ᠴᠢᠨᠠᠷ ᠰᠠᠶᠢᠲᠠᠢ ᠬᠥᠭᠵᠢᠯᠲᠡ ᠶᠢ ᠣᠯᠠᠨ ᠢᠶᠠᠷ ᠢᠶᠠᠨ ᠶᠠᠷᠢᠬᠤ᠂ ᠬᠠᠤᠯᠢ ᠴᠠᠭᠠᠵᠠ ᠶᠢᠨ ᠲᠣᠪᠴᠢᠶ᠎ᠠ᠄ ᠬᠠᠤᠯᠢᠵᠢᠯ ᠤᠨ ︽ᠦᠨ᠎ᠡ ᠴᠠᠨ᠎ᠠ︾᠎ ᠪᠠᠷ ᠬᠥᠭᠵᠢᠯᠲᠡ ᠶᠢᠨ ︽ᠴᠢᠨᠠᠷ ᠰᠠᠶᠢᠲᠠᠢ︾ ᠎ ᠶᠢ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2023/9/7
      ᠬᠥᠲᠥᠯᠥᠭᠴᠢ᠄ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠦᠵᠡᠬᠦ ᠪᠣᠶ᠂ ᠪᠠᠶᠠᠨᠨᠠᠭᠤᠷ ᠬᠡᠷᠬᠢᠨ ᠠᠵᠢᠯᠯᠠᠬᠤ ᠪᠣᠶ᠃ ᠲᠥᠪ ᠭᠤᠣᠯᠴᠢ᠂ ᠰᠢᠳᠤᠷᠭᠤ ᠶᠣᠰᠣ ᠶᠢ ᠪᠡᠶᠡᠯᠡᠭᠦᠯᠬᠦ ᠳᠤ ᠥᠷᠭᠡᠨ ᠤᠯᠠᠨ ᠲᠦᠮᠡᠨ ᠤ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠳᠠᠭ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ ᠭᠡᠵᠦ ᠳᠠᠬᠢᠨᠲᠠ ᠴᠢᠬᠤᠯᠠᠴᠢᠯᠠᠪᠠ᠃ ᠬᠡᠷᠬᠢᠨ ᠲᠥᠪ ᠭᠤᠣᠯᠴᠢ ᠰᠢᠳᠤᠷᠭᠤ ᠶᠣᠰᠣᠨ ᠤ ᠬᠠᠮᠤᠭ ᠡᠴᠦᠰ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠬᠠᠤᠯᠢᠵᠢᠯ ᠤᠨ ᠰᠡᠳᠬᠢᠬᠦᠢ ᠪᠣᠯᠣᠨ ᠬᠠᠤᠯᠢᠵᠢᠯ ᠤᠨ ᠠᠷᠭ᠎ᠠ ᠬᠡᠯᠪᠡᠷᠢ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠤᠢ︖ ᠥᠨᠥᠳᠥᠷ ᠮᠠᠨ ᠤ ᠲᠣᠭᠯᠠᠯᠲᠠ ᠎ ᠶᠢᠨ ᠲᠠᠰᠤᠭ ᠲᠤ ᠢᠷᠡᠭᠰᠡᠨ ᠨᠢ ᠪᠠᠶᠠᠨᠨᠠᠭᠤᠷ ᠬᠤᠲᠠ ᠎ ᠶᠢᠨ ᠬᠠᠤᠯᠢ ᠴᠠᠭᠠᠵᠠ ᠎ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠶᠦᠩ  ᠶᠢᠦ ᠪᠣᠯᠣᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠼᠠᠢ ᠸᠧᠢ ᠪᠣᠯᠣᠨ᠎ᠠ᠃ ᠬᠤᠶᠠᠷ ᠵᠣᠴᠢᠨ ᠢ ᠪᠠᠶᠠᠷᠯᠠᠨ ᠤᠭᠲᠤᠵᠤ ᠪᠠᠶᠢᠨ᠎ᠠ᠃      ᠵᠣᠴᠢᠨ᠄ ᠬᠥᠲᠥᠯᠥᠭᠴᠢ ᠰᠠᠶᠢᠨ ᠤᠤ︕ ᠦᠵᠡᠭᠴᠢᠳ ᠨᠠᠶᠢᠵᠠ ᠨᠠᠷ ᠠ᠂ ᠲᠠ ᠪᠦᠬᠦᠨ ᠰᠠᠶᠢᠨ ᠪᠠᠶᠢᠵᠠᠭᠠᠨ᠎ᠠ  ᠤᠤ︕      ᠬᠥᠲᠥᠯᠥᠭᠴᠢ᠄ ︽ᠬᠠᠤᠯᠢ ᠪᠠᠷ ᠵᠠᠰᠠᠬᠤ︾ ᠪᠣᠯ ᠨᠡᠶᠢᠭᠡᠮ ᠤᠨ ᠬᠥᠭᠵᠢᠯᠲᠡ᠂ ᠪᠣᠯᠪᠠᠰᠤᠨ ᠳᠠᠪᠰᠢᠯᠲᠠ ᠶᠢᠨ ︽ᠬᠠᠲᠠᠭᠤ ᠭᠦᠢᠴᠡᠳᠬᠡᠯ ᠲᠤᠭ᠎ᠠ︾ ᠮᠥᠨ᠃ ᠬᠠᠤᠯᠢ ᠪᠠᠷ ᠵᠠᠰᠠᠬᠤ ᠪᠠᠷ ᠰᠠᠭᠤᠷᠢ ᠪᠣᠯᠭᠠᠭᠰᠠᠨ ᠣᠳᠣ ᠦᠶ᠎ᠡ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠢᠰᠲ᠋ᠧᠮ ᠪᠠ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠲᠠᠯ᠎ᠠ ᠪᠠᠷ ᠮᠠᠨ ᠤ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠷᠢ ᠵᠡᠷᠭᠡ ᠠᠵᠢᠯᠯᠠᠭᠰᠠᠨ ᠪᠣᠢ︖ ᠪᠢᠳᠡ ᠤᠷᠢᠲᠠ ᠪᠠᠷ ᠣᠬᠤᠷ ᠹᠢᠯᠢᠮ ᠢᠶᠠᠷ ᠣᠢᠯᠠᠭᠠᠶ᠎ᠠ᠃      ᠬᠥᠲᠥᠯᠥᠭᠴᠢ᠄ ᠣᠶᠢᠷ᠎ᠠ ᠶᠢᠨ ᠵᠢᠯ ᠳᠤ ᠮᠠᠨ ᠤ ᠬᠤᠲᠠ ᠶᠢᠨ ᠬᠠᠤᠯᠢ ᠪᠠᠷ  ᠵᠠᠰᠠᠬᠤ  ᠪᠠᠶᠢᠭᠤᠯᠤᠯᠲᠠ  ᠶᠢᠨ  ᠬᠤᠷᠳᠤᠴᠠ  ᠤᠯᠠᠮ ᠎ ᠠᠴᠠ ᠤᠯᠠᠮ  ᠲᠦᠷᠭᠡᠨ  ᠪᠣᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠢᠷᠢ ᠲᠦᠪᠰᠢᠨ ᠤᠯᠠᠮ ᠠᠴᠠ ᠤᠯᠠᠮ ᠥᠨᠳᠥᠷ ᠪᠣᠯᠤᠭᠰᠠᠨ ᠢ ᠡᠭᠦᠨ ᠠᠴᠠ ᠮᠡᠳᠡᠵᠦ ᠪᠣᠯᠣᠨ᠎ᠠ᠃      ᠵᠣᠴᠢᠨ᠄ ᠲᠣᠯᠣᠭᠠᠢ  ᠳᠣᠬᠢᠪᠠ      ᠬᠥᠲᠥᠯᠥᠭᠴᠢ᠄ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠵᠠᠩᠭᠢᠯᠠᠭ᠎ᠠ ᠮᠥᠨ ᠭᠡᠳᠡᠭ ᠢ ᠪᠢᠳᠡ ᠪᠦᠷ ᠮᠡᠳᠡᠵᠦ ᠪᠠᠶᠢᠨ᠎ᠠ᠃ ᠸᠠᠩ ᠲᠣᠪᠴᠢᠶᠠᠨ ᠳᠠᠷᠤᠭ᠎ᠠ ᠠ᠂ ᠮᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠬᠡᠷᠬᠢᠨ ᠠᠬᠢᠭᠤᠯᠤᠭᠰᠠᠨ ᠪᠣᠶ︖      ᠸᠠᠩ ᠶᠦᠩ  ᠶᠢᠦ᠄ ᠣᠶᠢᠷ᠎ᠠ ᠶᠢᠨ ᠵᠢᠯ ᠠᠴᠠ᠂ ᠪᠠᠶᠠᠨᠨᠠᠭᠤᠷ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠬᠠᠤᠯᠢᠵᠢᠯ ᠤᠨ ᠦᠨᠳᠦᠰᠦ ᠶᠢ ᠪᠠᠲᠤᠳᠬᠠᠬᠤ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠳᠦ ᠳᠤ ᠠᠰᠢᠭᠲᠠᠢ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠦᠷᠭᠦᠯᠵᠢᠯᠡᠨ ᠠᠬᠢᠭᠤᠯᠵᠤ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠦᠢᠯᠡᠴᠢᠯᠡᠬᠦ ᠶᠢ ᠪᠠᠲᠤᠯᠠᠪᠠ᠃      ᠪᠢᠳᠡ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠠᠷᠢᠮᠲᠠᠯᠠᠵᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠶᠡᠭᠡ ᠲᠠᠯ᠎ᠠ ᠪᠠ ᠨᠡᠶᠢᠭᠡᠮ ᠠᠷᠠᠳ ᠤᠨ ᠠᠮᠢᠳᠤᠷᠠᠯ ᠎ ᠤᠨ  ᠬᠦᠰᠡᠯ   ᠡᠷᠡᠮᠡᠯᠵᠡᠯᠡᠯ  ᠤᠨ  ᠲᠣᠭᠤᠷᠢᠨ  ᠳᠤ  ᠂  ᠣᠶᠢᠷ᠎ᠠ ᠶᠢᠨ ᠵᠢᠯ ᠳᠤ᠂ ︽ᠪᠠᠶᠠᠨᠨᠠᠭᠤᠷ ᠬᠤᠲᠠ ᠶᠢᠨ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠳᠦᠷᠢᠮ︾ ︽ᠪᠠᠶᠠᠨᠨᠠᠭᠤᠷ ᠬᠤᠲᠠ ᠶᠢᠨ ᠤᠯᠠᠭᠠᠨᠰᠤᠬᠠᠢ ᠶᠢᠨ ᠰᠠᠪᠠ ᠭᠠᠵᠠᠷ ᠢ ᠬᠠᠮᠠᠭᠠᠯᠠᠬᠤ ᠳᠦᠷᠢᠮ︾ ᠵᠡᠷᠭᠡ 10 ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠪᠠ᠃      ᠬᠤᠳᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠵᠠᠰᠠᠭ  ᠤᠨ ᠣᠷᠳᠣᠨ ᠪᠣᠯᠣᠨ ᠡᠯ᠎ᠡ ᠰᠠᠯᠠᠭ᠎ᠠ ᠮᠥᠴᠢᠷ  ᠤᠨ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠢᠷᠦᠮᠵᠢᠯᠲᠡ ᠶᠢ ᠲᠦᠯᠬᠢᠨ ᠠᠬᠢᠭᠤᠯᠵᠤ᠂ ︽ᠪᠠᠶᠠᠨᠨᠠᠭᠤᠷ ᠬᠤᠳᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠠᠷᠢᠨ ᠳᠦᠷᠢᠮ︾᠎ ᠢ ᠲᠣᠭᠲᠠᠭᠠᠨ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠨᠡᠶᠢᠭᠡᠮ ᠤᠨ ᠲᠦᠭᠰᠢᠭᠦᠷᠢ ᠶᠢ ᠦᠨᠡᠯᠡᠨ ᠵᠢᠱᠢᠬᠦ ᠶᠢ ᠴᠢᠬᠤᠯᠠᠴᠢᠯᠠᠨ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠨᠡᠶᠢᠭᠡᠮ ᠤᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠷᠠᠭᠤᠯᠤᠨ᠎ᠠ᠃      ᠡᠯ᠎ᠡ ᠱᠠᠲᠤᠨ ᠤ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ ᠤᠬᠠᠭᠠᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ︽ᠬᠠᠤᠯᠢ ᠪᠠᠷ ᠵᠠᠰᠠᠬᠤ ᠪᠠᠶᠠᠨᠨᠠᠭᠤᠷ︾᠎ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠬᠡᠷᠡᠭᠯᠡᠨ ᠣᠶᠤᠨᠴᠢ ᠨᠢᠭᠡ ᠴᠣᠭᠴᠠᠵᠢᠭᠤᠯᠬᠤ ᠲᠠᠪᠴᠠᠩ ᠢ ᠪᠠᠶᠢᠭᠤᠯᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠮᠠᠲ᠋ᠧᠷᠢᠶᠠᠯ ᠪᠠᠶᠢᠪᠠᠯ ᠵᠠᠪᠠᠯ ᠪᠡᠯᠡᠳᠬᠡᠬᠦ᠂ ᠪᠡᠯᠡᠳᠬᠡᠯ ᠪᠠᠶᠢᠪᠠᠯ ᠵᠠᠪᠠᠯ ᠬᠢᠨᠠᠬᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ︾᠎ ᠶᠢ ᠪᠡᠶᠡᠯᠡᠭᠦᠯᠦᠨ᠎ᠡ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾᠎ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠪᠦᠬᠦ ᠬᠤᠳᠠ ᠶᠢᠨ 383 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠨᠡᠶᠢᠳᠡ 8535 ᠬᠥᠮᠥᠨ ᠣᠷᠣᠯᠴᠠᠵᠤ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ︾᠎ ᠳᠤ ᠬᠤᠯᠪᠣᠭᠳᠠᠭᠰᠠᠨ ᠠᠷᠪᠠᠨ ᠲᠠᠯ᠎ᠠ ᠶᠢᠨ ᠢᠵᠢ ᠪᠦᠷᠢᠳᠦᠭᠦᠯᠬᠦ ᠲᠤᠰᠠᠯᠠᠬᠤ ᠳᠦᠷᠢᠮ ᠢ ᠰᠢᠨ᠎ᠡ ᠪᠠᠷ ᠲᠣᠭᠲᠠᠭᠠᠭᠰᠠᠨ ᠪᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃      ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠨᠡᠯᠢᠶᠡᠳ ᠣᠯᠠᠨ ᠪᠠᠶᠢᠭ᠎ᠠ ᠲᠠᠪᠤᠨ ᠬᠤᠰᠢᠭᠤ ᠰᠢᠶᠠᠨ ᠲᠣᠭᠤᠷᠢᠭ ᠲᠤ ᠵᠠᠰᠠᠭ ᠵᠠᠬᠢᠷᠭᠠᠨ ᠤ ᠳᠠᠬᠢᠨ ᠵᠥᠪᠯᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠪᠥᠬᠦ ᠬᠤᠲᠠ ᠶᠢᠨ 14 ᠰᠢᠶᠠᠩ ᠪᠠᠯᠭᠠᠰᠤ ᠶᠢᠨ ᠬᠠᠤᠯᠢ ᠴᠠᠭᠠᠵᠠ ᠶᠢᠨ ᠭᠠᠵᠠᠷ ᠲᠤ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠣᠷᠣᠯᠠᠨ ᠭᠦᠢᠴᠡᠳᠬᠡᠬᠦ ᠴᠢᠭ᠋ ᠢ ᠪᠠᠶᠢᠭᠤᠯᠪᠠ︔ 2022 ᠣᠨ ᠳᠤ᠂ ᠪᠥᠬᠦ ᠬᠤᠲᠠ ᠳᠤ ᠨᠡᠶᠢᠲᠡ 133 ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠢᠳᠪᠦᠷᠢᠯᠡᠵᠦ ᠳᠠᠭᠤᠰᠬᠠᠨ᠂ ᠶᠡᠷᠦᠩᠬᠡᠶᠢᠯᠡᠨ ᠵᠠᠯᠠᠷᠠᠭᠤᠯᠤᠭᠰᠠᠨ ᠨᠣᠷᠮ᠎ᠠ 18.8%᠎ ᠳᠤ ᠬᠥᠷᠪᠡ᠃ ᠨᠠᠮ ᠵᠠᠰᠠᠭ ᠤᠨ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ 2020 ᠣᠨ ᠠᠴᠠ ᠨᠠᠭᠠᠰᠢ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠨᠤᠷᠮ᠎ᠠ ᠶᠢ 30% ᠬᠦᠷᠬᠦ ᠦᠭᠡᠢ ᠪᠠᠶᠢᠭᠰᠠᠨ ᠠᠴᠠ 21 ᠵᠢᠯ ᠤᠨ 95% ᠪᠠᠶᠢᠭᠰᠠᠨ ᠠᠴᠠ ᠳᠠᠬᠢᠨ 22 ᠵᠢᠯ ᠤᠨ 100% ᠪᠣᠯᠲᠠᠯ᠎ᠠ ᠳᠡᠭᠡᠭᠰᠢᠯᠡᠭᠦᠯᠦᠨ᠎ᠡ᠃      ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠲᠤᠰᠬᠠᠢ ᠮᠡᠷᠭᠡᠵᠢᠯᠲᠡᠨ ᠡᠷᠳᠡᠮᠲᠡᠳ ᠤᠨ ᠣᠶᠤᠨ ᠤ ᠳᠡᠮᠵᠢᠯᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠢᠳᠡ ︽ᠵᠠᠰᠠᠭ ᠤᠨ ᠣᠷᠳᠣᠨ ᠤ ᠬᠠᠤᠯᠢ ᠲᠣᠭᠲᠠᠭᠠᠯᠲᠠ ᠵᠢᠴᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠲᠤᠰᠬᠠᠢ ᠮᠡᠷᠭᠡᠵᠢᠯᠲᠡᠨ ᠤ ᠬᠥᠮᠥᠷᠭᠡ᠂ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠤ ᠬᠥᠮᠥᠷᠭᠡ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠲᠤᠰᠬᠠᠢ ᠮᠡᠷᠭᠡᠵᠢᠯᠲᠡᠨ ᠤ ᠬᠥᠮᠥᠷᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠲᠤᠰᠬᠠᠢ ᠮᠡᠷᠭᠡᠵᠢᠯᠲᠡᠨ ᠤ ᠬᠥᠮᠥᠷᠭᠡ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠢᠨᠠᠨ ᠰᠢᠯᠭᠠᠵᠤ ᠦᠨᠡᠯᠡᠨ ᠵᠢᠱᠢᠬᠦ ᠲᠤᠰᠬᠠᠢ ᠮᠡᠷᠭᠡᠵᠢᠯᠲᠡᠨ ᠤ ᠬᠥᠮᠥᠷᠭᠡ︾᠎ ᠶᠢ ᠨᠢᠭᠡ ᠴᠣᠭᠴᠠᠵᠢᠭᠤᠯᠤᠭᠰᠠᠨ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠶᠤᠨ ᠤ ᠬᠥᠮᠥᠷᠭᠡ︾᠎ ᠶᠢ ᠪᠠᠶᠢᠭᠤᠯᠪᠠ᠃      ᠬᠥᠲᠥᠯᠥᠭᠴᠢ᠄ ᠡᠶᠢᠮᠦ ᠠᠴᠠ᠂ ᠲᠣᠭᠲᠠᠭᠤᠨ ᠪᠥᠭᠡᠳ ᠲᠥᠪ ᠭᠤᠥᠯᠴᠢ᠂ ᠵᠢᠱᠢᠵᠦ ᠪᠣᠯᠬᠤᠶᠢᠴᠠ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠣᠶ ᠪᠣᠯᠭᠠᠬᠤ ᠪᠣᠯ ᠲᠤᠶᠢᠯ ᠤᠨ ᠴᠢᠬᠤᠯᠠ ᠶᠤᠮ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠪᠠᠷ ᠪᠠᠷᠠᠬᠤ ᠦᠭᠡᠢ᠂ ᠪᠠᠰᠠ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠡᠷᠬᠡ ᠲᠡᠭᠰᠢ ᠪᠠᠷ ᠥᠷᠢᠰᠦᠯᠳᠦᠬᠦ᠂ ᠥᠷᠨᠢᠩᠭᠦᠢ ᠬᠥᠭᠵᠢᠬᠦ ᠶᠢ ᠨᠠᠩ ᠰᠠᠶᠢᠲᠤᠷ ᠳᠡᠮᠵᠢᠵᠦ ᠴᠢᠳᠠᠨ᠎ᠠ᠃ ᠼᠠᠢ ᠲᠣᠪᠴᠢᠶᠠᠨ ᠳᠠᠷᠤᠭ᠎ᠠ ᠠ᠂ ᠠᠵᠤ ᠠᠬᠤᠶᠢᠯᠠᠯ ᠳᠤ ᠬᠠᠤᠯᠢ ᠪᠠᠷ ᠵᠠᠰᠠᠬᠤ ᠦᠢᠯᠡᠴᠢᠯᠡᠭᠡ ᠬᠠᠩᠭᠠᠬᠤ ᠲᠠᠯ᠎ᠠ ᠪᠠᠷ ᠪᠢᠳᠡ ᠶᠠᠭᠠᠬᠢᠵᠤ ᠬᠢᠭᠰᠡᠨ ᠪᠣᠶ︖      ᠼᠠᠢ ᠸᠧᠢ᠄ ᠠᠵᠤ ᠠᠬᠤᠶᠢᠯᠠᠯ ᠤᠨ ᠤᠯᠠᠨ ᠲᠦᠮᠡᠨ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠠᠤᠯᠢᠵᠢᠯ ᠤᠨ ᠦᠢᠯᠡᠴᠢᠯᠡᠭᠡ ᠬᠠᠩᠭᠠᠬᠤ ᠪᠣᠯ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠴᠢᠬᠤᠯᠠ ᠡᠭᠦᠷᠭᠡ ᠴᠢᠳᠠᠪᠤᠷᠢ ᠪᠣᠯᠣᠭᠰᠠᠭᠠᠷ ᠢᠷᠡᠵᠠᠢ᠃ ᠣᠶᠢᠷ᠎ᠠ ᠶᠢᠨ ᠵᠢᠯ ᠤᠳ ᠲᠤ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠵᠡᠢ᠄      ᠪᠢᠳᠡ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠣᠭᠲᠠᠴᠠ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃ ︽ᠮᠣᠩᠭᠤᠯ ᠠᠵᠤ ᠠᠬᠤᠶᠢᠯᠠᠯ ᠨᠡᠪᠲᠡᠷᠡᠯᠴᠡᠬᠦ︾ ᠲᠠᠪᠴᠠᠩ ᠤᠨ ᠠᠵᠤ ᠠᠬᠤᠶᠢᠯᠠᠯ ᠤᠨ ︽ᠠᠰᠠᠭᠤᠳᠠᠯ ᠢ ᠲᠤᠰᠬᠠᠬᠤ︾ ᠴᠣᠩᠬᠤᠪᠴᠢ ᠪᠠᠷ ᠭᠦᠢᠴᠡᠳᠬᠡᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ᠵᠠᠰᠠᠭ ᠠᠵᠤ ᠠᠬᠤᠶᠢᠯᠠᠯ ᠨᠡᠪᠲᠡᠷᠡᠯᠴᠡᠬᠦ ᠪᠠ ᠭᠤᠮᠣᠳᠠᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠪᠣᠶ ᠪᠣᠯᠭᠠᠵᠤ᠂ ᠣᠲᠣ ᠪᠣᠯᠲᠠᠯ᠎ᠠ᠂ ᠲᠠᠪᠴᠠᠩ ᠨᠢ ᠠᠵᠤ ᠠᠬᠤᠶᠢᠯᠠᠯ ᠤᠨ ᠭᠤᠮᠣᠳᠠᠯ ᠱᠠᠭᠠᠷᠳᠠᠯᠭ᠎ᠠ ᠶᠢ 19 ᠬᠤᠪᠢ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠵᠦ᠂ 16 ᠬᠤᠪᠢ ᠶᠢ ᠨᠢ ᠨᠢᠭᠡᠨᠲᠡ ᠰᠢᠢᠳᠪᠦᠷᠢᠯᠡᠵᠦ ᠳᠠᠭᠤᠰᠬᠠᠪᠠ᠃ ᠪᠦᠬᠦ ᠬᠤᠲᠠ ᠶᠢᠨ ᠬᠠᠤᠯᠢᠴᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠪᠠ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠭᠦᠨᠵᠡᠭᠡᠶᠢᠷᠡᠨ ᠬᠠᠤᠯᠢ ᠴᠠᠭᠠᠵᠠ ᠶᠢᠨ ᠤᠬᠠᠭᠤᠯᠭ᠎ᠠ᠂ ᠬᠠᠤᠯᠢ ᠴᠠᠭᠠᠵᠠ ᠶᠢᠨ ᠵᠥᠪᠯᠡᠯᠭᠡ᠂  ᠬᠠᠤᠯᠢ  ᠪᠠᠷ  ᠵᠠᠰᠠᠬᠤ  ᠪᠡᠶ᠎ᠡ  ᠶᠢᠨ  ᠪᠠᠶᠢᠴᠠᠭᠠᠯᠲᠠ  ᠵᠡᠷᠭᠡ  ᠦᠢᠯᠡᠴᠢᠯᠡᠭᠡ  ᠎ ᠶᠢ  ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠠᠤᠯᠢ ᠴᠠᠭᠠᠵᠠ ᠶᠢᠨ ᠠᠷᠭ᠎ᠠ ᠪᠠᠷᠢᠯ ᠢ ᠬᠡᠷᠡᠭᠯᠡᠨ ᠡᠵᠡᠩᠨᠡᠯᠲᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ᠂ ᠪᠦᠬᠦ ᠵᠢᠯ ᠳᠤ ᠪᠦᠬᠦ ᠬᠤᠳᠠ ᠶᠢᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠪᠡᠶ᠎ᠡ ᠶᠢᠨ ᠪᠠᠶᠢᠴᠠᠭᠠᠯᠲᠠ ᠶᠢᠨ ᠠᠵᠤ ᠠᠬᠤᠶᠢᠯᠠᠯ 199 ᠪᠠᠶᠢᠵᠤ᠂ ᠬᠠᠤᠯᠢ ᠴᠠᠭᠠᠵᠠ ᠶᠢᠨ ᠰᠠᠨᠠᠯ 246 ᠬᠤᠪᠢ ᠭᠠᠷᠭᠠᠵᠤ᠂ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠠᠵᠢᠯ ᠢ 151 ᠤᠳᠠᠭ᠎ᠠ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠠᠶᠤᠯ ᠲᠦᠭᠰᠢᠭᠦᠷᠢ ᠶᠢᠨ ᠴᠡᠭ ᠢ 85 ᠡᠮᠬᠢᠯᠡᠵᠦ᠂  ᠵᠥᠷᠢᠴᠡᠯ  ᠵᠢᠭᠤᠷᠠᠯᠳᠤᠭᠠᠨ  ᠢ  56  ᠠᠷᠢᠯᠭᠠᠵᠤ ᠂  ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾᠎ ᠶᠢ 101 ᠤᠳᠠᠭ᠎ᠠ ᠥᠷᠨᠢᠭᠦᠯᠵᠦ᠂ ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ 18 ᠬᠤᠪᠢ ᠭᠠᠷᠭᠠᠪᠠ᠃ ᠪᠠᠭᠲᠠᠭᠠᠮᠵᠢᠲᠠᠢ ᠪᠣᠯᠭᠤᠮᠵᠢᠲᠠᠢ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠶᠢ ᠢᠳᠡᠪᠬᠢᠲᠡᠢ ᠠᠬᠢᠭᠤᠯᠵᠤ᠂ ᠪᠦᠬᠦ ᠬᠤᠳᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨ ᠨᠡᠶᠢᠳᠡ 183 ᠵᠦᠢᠯ ᠤᠨ ᠦᠯᠦ ᠰᠢᠳᠬᠡᠬᠦ ᠵᠦᠢᠯᠡᠰ᠂ 172 ᠵᠦᠢᠯ ᠤᠨ ᠬᠥᠩᠭᠡᠨ ᠢᠶᠠᠷ ᠰᠢᠳᠬᠡᠬᠦ ᠵᠦᠢᠯᠡᠰ᠂ 121 ᠵᠦᠢᠯ ᠤᠨ ᠬᠥᠩᠭᠡᠷᠡᠭᠦᠯᠦᠨ ᠰᠢᠳᠬᠡᠬᠦ ᠵᠦᠢᠯᠡᠰ᠂ 14 ᠵᠦᠢᠯ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠦᠯᠦ ᠬᠡᠷᠡᠭᠵᠢᠭᠦᠯᠬᠦ ᠵᠦᠢᠯᠡᠰ ᠢ ᠨᠠᠶᠢᠷᠠᠭᠤᠯᠤᠨ ᠵᠣᠬᠢᠶᠠᠪᠠ᠃      ᠬᠥᠲᠥᠯᠥᠭᠴᠢ᠄ ᠼᠠᠢ ᠲᠣᠪᠴᠢᠶᠠᠨ ᠳᠠᠷᠤᠭ᠎ᠠ ᠠ᠂ ᠣᠳᠣᠬᠠᠨ ᠳᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠬᠢᠴᠠ ᠶᠢᠨ ᠲᠠᠰᠤᠷᠠᠯᠲᠠ ᠦᠭᠡᠢ ᠠᠭᠢᠬᠤ ᠶᠢ ᠳᠠᠭᠠᠯᠳᠤᠨ᠂ ᠠᠷᠠᠳ ᠣᠯᠠᠨ ᠤ ᠬᠠᠤᠯᠢ ᠪᠠᠷ ᠵᠠᠰᠠᠬᠤ ᠦᠵᠡᠯᠲᠡ ᠴᠦ ᠲᠠᠰᠤᠷᠠᠯᠲᠠ ᠦᠭᠡᠢ ᠴᠢᠩᠭᠠᠷᠠᠵᠤ᠂ ᠬᠠᠤᠯᠢ ᠴᠠᠭᠠᠵᠠ ᠶᠢᠨ ᠦᠢᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠠᠰ ᠳᠠᠪᠬᠤᠷᠭ᠎ᠠ᠂ ᠪᠠᠷᠢᠮᠵᠢᠶ᠎ᠠ ᠴᠤ ᠤᠯᠠᠮ ᠠᠴᠠ ᠤᠯᠠᠮ ᠥᠨᠳᠥᠷ ᠪᠣᠯᠵᠤ ᠪᠠᠶᠢᠨ᠎ᠠ᠃      ᠼᠠᠢ ᠸᠧᠢ᠄ ᠲᠡᠶᠢᠮᠦ ᠠ᠋᠃ ᠪᠢᠳᠡ ᠪᠠᠰᠠ ᠬᠠᠤᠯᠢ ᠴᠠᠭᠠᠵᠠ ᠶᠢᠨ ᠦᠢᠯᠡᠴᠢᠯᠡᠭᠡᠨ ᠤ ᠬᠦᠷᠢᠶ᠎ᠡ ᠶᠢ ᠦᠷᠭᠦᠯᠵᠢᠯᠡᠨ ᠥᠷᠭᠡᠳᠬᠡᠵᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ · ᠨᠢᠭᠡ ᠤᠳᠠᠭ᠎ᠠ ᠳᠤ ᠰᠠᠶᠢᠲᠤᠷ ᠭᠦᠢᠴᠡᠳᠬᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠵᠦᠢᠯᠡᠰ ᠢ ᠮᠡᠳᠡᠭᠳᠡᠵᠦ ᠠᠮᠠᠯᠠᠭᠤᠯᠬᠤ ᠳᠦᠷᠢᠮ ᠢ ᠬᠡᠷᠡᠭᠵᠢᠭᠦᠯᠦᠨ᠂ ᠬᠥᠨᠳᠡᠯᠡᠨ ᠠᠴᠠ ᠲᠠᠰᠤᠯᠬᠤ ᠶᠢ ᠵᠢᠷᠤᠮᠵᠢᠭᠤᠯᠤᠨ ᠬᠥᠭᠵᠢᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠪᠠᠶᠠᠨᠨᠠᠭᠤᠷ ᠤᠨ ᠬᠥᠨᠳᠡᠯᠡᠨ ᠠᠴᠠ ᠲᠠᠰᠤᠯᠬᠤ ᠺᠣᠮᠢᠰ ᠤᠨ ᠬᠤᠰᠢᠭᠤ ᠰᠢᠶᠠᠨ ᠲᠣᠭᠤᠷᠢᠭ ᠤᠨ ᠬᠤᠪᠢᠶᠠᠷᠢ ᠰᠠᠯᠪᠤᠷᠢ ᠪᠠᠶᠢᠭᠤᠯᠤᠮᠵᠢ ᠶᠢ ᠪᠠᠶᠢᠭᠤᠯᠤᠨ᠂ ᠪᠠᠶᠠᠨᠨᠠᠭᠤᠷ ᠤᠨ ᠬᠥᠨᠳᠡᠯᠡᠨ ᠠᠴᠠ ᠲᠠᠰᠤᠯᠬᠤ ᠺᠣᠮᠢᠰ ᠤᠨ ᠮᠥᠩᠭᠦᠨ ᠭᠦᠢᠯᠭᠡᠭᠡᠨ ᠤ ᠬᠥᠨᠳᠡᠯᠡᠨ ᠠᠴᠠ ᠲᠠᠰᠤᠯᠬᠤ ᠬᠤᠷᠢᠶ᠎ᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠠᠤᠯᠢ ᠴᠠᠭᠠᠵᠠ ᠶᠢᠨ ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠦᠨᠡᠯᠡᠯᠲᠡ ᠬᠢᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠪᠠ ᠬᠥᠨᠳᠡᠯᠡᠨ ᠠᠴᠠ ᠲᠠᠰᠤᠯᠬᠤ ᠠᠵᠢᠯ ᠲᠦᠷᠦᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃      ᠬᠥᠲᠥᠯᠥᠭᠴᠢ᠄ ᠡᠶᠢᠮᠦᠷᠬᠦ ᠠᠳᠠᠯᠢ ᠪᠤᠰᠤ ᠠᠷᠭ᠎ᠠ ᠵᠠᠮ ᠤᠨ ᠤᠬᠠᠭᠤᠯᠭ᠎ᠠ ᠪᠠ ᠦᠢᠯᠡᠴᠢᠯᠡᠭᠡ ᠪᠠᠷ ᠳᠠᠮᠵᠢᠭᠤᠯᠤᠨ᠂ ᠬᠠᠤᠯᠢ ᠪᠠᠷ ᠵᠠᠰᠠᠬᠤ ᠶᠢ ᠠᠵᠤ ᠠᠬᠤᠢ ᠨᠡᠶᠢᠭᠡᠮ᠂ ᠠᠷᠠᠳ ᠣᠯᠠᠨ ᠤ ᠠᠮᠢᠳᠤᠷᠠᠯ ᠤᠨ ᠨᠢᠭᠡ ᠬᠡᠰᠡᠭ ᠪᠣᠯᠭᠠᠨ᠎ᠠ᠃      ᠵᠣᠴᠢᠨ᠄ ᠲᠣᠯᠣᠭᠠᠢ  ᠳᠣᠬᠢᠨ᠎ᠠ      ᠬᠥᠲᠥᠯᠥᠭᠴᠢ᠄ ᠪᠢᠳᠡᠨ ᠳᠤ ᠡᠳᠦᠷ ᠲᠤᠲᠤᠮ ᠤᠨ ᠤᠴᠢᠷ ᠶᠠᠪᠤᠳᠠᠯ ᠲᠣᠬᠢᠶᠠᠯᠳᠤᠪᠠᠯ ᠬᠡᠷᠬᠢᠨ ᠲᠤᠰᠠᠯᠠᠮᠵᠢ ᠡᠷᠢᠬᠦ ᠪᠣᠶ︖ ᠪᠢᠳᠡ ᠬᠤᠲᠠ ᠶᠢᠨ ᠠᠷᠠᠳ ᠤᠨ ᠠᠰᠠᠭᠤᠵᠤ ᠯᠠᠪᠯᠠᠬᠤ ᠶᠢ ᠰᠣᠨᠣᠰᠤᠶ᠎ᠠ᠃      ᠲᠣᠰᠬᠤᠨ ᠤ ᠠᠷᠠᠳ᠄ ᠪᠢᠳᠡ ᠪᠠᠰᠠ ᠬᠠᠤᠯᠢ ᠴᠠᠭᠠᠵᠠ ᠶᠢᠨ ᠵᠦᠢᠯ ᠵᠤᠷᠪᠤᠰ ᠵᠡᠷᠭᠡ ᠶᠢ ᠮᠡᠳᠡᠬᠦ ᠦᠭᠡᠢ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠶᠠᠭᠠᠬᠢᠵᠤ ᠬᠠᠮᠠᠭᠠᠯᠠᠬᠤ ᠪᠠᠨ ᠴᠤ ᠮᠡᠳᠡᠬᠦ ᠦᠭᠡᠢ᠂ ᠪᠢᠳᠡᠨ ᠳᠤ ᠬᠠᠮᠢᠶ᠎ᠠ ᠪᠦᠬᠦᠢ ᠬᠠᠪᠰᠤᠷᠤᠯᠭ᠎ᠠ ᠪᠠᠶᠢᠬᠤ ᠡᠰᠡᠬᠦ ᠶᠢ ᠠᠰᠠᠭᠤᠶ᠎ᠠ᠃      ᠬᠤᠲᠠ ᠶᠢᠨ ᠠᠷᠠᠳ᠄ ᠠᠮᠢᠳᠤᠷᠠᠯ ᠤᠨ ᠳᠤᠮᠳᠠ ᠪᠠᠭ᠎ᠠ ᠰᠠᠭ᠎ᠠ ᠵᠢᠭᠤᠷᠠᠯᠳᠤᠭᠠᠨ ᠲᠣᠬᠢᠶᠠᠯᠳᠤᠬᠤ ᠨᠢ ᠵᠠᠶᠢᠯᠠᠰᠢ ᠦᠭᠡᠢ᠂ ᠡᠶᠢᠮᠦ ᠤᠴᠢᠷ ᠲᠣᠬᠢᠶᠠᠯᠳᠤᠪᠠᠯ ᠪᠢᠳᠡ ᠶᠠᠭᠠᠬᠢᠪᠠᠯ ᠳᠠᠭᠠᠷᠠᠨ᠎ᠠ ᠪᠣᠶ︖      ᠬᠤᠲᠠ ᠶᠢᠨ ᠠᠷᠠᠳ᠄ ᠳᠡᠭᠡᠷ᠎ᠡ ᠤᠳᠠᠭ᠎ᠠ ᠪᠢ ᠵᠡᠷᠭᠡᠯᠡᠳᠡᠭᠡ ᠠᠢᠯ ᠤᠨ ᠬᠢᠨ ᠲᠠᠢ ᠪᠠᠨ ᠵᠠᠰᠠᠵᠤ ᠴᠢᠮᠡᠭᠯᠡᠭᠰᠡᠨ ᠠᠴᠠ ᠪᠣᠯᠵᠤ ᠵᠢᠭᠠᠬᠠᠨ ᠵᠥᠷᠢᠴᠡᠯ ᠲᠠᠢ ᠪᠣᠯᠤᠭᠰᠠᠨ᠂ ᠪᠢ ᠶᠣᠰᠣ ᠲᠠᠢ ᠭᠡᠰᠡᠨ ᠳᠤ ᠲᠡᠷᠡ ᠶᠣᠰᠣ ᠲᠠᠢ ᠭᠡᠵᠦ ᠪᠣᠳᠣᠭᠰᠠᠨ᠂ ᠰᠡᠭᠦᠯᠡᠷ ᠨᠢ ᠬᠤᠷᠢᠶᠠᠯᠠᠯ ᠤᠨ ᠡᠶᠡᠳᠡᠭᠦᠯᠦᠭᠴᠢ ᠪᠢᠳᠡᠨ ᠳᠤ ᠡᠶᠡᠳᠡᠭᠦᠯᠵᠦ ᠥᠭᠭᠦᠭᠰᠡᠨ᠂ ᠶᠡᠭᠡ ᠰᠠᠢᠨ᠃  ᠡᠶᠢᠮᠦ ᠡᠶᠡᠳᠡᠭᠦᠯᠦᠭᠴᠢ ᠪᠠᠰᠠ ᠪᠠᠭ᠋ᠠᠨ ᠣᠯᠠᠨ ᠪᠠᠶᠢᠬᠤ ᠶᠢ ᠬᠦᠰᠡᠵᠦ  ᠪᠠᠶᠢᠨ᠎ᠠ᠃      ᠬᠥᠲᠥᠯᠥᠭᠴᠢ᠄ ᠠᠩᠬᠠᠳᠠᠭᠴᠢ ᠬᠤᠲᠠ ᠶᠢᠨ ᠠᠷᠠᠳ ᠪᠣᠯ ᠬᠠᠤᠯᠢ ᠴᠠᠭᠠᠵᠠ ᠶᠢᠨ ᠬᠠᠪᠰᠤᠷᠤᠯᠭ᠎ᠠ ᠣᠯᠬᠤ ᠶᠢ ᠬᠦᠰᠡᠵᠦ ᠪᠠᠶᠢᠨ᠎ᠠ᠃      ᠸᠠᠩ ᠶᠦᠩ ᠶᠢᠦ᠄ ᠡᠨᠡ ᠬᠡᠳᠦᠨ ᠬᠤᠲᠠ ᠎ ᠶᠢᠨ ᠠᠷᠠᠳ ᠨᠠᠶᠢᠵᠠ ᠨᠠᠷ ᠤᠨ ᠠᠰᠠᠭᠤᠯᠲᠠ ᠨᠢ ᠭᠤᠣᠯᠳᠠᠭᠤ ᠦᠨᠳᠦᠰᠦᠨ ᠱᠠᠲᠤᠨ ᠤ ᠬᠠᠤᠯᠢ ᠴᠠᠭᠠᠵᠠ ᠎ ᠶᠢᠨ ᠦᠢᠯᠡᠴᠢᠯᠡᠭᠡ ᠪᠣᠯᠣᠨ ᠵᠥᠷᠢᠴᠡᠯ ᠵᠢᠭᠤᠷᠠᠯᠳᠤᠭᠠᠨ ᠎ ᠢ ᠰᠢᠢᠳᠪᠦᠷᠢᠯᠡᠬᠦ ᠲᠠᠯ᠎ᠠ ᠳᠤ ᠬᠤᠯᠪᠣᠭᠳᠠᠨ᠎ᠠ᠃ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠪᠣᠯ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠬᠤ ᠶᠢᠨ ᠤᠷᠢᠲᠠᠯ ᠪᠠ ᠰᠠᠭᠤᠷᠢ ᠮᠥᠨ᠂ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ ᠪᠠ ᠬᠠᠤᠯᠢ ᠶᠢ ᠰᠠᠬᠢᠬᠤ ᠶᠢ ᠬᠠᠮᠲᠤ ᠪᠠᠷ ᠲᠦᠯᠬᠢᠨ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠢ ᠰᠢᠰᠲ᠋ᠧᠮᠲᠦ ᠢᠨᠵᠧᠨᠧᠷᠢᠩ ᠮᠥᠨ᠂ ᠣᠶᠢᠷ᠎ᠠ ᠶᠢᠨ ᠵᠢᠯ ᠤᠳ ᠲᠤ᠂ ᠪᠢᠳᠡ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠨᠠᠷᠢᠨ ᠬᠢᠨᠠᠮᠠᠭᠠᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ︽ᠭᠤᠷᠪᠠᠨ ᠵᠠᠰᠠᠯᠲᠠ ᠶᠢ ᠤᠶᠠᠯᠳᠤᠭᠤᠯᠤᠭᠰᠠᠨ︾ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠪᠠ᠃      ᠡᠩ ᠲᠡᠷᠢᠭᠦᠨ ᠳᠤ ᠬᠤᠳᠠ ᠶᠢᠨ ᠬᠠᠷᠠᠴᠤᠤᠯ ᠤᠨ ᠠᠩᠬᠠᠳᠠᠭᠴᠢ  ᠨᠠᠶᠢᠵᠠ ᠨᠠᠷ ᠤᠨ ᠠᠰᠠᠭᠤᠳᠠᠯ ᠪᠣᠯᠣᠨ᠎ᠠ᠃ ᠪᠢᠳᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠭᠤᠷᠢᠨ ᠳᠤ ︽ᠲᠣᠰᠬᠤᠨ ᠳᠤ ᠰᠠᠭᠤᠭ᠎ᠠ ᠬᠠᠤᠯᠢ ᠴᠠᠭᠠᠵᠠ ᠶᠢᠨ ᠵᠥᠪᠯᠡᠭᠴᠢ︾᠎ ᠶᠢ ᠳᠡᠭᠡᠭᠰᠢᠯᠡᠭᠦᠯᠬᠦ ᠢᠨᠵᠧᠨᠧᠷᠢᠩ᠂ ︽ᠬᠠᠤᠯᠢ ᠪᠠᠷ ᠵᠠᠰᠠᠬᠤ ᠮᠡᠷᠭᠡᠨ ᠬᠥᠮᠥᠨ︾᠎ ᠢ ᠪᠣᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂  ᠬᠠᠤᠯᠢ  ᠴᠠᠭᠠᠵᠠ  ᠶᠢᠨ  ᠵᠥᠪᠯᠡᠭᠴᠢ ᠎ ᠶᠢᠨ  ᠲᠣᠭᠲᠠᠮᠠᠯ  ᠬᠤᠭᠤᠴᠠᠭ᠎ᠠ  ᠲᠠᠢ  ᠪᠠᠷ  ᠲᠣᠰᠬᠤᠨ ︵ᠨᠡᠶᠢᠭᠡᠮ ᠲᠣᠭᠤᠷᠢᠭ︶᠎ ᠳᠤ ᠬᠦᠷᠴᠦ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ ᠪᠠᠷ ᠵᠠᠰᠠᠬᠤ ᠤᠬᠠᠭᠤᠯᠭ᠎ᠠ ᠶᠢ ᠥᠷᠨᠢᠭᠦᠯᠬᠦ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠣᠯᠠᠨ ᠲᠦᠮᠡᠨ ᠳᠤ ᠬᠠᠤᠯᠢ ᠶᠢ ᠲᠠᠶᠢᠯᠪᠤᠷᠢᠯᠠᠨ ᠬᠠᠤᠯᠢ ᠴᠠᠭᠠᠵᠠ ᠶᠢ ᠲᠠᠶᠢᠯᠪᠤᠷᠢᠯᠠᠵᠤ᠂ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ᠦᠨᠳᠦᠰᠦᠨ ᠱᠠᠲᠤᠨ ᠤ ᠣᠯᠠᠨ ᠲᠦᠮᠡᠨ ᠳᠤ ᠭᠠᠵᠠᠷ ᠰᠢᠷᠣᠢ ᠶᠢᠨ ᠨᠥᠬᠦᠪᠦᠷᠢ᠂ ᠵᠠᠮ ᠬᠠᠷᠢᠯᠴᠠᠭᠠᠨ ᠤ ᠠᠳᠡᠯ᠂ ᠭᠡᠷ ᠪᠦᠯᠢ ᠶᠢᠨ ᠵᠥᠷᠢᠴᠡᠯ ᠵᠡᠷᠭᠡ ᠲᠠᠯ᠎ᠠ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠴᠠᠭ ᠲᠤᠬᠠᠢ ᠳᠤᠨᠢ ᠬᠠᠩᠭᠠᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠦᠨᠡᠨᠬᠦ ᠨᠡᠪᠲᠡᠷᠡᠭᠦᠯᠦᠨ᠎ᠡ᠃ 2022 ᠣᠨ ᠳᠤ᠂ ᠪᠠᠶᠠᠨᠨᠠᠭᠤᠷ ᠬᠤᠲᠠ ᠶᠢᠨ ᠲᠣᠰ ᠱᠠᠲᠤᠨ ᠤ 46 ᠨᠠᠮ ᠵᠠᠰᠠᠭ ᠤᠨ ᠪᠠᠶᠢᠭᠤᠯᠤᠯᠭ᠎ᠠ᠂ ᠬᠤᠰᠢᠭᠤ ᠰᠢᠶᠠᠨ ᠲᠣᠭᠤᠷᠢᠭ ᠤᠨ 275 ᠨᠠᠮ ᠵᠠᠰᠠᠭ ᠤᠨ ᠪᠠᠶᠢᠭᠤᠯᠤᠯᠭ᠎ᠠ ᠪᠠ 73 ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠢᠨ ᠴᠥᠮ ᠬᠠᠤᠯᠢ ᠴᠠᠭᠠᠵᠠ ᠶᠢᠨ ᠵᠥᠪᠯᠡᠭᠴᠢ ᠶᠢ ᠤᠷᠢᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠪᠦᠷᠬᠦᠴᠡ ᠶᠢᠨ ᠨᠣᠷᠮ᠎ᠠ 100%᠎ ᠳᠤ ᠬᠦᠷᠴᠦ᠂ 2022 ᠣᠨ ᠤ ᠡᠴᠦᠰ ᠲᠤ ᠪᠦᠬᠦᠨ ᠢ ᠬᠠᠮᠤᠷᠬᠤ ᠬᠠᠷᠠᠯᠲᠠ ᠶᠢ ᠪᠡᠶᠡᠯᠡᠭᠦᠯᠪᠡ᠃ 2021 ᠣᠨ ᠤ ᠡᠴᠦᠰ ᠤᠨ 86.95%᠂ 32.3% ᠪᠠ 67.12% ᠎ ᠠᠴᠠ ᠶᠡᠭᠡ ᠬᠡᠮᠵᠢᠶ᠎ᠡ ᠪᠠᠷ ᠳᠡᠭᠡᠭᠰᠢᠯᠡᠵᠡᠢ᠂ ᠢᠯᠠᠩᠭᠤᠶ᠎ᠠ ᠬᠤᠰᠢᠭᠤ ᠰᠢᠶᠠᠨ ᠲᠣᠭᠤᠷᠢᠭ ᠤᠨ ᠨᠠᠮ ᠵᠠᠰᠠᠭ ᠤᠨ ᠪᠠᠶᠢᠭᠤᠯᠤᠯᠭ᠎ᠠ ᠶᠢᠨ ᠬᠠᠤᠯᠢ ᠴᠠᠭᠠᠵᠠ ᠶᠢᠨ ᠵᠥᠪᠯᠡᠭᠴᠢ ᠶᠢ ᠤᠷᠢᠭᠰᠠᠨ ᠨᠢ ᠨᠢᠳᠤᠨᠤᠨ ᠤ ᠎ ᠬᠢ ᠠᠴᠠ 2 ᠳᠠᠬᠢᠨ ᠎ ᠠᠴᠠ ᠳᠡᠭᠡᠭᠰᠢ ᠨᠡᠮᠡᠭᠳᠡᠭᠰᠡᠨ ᠪᠠᠶᠢᠨ᠎ᠠ᠃      ᠬᠥᠲᠥᠯᠥᠭᠴᠢ᠄ ᠬᠤᠶᠠᠳᠤᠭᠠᠷ ᠨᠢ ᠵᠥᠷᠢᠴᠡᠯ ᠵᠢᠭᠤᠷᠠᠯᠳᠤᠭᠠᠨ ᠎ ᠢ ᠬᠡᠷᠬᠢᠨ ᠰᠢᠢᠳᠪᠦᠷᠢᠯᠡᠬᠦ ᠲᠤᠬᠠᠢ ᠠᠰᠠᠭᠤᠯᠲᠠ ᠪᠣᠯᠣᠨ᠎ᠠ᠃      ᠼᠠᠢ ᠸᠧᠢ᠄ ᠬᠡᠷᠪᠡ ᠵᠢᠭᠤᠷᠠᠯᠳᠤᠭᠠᠨ ᠭᠠᠷᠪᠠᠯ᠂ ᠬᠤᠲᠠ ᠶᠢᠨ ᠠᠷᠠᠳ ᠨᠠᠶᠢᠵᠠ ᠨᠠᠷ ᠣᠯᠠᠨ ᠡᠰᠢᠲᠦ ᠵᠥᠷᠢᠴᠡᠯ ᠢ ᠰᠢᠢᠳᠪᠦᠷᠢᠯᠡᠬᠦ ᠵᠢᠯᠤᠭᠤᠳᠬᠤ ᠲᠥᠪ ᠪᠤᠶᠤ ᠲᠤᠬᠠᠢ ᠶᠢᠨ ᠭᠠᠵᠠᠷ ᠤᠨ ᠬᠠᠤᠯᠢ ᠴᠠᠭᠠᠵᠠ ᠶᠢᠨ ᠭᠠᠵᠠᠷ ᠲᠤ ᠣᠴᠢᠵᠤ ᠰᠢᠢᠳᠪᠦᠷᠢᠯᠡᠵᠦ ᠪᠣᠯᠣᠨ᠎ᠠ᠃ ᠣᠳᠣᠬᠠᠨ ᠳᠤ᠂ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠲᠤ ᠴᠥᠮ ᠵᠥᠷᠢᠴᠡᠯ ᠢ ᠰᠢᠢᠳᠪᠦᠷᠢᠯᠡᠬᠦ ᠣᠯᠠᠨ ᠡᠰᠢᠲᠦ ᠵᠢᠯᠤᠭᠤᠳᠬᠤ ᠲᠥᠪ ᠪᠠᠶᠢᠭᠤᠯᠤᠭᠰᠠᠨ ᠪᠠᠶᠢᠨ᠎ᠠ᠃ ︽ᠨᠢᠭᠡ ᠯᠡ ᠥᠷᠲᠡᠭᠡᠨ ᠤ ᠬᠡᠯᠪᠡᠷᠢ ᠪᠠᠷ ᠬᠦᠯᠢᠶᠡᠨ ᠠᠪᠴᠤ ᠰᠢᠢᠳᠪᠦᠷᠢᠯᠡᠬᠦ ᠬᠡᠯᠬᠢᠶ᠎ᠡ ᠦᠢᠯᠡᠴᠢᠯᠡᠭᠡ ᠎ ᠶᠢ ᠪᠦᠬᠦᠨ ᠎ ᠢ ᠰᠢᠢᠳᠪᠦᠷᠢᠯᠡᠬᠦ︾ ᠦᠷ᠎ᠡ ᠳ᠋ᠦᠩ ᠳᠤ ᠬᠦᠷᠴᠦ᠂ ︽ᠵᠥᠷᠢᠴᠡᠯ ᠵᠢᠭᠤᠷᠠᠯᠳᠤᠭᠠᠨ ᠎ ᠢ ᠦᠨᠳᠦᠰᠦᠨ ᠱᠠᠲᠤᠨ ᠳᠤ ᠰᠢᠢᠳᠪᠦᠷᠢᠯᠡᠬᠦ︾᠎ ᠶᠢ ᠠᠩᠬ᠎ᠠ ᠠᠯᠬᠤᠮ ᠪᠡᠶᠡᠯᠡᠭᠦᠯᠵᠡᠢ᠃ ᠪᠢᠳᠡ ᠪᠠᠰᠠ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠰᠢᠶᠠᠩ ᠪᠠᠯᠭᠠᠰᠤ ᠲᠣᠰᠬᠤᠨ ᠳᠤᠭᠤᠶᠢᠯᠠᠩ ᠲᠡᠰᠢ ᠤᠷᠲᠤᠳᠬᠠᠬᠤ ᠶᠢ ᠠᠬᠢᠭᠤᠯᠤᠭᠰᠠᠨ ᠪᠥᠭᠡᠳ ᠬᠤᠳᠠ ᠶᠢᠨ ᠨᠠᠮ ᠤᠨ ᠬᠤᠷᠢᠶ᠎ᠠ ᠳᠤ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠵᠢᠭᠰᠠᠭᠠᠭᠳᠠᠵᠤ᠂ ᠤᠳᠤ ᠪᠣᠯᠲᠠᠯ᠎ᠠ ᠮᠠᠨ ᠤ ᠬᠤᠳᠠ ᠤᠯᠠᠨ ᠡᠰᠢᠲᠦ ᠵᠥᠷᠢᠴᠡᠯ ᠢ ᠨᠠᠮᠳᠠᠭᠤᠯᠬᠤ ᠰᠢᠶᠠᠩ ᠪᠠᠯᠭᠠᠰᠤᠨ ᠤ 16 ᠵᠢᠱᠢᠶ᠎ᠡ ᠦᠵᠡᠭᠦᠯᠬᠦ ᠴᠡᠭ᠂ ᠲᠣᠰᠬᠤᠨ ᠳᠤᠭᠤᠶᠢᠯᠠᠩ ᠤᠨ ᠵᠢᠱᠢᠶ᠎ᠡ ᠦᠵᠡᠭᠦᠯᠬᠦ ᠴᠡᠭ ᠢ 48 ᠪᠠᠶᠢᠭᠤᠯᠵᠤ᠂ 2023 ᠣᠨ ᠤ ᠰᠡᠭᠦᠯᠴᠢ ᠪᠠᠷ᠂ ᠰᠢᠶᠠᠩ ᠪᠠᠯᠭᠠᠰᠤ ᠲᠣᠰᠬᠤᠨ ᠳᠤᠭᠤᠶᠢᠯᠠᠩ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠬᠦ ᠪᠣᠯᠣᠨ᠎ᠠ᠃ 2022 ᠣᠨ ᠳᠤ᠂ ᠪᠥᠬᠦ ᠬᠤᠲᠠ ᠶᠢᠨ ᠠᠷᠠᠳ ᠤᠨ ᠡᠶᠡᠳᠡᠭᠦᠯᠭᠡ ᠶᠢᠨ ᠪᠠᠶᠢᠭᠤᠯᠤᠮᠵᠢ ᠨᠡᠶᠢᠲᠡ 19111 ᠬᠤᠪᠢ ᠵᠥᠷᠢᠴᠡᠯ ᠵᠢᠭᠤᠷᠠᠯᠳᠤᠭᠠᠨ ᠢ ᠡᠶᠡᠳᠡᠭᠦᠯᠵᠦ᠂ ᠡᠶᠡᠳᠡᠭᠦᠯᠦᠭᠡᠳ ᠠᠮᠵᠢᠯᠲᠠ ᠣᠯᠣᠭᠰᠠᠨ ᠨᠣᠷᠮ᠎ᠠ ᠨᠢ 96.82% ᠪᠠᠶᠢᠵᠤ᠂ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃      ᠬᠥᠲᠥᠯᠥᠭᠴᠢ᠄ ᠭᠤᠷᠪᠠᠳᠠᠭᠢ ᠬᠤᠲᠠ ᠶᠢᠨ ᠠᠷᠠᠳ ᠪᠣᠯ ᠮᠠᠨ ᠤ ᠡᠶᠡᠳᠡᠭᠦᠯᠬᠦ ᠠᠵᠢᠯ ᠢ ᠮᠠᠭᠲᠠᠨ ᠰᠠᠶᠢᠰᠢᠶᠠᠵᠤ ᠪᠠᠶᠢᠭ᠎ᠠ ᠶᠠᠪᠤᠳᠠᠯ ᠮᠥᠨ᠃      ᠼᠠᠢ ᠸᠧᠢ᠄ ᠡᠨᠡ ᠬᠤᠳᠠ ᠶᠢᠨ ᠠᠷᠠᠳ ᠤᠨ ᠨᠠᠶᠢᠵᠠ ᠶᠢᠨ ᠮᠠᠨ ᠤ ᠠᠵᠢᠯ ᠢ  ᠨᠤᠲᠠᠯᠠᠭᠰᠠᠨ  ᠳᠤ  ᠲᠠᠯᠠᠷᠬᠠᠵᠤ  ᠪᠠᠶᠢᠨ᠎ᠠ᠃  ᠡᠨᠡ  ᠬᠡᠳᠦᠨ  ᠵᠢᠯ ᠎ ᠳᠤ ᠂  ᠪᠢᠳᠡ ︽ᠯᠣᠣ ᠾᠧ ᠡᠶᠡᠳᠡᠭᠦᠯᠬᠦ ᠠᠵᠢᠯ ᠤᠨ ᠲᠠᠰᠤᠭ︾᠎ ᠤᠨ ᠲᠡᠷᠢᠭᠦᠨ ᠤ ᠠᠷᠭ᠎ᠠ ᠬᠢᠳᠡᠯ ᠢᠶᠠᠷ ᠯᠠᠪᠯᠠᠯᠲᠠ ᠪᠣᠯᠭᠠᠵᠤ᠂ ᠲᠣᠰ ᠲᠣᠰ ᠰᠢᠶᠠᠩ ᠪᠠᠯᠭᠠᠰᠤ᠂ ᠵᠡᠭᠡᠯᠢ ᠭᠤᠳᠤᠮᠵᠢ᠂ ᠲᠤᠰᠬᠠᠢ ᠮᠡᠷᠭᠡᠵᠢᠯ᠂ ᠠᠵᠢᠯ ᠲᠥᠷᠥᠯ ᠤᠨ ᠬᠦᠷᠢᠶᠡᠨ  ᠳᠤ  ᠬᠠᠤᠯᠢ  ᠴᠠᠭᠠᠵᠠ  ᠶᠢᠨ  ᠵᠠᠰᠠᠭ  ᠵᠠᠬᠢᠷᠭᠠᠨ ᠎ ᠤ  ᠨᠠᠷᠠᠲᠤ  ᠲᠥᠷᠥᠯ  ᠲᠡᠮᠳᠡᠭᠲᠦ  ᠶᠢ  ᠪᠣᠶ  ᠪᠣᠯᠭᠠᠵᠤ᠂  ︽ᠠᠳᠠᠯ ᠠᠬᠤᠢ ᠶᠢᠨ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ  ᠠᠵᠢᠯ  ᠤᠨ  ᠲᠠᠰᠤᠭ  ︾ ᠂  ︽ ᠎ ᠨᠢ  ᠰᠠᠨ  ᠤ  ᠡᠶᠡᠳᠡᠭᠦᠯᠬᠦ  ᠠᠵᠢᠯ ᠎ ᠤᠨ  ᠲᠠᠰᠤᠭ︾ ︽ᠭᠤᠷᠪᠠᠨ ᠠᠬᠠᠮᠠᠳ ᠡᠶᠡᠳᠡᠭᠦᠯᠬᠦ ᠠᠵᠢᠯ ᠤᠨ ᠲᠠᠰᠤᠭ︾ ︵ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ᠂ ᠠᠬᠠᠮᠠᠳ ᠪᠠᠭᠰᠢ︶ ︽ᠸᠠᠩ ᠦ᠋ ᠾᠧᠦ ᠶᠢᠨ ᠡᠶᠡᠳᠡᠭᠦᠯᠬᠦ ᠠᠵᠢᠯ ᠤᠨ ᠲᠠᠰᠤᠭ︾ ︽ᠨᠠᠷᠠᠨᠴᠡᠴᠡᠭ ᠡᠶᠡᠳᠡᠭᠦᠯᠬᠦ ᠠᠵᠢᠯ ᠤᠨ ᠲᠠᠰᠤᠭ︾ ᠵᠡᠷᠭᠡ ᠨᠢᠭᠡ ᠪᠦᠯᠦᠭ ᠨᠠᠷᠠᠲᠤ ᠲᠥᠷᠥᠯ ᠲᠡᠮᠳᠡᠭᠲᠦ ᠶᠢᠨ ᠡᠶᠡᠳᠡᠭᠦᠯᠬᠦ ᠲᠠᠰᠤᠭ ᠢ ᠪᠠᠶᠢᠭᠤᠯᠪᠠ᠃ ᠮᠠᠨ ᠤ ᠬᠤᠲᠠ ᠳᠤ ᠣᠳᠣ ᠡᠯ᠎ᠡ ᠱᠠᠲᠤᠨ ᠤ ᠡᠯ᠎ᠡ ᠲᠥᠷᠥᠯ ᠤᠨ ᠠᠷᠠᠳ ᠤᠨ ᠡᠶᠡᠳᠡᠭᠦᠯᠭᠡ ᠶᠢᠨ ᠺᠣᠮᠢᠰ 875 ᠪᠠᠶᠢᠵᠤ᠂ ᠣᠳᠣ ᠳᠠᠩᠰᠠᠨ ᠳᠤ ᠪᠠᠶᠢᠭ᠎ᠠ ᠠᠷᠠᠳ ᠤᠨ ᠡᠶᠡᠳᠡᠭᠦᠯᠦᠭᠴᠢ 3820 ᠬᠥᠮᠥᠨ ᠪᠠᠶᠢᠵᠤ᠂ ᠠᠷᠠᠳ ᠤᠨ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠶᠢ ᠪᠦᠬᠦᠨ ᠢ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠪᠡ᠃      ᠬᠥᠲᠥᠯᠥᠭᠴᠢ᠄ ᠠᠷᠠᠳ ᠢᠷᠭᠡᠳ ᠤᠨ ᠬᠠᠤᠯᠢ ᠪᠠᠷ ᠵᠠᠰᠠᠬᠤ ᠶᠢᠨ ᠲᠤᠬᠠᠢ ᠬᠦᠰᠡᠯ ᠡᠷᠡᠮᠡᠯᠵᠡᠯ ᠨᠢ ︽ᠮᠠᠭᠤ ᠬᠥᠮᠥᠨ ᠢ ᠪᠠᠷᠢᠬᠤ︾᠎ ᠳᠤ ᠰᠡᠳᠬᠢᠯ ᠬᠠᠩᠬᠤ ᠦᠭᠡᠢ᠂ ᠬᠠᠷᠢᠨ ᠨᠡᠶᠢᠭᠡᠮ ᠤᠨ ᠵᠠᠰᠠᠯᠲᠠ ᠶᠢᠨ ᠲᠠᠯ᠎ᠠ ᠪᠦᠬᠦᠨ ᠢ ᠬᠠᠮᠤᠷᠤᠨ᠎ᠠ᠃      ᠵᠣᠴᠢᠨ᠄ ᠲᠣᠯᠣᠭᠠᠢ  ᠳᠣᠬᠢᠪᠠ      ᠬᠥᠲᠥᠯᠥᠭᠴᠢ᠄ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠪᠣᠯ ᠤᠯᠤᠰ ᠢᠶᠠᠨ ᠵᠠᠰᠠᠬᠤ ᠶᠢᠨ ᠨᠢᠭᠡ ᠤᠳᠠᠭᠠᠨ ᠤ ᠭᠦᠨᠵᠡᠭᠡᠢ ᠬᠤᠪᠢᠰᠬᠠᠯ ᠮᠥᠨ︾ ᠭᠡᠵᠦ ᠴᠢᠬᠤᠯᠠᠴᠢᠯᠠᠭᠰᠠᠨ ᠪᠥᠭᠡᠳ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠰ ᠲᠤᠨᠢ ᠨᠢᠭᠡ ᠬᠡᠰᠡᠭ ᠪᠣᠯᠭᠠᠵᠤ ᠲᠤᠰᠬᠠᠢ ᠪᠦᠯᠦᠭ ᠢᠶᠠᠷ ᠥᠭᠦᠯᠡᠨ ᠲᠣᠭᠠᠴᠢᠵᠤ᠂ ᠲᠤᠰᠬᠠᠶᠢᠯᠠᠨ ᠪᠠᠶᠢᠷᠢᠯᠠᠭᠤᠯᠪᠠ᠂ ᠮᠠᠨ ᠤ ᠪᠠᠶᠠᠨᠨᠠᠭᠤᠷ ᠣᠲᠣ ᠶᠠᠭ ᠤᠯᠤᠰ ᠤᠨ ᠲᠠᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠪᠠᠶᠢᠭᠤᠯᠬᠤ ᠪᠠᠷ ᠴᠢᠷᠮᠠᠶᠢᠵᠤ ᠪᠠᠶᠢᠨ᠎ᠠ᠂ ᠲᠡᠭᠡᠪᠡᠯ ᠮᠠᠨ ᠤ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠶᠠᠮᠠᠷ ᠵᠣᠬᠢᠴᠠᠩᠭᠤᠢ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠣᠶ︖      ᠸᠠᠩ ᠶᠦᠩ ᠶᠢᠦ᠄ ᠪᠥᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠵᠢᠯ ᠨᠢ ᠡᠨᠡ ᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠶᠢᠨ ᠠᠵᠢᠯ ᠪᠣᠯᠤᠭᠰᠠᠨ ᠤ ᠬᠤᠪᠢ ᠳᠤ᠂ ᠪᠢᠳᠡ ᠳᠣᠣᠷᠠᠬᠢ ᠳᠥᠷᠪᠡᠨ ᠲᠠᠯ᠎ᠠ ᠎ ᠠᠴᠠ ᠭᠠᠷᠳᠠᠵᠤ᠂ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠦᠨᠡᠨ ᠬᠦ ᠡᠭᠦᠳᠦᠨ ᠪᠦᠲᠦᠭᠡᠵᠦ᠂ ᠰᠠᠶᠢᠨ ᠡᠭᠦᠳᠬᠦ ᠪᠠᠷ ᠲᠥᠯᠥᠪᠯᠡᠵᠦ ᠪᠠᠶᠢᠨ᠎ᠠ᠃      ᠨᠢᠭᠡ ᠳᠤ ᠰᠢᠨᠵᠢᠯᠡᠬᠦ ᠤᠬᠠᠭᠠᠨᠴᠢ ᠨᠢᠭᠲᠠ ᠴᠢᠩᠭ᠎ᠠ ᠳᠦᠷᠢᠮ ᠤᠨ ᠣᠷᠴᠢᠨ ᠨᠥᠬᠦᠴᠡᠯ ᠢ ᠪᠤᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠥᠪᠯᠡᠯ ᠤᠨ ︽ᠬᠤᠲᠠ ᠰᠢᠶᠠᠨ ᠤ ᠬᠠᠤᠯᠢᠵᠢᠯ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠬᠤ ᠰᠠᠨᠠᠯ︾ ᠎ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠠᠵᠢᠯ ᠢᠶᠠᠨ ᠬᠤᠪᠢᠶᠠᠷᠢᠯᠠᠬᠤ ᠲᠥᠰᠥᠯ ᠢ ᠲᠣᠭᠲᠠᠭᠠᠨ ᠨᠡᠶᠢᠲᠡᠯᠡᠵᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ︽ᠲᠣᠭᠲᠠᠭᠠᠬᠤ ᠵᠠᠰᠠᠬᠤ ᠬᠦᠴᠦᠨ ᠦᠭᠡᠢ ᠪᠣᠯᠭᠠᠬᠤ︾᠎ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠰᠢᠨ᠎ᠡ ᠪᠠᠷ ᠪᠣᠶ ᠪᠣᠯᠤᠭᠰᠠᠨ ᠬᠦᠷᠢᠶ᠎ᠡ ᠴᠠᠷᠠᠭ᠎ᠠ ᠶᠢᠨ ᠵᠠᠰᠠᠭ ᠵᠠᠬᠢᠷᠭᠠᠨ ᠤ ᠬᠠᠤᠯᠢ ᠲᠣᠭᠲᠠᠭᠠᠯᠲᠠ ᠶᠢ ᠴᠢᠩᠭᠠᠳᠬᠠᠨ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠳᠦᠷᠢᠮ ᠲᠣᠭᠲᠠᠭᠠᠯ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠳᠦᠷᠢᠮ ᠤᠨ ᠲᠤᠯᠭᠠᠭᠤᠷᠢᠯᠠᠯ ᠬᠠᠩᠭᠠᠨ᠎ᠠ᠃      ᠬᠤᠶᠠᠷ ᠲᠤ ᠢᠯᠡ ᠪᠥᠭᠡᠳ ᠳᠥᠭᠦᠮ ᠳᠥᠲᠡ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠨ᠎ᠠ᠃ ᠬᠤᠲᠠ ᠶᠢᠨ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠡᠷᠡᠴᠢᠯᠡᠬᠦ ᠵᠦᠢᠯᠡᠰ ᠢ ᠬᠥᠳᠡᠯᠦᠩᠭᠦᠢ ᠪᠠᠷ ᠢᠯᠭᠠᠷᠠᠭᠤᠯᠬᠤ ᠶᠢ ᠲᠦᠯᠬᠢᠨ ᠠᠬᠢᠭᠤᠯᠵᠤ᠂ ᠭᠡᠷᠡᠴᠢᠯᠡᠬᠦ ᠵᠦᠢᠯᠡᠰ ᠢ ᠬᠡᠯᠡᠵᠦ ᠠᠮᠠᠯᠳᠠᠬᠤ ᠳᠦᠷᠢᠮ ᠢ ᠭᠦᠨᠵᠡᠭᠡᠶᠢᠷᠡᠭᠦᠯᠦᠨ᠂ ᠵᠠᠰᠠᠭ ᠤᠨ ᠣᠷᠳᠣᠨ ᠤ ᠦᠢᠯᠡᠴᠢᠯᠡᠭᠡ ᠶᠢ ᠨᠠᠩ ᠢᠯᠡ ᠲᠣᠳᠣ ᠥᠨᠳᠥᠷ ᠪᠦᠲᠦᠮᠵᠢᠲᠡᠶ ᠪᠣᠯᠭᠠᠵᠤ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭᠲᠠᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠣᠪᠴᠢᠶ᠎ᠠ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠠᠷ ᠵᠢᠷᠤᠮᠵᠢᠭᠰᠠᠨ᠂ ᠠᠵᠢᠯᠯᠠᠭᠠᠨ ᠨᠢ ᠪᠦᠲᠦᠮᠵᠢᠲᠡᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠲᠠᠰ ᠳᠠᠪᠬᠤᠷᠭ᠎ᠠ ᠶᠢᠨ ᠬᠢᠨᠠᠯᠲᠠ ᠲᠠᠯᠪᠢᠬᠤ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠎ᠠ᠃      ᠭᠤᠷᠪᠠ ᠳᠤ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ ᠪᠠᠶᠢᠬᠤ ᠨᠡᠶᠢᠭᠡᠮ ᠤᠨ ᠣᠷᠴᠢᠨ ᠨᠥᠬᠦᠴᠡᠯ ᠢ ᠢᠳᠡᠪᠬᠢᠲᠡᠢ ᠪᠠᠷ ᠪᠤᠢ ᠪᠣᠯᠭᠠᠨ᠎ᠠ᠃ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠬᠠᠤᠯᠢᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠲᠠ ᠶᠢᠨ ᠠᠷᠠᠳ ᠤᠨ ᠬᠠᠤᠯᠢᠵᠢᠯ ᠤᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠦᠨᠡᠨᠴᠢ ᠢᠲᠡᠭᠡᠮᠵᠢᠲᠡᠢ ᠪᠠᠶᠢᠬᠤ᠂ ᠢᠲᠡᠭᠡᠮᠵᠢ ᠶᠢ ᠬᠦᠨᠳᠦᠳᠬᠡᠨ ᠠᠮᠠᠯᠠᠯᠲᠠ ᠪᠠᠨ ᠵᠢᠷᠤᠮᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃      ᠳᠥᠷᠪᠡ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠬᠠᠤᠯᠢ ᠴᠠᠭᠠᠵᠠ ᠶᠢᠨ ᠦᠢᠯᠡᠴᠢᠯᠡᠭᠡᠨ ᠤ ᠣᠷᠴᠢᠨ ᠨᠥᠬᠦᠴᠡᠯ ᠢ ᠴᠢᠷᠮᠠᠶᠢᠨ ᠬᠠᠩᠭᠠᠨ᠎ᠠ᠃ ᠲᠦᠭᠡᠮᠡᠯ ᠬᠠᠷᠠᠭᠠᠯᠵᠠᠯ ᠦᠵᠡᠭᠦᠯᠬᠦ ᠠᠳᠠᠯᠢ ᠲᠡᠭᠰᠢ ᠬᠠᠤᠯᠢ ᠴᠠᠭᠠᠵᠠ ᠶᠢᠨ ᠦᠢᠯᠡᠴᠢᠯᠡᠭᠡᠨ ᠤ ᠥᠨᠳᠦᠷᠯᠢᠭ ᠢ ᠬᠠᠩᠭᠠᠬᠤ ᠪᠠᠷ ᠬᠠᠷᠠᠯᠲᠠ ᠪᠣᠯᠭᠠᠵᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ᠃      ᠬᠥᠲᠥᠯᠥᠭᠴᠢ᠄ ᠵᠠ᠂ ᠲᠠ ᠬᠤᠶᠠᠷ ᠤᠨ ᠬᠤᠪᠢᠶᠠᠯᠴᠠᠵᠤ ᠬᠠᠷᠢᠭᠤᠯᠤᠭᠰᠠᠨ ᠳᠤ ᠲᠠᠯᠠᠷᠬᠠᠵᠤ ᠪᠠᠶᠢᠨ᠎ᠠ᠃      ᠬᠦᠨᠳᠦᠲᠦ ᠵᠣᠴᠢᠨ᠄ ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠦᠵᠡᠭᠴᠢᠳ ᠨᠠᠶᠢᠵᠠ ᠨᠠᠷ ᠤᠨ ᠮᠠᠨ ᠤ ᠬᠠᠤᠯᠢ ᠴᠠᠭᠠᠵᠠ ᠶᠢᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠃      ᠬᠥᠲᠥᠯᠥᠭᠴᠢ᠄ ᠬᠠᠤᠯᠢ ᠪᠠᠷ ᠵᠠᠰᠠᠬᠤ ᠪᠣᠯ ᠤᠯᠤᠰ ᠢᠶᠠᠨ ᠮᠠᠨᠳᠤᠭᠤᠯᠬᠤ ᠶᠢᠨ ᠴᠢᠬᠤᠯᠠ ᠵᠦᠢᠯ᠂ ᠤᠯᠤᠰ ᠢᠶᠠᠨ ᠬᠦᠴᠦᠷᠬᠡᠭᠵᠢᠭᠦᠯᠬᠦ ᠶᠢᠨ ᠰᠠᠭᠤᠷᠢ ᠮᠥᠨ᠂ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠪᠠᠶᠢᠳᠠᠯ ᠤᠨ ᠬᠠᠮᠤᠭ ᠤᠨ ᠴᠢᠬᠤᠯᠠ ᠪᠠᠲᠤᠯᠠᠭ᠎ᠠ ᠶᠢᠨ ᠬᠦᠴᠦᠨ ᠮᠥᠨ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠃ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠷᠠᠳ ᠲᠦᠮᠡᠨ ᠤ ᠤᠶᠤᠨ ᠤᠬᠠᠭᠠᠨ ᠢ ᠨᠢᠭᠲᠠᠷᠠᠭᠤᠯᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠠᠷᠠᠳ ᠤᠯᠠᠨ ᠳᠤ ᠬᠠᠤᠯᠢ ᠴᠠᠭᠠᠵᠠ ᠶᠢᠨ ᠳᠦᠷᠢᠮ ᠨᠢᠭᠡᠪᠦᠷᠢ᠂ ᠬᠠᠤᠯᠢ ᠬᠡᠷᠡᠭᠵᠢᠭᠦᠯᠬᠦ ᠲᠣᠭᠲᠠᠭᠠᠯ ᠨᠢᠭᠡᠪᠦᠷᠢ᠂ ᠬᠠᠤᠯᠢ ᠪᠠᠷᠢᠬᠤ ᠬᠡᠷᠡᠭ ᠨᠢᠭᠡᠪᠦᠷᠢ ᠠᠴᠠ ᠴᠥᠮ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠬᠤ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠪᠠᠰᠠ ᠴᠤ ᠬᠠᠤᠯᠢ ᠶᠣᠰᠣᠭᠠᠷ ᠤᠯᠤᠰ ᠢᠶᠠᠨ ᠵᠠᠰᠠᠬᠤ ᠶᠠᠪᠤᠳᠠᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠭᠤᠣᠯ ᠠᠭᠤᠯᠭ᠎ᠠ ᠮᠥᠨ᠃ ᠲᠥᠪ ᠭᠤᠣᠯᠴᠢ ᠰᠢᠳᠤᠷᠭᠤ ᠶᠣᠰᠣᠨ ᠤ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠢᠳᠡ ᠬᠦᠰᠡᠨ ᠬᠦᠯᠢᠶᠡᠵᠦ ᠪᠣᠯᠣᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ