ᠬᠥᠲᠥᠯᠥᠭᠴᠢ᠄ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠦᠵᠡᠬᠦ ᠪᠣᠶ᠂ ᠪᠠᠶᠠᠨᠨᠠᠭᠤᠷ ᠬᠡᠷᠬᠢᠨ ᠠᠵᠢᠯᠯᠠᠬᠤ ᠪᠣᠶ᠃ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠪᠣᠯ ᠤᠯᠤᠰ ᠢ ᠵᠠᠰᠠᠬᠤ ᠶᠢᠨ ᠴᠢᠬᠤᠯᠠ ᠰᠠᠭᠤᠷᠢ ᠮᠥᠨ᠃ ᠬᠡᠷᠬᠢᠨ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠤᠯᠠᠮ ᠥᠷᠭᠡᠨ᠂ | ᠤᠯᠠᠮ ᠭᠦᠨ᠂ ᠤᠯᠠᠮ ᠨᠠᠷᠢᠯᠢᠭ ᠪᠣᠯᠭᠠᠵᠤ᠂ ᠲᠤᠭ᠎ᠠ ᠪᠦᠷᠢᠳᠬᠡᠯ ᠢᠶᠠᠷ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠨᠠᠩ | ᠦᠨᠡᠨ ᠪᠣᠳᠠᠲᠠᠢ ᠣᠨᠣᠪᠴᠢᠲᠠᠶ ᠲᠤᠰᠬᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠨᠠᠷ ᠰᠠᠶᠢᠲᠠᠢ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠬᠤ | ᠪᠣᠶ︖ ᠥᠨᠥᠳᠥᠷ ᠪᠢᠳᠡ ᠪᠠᠶᠠᠨᠨᠠᠭᠤᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠵᠠᠩ ᠰᠢᠶᠣᠣ ᠯᠦᠩ ᠪᠣᠯᠣᠨ ᠳᠡᠳ᠋ ᠳᠠᠷᠤᠭ᠎ᠠ ᠵᠠᠩ | ᠳ᠋ᠧᠩ ᠵᠣᠴᠢᠳ ᠤᠨ ᠲᠣᠭᠯᠠᠯᠲᠠ ᠶᠢᠨ ᠲᠠᠰᠤᠭ ᠲᠤ ᠤᠷᠢᠵᠤ ᠠᠪᠴᠢᠷᠠᠭᠠᠳ ᠪᠢᠳᠡᠨ ᠳᠤ ᠬᠠᠷᠢᠭᠤᠯᠲᠠ ᠥᠭᠴᠡᠢ᠃ ᠬᠤᠶᠠᠷ ᠵᠣᠴᠢᠨ ᠢ ᠪᠠᠶᠠᠷᠯᠠᠨ ᠤᠭᠲᠤᠵᠤ | ᠪᠠᠶᠢᠨ᠎ᠠ᠃ | ᠬᠥᠲᠥᠯᠥᠭᠴᠢ᠄ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠣᠯ ᠬᠤᠷᠸ᠎ᠠ ᠲᠣᠬᠢᠷᠠᠭᠤᠯᠤᠯ ᠡᠵᠡᠮᠳᠡᠯ ᠪᠠ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠶᠢᠨ | ᠴᠢᠬᠤᠯᠠ ᠦᠨᠳᠦᠰᠦᠯᠡᠯ ᠮᠥᠨ᠃ ᠲᠤᠭ᠎ᠠ ᠪᠦᠷᠢᠳᠬᠡᠯ ᠤᠨ ᠠᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽ᠴᠠᠭ ᠠᠭᠤᠷ ᠤᠨ ᠬᠡᠮᠵᠢᠭᠦᠷ︾᠂ | ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠣᠶᠤᠨ ᠤ ᠤᠭᠤᠲᠠ︾᠂ ᠨᠡᠶᠢᠭᠡᠮ ᠨᠡᠶᠢᠲᠡ ᠶᠢᠨ ︽ᠮᠡᠳᠡᠭᠡ ᠵᠠᠩᠭᠢ ᠶᠢᠨ ᠴᠣᠩᠬᠤ︾ ᠭᠡᠳᠡᠭ᠃ ᠲᠡᠭᠡᠪᠡᠯ | ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ᠪᠠᠰᠠ ᠶᠠᠮᠠᠷ ᠶᠠᠮᠠᠷ ᠠᠵᠢᠯ ᠬᠢᠭᠰᠡᠨ ᠪᠣᠶ︖ ᠪᠢᠳᠡ ᠤᠷᠢᠲᠠ ᠪᠠᠷ | ᠣᠬᠤᠷ ᠹᠢᠯᠢᠮ ᠢᠶᠠᠷ ᠣᠢᠯᠠᠭᠠᠶ᠎ᠠ᠃ | ᠬᠥᠲᠥᠯᠥᠭᠴᠢ᠄ ᠣᠬᠤᠷ ᠹᠢᠯᠢᠮ ᠢ ᠦᠵᠡᠭᠡᠳ᠂ ᠮᠠᠨ ᠤ ᠲᠤᠭ᠎ᠠ ᠪᠦᠷᠢᠳᠬᠡᠯ ᠤᠨ ᠠᠵᠢᠯ ᠤᠨ ᠬᠠᠮᠤᠷᠬᠤ ᠠᠭᠤᠯᠭ᠎ᠠ ᠮᠠᠰᠢ ᠥᠷᠭᠡᠨ ᠪᠠᠶᠢᠨ᠎ᠠ᠃ ᠶᠡᠭᠡ ᠠᠴᠠ | ᠠᠵᠤ ᠠᠬᠤᠢ ᠶᠢᠨ ᠠᠵᠢᠯᠯᠠᠭᠠᠨ ᠤ ᠬᠢᠨᠠᠨ ᠬᠡᠮᠵᠢᠯᠲᠡ ᠵᠠᠳᠠᠯᠤᠯᠲᠠ ᠪᠠ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠠᠭᠠᠳᠯᠠᠬᠤ ᠬᠦᠷᠲᠡᠯ᠎ᠡ᠂ ᠪᠠᠭ᠎ᠠ ᠠᠴᠠ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠬᠦᠷᠲᠡᠯ᠎ᠡ᠃ | ᠵᠣᠴᠢᠨ᠄ ᠲᠡᠶᠢᠮᠦ ᠠ᠋᠃ ᠮᠠᠨ ᠤ ᠡᠭᠦᠷᠭᠡ ᠪᠣᠯ ᠪᠦᠬᠦᠶᠢᠯᠡ ᠠᠵᠤ ᠠᠬᠤᠢ ᠨᠡᠶᠢᠭᠡᠮ ᠤᠨ ᠬᠠᠨᠳᠤᠰᠢ ᠶᠢ ᠪᠦᠬᠦ ᠲᠠᠯ᠎ᠠ ᠪᠠᠷ ᠲᠤᠰᠬᠠᠵᠤ᠂ ᠭᠠᠵᠠᠷ ᠣᠷᠣᠨ ᠤ | ᠬᠥᠭᠵᠢᠯᠲᠡ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠨᠳᠦᠰᠦ ᠪᠠᠷᠢᠮᠲᠠ ᠬᠠᠩᠭᠠᠵᠤ᠂ ᠠᠷᠠᠳ ᠤᠯᠠᠨ ᠤ ᠠᠮᠢᠳᠤᠷᠠᠯ ᠳᠤ ᠮᠡᠳᠡᠭᠡ ᠵᠠᠩᠭᠢ ᠶᠢᠨ ᠯᠠᠪᠯᠠᠯᠲᠠ | ᠬᠠᠩᠭᠠᠬᠤ ᠶᠠᠪᠤᠳᠠᠯ ᠪᠣᠯᠣᠨ᠎ᠠ᠃ | ᠬᠥᠲᠥᠯᠥᠭᠴᠢ᠄ ᠪᠦᠷᠢᠳᠬᠡᠯ ᠠᠴᠠ ᠦᠵᠡᠪᠡᠯ᠂ ᠮᠠᠨ ᠤ 2022 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠶᠠᠮᠠᠷ ᠵᠡᠷᠭᠡ ᠪᠣᠶ︖ | ᠵᠣᠴᠢᠨ᠄ ᠨᠢᠳᠤᠨᠤᠨ ᠠᠴᠠ ᠨᠠᠰᠢ᠂ ᠪᠥᠬᠦ ᠬᠤᠲᠠ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠵᠤ᠂ ᠪᠠᠶᠢᠨ ᠳᠠᠬᠢᠨ ᠡᠭᠦᠰᠴᠦ᠂ ᠮᠠᠨ ᠤ ᠬᠡᠪ ᠤᠨ | ᠦᠢᠯᠡᠳᠪᠦᠷᠢᠯᠡᠯ ᠠᠮᠢᠳᠤᠷᠠᠯ ᠤᠨ ᠠᠶᠢᠵᠠᠮ ᠢ ᠰᠠᠮᠠᠭᠤᠷᠠᠭᠤᠯᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠯᠢᠶᠡᠳ ᠢᠯᠡᠷᠬᠡᠢ ᠨᠥᠯᠥᠭᠡ | ᠦᠵᠡᠭᠦᠯᠦᠭᠰᠡᠨ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ ᠪᠠᠷ ᠳᠠᠮᠵᠢᠭᠤᠯᠵᠤ᠂ ᠠᠯᠢ ᠤᠯᠠᠨ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ | ᠠᠪᠤᠭᠰᠠᠨ ᠢᠶᠠᠷ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠤ ᠳᠤᠮᠳᠠ | ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢᠯᠡᠷᠡᠵᠡᠢ᠃ ᠪᠦᠬᠦ ᠬᠤᠳᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠮᠢᠩᠭᠠᠨ ᠳ᠋ᠦᠩᠰᠢᠭᠤᠷ | ᠲᠥᠭᠦᠷᠢᠭ ᠤᠨ ᠪᠣᠭᠤᠮᠲᠠ ᠶᠢ ᠳᠠᠪᠠᠵᠤ᠂ ᠴᠢᠨᠠᠷ ᠰᠠᠶᠢᠲᠠᠢ ᠬᠥᠭᠵᠢᠯᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ ᠨᠢᠭᠡ ᠳᠤ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠠᠯᠬᠤᠴᠠ ᠲᠠᠰᠤᠷᠠᠯᠲᠠ ᠦᠭᠡᠢ ᠲᠦᠷᠭᠡᠳᠪᠡ᠃ ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 431.5 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.4% ᠨᠡᠮᠡᠭᠳᠡᠵᠦ᠂ ᠪᠥᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ | ᠠᠴᠠ 0.2 ᠵᠠᠭᠤᠨ ᠤ ᠨᠢᠭᠡᠴᠢ ᠥᠨᠳᠥᠷ ᠪᠣᠯᠪᠠ︔ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ | ᠬᠤᠭᠤᠴᠠᠭᠠᠨ ᠤ ᠬᠢ ᠠᠴᠠ 13.6% ᠨᠡᠮᠡᠭᠳᠡᠵᠦ᠂ ᠪᠦᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 2.7 ᠵᠠᠭᠤᠨ ᠤ ᠨᠢᠭᠡᠴᠢ ᠥᠨᠳᠥᠷ ᠪᠣᠯᠪᠠ︔ | ︽ᠬᠤᠶᠠᠷ ᠰᠠᠭᠤᠷᠢᠨ ᠭᠠᠵᠠᠷ᠂ ᠳᠥᠷᠪᠡᠨ ᠠᠵᠤ ᠦᠢᠯᠡᠰ ᠤᠨ ᠪᠦᠯᠦᠭᠯᠡᠯ︾ ᠤᠨ ᠨᠡᠮᠡᠭᠳᠡᠯ ᠤᠨ ᠥᠷᠲᠡᠭ ᠠᠳᠠᠯᠢ ᠬᠤᠭᠤᠴᠠᠭᠠᠨ ᠤ ᠬᠢ ᠠᠴᠠ 5.5% ᠪᠠᠷ | ᠨᠡᠮᠡᠭᠳᠡᠵᠦ᠂ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 5.4 ᠵᠠᠭᠤᠨ ᠤ ᠨᠢᠭᠡᠴᠢ ᠥᠨᠳᠥᠷ ᠪᠣᠯᠪᠠ᠃ ᠬᠤᠶᠠᠷ ᠲᠤ ᠬᠥᠭᠵᠢᠯᠲᠡ ᠶᠢᠨ | ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠴᠢᠩᠭᠠᠷᠠᠪᠠ᠃ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 11.2% ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 5.7 ᠵᠠᠭᠤᠨ ᠤ ᠨᠢᠭᠡᠴᠢ ᠳᠡᠭᠡᠭᠰᠢᠯᠡᠪᠡ᠃ ᠡᠭᠦᠨ ᠤ ᠳᠣᠲᠣᠷ᠎ᠠ᠂ ᠳᠡᠭᠡᠳᠦ ᠮᠡᠷᠭᠡᠵᠢᠯ ᠤᠨ | ᠦᠢᠯᠡᠳᠬᠦ ᠦᠢᠯᠡᠰ ᠤᠨ ᠪᠡᠯᠡ ᠣᠷᠣᠭᠤᠯᠤᠯᠲᠠ 1.2 ᠲᠠᠬᠢᠨ ᠢᠶᠠᠷ ᠨᠡᠮᠡᠭᠳᠡᠪᠡ᠃ ᠪᠥᠬᠦ ᠬᠤᠲᠠ ᠶᠢᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ | ᠦᠢᠯᠡᠰ ᠤᠨ ᠪᠣᠷᠣᠯᠠᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 11.4% ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 13.4 | ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 357.5 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 53.1% ᠨᠡᠮᠡᠭᠳᠡᠵᠦ᠂ ᠪᠦᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 29.9 ᠵᠠᠭᠤᠨ ᠤ ᠨᠢᠭᠡᠴᠢ ᠥᠨᠳᠥᠷ | ᠪᠠᠶᠢᠵᠤ᠂ ᠪᠦᠬᠦ ᠣᠷᠣᠨ ᠤ ᠨᠢᠭᠡᠳᠦᠭᠡᠷ ᠲᠤ ᠣᠷᠣᠪᠠ᠃ ᠭᠤᠷᠪᠠ ᠳᠤ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ ᠪᠥᠬᠦ ᠬᠤᠲᠠ ᠶᠢᠨ | ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 32155 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 6.3% ᠪᠠᠷ ᠨᠡᠮᠡᠭᠳᠡᠨ᠂ ᠪᠥᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 1 ᠵᠠᠭᠤᠨ ᠤ ᠨᠢᠭᠡᠴᠢ ᠥᠨᠳᠥᠷ ᠪᠣᠯᠵᠤ᠂ ᠭᠠᠵᠠᠷ ᠣᠷᠣᠨ ᠤ | ᠦᠢᠯᠡᠳᠪᠦᠷᠢᠯᠡᠯ ᠤᠨ ᠪᠥᠬᠦ ᠥᠷᠲᠡᠭ ᠤᠨ ᠨᠡᠮᠡᠭᠳᠡᠯ ᠤᠨ ᠬᠤᠷᠳᠤᠴᠠ ᠠᠴᠠ 4.2 ᠵᠠᠭᠤᠨ ᠤ ᠨᠢᠭᠡᠴᠢ ᠲᠦᠷᠭᠡᠨ ᠪᠣᠯᠵᠠᠢ᠃ | ᠬᠥᠲᠥᠯᠥᠭᠴᠢ᠄ ᠡᠨᠡ ᠪᠣᠯ ᠦᠨᠡᠬᠡᠷ ᠨᠢᠭᠡᠨ ᠬᠥᠭᠵᠢᠯᠲᠡ ᠶᠢᠨ ᠨᠠᠷᠢᠨ ᠲᠣᠳᠣᠷᠬᠠᠢ ᠬᠢᠷᠢ ᠪᠦᠲᠦᠮᠵᠢ ᠶᠢᠨ ᠬᠠᠭᠤᠳᠠᠰᠤ ᠪᠣᠯᠣᠨ᠎ᠠ᠃ ᠡᠳᠡᠭᠡᠷ ᠲᠤᠭ᠎ᠠ | ᠪᠠᠷᠢᠮᠲᠠ ᠶᠢ ᠬᠡᠷᠬᠢᠨ ᠪᠦᠷᠢᠳᠬᠡᠵᠦ ᠭᠠᠷᠭᠠᠭᠰᠠᠨ ᠢ ᠪᠢ ᠶᠡᠭᠡ ᠭᠠᠶᠢᠬᠠᠵᠤ ᠪᠠᠢᠨ᠎ᠠ᠃ ᠮᠠᠨ ᠤ ᠰᠤᠷᠪᠤᠯᠵᠢᠯᠠᠭᠴᠢ ᠶᠢᠨ ᠦᠵᠡᠭᠳᠡᠯ ᠢ ᠳᠠᠭᠠᠵᠤ ᠴᠣᠬᠤᠮ ᠤᠴᠢᠷ ᠢ ᠨᠢ | ᠡᠷᠢᠵᠦ ᠦᠵᠡᠭᠡᠷᠡᠢ᠃ | ᠰᠤᠷᠪᠤᠯᠵᠢᠯᠠᠭᠴᠢ VOLG᠄ ᠪᠢ ᠣᠲᠣ ᠪᠠᠶᠠᠨᠨᠠᠭᠤᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠪᠠᠶᠢᠨ᠎ᠠ ᠁ ︵ᠲᠤᠭ᠎ᠠ ᠪᠦᠷᠢᠳᠬᠡᠯ ᠤᠨ | ᠠᠷᠭ᠎ᠠ ᠪᠠᠷᠢᠯ᠂ ᠲᠤᠭ᠎ᠠ ᠪᠦᠷᠢᠳᠬᠡᠯ ᠤᠨ ᠬᠦᠷᠢᠶ᠎ᠡ ᠬᠡᠪᠴᠢᠶ᠎ᠡ᠂ ᠬᠡᠷᠬᠢᠨ ᠬᠢᠨᠠᠯᠲᠠ ᠲᠠᠯᠪᠢᠬᠤ︶ | ᠵᠣᠴᠢᠨ᠄ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠨᠢ ᠲᠤᠭ᠎ᠠ ᠪᠦᠷᠢᠳᠬᠡᠯ ᠤᠨ ᠪᠠᠶᠢᠴᠠᠭᠠᠯᠲᠠ ᠠᠴᠠ ᠢᠷᠡᠯᠲᠡ ᠲᠠᠢ᠂ ᠭᠤᠣᠯᠳᠠᠭᠤ ᠭᠤᠷᠪᠠᠨ ᠶᠡᠭᠡ | ᠬᠡᠰᠡᠭ ᠢᠶᠠᠷ ᠪᠦᠷᠢᠯᠳᠦᠨ᠎ᠡ᠄ ᠠᠵᠤ ᠠᠬᠤᠶᠢᠯᠠᠯ ᠪᠤᠶᠤ ᠪᠤᠰᠤᠳ ᠪᠠᠶᠢᠴᠠᠭᠠᠭᠳᠠᠬᠤ ᠡᠲᠡᠭᠡᠳ ᠠᠴᠠ ᠰᠢᠭᠤᠳ ᠲᠠᠭᠯᠠᠨ ᠮᠡᠳᠡᠭᠦᠯᠦᠨ᠎ᠡ︔ ᠵᠠᠰᠠᠭ ᠤᠨ ᠣᠷᠳᠣᠨ ᠤ | ᠪᠤᠰᠤᠳ ᠡᠷᠬᠡ ᠲᠤᠰᠢᠶᠠᠯᠲᠤ ᠰᠠᠯᠠᠭ᠎ᠠ ᠮᠥᠴᠢᠷ ᠠᠴᠠ ᠣᠯᠬᠤ ᠨᠡᠶᠢᠳᠡᠮ ᠪᠠᠶᠢᠴᠠᠭᠠᠯᠲᠠ ᠪᠤᠶᠤ ᠦᠯᠢᠭᠡᠷ ᠠᠪᠴᠤ ᠪᠠᠶᠢᠴᠠᠭᠠᠬᠤ ᠪᠠᠷ ᠳᠠᠮᠵᠢᠨ ᠣᠯᠵᠤ ᠪᠣᠯᠣᠨ᠎ᠠ᠃ | ᠣᠳᠣᠬᠠᠨ ᠳᠤ᠂ ᠤᠯᠤᠰ ᠠᠴᠠ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠬᠡᠪᠴᠢᠶᠡᠵᠢᠯ ᠠᠴᠠ | ᠳᠣᠷᠣᠭᠰᠢᠬᠢ ᠠᠵᠤ ᠠᠬᠤᠶᠢᠯᠠᠯ ᠳᠤ ᠥᠯᠢᠭᠡᠷ ᠠᠪᠴᠤ ᠪᠠᠶᠢᠴᠠᠭᠠᠯᠲᠠ ᠬᠢᠵᠦ ᠪᠠᠶᠢᠨ᠎ᠠ᠂ ᠵᠢᠱᠢᠶᠡᠯᠡᠪᠡᠯ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠬᠠᠤᠯᠢ ᠶᠢᠨ ᠡᠷᠬᠡᠲᠡᠨ ᠤ ᠨᠢᠭᠡᠴᠡ ᠳᠤ᠂ ᠪᠢᠳᠡ ᠤᠯᠤᠰ ᠤᠨ ᠲᠤᠭ᠎ᠠ ᠪᠦᠷᠢᠳᠬᠡᠯ ᠤᠨ ᠰᠦᠯᠵᠢᠶ᠎ᠡ ᠶᠢᠨ ᠰᠢᠭᠤᠳ ᠮᠡᠳᠡᠭᠦᠯᠬᠦ ᠰᠢᠰᠲ᠋ᠧᠮ ᠢᠶᠠᠷ ᠳᠠᠮᠵᠢᠭᠤᠯᠤᠨ᠂ ᠠᠵᠤ | ᠠᠬᠤᠶᠢᠯᠠᠯ ᠠᠴᠠ ᠰᠢᠭᠤᠳ ᠪᠡᠶ᠎ᠡ ᠪᠠᠨ ᠳᠠᠭᠠᠭᠠᠵᠤ ᠲᠠᠭᠯᠠᠨ ᠮᠡᠳᠡᠭᠦᠯᠦᠨ᠎ᠡ᠃ ᠡᠯ᠎ᠡ ᠱᠠᠲᠤᠨ ᠤ ᠲᠤᠭ᠎ᠠ ᠪᠦᠷᠢᠳᠬᠡᠯ ᠤᠨ ᠠᠵᠢᠯᠲᠠᠨ ᠭᠤᠣᠯᠳᠠᠭᠤ ᠳᠡᠭᠡᠭᠰᠢ | ᠮᠡᠳᠡᠭᠦᠯᠦᠭᠰᠡᠨ ᠲᠤᠭ᠎ᠠ ᠪᠠᠷᠢᠮᠲᠠ ᠶᠢ ᠱᠠᠲᠤ ᠳᠠᠷᠠᠭᠠᠯᠠᠨ ᠬᠢᠨᠠᠨ ᠬᠠᠷᠭᠤᠭᠤᠯᠵᠤ ᠦᠨᠡᠯᠡᠨ ᠵᠢᠱᠢᠬᠦ ᠪᠠᠷ ᠳᠡᠮᠵᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ | ᠴᠢᠨᠠᠷ ᠢ ᠦᠨᠡᠨᠬᠦ ᠪᠠᠲᠤᠯᠠᠬᠤ ᠶᠢ ᠬᠠᠷᠢᠭᠤᠴᠠᠨ᠎ᠠ᠃ | ᠬᠥᠲᠥᠯᠥᠭᠴᠢ᠄ ᠪᠢᠳᠡ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠪᠠᠶᠢᠴᠠᠭᠠᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠬᠤ ᠪᠠᠷ ᠪᠠᠷᠠᠬᠤ | ᠦᠭᠡᠢ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠬᠤ ᠰᠢᠭ᠋ ᠰᠠᠨᠠᠭᠳᠠᠵᠤ | ᠪᠠᠶᠢᠨ᠎ᠠ᠃ | ᠵᠣᠴᠢᠨ᠄ ᠲᠡᠶᠢᠮᠦ ᠠ᠋᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠪᠣᠯ ᠲᠤᠭ᠎ᠠ ᠪᠦᠷᠢᠳᠬᠡᠯ ᠤᠨ ᠠᠮᠢᠨ ᠰᠤᠳᠠᠰᠤ ᠮᠥᠨ᠂ | ᠣᠶᠢᠷ᠎ᠠ ᠶᠢᠨ ᠵᠢᠯ ᠤᠳ ᠲᠤ᠂ ᠪᠢᠳᠡ ︽ᠬᠡᠷᠡᠭ ᠤᠨ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠬᠤᠶᠢᠨ᠎ᠠ︾ ᠭᠡᠬᠦ ᠭᠤᠷᠪᠠᠨ ᠲᠠᠯ᠎ᠠ ᠠᠴᠠ ᠭᠠᠷᠳᠠᠵᠤ᠂ ᠪᠥᠬᠦ | ᠬᠡᠯᠬᠢᠶ᠎ᠡ ᠪᠠᠷ ᠬᠠᠮᠢᠶᠠᠷᠤᠨ ᠡᠵᠡᠮᠳᠡᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠪᠠ᠃ ᠡᠭᠦᠨ ᠠᠴᠠ ᠡᠮᠦᠨ᠎ᠡ᠂ ᠡᠯ᠎ᠡ ᠱᠠᠲᠤᠨ ᠤ | ᠡᠯ᠎ᠡ ᠲᠥᠷᠥᠯ ᠤᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠬᠤ ᠪᠠᠷ ᠳᠠᠮᠵᠢᠭᠤᠯᠤᠨ᠂ ᠰᠢᠶᠠᠩ | ᠪᠠᠯᠭᠠᠰᠤ᠂ ᠠᠵᠤ ᠠᠬᠤᠶᠢᠯᠠᠯ᠂ ᠬᠦᠷᠢᠶᠡᠯᠡᠩ ᠲᠣᠭᠤᠷᠢᠭ ᠵᠡᠷᠭᠡ 5 ᠬᠦᠷᠢᠶ᠎ᠡ ᠴᠠᠷᠠᠭ᠎ᠠ ᠶᠢᠨ ᠲᠤᠭ᠎ᠠ ᠪᠦᠷᠢᠳᠬᠡᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠨᠡᠷᠡᠰ ᠤᠨ ᠬᠥᠮᠥᠷᠭᠡ ᠶᠢᠨ ᠬᠠᠮᠠᠭᠠᠯᠠᠯᠲᠠ ᠶᠢ ᠲᠣᠰᠬᠤᠨ᠂ ᠨᠡᠶᠢᠭᠡᠮ ᠲᠣᠭᠤᠷᠢᠭ ᠲᠤ ᠬᠦᠷᠲᠡᠯ᠎ᠡ ᠤᠷᠲᠤᠳᠬᠠᠬᠤ ᠵᠡᠷᠭᠡ ᠠᠷᠭ᠎ᠠ ᠬᠡᠮᠵᠢᠶ᠎ᠡ ᠶᠢ | ᠲᠦᠯᠬᠢᠨ ᠠᠬᠢᠭᠤᠯᠵᠤ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠪᠠᠲᠤᠳᠬᠠᠨ᠎ᠠ᠃ ᠬᠡᠷᠡᠭ ᠤᠨ ᠳᠤᠮᠳᠠ᠂ ︽ᠨᠢᠭᠡ ᠢᠵᠢ | ᠬᠦᠰᠦᠨᠦᠭᠲᠦ︾ ᠶᠢ ᠴᠠᠭ ᠲᠤᠬᠠᠢ ᠳᠤᠨᠢ ᠬᠢᠨᠠᠨ ᠬᠡᠮᠵᠢᠵᠦ ᠠᠵᠤ ᠠᠬᠤᠶᠢᠯᠠᠯ ᠤᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠦᠭᠰᠡᠨ ᠪᠠᠶᠢᠳᠠᠯ ᠢ ᠰᠢᠭᠤᠳ ᠮᠡᠳᠡᠭᠦᠯᠵᠦ᠂ | ᠮᠡᠳᠡᠭᠦᠯᠬᠦ ᠶᠢᠨ ᠳᠠᠭᠠᠤ ᠬᠢᠨᠠᠨ ᠪᠠᠶᠢᠴᠠᠭᠠᠵᠤ᠂ ᠮᠡᠳᠡᠭᠦᠯᠬᠦ ᠶᠢᠨ ᠳᠠᠭᠠᠤ ᠬᠢᠨᠠᠨ ᠪᠠᠶᠢᠴᠠᠭᠠᠵᠤ᠂ ᠲᠤᠰᠬᠠᠢ ᠮᠡᠷᠭᠡᠵᠢᠯ ᠠᠯᠤᠰᠯᠠᠭᠰᠠᠨ᠂ ᠮᠡᠳᠡᠭᠦᠯᠬᠦ ᠬᠦᠰᠦᠨᠦᠭᠲᠦ | ᠠᠯᠤᠰᠯᠠᠭᠰᠠᠨ᠂ ᠭᠦᠢᠴᠡᠳᠬᠡᠯ ᠲᠤᠭ᠎ᠠ ᠠᠯᠤᠰᠯᠠᠭᠰᠠᠨ ᠬᠤᠯᠪᠣᠭᠳᠠᠬᠤ ᠬᠢᠨᠠᠨ ᠬᠠᠷᠭᠤᠭᠤᠯᠤᠯᠲᠠ ᠶᠢ ᠴᠢᠩᠭᠠᠳᠬᠠᠵᠤ᠂ ᠬᠡᠪ ᠤᠨ ᠪᠤᠰᠤ ᠲᠤᠭ᠎ᠠ ᠪᠠᠷᠢᠮᠲᠠ᠂ | ᠬᠡᠯᠪᠡᠯᠵᠡᠯ ᠢᠶᠠᠷ ᠨᠡᠯᠢᠶᠡᠳ ᠶᠡᠭᠡ ᠲᠤᠭ᠎ᠠ ᠪᠠᠷᠢᠮᠲᠠ ᠪᠤᠶᠤ ᠢᠯᠡᠳᠲᠡ ᠪᠤᠷᠤᠭᠤ ᠲᠠᠢ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠬᠢᠨᠠᠨ ᠬᠠᠷᠭᠤᠭᠤᠯᠵᠤ ᠵᠠᠰᠠᠨ᠎ᠠ᠃ | ᠬᠡᠷᠡᠭ ᠤᠨ ᠳᠠᠷᠠᠭ᠎ᠠ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠪᠠ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ | ᠵᠥᠪᠬᠡᠨ 2022 ᠣᠨ ᠳᠤ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠪᠥᠬᠦ ᠬᠤᠲᠠ ᠶᠢᠨ 425 ᠪᠡᠯᠡ ᠣᠷᠣᠭᠤᠯᠤᠯᠲᠠ ᠶᠢᠨ ᠲᠥᠷᠥᠯ | ᠵᠦᠢᠯ ᠤᠨ ᠨᠢᠭᠡᠴᠡ᠂ ᠠᠵᠤ ᠠᠬᠤᠶᠢᠯᠠᠯ᠂ ᠬᠤᠪᠢ ᠶᠢᠨ ᠡᠷᠦᠬᠡ ᠳᠤ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ᠂ 87 ᠠᠵᠤ ᠠᠬᠤᠶᠢᠯᠠᠯ ᠳᠤ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ 5 ᠠᠵᠤ ᠠᠬᠤᠶᠢᠯᠠᠯ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠪᠡ᠃ | ᠬᠥᠲᠥᠯᠥᠭᠴᠢ᠄ ᠮᠠᠨ ᠤ ᠪᠦᠷᠢᠳᠬᠡᠯ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠡᠷᠬᠢᠨ ᠦᠢᠯᠡᠴᠢᠯᠡᠬᠦ ᠪᠣᠶ︖ | ᠵᠣᠴᠢᠨ᠄ ᠠᠵᠤ ᠠᠬᠤᠢ ᠶᠢᠨ ᠠᠵᠢᠯᠯᠠᠭᠠᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ ᠲᠠᠯ᠎ᠠ ᠪᠠᠷ᠂ ᠪᠢᠳᠡ ︽1+3︾ ᠠᠵᠢᠯ ᠤᠨ ᠲᠣᠭᠲᠠᠴᠠ ᠶᠢ | ᠪᠠᠶᠢᠭᠤᠯᠤᠨ ᠬᠡᠷᠡᠭᠵᠢᠭᠦᠯᠵᠦ᠂ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠥᠨᠳᠥᠷ ᠪᠦᠲᠦᠮᠵᠢᠲᠡᠶ ᠪᠠᠷ ᠲᠤᠭ᠎ᠠ ᠪᠦᠷᠢᠳᠬᠡᠯ ᠤᠨ | ᠦᠢᠯᠡᠴᠢᠯᠡᠭᠡ ᠬᠠᠩᠭᠠᠬᠤ ᠡᠨᠡ ᠬᠦ ᠬᠠᠷᠠᠯᠲᠠ ᠲᠠᠢ ᠤᠶᠠᠯᠳᠤᠭᠤᠯᠤᠨ᠂ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠠᠴᠠ ᠡᠮᠦᠨ᠎ᠡ ᠤᠷᠢᠳᠴᠢᠯᠠᠨ ᠰᠡᠷᠡᠮᠵᠢᠯᠡᠭᠦᠯᠵᠦ | ᠤᠷᠢᠳᠴᠢᠯᠠᠨ ᠮᠠᠭᠠᠳᠯᠠᠬᠤ᠂ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠳᠤᠮᠳᠠ ᠬᠢᠨᠠᠨ ᠬᠠᠷᠭᠤᠭᠤᠯᠵᠤ ᠦᠨᠡᠯᠡᠨ ᠵᠢᠱᠢᠬᠦ ᠶᠢ ᠴᠢᠩᠭᠠᠳᠬᠠᠬᠤ᠂ ᠲᠤᠭ᠎ᠠ ᠪᠠᠷᠢᠮᠲᠠ ᠶᠢ | ᠳᠡᠭᠡᠭᠰᠢ ᠮᠡᠳᠡᠭᠦᠯᠦᠭᠰᠡᠨ ᠤ ᠲᠠᠷᠠᠭ᠎ᠠ ᠴᠠᠭ ᠲᠤᠬᠠᠢ ᠳᠤᠨᠢ ᠵᠠᠳᠠᠯᠤᠨ ᠰᠢᠨᠵᠢᠵᠦ ᠬᠢᠨᠠᠨ ᠬᠡᠮᠵᠢᠬᠦ ᠭᠤᠷᠪᠠᠨ ᠲᠠᠯ᠎ᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ᠂ ᠴᠠᠭ ᠲᠤᠬᠠᠢ ᠳᠤᠨᠢ᠂ ᠣᠨᠣᠪᠴᠢᠲᠠᠶ ᠲᠤᠰᠬᠠᠬᠤ ᠳᠤ ᠲᠤᠭ᠎ᠠ ᠪᠦᠷᠢᠳᠬᠡᠯ ᠤᠨ ᠪᠠᠲᠤ | ᠴᠢᠩᠭ᠎ᠠ ᠪᠠᠲᠤᠯᠠᠭ᠎ᠠ ᠶᠢ ᠬᠠᠩᠭᠠᠪᠠ᠃ ᠪᠦᠷᠢᠳᠬᠡᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠯ᠎ᠠ ᠪᠠᠷ᠂ ᠪᠢᠳᠡ ᠰᠠᠯᠠᠭ᠎ᠠ ᠮᠥᠴᠢᠷ ᠤᠨ | ᠪᠦᠷᠢᠳᠬᠡᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠤᠯᠪᠣᠭᠳᠠᠯ ᠪᠦᠬᠦᠢ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠲᠦᠮᠡ ᠭᠠᠷᠤᠢ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠪᠣᠯᠣᠨ ᠶᠡᠭᠡ ᠬᠡᠮᠵᠢᠶᠡᠨ ᠤ ᠵᠠᠳᠠᠯᠤᠯᠲᠠ ᠶᠢᠨ ᠰᠠᠨᠠᠭᠤᠯᠭ᠎ᠠ ᠬᠠᠩᠭᠠᠵᠤ ᠂ ᠡᠯ᠎ᠡ ᠲᠠᠯ᠎ᠠ ᠶᠢᠨ ᠬᠢᠨ ᠤ ᠰᠠᠶᠢᠨ | ᠦᠨᠡᠯᠡᠯᠲᠡ ᠶᠢ ᠣᠯᠪᠠ᠃ ᠲᠤᠰᠬᠠᠢ ᠰᠡᠳᠦᠪ ᠤᠨ ᠵᠠᠳᠠᠯᠤᠯᠲᠠ ᠪᠠ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠲᠠᠯ᠎ᠠ ᠪᠠᠷ᠂ ᠪᠢᠳᠡ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠡᠭᠦᠷᠭᠡ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠤᠰᠢᠶᠠᠨ ᠥᠭᠴᠦ ᠭᠦᠢᠴᠡᠳᠬᠡᠭᠦᠯᠦᠭᠰᠡᠨ ᠭᠤᠣᠯᠳᠠᠯᠭ᠎ᠠ ᠲᠠᠢ | ᠰᠡᠳᠦᠪ ᠵᠢᠴᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠴᠢᠷ ᠲᠦᠪᠡᠭᠲᠡᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠠᠩᠭᠢ ᠵᠣᠬᠢᠶᠠᠨ | ᠪᠠᠶᠢᠭᠤᠯᠵᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠤᠳᠤᠯᠤᠯᠲᠠ ᠬᠢᠵᠦ᠂ ᠪᠣᠭᠤᠮᠲᠠ ᠶᠢᠨ ᠠᠵᠤ ᠠᠬᠤᠢ᠂ ᠤᠳᠤ ᠦᠶ᠎ᠡ ᠶᠢᠨ ᠮᠠᠯ ᠠᠵᠤ | ᠠᠬᠤᠢ ᠲᠠᠷᠢᠶᠠᠯᠠᠩ ᠤᠨ ᠬᠥᠭᠵᠢᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠦᠲᠦᠮᠵᠢᠲᠡᠢ ᠪᠡᠯᠡ ᠣᠷᠣᠭᠤᠯᠤᠯᠲᠠ ᠵᠡᠷᠭᠡ ᠤᠯᠠᠨ ᠬᠦᠷᠢᠶ᠎ᠡ | ᠤᠯᠠᠨ ᠬᠠᠷᠠᠭᠠᠰᠤ ᠠᠴᠠ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ ᠵᠠᠷᠢᠮ ᠠᠷᠭᠠᠴᠠᠬᠤ ᠪᠣᠳᠣᠯᠭ᠎ᠠ ᠶᠢᠨ | ᠰᠠᠨᠠᠭᠤᠯᠭ᠎ᠠ ᠶᠢ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠬᠦᠯᠢᠶᠡᠨ ᠠᠪᠤᠪᠠ᠃ ᠬᠥᠮᠥᠷᠭᠡ ᠠᠴᠠ ᠣᠷᠣᠭᠤᠯᠬᠤ ᠪᠠ ᠪᠤᠴᠠᠭᠠᠬᠤ ᠠᠵᠢᠯ ᠢ ᠰᠠᠶᠢᠲᠤᠷ | ᠠᠳᠬᠤᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠲᠠᠯ᠎ᠠ ᠪᠠᠷ ᠪᠢᠳᠡ ᠥᠩᠭᠡᠷᠡᠭᠰᠡᠨ ᠤ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ | ᠴᠢᠩᠭ᠎ᠠ ᠠᠩᠬᠠᠷᠴᠤ ᠪᠠᠶᠢᠭᠠᠳ ᠬᠥᠮᠥᠷᠭᠡ ᠳᠤ ᠣᠷᠣᠭᠤᠯᠬᠤ ᠪᠠ ᠬᠥᠮᠥᠷᠭᠡ ᠠᠴᠠ ᠭᠠᠷᠭᠠᠬᠤ ᠶᠢ ᠠᠳᠬᠤᠵᠤ ᠪᠠᠶᠢᠭᠰᠠᠨ ᠠᠷᠭ᠎ᠠ ᠬᠢᠳᠡᠯ ᠢᠶᠠᠨ ᠬᠤᠪᠢᠷᠠᠭᠤᠯᠵᠤ᠂ | ᠠᠵᠤ ᠠᠬᠤᠢ ᠢᠲᠡᠭᠡᠮᠵᠢ᠂ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠬᠠᠮᠲᠤᠷᠠᠨ | ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠢᠶᠠᠨ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠪᠠ᠃ | 2022 ᠣᠨ ᠤ ᠡᠴᠦᠰ ᠪᠣᠯᠲᠠᠯ᠎ᠠ᠂ ᠪᠥᠬᠦ ᠬᠤᠲᠠ ᠶᠢᠨ ︽ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ ᠤᠨ ᠲᠤᠭ᠎ᠠ 2021 ᠣᠨ ᠳᠤ 690 ᠡᠷᠦᠬᠡ | ᠪᠠᠶᠢᠭᠰᠠᠨ ᠠᠴᠠ ᠪᠠᠨ ᠨᠡᠮᠡᠭᠳᠡᠭᠡᠳ 740 ᠡᠷᠦᠬᠡ ᠪᠣᠯᠵᠠᠢ᠂ ᠡᠭᠦᠨ ᠳᠤ ᠰᠢᠨ᠎ᠡ ᠠᠵᠤ ᠠᠬᠤᠶᠢᠯᠠᠯ 14 ᠡᠷᠦᠬᠡ ᠨᠡᠮᠡᠭᠳᠡᠵᠦ ᠂ ︽ᠶᠠᠰᠤ ᠴᠢᠨᠠᠷ︾ | ᠪᠠ ︽ᠲᠤᠭ᠎ᠠ ᠬᠡᠮᠵᠢᠶ᠎ᠡ︾ ᠨᠢ ᠴᠥᠮ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠮᠡᠳᠡᠭᠡ ᠵᠠᠩᠭᠢ ᠨᠡᠶᠢᠲᠡᠯᠡᠬᠦ ᠲᠠᠯ᠎ᠠ ᠪᠠᠷ᠂ ᠪᠢᠳᠡ ᠨᠠᠮ ᠵᠠᠰᠠᠭ ᠤᠨ | ᠰᠡᠳᠬᠦᠯ᠂ ᠰᠦᠯᠵᠢᠶ᠎ᠡ᠂ ᠰᠣᠨᠢᠨ ᠵᠢᠴᠢ ᠲᠤᠭ᠎ᠠ ᠪᠦᠷᠢᠳᠬᠡᠯ ᠤᠨ ᠪᠢᠴᠢᠯ ᠮᠡᠳᠡᠭᠡᠯᠡᠯ ᠵᠡᠷᠭᠡ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ ᠡᠯ᠎ᠡ | ᠲᠦᠷᠦᠯ ᠤᠨ ᠲᠤᠭ᠎ᠠ ᠪᠦᠷᠢᠳᠬᠡᠯ ᠤᠨ ᠵᠠᠳᠠᠯᠤᠯᠲᠠ ᠶᠢ 200 ᠭᠠᠷᠤᠢ ᠬᠤᠪᠢ ᠴᠠᠭ ᠲᠤᠬᠠᠢ ᠳᠤᠨᠢ ᠨᠡᠶᠢᠲᠡᠯᠡᠨ ᠲᠠᠶᠢᠯᠪᠤᠷᠢᠯᠠᠵᠤ᠂ ᠲᠤᠭ᠎ᠠ ᠪᠦᠷᠢᠳᠬᠡᠯ ᠤᠨ ᠮᠡᠳᠡᠭᠡ | ᠵᠠᠩᠭᠢ ᠶᠢ 4000 ᠭᠠᠷᠤᠢ ᠵᠤᠷᠪᠤᠰ ᠤᠳᠠᠭ᠎ᠠ ᠨᠡᠶᠢᠲᠡᠯᠡᠵᠦ᠂ ᠨᠡᠩ ᠤᠯᠠᠨ ᠢᠳᠡᠪᠬᠢᠲᠡᠢ ᠳᠣᠬᠢᠶ᠎ᠠ ᠥᠭᠴᠦ᠂ ᠵᠠᠬ᠎ᠠ ᠳᠡᠯᠭᠡᠭᠦᠷ ᠤᠨ ᠬᠥᠭᠵᠢᠯᠲᠡ ᠶᠢᠨ ᠢᠲᠡᠭᠡᠯ | ᠵᠣᠷᠢᠭ ᠢ ᠬᠥᠪᠴᠢᠯᠡᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠩ ᠥᠷᠭᠡᠨ ᠨᠡᠩ ᠳᠥᠭᠦᠮ ᠳᠥᠲᠡ ᠪᠠᠷ ᠨᠡᠶᠢᠭᠡᠮ ᠳᠤ ᠬᠦᠷᠲᠡᠭᠡᠵᠡᠢ᠃ | | ᠬᠥᠲᠥᠯᠥᠭᠴᠢ᠄ ᠲᠠᠷᠠᠭᠠᠴᠢ ᠶᠢᠨ ᠠᠯᠬᠤᠮ ᠳᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ᠂ ᠪᠢᠳᠡᠨ ᠳᠤ | ᠶᠠᠮᠠᠷ ᠰᠢᠨ᠎ᠡ ᠰᠡᠳᠬᠢᠴᠡ ᠪᠠ ᠰᠢᠨ᠎ᠡ ᠠᠷᠭ᠎ᠠ ᠬᠡᠮᠵᠢᠶ᠎ᠡ ᠪᠠᠶᠢᠬᠤ ᠪᠣᠶ︖ | ᠵᠣᠴᠢᠨ᠄ ᠲᠠᠷᠠᠭᠠᠴᠢ ᠶᠢᠨ ᠠᠯᠬᠤᠮ ᠳᠤ᠂ ᠪᠢᠳᠡ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ | ᠵᠢᠷᠤᠮᠯᠠᠨ᠂ ᠤᠯᠤᠰ ᠤᠨ ᠪᠠᠶᠢᠳᠠᠯ ᠤᠯᠤᠰ ᠤᠨ ᠬᠦᠴᠦᠨ ᠤ ᠨᠢᠭᠡ ᠵᠦᠢᠯ ᠤᠨ ᠴᠢᠬᠤᠯᠠ ᠶᠡᠭᠡ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ᠂ | ᠲᠤᠬᠠᠶᠢᠯᠠᠪᠠᠯ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠨ᠎ᠡ︔ ︽ᠳᠥᠷᠪᠡᠨ ᠶᠡᠭᠡ | ᠳᠡᠭᠡᠭᠰᠢᠯᠡᠭᠦᠯᠬᠦ ᠢᠨᠵᠧᠨᠧᠷᠢᠩ︾ ᠢ ᠰᠠᠶᠢᠲᠤᠷ ᠬᠡᠷᠡᠭᠵᠢᠭᠦᠯᠦᠨ᠎ᠡ᠄ ᠨᠢᠭᠡ ᠳᠤ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠲᠤᠰᠬᠠᠢ ᠵᠠᠰᠠᠯᠲᠠ ᠶᠢᠨ | ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠪᠠ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠪᠠᠷ | ᠭᠠᠷᠳᠠᠴᠠ ᠪᠣᠯᠭᠠᠵᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠬᠢᠨᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ︔ | ᠬᠤᠶᠠᠷ ᠲᠤ᠂ ᠲᠤᠭ᠎ᠠ ᠪᠦᠷᠢᠳᠬᠡᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠᠷ ᠬᠠᠷᠠᠯᠲᠠ ᠪᠣᠯᠭᠠᠵᠤ᠂ ᠲᠤᠭ᠎ᠠ | ᠪᠦᠷᠢᠳᠬᠡᠯ ᠤᠨ ᠬᠢᠨᠠᠨ ᠬᠡᠮᠵᠢᠵᠦ ᠵᠠᠳᠠᠯᠤᠯᠲᠠ ᠬᠢᠬᠦ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ︔ ᠭᠤᠷᠪᠠ ᠳᠤ ︽ᠲᠤᠭ᠎ᠠ ᠪᠦᠷᠢᠳᠬᠡᠯ ᠤᠨ | ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢᠨ ᠣᠨ︾ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ | ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ︔ ᠳᠥᠷᠪᠡ ᠳᠤ᠂ ᠥᠨᠳᠥᠷ ᠬᠡᠪ ᠪᠣᠯᠪᠠᠰᠤᠷᠠᠯ ᠲᠠᠢ | ᠲᠤᠰᠬᠠᠶᠢᠵᠢᠭᠰᠠᠨ ᠡᠩᠨᠡᠭᠡ ᠶᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠲᠤᠭ᠎ᠠ ᠪᠦᠷᠢᠳᠬᠡᠯ ᠤᠨ ᠺᠠᠳ᠋ᠷ ᠤᠨ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠦᠨ᠎ᠡ᠃ ᠶᠡᠷᠦᠩᠬᠡᠢ ᠳᠤᠨᠢ ᠠᠪᠴᠤ ᠬᠡᠯᠡᠪᠡᠯ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠪᠠᠶᠠᠨᠨᠠᠭᠤᠷ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠲᠤᠭ᠎ᠠ ᠪᠦᠷᠢᠳᠬᠡᠯ ᠤᠨ ᠡᠭᠦᠷᠭᠡᠯᠡᠯ ᠢ ᠢᠯᠡᠷᠡᠭᠦᠯᠵᠦ᠂ ᠲᠤᠭ᠎ᠠ ᠪᠦᠷᠢᠳᠬᠡᠯ ᠤᠨ | ᠬᠤᠪᠢ ᠨᠡᠮᠡᠷᠢ ᠦᠵᠡᠭᠦᠯᠬᠦ ᠬᠡᠷᠡᠭᠲᠡᠢ᠃ | ᠬᠥᠲᠥᠯᠥᠭᠴᠢ᠄ ᠲᠤᠭ᠎ᠠ ᠪᠦᠷᠢᠳᠬᠡᠯ ᠤᠨ ᠠᠵᠢᠯ ᠮᠠᠨ ᠤ ᠠᠷᠠᠳ ᠤᠨ ᠠᠮᠢᠳᠤᠷᠠᠯ ᠠᠴᠠ ᠨᠡᠯᠢᠶᠡᠳ ᠬᠤᠯᠠ ᠰᠢᠭ᠋᠂ ᠡᠩ ᠤᠨ ᠦᠶ᠎ᠡ ᠳᠤ ᠣᠯᠵᠤ ᠦᠵᠡᠳᠡᠭ | ᠦᠭᠡᠢ ᠪᠣᠯᠪᠠᠴᠤ ᠪᠦᠷ ᠬᠡᠷᠡᠭᠴᠡᠭᠡ ᠲᠠᠢ ᠪᠠᠶᠢᠳᠠᠭ᠃ ᠮᠠᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠠᠵᠢᠯ ᠳᠤ ᠬᠤᠳᠠ ᠶᠢᠨ ᠬᠠᠷᠠᠴᠤᠤᠯ ᠤᠨ ᠶᠠᠮᠠᠷ | ᠠᠰᠠᠭᠤᠳᠠᠯ ᠪᠠ ᠰᠠᠨᠠᠭᠤᠯᠭ᠎ᠠ ᠲᠠᠢ ᠪᠠᠶᠢᠬᠤ ᠶᠢ ᠪᠢᠳᠡ ᠰᠣᠨᠣᠰᠤᠶ᠎ᠠ᠃ | ᠬᠤᠲᠠ ᠶᠢᠨ ᠠᠷᠠᠳ᠄ ᠪᠦᠷᠢᠳᠬᠡᠯ ᠤᠨ ᠳᠤᠮᠳᠠᠴᠢ ᠴᠠᠯᠢᠩ ᠪᠣᠯᠣᠨ ᠨᠡᠶᠢᠭᠡᠮ ᠤᠨ ᠳᠤᠮᠳᠠᠴᠢ ᠴᠠᠯᠢᠩ ᠨᠢ ᠶᠠᠮᠠᠷ ᠢᠯᠭᠠᠭ᠎ᠠ ᠲᠠᠢ ᠪᠣᠶ᠂ ᠶᠠᠭᠠᠬᠢᠵᠤ ᠪᠤᠳᠤᠵᠤ | ᠭᠠᠷᠭᠠᠭᠰᠠᠨ ᠪᠣᠶ︖ ᠪᠢ ᠭᠠᠶᠢᠬᠠᠵᠤ ᠪᠠᠶᠢᠨ᠎ᠠ᠂ ᠲᠤᠭ᠎ᠠ ᠪᠦᠷᠢᠳᠬᠡᠯ ᠤᠨ ᠳᠤᠮᠳᠠᠴᠢ ᠴᠠᠯᠢᠩ ᠨᠢ ᠨᠡᠶᠢᠭᠡᠮ ᠤᠨ ᠳᠤᠮᠳᠠᠴᠢ ᠴᠠᠯᠢᠩ ᠲᠠᠢ ᠶᠠᠮᠠᠷ ᠢᠯᠭᠠᠭ᠎ᠠ ᠲᠠᠢ ᠪᠣᠶ︖ | ᠡᠭᠦᠨ ᠢ ᠶᠠᠭᠠᠬᠢᠵᠤ ᠪᠤᠳᠤᠵᠤ ᠭᠠᠷᠭᠠᠭᠰᠠᠨ ᠪᠣᠶ︖ | ᠬᠤᠲᠠ ᠶᠢᠨ ᠠᠷᠠᠳ᠄ ᠮᠠᠨ ᠤ ᠡᠩ ᠤᠨ ᠬᠥᠮᠥᠰ ᠬᠡᠷᠪᠡ ᠡᠯ᠎ᠡ ᠵᠦᠢᠯ ᠤᠨ ᠪᠦᠷᠢᠳᠬᠡᠯ ᠤᠨ ᠲᠤᠭ᠎ᠠ ᠪᠠᠷᠢᠮᠲᠠ ᠶᠢ ᠣᠶᠢᠯᠠᠭᠠᠶ᠎ᠠ ᠭᠡᠪᠡᠯ᠂ ᠬᠠᠮᠢᠭ᠎ᠠ ᠠᠴᠠ | ᠣᠯᠵᠤ ᠬᠠᠷᠠᠬᠤ ᠪᠣᠶ︖ | ᠬᠤᠲᠠ ᠶᠢᠨ ᠠᠷᠠᠳ᠄ ᠪᠢ ᠠᠰᠠᠭᠤᠬᠤ ᠰᠠᠨᠠᠭ᠎ᠠ ᠲᠠᠢ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠬᠡᠳᠦᠨ | ᠴᠠᠭ ᠲᠤ ᠡᠬᠢᠯᠡᠬᠦ ᠪᠣᠶ︖ ᠨᠡᠶᠢᠳᠡᠮ ᠪᠠᠶᠢᠴᠠᠭᠠᠯᠲᠠ ᠶᠢᠨ ᠡᠲᠡᠭᠡᠳ ᠲᠤ ᠶᠠᠭᠤ ᠶᠠᠭᠤ ᠪᠠᠶᠢᠬᠤ ᠪᠣᠶ︖ | ᠬᠥᠲᠥᠯᠥᠭᠴᠢ᠄ ᠨᠢᠭᠡᠳᠦᠭᠡᠷ ᠠᠰᠠᠭᠤᠳᠠᠯ ᠪᠣᠯ ᠨᠡᠶᠢᠭᠡᠮ ᠤᠨ ᠲᠦᠪᠰᠢᠨ ᠤ ᠴᠠᠯᠢᠩ ᠤᠨ ᠲᠤᠬᠠᠢ᠃ | ᠵᠣᠴᠢᠨ᠄ ᠣᠳᠣᠬᠠᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠴᠠᠯᠢᠩ ᠤᠨ ᠪᠦᠷᠢᠳᠬᠡᠯ ᠨᠢ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ | ᠶᠢᠨ ᠪᠤᠰᠤ ᠨᠢᠭᠡᠴᠡ ᠳᠤ ᠠᠵᠢᠯᠯᠠᠵᠤ ᠪᠠᠶᠢᠭ᠎ᠠ ᠬᠥᠮᠥᠰ ᠢᠶᠠᠷ ᠪᠠᠶᠢᠴᠠᠭᠠᠭᠳᠠᠬᠤ ᠡᠲᠡᠭᠡᠳ ᠢᠶᠠᠨ ᠪᠣᠯᠭᠠᠵᠤ ᠪᠠᠶᠢᠭ᠎ᠠ ᠪᠣᠯᠬᠤᠷ ᠲᠤᠭ᠎ᠠ ᠪᠦᠷᠢᠳᠬᠡᠯ ᠤᠨ | ᠲᠣᠪᠴᠢᠶᠠᠨ ᠤ ᠨᠡᠶᠢᠲᠡᠯᠡᠭᠰᠡᠨ ᠳᠤᠮᠳᠠᠴᠢ ᠴᠠᠯᠢᠩ ᠪᠣᠯ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠡ ᠶᠢᠨ ᠳᠤᠮᠳᠠᠴᠢ ᠴᠠᠯᠢᠩ ᠤᠨ | ᠪᠠᠶᠢᠳᠠᠯ ᠪᠣᠯᠣᠨ᠎ᠠ᠂ ᠡᠨᠡ ᠨᠢ ᠨᠡᠶᠢᠭᠡᠮ ᠤᠨ ᠳᠤᠮᠳᠠᠴᠢ ᠴᠠᠯᠢᠩ ᠲᠠᠢ ᠠᠳᠠᠯᠢ ᠦᠭᠡᠢ ᠶᠤᠮ᠂ ᠡᠨᠡ ᠨᠢ ᠪᠠᠰᠠ ᠴᠤ ᠴᠥᠭᠡᠨ ᠪᠤᠰᠤ ᠣᠯᠠᠨ ᠲᠦᠮᠡᠨ ᠤ ᠥᠪᠡᠷ | ᠢ ᠪᠠᠨ ︽ᠨᠡᠮᠡᠭᠳᠡᠭᠦᠯᠵᠦ︾ ᠪᠠᠶᠢᠭ᠎ᠠ ᠶᠢᠨ ᠰᠢᠭᠤᠳ ᠰᠢᠯᠲᠠᠭᠠᠨ ᠪᠣᠯᠣᠨ᠎ᠠ᠃ ᠶᠠᠮᠠᠷ ᠨᠢᠭᠡᠨ ᠭᠠᠵᠠᠷ ᠣᠷᠣᠨ ᠢᠶᠠᠷ ᠠᠪᠴᠤ ᠬᠡᠯᠡᠪᠡᠯ᠂ ᠬᠤᠳᠠ ᠪᠠᠯᠭᠠᠰᠤᠨ ᠤ | ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠶᠢᠨ ᠳᠤᠮᠳᠠᠴᠢ ᠴᠠᠯᠢᠩ ᠭᠡᠳᠡᠭ ᠨᠢ ᠤᠯᠤᠰ ᠤᠨ ᠥᠮᠴᠢᠯᠡᠯ ᠤᠨ ᠨᠢᠭᠡᠴᠢ᠂ ᠬᠤᠳᠠ ᠪᠠᠯᠭᠠᠰᠤᠨ ᠤ ᠬᠠᠮᠲᠤ ᠶᠢᠨ | ᠨᠢᠭᠡᠴᠢ ᠵᠡᠷᠭᠡ ᠬᠤᠳᠠ ᠪᠠᠯᠭᠠᠰᠤᠨ ᠤ ᠪᠦᠬᠦ ᠬᠤᠪᠢ ᠶᠢᠨ ᠡᠵᠡᠩᠨᠡᠯᠲᠡ ᠶᠢᠨ ᠪᠤᠰᠤ ᠬᠠᠤᠯᠢ ᠶᠢᠨ ᠬᠥᠮᠥᠨ ᠤ ᠨᠢᠭᠡᠴᠢ ᠶᠢᠨ ᠳᠤᠮᠳᠠᠴᠢ ᠴᠠᠯᠢᠩ ᠢ ᠵᠢᠭᠠᠵᠤ ᠪᠠᠶᠢᠨ᠎ᠠ᠂ | ᠬᠠᠷᠢᠨ ᠨᠡᠶᠢᠭᠡᠮ ᠤᠨ ᠲᠡᠭᠰᠢᠳᠬᠡᠭᠰᠡᠨ ᠴᠠᠯᠢᠩ ᠭᠡᠳᠡᠭ ᠨᠢ ᠪᠦᠬᠦ ᠨᠡᠶᠢᠭᠡᠮ ᠤᠨ ᠠᠵᠢᠯ ᠡᠷᠬᠢᠯᠡᠭᠰᠡᠳ ᠤᠨ ᠳᠤᠮᠳᠠᠴᠢ ᠴᠠᠯᠢᠩ ᠢ ᠵᠢᠭᠠᠵᠤ ᠪᠠᠶᠢᠨ᠎ᠠ᠃ | ᠬᠥᠲᠥᠯᠥᠭᠴᠢ᠄ ᠬᠤᠶᠠᠳᠤᠭᠠᠷ ᠠᠰᠠᠭᠤᠳᠠᠯ ᠨᠢ ᠶᠠᠮᠠᠷ ᠶᠠᠮᠠᠷ ᠠᠷᠭ᠎ᠠ ᠵᠠᠮ ᠢᠶᠠᠷ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠣᠯᠵᠤ ᠪᠣᠯᠬᠤ ᠪᠣᠶ︖ | ᠵᠣᠴᠢᠨ᠄ ᠣᠯᠠᠨ ᠨᠡᠶᠢᠲᠡ ᠶᠢᠨ ᠣᠯᠣᠭᠰᠠᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ | ᠬᠤᠶᠠᠷ ᠵᠦᠢᠯ ᠤᠨ ᠠᠷᠭ᠎ᠠ ᠵᠠᠮ ᠢᠶᠠᠷ ᠪᠠᠶᠢᠴᠠᠭᠠᠨ ᠯᠠᠪᠯᠠᠵᠤ ᠪᠣᠯᠣᠨ᠎ᠠ᠃ ᠡᠭᠦᠨ ᠳᠤ᠂ ᠰᠦᠯᠵᠢᠶᠡᠨ ᠳᠡᠭᠡᠷ᠎ᠡ ᠭᠤᠣᠯᠳᠠᠭᠤ ᠪᠠᠶᠠᠨᠨᠠᠭᠤᠷ ᠬᠤᠲᠠ ᠶᠢᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠠᠯᠪᠠᠨ ᠤ ᠰᠦᠯᠵᠢᠶ᠎ᠡ ᠶᠢ ᠰᠦᠯᠵᠢᠶ᠎ᠡ ᠪᠠᠷ ᠡᠷᠢᠪᠡᠯ ᠪᠣᠯᠴᠢᠬᠠᠨ᠎ᠠ᠂ ᠡᠭᠦᠨ ᠠᠴᠠ ᠭᠠᠳᠠᠨ᠎ᠠ ᠪᠠᠶᠠᠨᠨᠠᠭᠤᠷ ᠤᠨ ᠲᠤᠭ᠎ᠠ | ᠪᠦᠷᠢᠳᠬᠡᠯ ᠤᠨ ᠪᠢᠴᠢᠯ ᠮᠡᠳᠡᠭᠡᠯᠡᠯ ᠤᠨ ᠨᠡᠶᠢᠲᠡ ᠶᠢᠨ ᠳ᠋ᠤᠭᠠᠷ ᠢ ᠠᠩᠬᠠᠷᠴᠤ᠂ ᠪᠠᠰᠠ ᠬᠡᠰᠡᠭ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ | ᠪᠦᠷᠢᠳᠬᠡᠯ ᠤᠨ ᠲᠤᠭ᠎ᠠ ᠪᠠᠷᠢᠮᠲᠠ ᠶᠢ ᠣᠯᠵᠤ ᠪᠣᠯᠣᠨ᠎ᠠ᠃ ᠡᠭᠦᠨ ᠤ ᠬᠠᠮᠲᠤ᠂ ᠪᠢᠳᠡ ᠪᠠᠰᠠ ᠲᠣᠭᠲᠠᠮᠠᠯ ᠬᠤᠭᠤᠴᠠᠭ᠎ᠠ ᠲᠠᠢ ᠪᠠᠷ ︽ᠲᠤᠭ᠎ᠠ ᠪᠦᠷᠢᠳᠬᠡᠯ ᠤᠨ ᠠᠯᠪᠠᠨ | ᠮᠡᠳᠡᠭᠡ︾ ᠶᠢ ᠨᠡᠶᠢᠲᠡᠯᠡᠵᠦ᠂ ︽ᠲᠤᠭ᠎ᠠ ᠪᠦᠷᠢᠳᠬᠡᠯ ᠤᠨ ᠣᠨ ᠤ ᠲᠣᠯᠢ︾ ︽ᠲᠤᠭ᠎ᠠ ᠪᠦᠷᠢᠳᠬᠡᠯ ᠤᠨ ᠰᠠᠷ᠎ᠠ ᠶᠢᠨ ᠰᠣᠨᠢᠨ︾ ᠵᠡᠷᠭᠡ ᠲᠤᠭ᠎ᠠ ᠪᠦᠷᠢᠳᠬᠡᠯ ᠤᠨ | ᠮᠠᠲ᠋ᠧᠷᠢᠶᠠᠯ ᠢ ᠨᠠᠶᠢᠷᠠᠭᠤᠯᠤᠨ ᠬᠡᠪᠯᠡᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠲᠠᠯ᠎ᠠ ᠪᠠᠷ ᠬᠢ ᠣᠯᠠᠨ ᠤ ᠬᠡᠷᠡᠭᠴᠡᠭᠡ ᠶᠢ ᠬᠠᠩᠭᠠᠨ᠎ᠠ᠃ | ᠬᠥᠲᠥᠯᠥᠭᠴᠢ᠄ ᠭᠤᠷᠪᠠᠳᠤᠭᠠᠷ ᠠᠰᠠᠭᠤᠳᠠᠯ ᠪᠣᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠢ ᠠᠰᠠᠭᠤᠳᠠᠯ ᠪᠣᠯᠣᠨ᠎ᠠ᠃ ᠪᠢᠳᠡ ᠶᠠᠭᠤᠨ ᠤ | ᠤᠴᠢᠷ ᠠᠴᠠ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢ ᠬᠢᠵᠦ ᠪᠠᠶᠢᠬᠤ ᠪᠤᠢ︖ ᠭᠡᠳᠡᠭ ᠢ ᠪᠢ ᠪᠠᠰᠠ ᠮᠡᠳᠡᠶ᠎ᠡ ᠭᠡᠵᠦ ᠶᠡᠭᠡ | ᠰᠠᠨᠠᠵᠤ ᠪᠠᠶᠢᠨ᠎ᠠ᠃ | ᠵᠣᠴᠢᠨ᠄ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯ ᠪᠥᠬᠦ ᠤᠯᠤᠰ ᠤᠨ ᠴᠢᠨᠠᠷᠲᠠᠢ ᠤᠯᠤᠰ ᠤᠨ ᠪᠠᠶᠢᠳᠠᠯ ᠤᠯᠤᠰ ᠤᠨ ᠬᠦᠴᠦᠨ ᠤ ᠨᠢᠭᠡ ᠵᠦᠢᠯ ᠤᠨ | ᠴᠢᠬᠤᠯᠠ ᠶᠡᠭᠡ ᠪᠠᠶᠢᠴᠠᠭᠠᠯᠲᠠ ᠪᠣᠯᠣᠨ᠎ᠠ᠂ ᠮᠠᠨ ᠤ ᠤᠯᠤᠰ ᠤᠨ ᠬᠢᠯᠢ ᠳᠣᠲᠣᠷᠠᠬᠢ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ | ᠡᠷᠭᠢᠯᠡᠵᠦ ᠪᠠᠶᠢᠭ᠎ᠠ ᠪᠥᠬᠦ ᠬᠠᠤᠯᠢ ᠶᠢᠨ ᠡᠷᠬᠡᠲᠡᠨ ᠤ ᠨᠢᠭᠡᠴᠡ᠂ ᠠᠵᠤ ᠦᠢᠯᠡᠰ ᠤᠨ ᠠᠵᠢᠯᠯᠠᠭ᠎ᠠ ᠶᠢᠨ ᠨᠢᠭᠡᠴᠡ ᠪᠠ ᠬᠤᠪᠢ ᠶᠢᠨ ᠡᠵᠡᠩᠨᠡᠯᠲᠡ ᠶᠢᠨ ᠡᠷᠦᠬᠡ ᠳᠤ | ᠬᠢᠭᠰᠡᠨ ᠨᠢᠭᠡ ᠤᠳᠠᠭᠠᠨ ᠤ ᠪᠥᠬᠦ ᠲᠠᠯ᠎ᠠ ᠶᠢᠨ ᠪᠠᠶᠢᠴᠠᠭᠠᠯᠲᠠ ᠪᠣᠯᠣᠨ᠎ᠠ᠃ ︽ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ | ᠶᠣᠰᠣᠭᠠᠷ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠲᠠᠪᠤᠨ ᠵᠢᠯ ᠳᠤ ᠨᠢᠭᠡ ᠤᠳᠠᠭ᠎ᠠ ᠶᠠᠪᠤᠭᠳᠠᠭᠤᠯᠵᠤ᠂ ᠲᠤᠰ ᠲᠤᠰ 3᠂ 8 ᠲᠣᠬᠢᠶᠠᠯᠳᠤᠬᠤ ᠵᠢᠯ ᠳᠤ | ᠶᠠᠪᠤᠭᠳᠠᠭᠤᠯᠤᠨ᠎ᠠ᠃ ᠡᠨᠡ ᠵᠢᠯ ᠪᠣᠯ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯᠣᠨ᠎ᠠ᠂ ᠨᠡᠶᠢᠳᠡᠮ | ᠪᠠᠶᠢᠴᠠᠭᠠᠯᠲᠠ ᠶᠢᠨ ᠪᠠᠷᠢᠮᠵᠢᠶᠠᠲᠤ ᠴᠠᠭ ᠨᠢ 2023 ᠣᠨ ᠤ 12 ᠰᠠᠷ᠎ᠠ ᠶᠢᠨ 31 ᠤ ᠡᠳᠦᠷ ᠪᠣᠯᠣᠨ᠎ᠠ᠃ | ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠨᠢ ᠶᠠᠭ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠬᠤᠭᠤᠴᠠᠭᠠᠨ ᠳᠤ ᠶᠠᠪᠤᠭᠳᠠᠵᠤ ᠪᠠᠶᠢᠭ᠎ᠠ ᠨᠢᠭᠡᠨ ᠤᠳᠠᠭᠠᠨ ᠤ | ᠵᠠᠩᠭᠢᠯᠠᠭ᠎ᠠ ᠶᠢᠨ ᠴᠢᠨᠠᠷᠲᠠᠢ ᠨᠡᠶᠢᠳᠡᠮ ᠪᠠᠶᠢᠴᠠᠭᠠᠯᠲᠠ ᠪᠣᠯᠣᠨ᠎ᠠ᠂ ᠡᠨᠡ ᠨᠢ ᠪᠥᠬᠦ ᠬᠤᠲᠠ ᠶᠢᠨ ᠠᠵᠤ ᠠᠬᠤᠢ ᠶᠢᠨ ᠪᠠᠶᠢᠳᠠᠯ ᠢ ᠲᠣᠳᠣᠷᠬᠠᠢ ᠣᠶᠢᠯᠠᠭᠠᠵᠤ᠂ ᠠᠵᠤ | ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ | ᠬᠥᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠡ ︽ᠡᠷᠲᠡ ᠠᠴᠠ ᠲᠥᠯᠥᠪᠵᠢᠭᠦᠯᠬᠦ᠂ ᠴᠢᠩᠭ᠎ᠠ ᠶᠢ | ᠠᠬᠢᠭᠤᠯᠬᠤ᠂ ᠴᠢᠩᠭ᠎ᠠ ᠨᠠᠶᠢᠳᠠᠪᠤᠷᠢᠵᠢᠭᠤᠯᠬᠤ︾ ᠵᠠᠷᠴᠢᠮ ᠶᠣᠰᠣᠭᠠᠷ᠂ ᠤᠯᠤᠰ ᠤᠨ ᠲᠠᠪᠤᠨ ᠠᠵᠤ ᠠᠬᠤᠢ ᠶᠢ ᠲᠦᠭᠡᠮᠡᠯᠵᠢᠭᠦᠯᠬᠦ ᠠᠵᠢᠯ ᠤᠨ ᠴᠠᠭ | ᠤᠨ ᠬᠦᠰᠦᠨᠦᠭᠲᠦ ᠲᠠᠢ ᠬᠠᠷᠢᠴᠠᠭᠤᠯᠵᠤ᠂ ᠲᠠᠪᠤᠨ ᠠᠵᠤ ᠠᠬᠤᠢ ᠶᠢ ᠲᠦᠭᠡᠮᠡᠯᠵᠢᠭᠦᠯᠬᠦ ᠬᠠᠷᠠᠯᠲᠠ ᠶᠢᠨ ᠡᠭᠦᠷᠭᠡ ᠶᠢ ᠲᠣᠭᠲᠠᠭᠠᠵᠤ ᠂ ᠤᠬᠠᠭᠤᠯᠤᠨ | ᠳᠠᠶᠢᠴᠢᠯᠠᠬᠤ ᠂ ︽ᠬᠤᠶᠠᠷ ᠠᠵᠢᠯᠲᠠᠨ︾ ᠢ ᠰᠣᠩᠭᠤᠨ ᠰᠢᠯᠵᠢᠭᠦᠯᠬᠦ ᠵᠡᠷᠭᠡ ᠡᠮᠦᠨᠡᠬᠢ ᠬᠤᠭᠤᠴᠠᠭᠠᠨ ᠤ ᠰᠠᠭᠤᠷᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠲᠤᠷᠰᠢᠯᠲᠠ ᠶᠢᠨ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠪᠠᠶᠢᠴᠠᠭᠠᠨ ᠲᠣᠳᠣᠷᠬᠠᠶᠢᠯᠠᠵᠤ ᠪᠠᠶᠢᠳᠠᠯ ᠢ ᠣᠶᠢᠯᠠᠭᠠᠬᠤ᠂ ᠡᠷᠦᠬᠡ ᠳᠤ ᠬᠦᠷᠴᠦ | ᠪᠠᠶᠢᠴᠠᠭᠠᠯᠲᠠ ᠬᠢᠬᠦ ᠵᠡᠷᠭᠡ ᠡᠯ᠎ᠡ ᠱᠠᠲᠤᠨ ᠤ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠨ᠎ᠠ᠃ | ᠬᠥᠲᠥᠯᠥᠭᠴᠢ᠄ ᠵᠠ᠂ ᠲᠠ ᠬᠤᠶᠠᠷ ᠤᠨ ᠬᠤᠪᠢᠶᠠᠯᠴᠠᠵᠤ ᠬᠠᠷᠢᠭᠤᠯᠤᠭᠰᠠᠨ ᠳᠤ ᠲᠠᠯᠠᠷᠬᠠᠵᠤ ᠪᠠᠶᠢᠨ᠎ᠠ᠃ | ᠵᠣᠴᠢᠨ᠄ ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠦᠵᠡᠭᠴᠢᠳ ᠨᠠᠶᠢᠵᠠ ᠨᠠᠷ ᠤᠨ ᠮᠠᠨ ᠤ ᠲᠤᠭ᠎ᠠ ᠪᠦᠷᠢᠳᠬᠡᠯ ᠤᠨ ᠠᠵᠢᠯ ᠢ ᠬᠠᠯᠠᠮᠵᠢᠯᠠᠨ | ᠳᠡᠮᠵᠢᠭᠰᠡᠨ ᠳᠤ ᠴᠦ ᠲᠠᠯᠠᠷᠬᠠᠵᠤ ᠪᠠᠶᠢᠨ᠎ᠠ᠃ | ᠬᠥᠲᠥᠯᠥᠭᠴᠢ᠄ ᠬᠢᠨᠠᠨ ᠬᠡᠮᠵᠢᠯᠲᠡ ᠶᠢᠨ ᠬᠠᠮᠤᠷᠬᠤ ᠬᠡᠪᠴᠢᠶ᠎ᠡ ᠨᠢ ᠥᠷᠭᠡᠴᠡ ᠲᠠᠢ᠂ ᠪᠠᠶᠢᠴᠠᠭᠠᠨ ᠵᠠᠳᠠᠯᠤᠯᠲᠠ ᠨᠢ ᠭᠦᠨᠴᠡ ᠲᠠᠢ᠂ ᠠᠷᠠᠳ ᠤᠨ ᠪᠠᠶᠢᠳᠠᠯ ᠢ | ᠪᠡᠶ᠎ᠡ ᠪᠠᠷ ᠢᠶᠠᠨ ᠣᠶᠢᠯᠠᠭᠠᠬᠤ ᠳᠤ ᠬᠠᠯᠠᠭᠤᠨ ᠤ ᠬᠡᠮᠵᠢᠶ᠎ᠡ ᠲᠠᠢ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ︽ᠲᠤᠭ᠎ᠠ ᠪᠠᠷᠢᠮᠲᠠ ᠪᠠᠷ ᠦᠭᠡ ᠬᠡᠯᠡᠵᠦ᠂ ᠲᠤᠭ᠎ᠠ | ᠪᠠᠷᠢᠮᠲᠠ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠲᠤᠭ᠎ᠠ ᠪᠠᠷᠢᠮᠲᠠ ᠪᠠᠷ ᠬᠠᠮᠢᠶᠠᠷᠴᠤ᠂ ᠲᠤᠭ᠎ᠠ ᠪᠠᠷᠢᠮᠲᠠ ᠪᠠᠷ ᠰᠢᠨ᠎ᠡ ᠶᠢ ᠡᠭᠦᠳᠴᠦ︾᠂ ᠴᠢᠨᠠᠷ ᠰᠠᠶᠢᠲᠠᠢ | ᠲᠤᠭ᠎ᠠ ᠪᠦᠷᠢᠳᠬᠡᠯ ᠢᠶᠠᠷ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠎ᠡ᠃ | | | |