠭ ᠢᠶᠠᠨ ᠪᠠᠳᠠᠷᠠᠭᠤᠯᠤᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠪᠥᠬᠦ | ᠵᠢᠯ ᠤᠨ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠲᠠᠯᠪᠢᠬᠤ ᠬᠢᠭᠡᠳ ᠠᠵᠤ ᠠᠬᠤᠢ ᠶᠢᠨ ᠨᠡᠮᠡᠭᠳᠡᠯ ᠤᠨ ᠬᠡᠷᠡᠭᠴᠡᠭᠡ ᠱᠠᠭᠠᠷᠳᠠᠯᠭ᠎ᠠ ᠶᠢᠨ ᠬᠠᠷᠢᠯᠴᠠᠨ ᠵᠣᠬᠢᠴᠠᠯᠳᠤᠬᠤ ᠶᠢ | ᠦᠨᠡᠨᠬᠦ ᠪᠠᠲᠤᠯᠠᠵᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠨᠡᠮᠡᠭᠳᠡᠭᠦᠯᠬᠦ᠂ ᠨᠡᠶᠢᠳᠡᠮ ᠬᠠᠷᠠᠭᠠᠯᠵᠠᠬᠤ ᠵᠢᠵᠢᠭ | ᠪᠢᠴᠢᠯ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 20 ᠳ᠋ᠦᠩᠰᠢᠭᠤᠷ ᠲᠥᠭᠦᠷᠢᠭ ᠠᠴᠠ ᠳᠡᠭᠡᠭᠰᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠡᠭᠦᠨ ᠤ | ᠵᠡᠷᠭᠡᠴᠡᠭᠡᠪᠡᠷ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ︽ᠡᠷᠲᠡ ᠢᠯᠭᠠᠨ ᠲᠠᠨᠢᠬᠤ᠂ ᠡᠷᠲᠡ ᠰᠡᠷᠡᠮᠵᠢᠯᠡᠭᠦᠯᠬᠦ᠂ ᠡᠷᠲᠡ ᠢᠯᠡᠷᠡᠭᠦᠯᠬᠦ᠂ ᠡᠷᠲᠡ | ᠰᠢᠢᠳᠪᠦᠷᠢᠯᠡᠬᠦ︾ ᠶᠢ ᠪᠡᠶᠡᠯᠡᠭᠦᠯᠦᠨ᠎ᠡ᠃ | ᠬᠥᠲᠥᠯᠥᠭᠴᠢ᠄ ᠵᠠ᠂ ᠬᠤᠶᠠᠷ ᠵᠣᠴᠢᠳ ᠤᠨ ᠬᠤᠪᠢᠶᠠᠯᠴᠠᠭᠰᠠᠨ ᠳᠤ ᠲᠠᠯᠠᠷᠬᠠᠵᠤ ᠪᠠᠶᠢᠨ᠎ᠠ᠃ | | | |