ᠬᠥᠲᠥᠯᠥᠭᠴᠢ᠄ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠦᠵᠡᠬᠦ᠂ ᠪᠠᠶᠠᠨᠨᠠᠭᠤᠷ ᠬᠡᠷᠬᠢᠨ ᠠᠵᠢᠯᠯᠠᠬᠤ᠂ ︽ᠴᠢᠨᠠᠷ ᠰᠠᠶᠢᠲᠠᠢ ᠬᠥᠭᠵᠢᠯᠲᠡ ᠶᠢᠨ ᠲᠤᠬᠠᠢ | ᠣᠯᠠᠨ ᠤ ᠶᠠᠷᠢᠯᠴᠠᠭ᠎ᠠ︾ ᠶᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠵᠤᠵᠠᠭᠠᠨ ᠰᠡᠭᠦᠳᠡᠷ ᠮᠣᠳᠣ ᠶᠢ ᠦᠯᠡᠳᠡᠭᠡᠵᠦ᠂ ᠬᠤᠶᠢᠴᠢ | ᠦᠶ᠎ᠡ ᠶᠢᠨ ᠬᠢᠨ ᠰᠡᠷᠢᠭᠦᠴᠡᠬᠦ ᠳᠤ ᠠᠮᠠᠷ᠃ ᠤᠢ ᠰᠢᠭᠤᠢ ᠡᠪᠡᠰᠦ ᠪᠡᠯᠴᠢᠭᠡᠷ ᠤᠨ ᠠᠵᠢᠯ ᠢ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠡᠭᠦᠷᠢᠳᠡ ᠠᠰᠢᠭ | ᠲᠤᠰᠠ ᠬᠦᠷᠲᠡᠭᠡᠨ᠎ᠡ ᠭᠡᠵᠦ ᠬᠡᠯᠡᠵᠦ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠪᠣᠬᠢᠷᠲᠤᠯ ᠦᠭᠡᠢ ᠬᠥᠭᠵᠢᠯᠲᠡ ᠶᠢ ᠲᠦᠯᠬᠢᠨ | ᠠᠬᠢᠭᠤᠯᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ︾ ᠭᠡᠵᠦ ᠳᠤᠷᠠᠳᠤᠨ ᠭᠠᠷᠭᠠᠪᠠ᠃ ᠡᠳᠦᠷ ᠢᠷᠡᠬᠦᠶ᠎ᠡ | ᠥᠳᠬᠡᠷᠡᠵᠦ ᠪᠠᠶᠢᠭ᠎ᠠ ᠨᠣᠭᠤᠭᠠᠨ ᠥᠩᠭᠡ ᠶᠢ ᠪᠠᠶᠠᠨᠨᠠᠭᠤᠷ ᠲᠤ ᠬᠡᠷᠬᠢᠨ ᠳᠡᠯᠭᠡᠨ ᠦᠵᠡᠭᠦᠯᠬᠦ ᠪᠤᠢ︖ ᠥᠨᠥᠳᠥᠷ᠂ ᠪᠢᠳᠡ ᠣᠶ ᠰᠢᠭᠤᠢ ᠡᠪᠡᠰᠦ ᠪᠡᠯᠴᠢᠭᠡᠷ ᠤᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠴᠧᠨ ᠬᠠᠢ ᠸᠧᠢ ᠨᠥᠬᠦᠷ᠂ ᠬᠤᠲᠠ ᠶᠢᠨ ᠣᠶ ᠰᠢᠭᠤᠢ ᠡᠪᠡᠰᠦ | ᠪᠡᠯᠴᠢᠭᠡᠷ ᠤᠨ ᠲᠣᠪᠴᠢᠶ᠎ᠠ ᠶᠢᠨ ᠠᠯᠪᠠᠨ ᠭᠡᠷ ᠤᠨ ᠡᠷᠬᠢᠯᠡᠭᠴᠢ ᠶᠤᠸᠠᠨ ᠰᠢᠶᠣᠣ ᠳ᠋ᠦᠩ ᠨᠥᠬᠦᠷ ᠢ ᠤᠷᠢᠵᠤ ᠲᠣᠭᠯᠠᠯᠲᠠ ᠶᠢᠨ ᠲᠠᠰᠤᠭ ᠲᠤ ᠣᠷᠣᠯᠴᠠᠭᠤᠯᠵᠤ᠂ | ᠬᠤᠶᠠᠷ ᠵᠣᠴᠢᠳ ᠢ ᠤᠭᠲᠤᠵᠤ ᠪᠠᠶᠢᠨ᠎ᠠ᠃ | ᠴᠧᠨ ᠬᠠᠢ ᠸᠧᠢ᠂ ᠶᠤᠸᠠᠨ ᠰᠢᠶᠣᠣ ᠳ᠋ᠦᠩ᠄ ᠬᠥᠲᠥᠯᠥᠭᠴᠢ ᠰᠠᠶᠢᠨ ᠤᠤ ︕ ᠦᠵᠡᠭᠴᠢᠳ ᠨᠠᠶᠢᠵᠠ ᠨᠠᠷ ᠰᠠᠶᠢᠨ ᠪᠠᠶᠢᠵᠠᠭᠠᠨ᠎ᠠ ᠤᠤ︕ | ᠬᠥᠲᠥᠯᠥᠭᠴᠢ᠄ ᠣᠶᠢᠷ᠎ᠠ ᠶᠢᠨ ᠬᠡᠳᠦᠨ ᠵᠢᠯ ᠳᠤ᠂ ᠪᠢᠳᠡᠨ ᠤ ᠬᠠᠮᠤᠭ ᠤᠨ ᠰᠢᠭᠤᠳ ᠲᠥᠷᠥᠭᠳᠡᠯ ᠭᠡᠪᠡᠯ᠂ ᠳᠡᠷᠭᠡᠳᠡᠬᠢ ᠨᠣᠭᠤᠭᠠᠨ ᠥᠩᠭᠡ ᠤᠯᠠᠮ ᠠᠴᠠ | ᠤᠯᠠᠮ ᠣᠯᠠᠰᠢᠷᠠᠵᠤ ᠪᠠᠶᠢᠨ᠎ᠠ᠃ ᠲᠡᠭᠡᠪᠡᠯ ᠮᠠᠨ ᠤ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠪᠠ ᠠᠮᠢ ᠠᠬᠤᠢ ᠶᠢᠨ | ᠰᠢᠰᠲ᠋ᠧᠮ ᠤᠨ ᠶᠠᠰᠤ ᠴᠢᠨᠠᠷ ᠨᠢ ᠶᠠᠮᠠᠷ ᠵᠡᠷᠭᠡ ᠪᠣᠶ︖ ᠪᠢᠳᠡ ᠬᠠᠮᠲᠤ ᠪᠠᠷ ᠨᠢᠭᠡ ᠣᠬᠤᠷ ᠹᠢᠯᠢᠮ ᠦᠵᠡᠶ᠎ᠡ᠃ | ᠬᠥᠲᠥᠯᠥᠭᠴᠢ᠄ ᠣᠬᠤᠷ ᠹᠢᠯᠢᠮ ᠢ ᠦᠵᠡᠵᠦ ᠪᠠᠷᠠᠭᠠᠳ᠂ ᠮᠠᠨ ᠤ ᠪᠠᠶᠠᠨᠨᠠᠭᠤᠷ ᠤᠨ ᠠᠮᠢ ᠠᠬᠤᠢ ᠶᠢᠨ ᠣᠷᠣᠨ ᠪᠠᠶᠢᠷᠢ ᠶᠢᠨ ᠳᠠᠪᠠᠭᠤᠯᠢᠭ ᠢᠯᠡᠳᠲᠡ ᠪᠠᠶᠢᠵᠤ᠂ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠲᠠᠯ᠎ᠠ ᠪᠠᠷ ᠴᠤ ᠲᠣᠪᠣᠶᠢᠮ᠎ᠠ ᠠᠮᠵᠢᠯᠲᠠ ᠣᠯᠣᠭᠰᠠᠨ ᠰᠢᠭ᠋ ᠰᠠᠨᠠᠭᠳᠠᠵᠤ ᠪᠠᠶᠢᠨ᠎ᠠ᠃ ᠵᠢᠯ | ᠪᠦᠷᠢ ᠶᠢᠨ ᠡᠨᠡ ᠦᠶ᠎ᠡ ᠪᠣᠯ ᠶᠠᠭ ᠮᠣᠳᠣ ᠲᠠᠷᠢᠵᠤ ᠣᠶᠢᠵᠢᠭᠤᠯᠬᠤ ᠤᠯᠠᠷᠢᠯ ᠮᠥᠨ᠂ ᠡᠨᠡ ᠵᠢᠯ ᠤᠨ ᠡᠨᠡ ᠠᠵᠢᠯ ᠢ ᠬᠢᠷᠢ ᠵᠡᠷᠭᠡ ᠥᠷᠨᠢᠭᠦᠯᠵᠦ ᠪᠠᠶᠢᠬᠤ ᠪᠤᠢ︖ | ᠴᠧᠨ ᠬᠠᠢ ᠸᠧᠢ᠄ ᠡᠨᠡ ᠵᠢᠯ᠂ ᠪᠢᠳᠡ ᠣᠶ ᠰᠢᠭᠤᠢ ᠡᠪᠡᠰᠦᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 55.45 ᠲᠦᠮᠡᠨ ᠮᠦ ᠪᠡᠶᠡᠯᠡᠭᠦᠯᠬᠦ ᠪᠠᠷ | ᠲᠥᠯᠥᠪᠯᠡᠵᠦ ᠪᠣᠶ᠂ ᠡᠭᠦᠨ ᠳᠤ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 10 ᠲᠦᠮᠡᠨ ᠮᠦ ᠪᠡᠶᠡᠯᠡᠭᠦᠯᠦᠨ᠎ᠡ︔ ᠣᠶ ᠰᠢᠭᠤᠢ ᠶᠢᠨ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ 45.45 ᠲᠦᠮᠡᠨ ᠮᠦ ᠳᠤ ᠬᠦᠷᠴᠦ᠂ 9 ᠲᠦᠮᠡᠨ ᠮᠦ ᠶᠢᠨ ᠰᠢᠷᠭᠤᠯᠵᠢ ᠶᠢᠨ ᠣᠶ ᠰᠢᠭᠤᠢ᠂ 36.45 ᠲᠦᠮᠡᠨ | ᠮᠦ ᠶᠢᠨ ᠭᠤᠣᠯᠳᠠᠯᠭ᠎ᠠ ᠲᠠᠢ ᠢᠨᠵᠧᠨᠧᠷᠢᠩ ᠢ ᠪᠠᠭᠲᠠᠭᠠᠨ᠎ᠠ᠃ 4 ᠳ᠋ᠦᠭᠡᠷ ᠰᠠᠷ᠎ᠠ ᠪᠣᠯ ᠬᠠᠪᠤᠷ ᠤᠨ ᠤᠯᠠᠷᠢᠯ ᠤᠨ ᠮᠣᠳᠣ ᠳᠠᠷᠢᠵᠤ ᠣᠶᠢᠵᠢᠭᠤᠯᠬᠤ ᠰᠢᠵᠢᠷ ᠠᠯᠲᠠᠨ | ᠬᠤᠭᠤᠴᠠᠭ᠎ᠠ ᠪᠣᠯᠣᠨ᠎ᠠ᠂ 4 ᠳ᠋ᠦᠭᠡᠷ ᠰᠠᠷ᠎ᠠ ᠶᠢᠨ 12 ᠤᠨ ᠡᠳᠦᠷ᠂ ᠪᠢᠳᠡ ᠲᠤᠯᠤᠭᠠᠨ ᠬᠤᠰᠢᠭᠤ ᠰᠢᠶᠠᠨ ᠲᠣᠭᠤᠷᠢᠭ ᠲᠤ ᠠᠯᠪᠠᠨ ᠵᠢᠷᠤᠮ ᠤᠨ ᠮᠣᠳᠣ ᠳᠠᠷᠢᠬᠤ | ᠠᠵᠢᠯᠯᠠᠭ᠎ᠠ ᠶᠢ ᠵᠡᠷᠭᠡ ᠪᠠᠷ ᠶᠠᠪᠤᠭᠳᠠᠭᠤᠯᠵᠤ᠂ ᠪᠥᠬᠦ ᠬᠤᠲᠠ ᠶᠢᠨ ᠬᠡᠪᠴᠢᠶᠡᠨ ᠳᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠰᠢᠨ᠎ᠡ ᠥᠷᠨᠢᠯᠲᠡ ᠶᠢ ᠪᠣᠶ | ᠪᠣᠯᠭᠠᠪᠠ᠃ | ᠬᠥᠲᠥᠯᠥᠭᠴᠢ᠄ 55.45 ᠲᠦᠮᠡᠨ ᠮᠦ᠂ ᠡᠨᠡ ᠪᠣᠯ ᠦᠨᠡᠬᠡᠷ ᠪᠠᠭ᠎ᠠ ᠪᠤᠰᠤ ᠲᠤᠭ᠎ᠠ ᠪᠣᠯᠣᠨ᠎ᠠ᠃ ᠡᠭᠦᠨ ᠢ ᠪᠣᠳᠠᠲᠠᠢ ᠬᠢᠬᠦ ᠶᠠᠪᠤᠴᠠ ᠳᠤ ᠪᠡᠶᠡᠯᠡᠭᠦᠯᠬᠦ ᠳᠤ | ᠠᠮᠠᠷᠬᠠᠨ ᠤᠤ ︖ | ᠴᠧᠨ ᠬᠠᠢ ᠸᠧᠢ᠄ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠮᠣᠳᠣ ᠳᠠᠷᠢᠵᠤ ᠣᠶᠢᠵᠢᠭᠤᠯᠬᠤ ᠭᠤᠣᠯ ᠬᠠᠷᠢᠭᠤᠴᠠᠯᠭ᠎ᠠ ᠭᠤᠣᠯ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠪᠥᠬᠦ ᠶᠠᠪᠤᠴᠠ ᠳᠤ ᠰᠢᠨᠵᠢᠯᠡᠬᠦ ᠤᠬᠠᠭᠠᠨᠴᠢ ᠪᠠᠷ ᠲᠦᠯᠬᠢᠨ | ᠠᠬᠢᠭᠤᠯᠤᠨ᠎ᠠ᠃ | ᠴᠧᠨ ᠬᠠᠢ ᠸᠧᠢ᠄ ᠡᠩ ᠲᠡᠷᠢᠭᠦᠨ ᠳᠤ᠂ ᠪᠢᠳᠡ ︽ᠬᠠᠮᠢᠭ᠎ᠠ ᠣᠶᠢᠵᠢᠭᠤᠯᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠣᠳᠣᠬᠠᠨ ᠳᠤ᠂ | ᠪᠠᠶᠠᠨᠨᠠᠭᠤᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠳᠤ ᠬᠡᠷᠡᠭᠯᠡᠬᠦ ᠣᠷᠣᠨ ᠵᠠᠢ ᠶᠠᠪᠤᠬᠤ ᠲᠤᠲᠤᠮ ᠴᠥᠭᠡᠷᠡᠵᠦ ᠪᠠᠶᠢᠨ᠎ᠠ᠂ | ᠪᠢᠳᠡ ︽ᠭᠤᠷᠪᠠᠨ ᠣᠷᠣᠨ ᠭᠤᠷᠪᠠᠨ ᠱᠤᠭᠤᠮ︾ ᠤᠨ ᠲᠣᠬᠢᠷᠠᠭᠤᠯᠤᠯᠲᠠ ᠶᠢᠨ ᠦᠷ᠎ᠡ ᠳ᠋ᠦᠩ ᠲᠠᠢ ᠤᠶᠠᠯᠳᠤᠭᠤᠯᠤᠨ᠂ ᠨᠢᠭᠡᠨᠲᠡ 280.8 ᠲᠦᠮᠡᠨ ᠮᠦ ᠶᠢᠨ | ᠣᠶᠢᠵᠢᠭᠤᠯᠬᠤ ᠭᠠᠵᠠᠷ ᠢ ᠢᠯᠭᠠᠨ ᠲᠣᠳᠣᠯᠠᠵᠤ᠂ ᠲᠠᠷᠠᠭᠠᠴᠢ ᠶᠢᠨ ᠠᠯᠬᠤᠮ ᠤᠨ ᠣᠶ ᠰᠢᠭᠤᠢ ᠡᠪᠡᠰᠦᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠴᠢᠷᠮᠠᠶᠢᠨ ᠬᠡᠷᠡᠭᠵᠢᠭᠦᠯᠬᠦ ᠳᠤ ᠨᠥᠬᠦᠴᠡᠯ ᠬᠠᠩᠭᠠᠭᠰᠠᠨ ᠪᠠᠶᠢᠨ᠎ᠠ᠃ ᠲᠠᠷᠠᠭ᠎ᠠ ᠳᠤᠨᠢ᠂ ︽ᠶᠠᠮᠠᠷ ᠤᠢ ᠮᠣᠳᠣ ᠲᠠᠷᠢᠬᠤ︾ ᠠᠰᠠᠭᠤᠳᠠᠯ ᠢ ᠰᠠᠶᠢᠲᠤᠷ | ᠰᠢᠢᠳᠪᠦᠷᠢᠯᠡᠬᠦ ᠬᠡᠷᠡᠭᠲᠡᠢ᠃ ᠪᠠᠶᠠᠨᠨᠠᠭᠤᠷ ᠤᠨ ᠪᠠᠶᠢᠭᠠᠯᠢ ᠶᠢᠨ ᠨᠥᠬᠦᠴᠡᠯ ᠪᠣᠯᠣᠨ ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠶᠢ ᠭᠦᠢᠴᠡᠳ | ᠪᠣᠳᠣᠯᠬᠢᠯᠠᠵᠤ᠂ ᠢᠯᠠᠩᠭᠤᠶ᠎ᠠ ᠤᠰᠤ ᠠᠷᠪᠢᠯᠠᠵᠤ ᠤᠰᠤ ᠡᠵᠡᠮᠳᠡᠬᠦ ᠪᠠᠶᠢᠳᠠᠯ ᠤᠨ ᠳᠣᠣᠷ᠎ᠠ᠂ ᠨᠢᠭᠡ ᠯᠡ ᠳᠡᠭᠡᠷ᠎ᠡ ᠳᠦᠷᠭᠢᠯᠳᠦᠨ ᠬᠢᠵᠦ ᠪᠣᠯᠬᠤ ᠦᠭᠡᠢ᠂ | ᠣᠶᠢᠵᠢᠭᠤᠯᠬᠤ ᠳᠤ ᠲᠣᠬᠢᠷᠠᠮᠵᠢᠲᠠᠢ ᠪᠣᠯ ᠣᠶᠢᠵᠢᠭᠤᠯᠬᠤ᠂ ᠤᠰᠤᠯᠠᠬᠤ ᠳᠤ ᠲᠣᠬᠢᠷᠠᠮᠵᠢᠲᠠᠢ ᠪᠣᠯ ᠤᠰᠤᠯᠠᠬᠤ᠂ ᠡᠪᠡᠰᠦ ᠪᠡᠯᠴᠢᠭᠡᠷᠯᠡᠭᠦᠯᠬᠦ ᠳᠤ ᠲᠣᠬᠢᠷᠠᠮᠵᠢᠲᠠᠢ ᠪᠣᠯ | ᠡᠪᠡᠰᠦ ᠪᠡᠯᠴᠢᠭᠡᠷ ᠲᠠᠢ ᠪᠠᠶᠢᠯᠭᠠᠬᠤ ᠶᠢ ᠪᠡᠶᠡᠯᠡᠭᠦᠯᠵᠦ᠂ ᠪᠠᠶᠢᠭᠠᠯᠢ ᠶᠢᠨ ᠵᠢᠮ᠎ᠡ ᠶᠣᠰᠣ ᠶᠢ ᠵᠢᠷᠤᠮᠯᠠᠨ᠂ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠵᠤ᠂ ᠠᠮᠢ | ᠠᠬᠤᠢ ᠶᠢᠨ ᠵᠦᠢ ᠵᠣᠬᠢᠰᠲᠠᠢ ᠴᠢᠨᠠᠷ ᠪᠣᠯᠣᠨ ᠠᠵᠤ ᠠᠬᠤᠢ ᠶᠢᠨ ᠪᠣᠯᠣᠮᠵᠢᠲᠤ ᠴᠢᠨᠠᠷ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠠᠷᠪᠢᠴᠢ ᠭᠠᠮᠲᠠᠢ ᠪᠥᠭᠡᠳ | ᠪᠣᠳᠠᠲᠠᠢ ᠶᠢ ᠡᠷᠬᠢᠮᠯᠡᠨ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠥᠷᠨᠢᠭᠦᠯᠬᠦ ᠬᠡᠷᠡᠭᠲᠡᠢ᠃ ᠪᠠᠰᠠ ︽ᠶᠠᠭᠠᠬᠢᠵᠤ ᠣᠶᠢᠵᠢᠭᠤᠯᠬᠤ︾ ᠠᠰᠠᠭᠤᠳᠠᠯ ᠢ | ᠰᠠᠶᠢᠲᠤᠷ ᠰᠢᠢᠳᠪᠦᠷᠢᠯᠡᠬᠦ ᠬᠡᠷᠡᠭᠲᠡᠢ᠃ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠪᠢᠳᠡ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠢ | ᠬᠠᠮᠲᠤᠷᠠᠯᠴᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠲᠠᠷᠢᠶᠠᠨ ᠭᠠᠵᠠᠷ ᠤᠨ ᠬᠠᠯᠬᠠᠪᠴᠢ ᠤᠢ ᠶᠢᠨ | ᠲᠣᠣᠷ ᠢ ᠪᠠᠶᠢᠭᠤᠯᠪᠠ︔ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠯᠦᠭᠡ ᠬᠠᠮᠲᠤᠷᠠᠯᠴᠠᠵᠤ᠂ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ | ᠥᠭᠡᠷᠡᠴᠢᠯᠡᠯᠲᠡ ᠲᠠᠢ ᠤᠶᠠᠯᠳᠤᠭᠤᠯᠤᠨ᠂ ᠤᠯᠤᠰ ᠠᠴᠠ ᠬᠠᠮᠢᠶᠠᠷᠬᠤ ᠰᠤᠪᠠᠭ ᠤᠨ ᠨᠣᠭᠤᠭᠠᠷᠠᠭᠤᠯᠤᠯᠲᠠ ᠶᠢ ᠠᠬᠢᠭᠤᠯᠤᠨ᠎ᠠ︔ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ᠂ ᠬᠦᠷᠢᠶ᠎ᠡ ᠬᠠᠰᠢᠶ᠎ᠠ ᠶᠢᠨ ᠣᠶ ᠵᠢᠮᠢᠰ ᠢ | ᠥᠷᠨᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ︔ ᠣᠶ ᠰᠢᠭᠤᠢ ᠡᠪᠡᠰᠦ ᠡᠯᠡᠰᠦᠨ ᠤ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ᠂ ︽ᠣᠶᠢᠵᠢᠭᠤᠯᠬᠤ ᠳᠤ ᠰᠢᠭᠤᠳ | ᠨᠥᠬᠦᠪᠦᠷᠢ ᠥᠭᠬᠦ᠂ ᠤᠷᠢᠳᠠᠪᠠᠷ ᠳᠠᠷᠢᠵᠤ ᠳᠠᠷᠠᠭ᠎ᠠ ᠨᠢ ᠨᠥᠬᠦᠪᠦᠷᠢ ᠥᠭᠬᠦ︾ ᠠᠷᠭ᠎ᠠ ᠮᠠᠶ᠋ᠢᠭ ᠢ ᠠᠪᠴᠤ ᠥᠨᠳᠥᠷ ᠪᠠᠷᠢᠮᠵᠢᠶᠠᠲᠤ ᠠᠵᠤ ᠠᠬᠤᠢ ᠶᠢᠨ ᠣᠶ ᠶᠢ | ᠪᠦᠲᠦᠭᠡᠨ ᠪᠠᠶᠢᠭᠤᠯᠬᠤ ᠶᠢᠨ ᠬᠠᠮᠲᠤ᠂ ᠲᠠᠷᠢᠶᠠᠯᠠᠩ ᠤᠨ ᠥᠨᠳᠥᠷ ᠣᠷᠣᠨ ᠳᠤ ᠮᠢᠩᠭᠠᠨ ᠮᠦ ᠴᠢᠨᠠᠷ ᠰᠠᠶᠢᠲᠠᠢ ᠵᠢᠮᠢᠰ ᠤᠨ ᠰᠠᠭᠤᠷᠢᠨ ᠭᠠᠵᠠᠷ ᠢ | ᠪᠦᠲᠦᠭᠡᠨ ᠪᠠᠶᠢᠭᠤᠯᠤᠨ᠎ᠠ᠃ ᠪᠢᠳᠡ ᠡᠨᠡ ᠬᠡᠳᠦᠨ ᠵᠦᠢᠯ ᠤᠨ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ︽ᠤᠢ | ᠰᠢᠭᠤᠢ ᠶᠢ ᠬᠡᠷᠬᠢᠨ ᠬᠠᠮᠢᠶᠠᠷᠬᠤ︾ ᠠᠰᠠᠭᠤᠳᠠᠯ ᠢ ᠴᠤ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠢᠳᠡ ᠪᠦᠲᠦᠭᠡᠨ ᠪᠠᠶᠢᠭᠤᠯᠬᠤ ᠪᠠ ᠬᠠᠮᠢᠶᠠᠷᠴᠤ ᠬᠠᠮᠠᠭᠠᠯᠠᠬᠤ ᠶᠢ | ᠵᠡᠷᠭᠡᠪᠡᠷ ᠴᠢᠬᠤᠯᠠᠴᠢᠯᠠᠬᠤ ᠰᠡᠳᠬᠢᠴᠡ ᠶᠢ ᠪᠤᠢ ᠪᠣᠯᠭᠠᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠬᠥᠮᠥᠨ ᠳᠤ ᠬᠦᠷᠲᠡᠯ᠎ᠡ ᠬᠤᠪᠢᠶᠠᠨ ᠨᠠᠶᠢᠳᠠᠪᠤᠷᠢᠵᠢᠭᠤᠯᠵᠤ᠂ ᠭᠠᠵᠠᠷ ᠲᠤ ᠬᠦᠷᠲᠡᠯ᠎ᠡ ᠨᠠᠶᠢᠳᠠᠪᠤᠷᠢᠵᠢᠭᠤᠯᠵᠤ᠂ ᠡᠯ᠎ᠡ | ᠲᠦᠷᠦᠯ ᠤᠨ ᠬᠦᠴᠦᠨ ᠢ ᠵᠣᠬᠢᠶᠠᠨ ᠪᠠᠶᠢᠭᠤᠯᠤᠨ ᠲᠠᠶᠢᠴᠢᠯᠠᠵᠤ᠂ ᠤᠰᠤᠯᠠᠬᠤ ᠪᠠᠷ ᠭᠤᠣᠯ ᠪᠣᠯᠭᠠᠭᠰᠠᠨ ᠠᠰᠠᠷᠠᠨ ᠪᠣᠶᠢᠵᠢᠭᠤᠯᠵᠤ ᠬᠠᠮᠢᠶᠠᠷᠴᠤ ᠬᠠᠮᠠᠭᠠᠯᠠᠬᠤ ᠶᠢ | ᠠᠯᠬᠤᠮ ᠠᠯᠬᠤᠮ ᠢᠶᠠᠷ ᠪᠠᠶᠢᠩᠭᠤᠵᠢᠭᠤᠯᠪᠠ᠃ ᠪᠢᠳᠡ ᠣᠶ ᠰᠢᠭᠤᠢ ᠬᠠᠮᠠᠭᠠᠯᠠᠭᠴᠢ᠂ ᠡᠪᠡᠰᠦ ᠪᠡᠯᠴᠢᠭᠡᠷ ᠤᠨ ᠬᠠᠮᠢᠶᠠᠷᠤᠭᠴᠢ ᠶᠢᠨ ᠲᠣᠥᠷᠵᠢᠭᠤᠯᠤᠭᠰᠠᠨ | ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠨ ᠰᠢᠯᠭᠠᠵᠤ ᠱᠠᠩᠨᠠᠵᠤ ᠲᠣᠷᠭᠠᠬᠤ ᠠᠷᠭ᠎ᠠ ᠶᠢ ᠲᠣᠭᠲᠠᠭᠠᠨ᠂ ᠬᠤᠲᠠ᠂ ᠬᠤᠰᠢᠭᠤ ᠰᠢᠶᠠᠨ ᠲᠣᠭᠤᠷᠢᠭ᠂ ᠰᠤᠮᠤ ᠰᠢᠶᠠᠩ | ᠪᠠᠯᠭᠠᠰᠤ ᠭᠤᠷᠪᠠᠨ ᠱᠠᠲᠤᠨ ᠤ ᠣᠶ ᠰᠢᠭᠤᠢ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠲᠣᠣᠷ ᠰᠦᠯᠵᠢᠶ᠎ᠡ ᠶᠢᠨ ᠰᠢᠰᠲ᠋ᠧᠮᠵᠢ ᠶᠢ ᠪᠦᠷᠢᠯᠳᠦᠭᠦᠯᠪᠡ᠃ | ᠬᠥᠲᠥᠯᠥᠭᠴᠢ᠄ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠦᠯᠬᠢᠨ ᠠᠬᠢᠭᠤᠯᠬᠤ ᠪᠣᠯ ᠲᠠᠨ ᠢ ᠳᠠᠭᠠᠵᠤ | ᠶᠠᠪᠤᠭᠰᠠᠨ ᠤ ᠬᠠᠮᠤᠭ ᠤᠨ ᠶᠡᠭᠡ ᠲᠥᠷᠥᠭᠳᠡᠯ ᠪᠣᠯᠣᠨ᠎ᠠ᠃ | ᠴᠧᠨ ᠬᠠᠢ ᠸᠧᠢ᠂ ᠶᠤᠸᠠᠨ ᠰᠢᠶᠣᠣ ᠳ᠋ᠦᠩ᠄ ᠲᠣᠯᠣᠭᠠᠢ ᠳᠣᠬᠢᠨ᠎ᠠ᠃ | ᠬᠥᠲᠥᠯᠥᠭᠴᠢ᠄ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯ ᠨᠢᠭᠡ ᠲᠠᠯ᠎ᠠ ᠮᠥᠨ᠂ ᠠᠮᠢ ᠠᠬᠤᠢ ᠶᠢᠨ ᠬᠠᠮᠠᠭᠠᠯᠠᠯᠲᠠ ᠠᠳᠠᠯᠢᠬᠠᠨ ᠴᠢᠬᠤᠯᠠ ᠪᠠᠶᠢᠳᠠᠭ᠃ | ᠬᠥᠮᠥᠰ ᠦᠷᠭᠦᠯᠵᠢ ᠭᠠᠯ ᠤᠰᠤᠨ ᠤ ᠠᠶᠤᠯ ᠬᠠᠶᠢᠷ᠎ᠠ ᠨᠠᠶᠢᠷ ᠦᠭᠡᠢ᠂ ᠭᠠᠯ ᠤᠨ ᠠᠶᠤᠯ ᠮᠠᠨ ᠤ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠲᠤ | ᠤᠴᠠᠷᠠᠭᠤᠯᠬᠤ ᠰᠦᠷᠳᠡᠭᠦᠯᠦᠯ ᠢ ᠣᠮᠲᠣᠭᠠᠶᠢᠯᠠᠵᠤ ᠪᠣᠯᠣᠰᠢ ᠦᠭᠡᠢ ᠭᠡᠵᠦ ᠬᠡᠯᠡᠳᠡᠭ᠃ ᠲᠡᠭᠡᠪᠡᠯ ᠠᠮᠢ ᠠᠬᠤᠢ ᠶᠢᠨ ᠬᠠᠮᠠᠭᠠᠯᠠᠯᠲᠠ ᠪᠠ ᠣᠶ ᠰᠢᠭᠤᠢ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠬᠦ ᠲᠠᠯ᠎ᠠ ᠪᠠᠷ ᠪᠢᠳᠡ ᠬᠡᠷᠬᠢᠨ ᠭᠠᠷᠳᠠᠵᠤ ᠬᠢᠭᠰᠡᠨ ᠪᠣᠶ︖ | ᠶᠤᠸᠠᠨ ᠰᠢᠶᠣᠣ ᠳ᠋ᠦᠩ᠄ ᠪᠢᠳᠡ ᠪᠠᠶᠢᠭᠠᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠵᠠᠭᠠᠭ ᠬᠢᠵᠠᠭᠠᠷ ᠢ ᠡᠷᠡᠰ ᠰᠠᠬᠢᠵᠤ᠂ ᠲᠥᠪ ᠤᠨ ᠣᠷᠴᠢᠨ ᠠᠬᠤᠢ ᠶᠢᠨ | ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠣᠶ ᠰᠢᠭᠤᠢ ᠶᠢᠨ ᠰᠢᠪᠠᠳᠠᠨ ᠪᠠᠶᠢᠴᠠᠭᠠᠯᠲᠠ᠂ ᠣᠶ ᠰᠢᠭᠤᠢ ᠶᠢᠨ ᠴᠡᠴᠡᠷᠯᠢᠭ ᠤᠨ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠪᠢᠳᠡ ︽ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ | ᠲᠦᠢᠮᠡᠷ ᠢ ᠰᠡᠷᠭᠡᠶᠢᠯᠡᠬᠦ ᠠᠵᠢᠯ ᠢ ᠴᠢᠩᠭ᠎ᠠ ᠠᠩᠬᠠᠷᠴᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠭᠡᠮ ᠰᠣᠭᠤᠭ ᠢ ᠶᠡᠬᠡᠪᠡᠷ ᠪᠠᠶᠢᠴᠠᠭᠠᠵᠤ | ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠡᠬᠢᠯᠡᠭᠦᠯᠵᠦ᠂ ᠬᠤᠰᠢᠭᠤ ᠰᠢᠶᠠᠨ ᠲᠣᠭᠤᠷᠢᠭ ᠵᠢᠴᠢ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ᠳᠤ | ᠬᠡᠰᠡᠭ ᠲᠠᠯ᠎ᠠ ᠶᠢ ᠳᠠᠭᠠᠭᠠᠴᠢᠯᠠᠨ ᠣᠷᠣᠵᠤ ᠰᠠᠭᠤᠭᠠᠳ ᠪᠦᠬᠦ ᠲᠠᠯ᠎ᠠ ᠪᠠᠷ ᠪᠠᠶᠢᠴᠠᠭᠠᠨ ᠵᠢᠯᠤᠭᠤᠳᠬᠤ ᠠᠵᠢᠯ ᠥᠷᠨᠢᠭᠦᠯᠪᠡ︔ ᠪᠦᠬᠦ ᠬᠤᠳᠠ ᠳᠤ 20 ᠤᠳᠠᠭ᠎ᠠ ᠶᠢᠨ | ᠭᠠᠯ ᠰᠡᠷᠭᠡᠶᠢᠯᠡᠨ ᠤᠨᠲᠠᠷᠠᠭᠠᠬᠤ ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠵᠦ᠂ 3000 ᠭᠠᠷᠤᠢ ᠬᠥᠮᠥᠨ ᠰᠣᠷᠢᠯᠲᠠ ᠳᠤ ᠣᠷᠣᠯᠴᠠᠵᠤ᠂ ᠬᠠᠮᠵᠢᠯᠴᠠᠨ | ᠪᠠᠶᠢᠯᠳᠤᠬᠤ ᠴᠢᠳᠠᠪᠤᠷᠢ ᠪᠠᠨ ᠳᠡᠭᠡᠭᠰᠢᠯᠡᠭᠦᠯᠵᠡᠢ︔ ᠬᠤᠲᠠ᠂ ᠬᠤᠰᠢᠭᠤ ᠰᠢᠶᠠᠨ ᠲᠣᠭᠤᠷᠢᠭ ᠲᠤ ᠴᠥᠮ ᠭᠠᠯ ᠰᠡᠷᠭᠡᠶᠢᠯᠡᠬᠦ ᠲᠤᠬᠠᠢ ᠶᠢᠨ ᠭᠠᠵᠠᠷ ᠤᠨ ᠲᠤᠰᠬᠠᠢ | ᠵᠢᠯᠤᠭᠤᠳᠬᠤ ᠳᠠᠷᠤᠭ᠎ᠠ ᠭᠠᠷᠭᠠᠵᠤ᠂ AB ᠠᠵᠢᠯ ᠤᠨ ᠪᠠᠶᠢᠷᠢ ᠶᠢᠨ ᠳᠦᠷᠢᠮ ᠢ ᠬᠡᠷᠡᠭᠵᠢᠭᠦᠯᠦᠨ᠂ 500 ᠭᠠᠷᠤᠢ ᠬᠥᠮᠥᠨ ᠤ ᠭᠠᠯ ᠤᠨᠲᠠᠷᠠᠭᠠᠬᠤ ᠡᠩᠨᠡᠭᠡ ᠶᠢ 30 | ᠪᠠᠶᠢᠭᠤᠯᠵᠤ᠂ ᠭᠠᠯ ᠰᠡᠷᠭᠡᠶᠢᠯᠡᠬᠦ ᠵᠢᠯᠣᠭᠤᠳᠤᠯᠭ᠎ᠠ ᠶᠢᠨ ᠲᠤᠰᠬᠠᠶᠢᠵᠢᠬᠤ᠂ ᠣᠷᠣ ᠳᠤᠲᠠᠭᠳᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ︔ ᠬᠤᠲᠠ᠂ | ᠬᠤᠰᠢᠭᠤ ᠰᠢᠶᠠᠨ ᠨᠤᠭᠤᠳ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠵᠡᠷᠭᠡᠪᠡᠷ ᠡᠬᠢᠯᠡᠭᠦᠯᠵᠦ᠂ ᠪᠥᠬᠦ | ᠬᠤᠲᠠ ᠳᠤ ᠲᠣᠭᠲᠠᠮᠠᠯ ᠤᠬᠠᠭᠤᠯᠭ᠎ᠠ ᠶᠢᠨ ᠫᠠᠶᠢᠰᠠ ᠶᠢ 1000 ᠰᠢᠨ᠎ᠡ ᠪᠠᠷ ᠨᠡᠮᠡᠵᠦ᠂ ᠡᠯᠭᠦᠭᠡ ᠪᠢᠴᠢᠭᠡᠰᠦ 2000 ᠭᠠᠷᠤᠢ᠂ ᠭᠠᠯ ᠰᠡᠷᠭᠡᠶᠢᠯᠡᠬᠦ ᠬᠤᠰᠢᠭᠤ ᠶᠢ | 3000 ᠭᠠᠷᠤᠢ ᠡᠯᠭᠦᠵᠦ᠂ ᠤᠬᠠᠭᠤᠯᠭ᠎ᠠ ᠶᠢᠨ ᠬᠠᠭᠤᠳᠠᠰᠤ ᠶᠢ 5 ᠲᠦᠮᠡ ᠲᠠᠷᠬᠠᠭᠠᠵᠠᠢ᠃ ᠣᠲᠣ ᠪᠣᠯᠲᠠᠯ᠎ᠠ᠂ ᠪᠥᠬᠦ ᠬᠤᠲᠠ ᠶᠢᠨ ᠬᠠᠪᠤᠷ ᠤᠨ ᠤᠯᠠᠷᠢᠯ ᠤᠨ ᠣᠶ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠬᠠᠩᠰᠢ ᠶᠢᠨ | ᠬᠤᠭᠤᠴᠠᠭᠠᠨ ᠳᠤ ᠭᠠᠯ ᠠᠯᠳᠠᠭᠰᠠᠨ ᠦᠭᠡᠢ᠂ ᠠᠳᠡᠯ ᠭᠠᠷᠤᠭᠰᠠᠨ ᠦᠭᠡᠢ᠃ | ᠬᠥᠲᠥᠯᠥᠭᠴᠢ᠄ ᠡᠩ ᠲᠡᠷᠢᠭᠦᠨ ᠳᠤ ︽ᠰᠡᠷᠭᠡᠶᠢᠯᠡᠬᠦ︾ ᠠᠵᠢᠯ ᠢ ᠰᠠᠶᠢᠲᠤᠷ ᠬᠢᠨ᠎ᠡ᠃ | ᠴᠧᠨ ᠬᠠᠢ ᠸᠧᠢ᠄ ᠲᠡᠶᠢᠮᠦ ᠠ᠋᠃ | ᠬᠥᠲᠥᠯᠥᠭᠴᠢ᠄ ᠮᠢᠨᠤ ᠣᠶᠢᠯᠠᠭᠠᠭᠰᠠᠨ ᠢᠶᠠᠷ᠂ 2022 ᠣᠨ ᠳᠤ ᠮᠠᠨ ᠤ ᠣᠯᠣᠭᠰᠠᠨ ᠪᠡᠯᠡ ᠮᠥᠩᠭᠦ 5.8 ᠳ᠋ᠦᠩᠰᠢᠭᠤᠷ ᠲᠥᠭᠦᠷᠢᠭ ᠪᠣᠯᠣᠨ᠎ᠠ᠃ ᠲᠡᠭᠡᠪᠡᠯ | ᠡᠨᠡ ᠵᠢᠯ ᠤᠨ ᠮᠠᠨ ᠤ ᠴᠢᠬᠤᠯᠠ ᠶᠡᠭᠡ ᠵᠦᠢᠯᠡᠰ ᠢ ᠲᠡᠮᠡᠴᠡᠨ ᠣᠯᠬᠤ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠶᠢᠳᠠᠯ ᠶᠠᠮᠠᠷ ᠪᠤᠢ︖ | ᠴᠧᠨ ᠬᠠᠢ ᠸᠧᠢ᠄ ᠡᠩ ᠲᠡᠷᠢᠭᠦᠨ ᠳᠤ ᠤᠯᠤᠰ ᠤᠨ ᠲᠥᠷᠥᠯ ᠵᠦᠢᠯ ᠢ ᠣᠯᠬᠤ ᠪᠠᠷ ᠢᠳᠡᠪᠬᠢᠲᠡᠢ ᠴᠢᠷᠮᠠᠶᠢᠨ᠎ᠠ᠃ ᠣᠳᠣᠬᠠᠨ ᠳᠤ᠂ ᠪᠢᠳᠡ ᠮᠤᠨᠢ | ᠠᠭᠤᠯᠠ ᠶᠢᠨ ᠠᠷᠤ ᠬᠤᠷᠮᠣᠢ ᠶᠢᠨ ᠠᠮᠢ ᠠᠬᠤᠢ ᠶᠢᠨ ᠵᠠᠰᠠᠯᠲᠠ᠂ ᠪᠠᠷᠠᠭᠤᠨ ᠬᠡᠰᠡᠭ ᠤᠨ ᠡᠯᠡᠰᠦᠨ ᠴᠥᠯ ᠢ ᠶᠡᠷᠦᠩᠬᠡᠶᠢᠯᠡᠨ ᠵᠠᠰᠠᠬᠤ᠂ ᠡᠸᠦ᠋ᠷᠦᠫᠡ ᠶᠢᠨ ᠪᠡᠯᠡ | ᠣᠷᠣᠭᠤᠯᠤᠯᠲᠠ ᠶᠢᠨ ᠪᠠᠩᠬᠢ ᠶᠢᠨ ᠲᠥᠷᠥᠯ ᠵᠦᠢᠯ ᠢ ᠴᠢᠷᠮᠠᠶᠢᠨ ᠪᠡᠶᠡᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 10 ᠳ᠋ᠦᠩᠰᠢᠭᠤᠷ ᠲᠥᠭᠦᠷᠢᠭ ᠪᠣᠯᠣᠨ᠎ᠠ᠃ | ᠡᠭᠦᠨ ᠤ ᠬᠠᠮᠲᠤ᠂ ᠮᠠᠨ ᠤ ᠬᠤᠲᠠ ᠶᠢᠨ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠠᠵᠢᠯ ᠢ ᠥᠷᠨᠢᠭᠦᠯᠵᠦ᠂ ᠨᠡᠶᠢᠭᠡᠮ ᠤᠨ ᠬᠥᠷᠥᠩᠭᠡ ᠪᠠ ᠠᠵᠤ ᠠᠬᠤᠶᠢᠯᠠᠯ ᠤᠨ ᠣᠶ ᠰᠢᠭᠤᠢ ᠡᠪᠡᠰᠦᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ | ᠣᠷᠣᠯᠴᠠᠬᠤ᠂ ᠣᠶ ᠰᠢᠭᠤᠢ ᠡᠪᠡᠰᠦ ᠡᠯᠡᠰᠦᠨ ᠤ ᠠᠵᠤ ᠦᠢᠯᠡᠰ ᠤᠨ ᠬᠡᠯᠬᠢᠶᠡᠨ ᠤ ᠪᠡᠯᠡ ᠣᠷᠣᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠨ᠎ᠡ᠃ | ᠡᠨᠡ ᠵᠢᠯ ᠠᠴᠠ ᠨᠠᠰᠢ᠂ 30 ᠬᠥᠮᠥᠨ ᠤᠳᠠᠭ᠎ᠠ ᠪᠡᠭᠡᠵᠢᠩ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠵᠦ᠂ ᠡᠯ᠎ᠡ ᠲᠥᠷᠥᠯ ᠤᠨ | 32 ᠠᠵᠤ ᠠᠬᠤᠶᠢᠯᠠᠯ ᠲᠠᠢ ᠵᠣᠯᠭᠠᠭᠤᠯᠵᠤ᠂ ᠬᠠᠮᠲᠤᠷᠠᠯᠴᠠᠭᠠᠨ ᠤ ᠰᠠᠨᠠᠮᠵᠢ ᠶᠢᠨ 10 ᠲᠥᠷᠥᠯ ᠵᠦᠢᠯ ᠲᠠᠢ ᠲᠣᠬᠢᠷᠠᠯᠴᠠᠵᠤ᠂ ᠠᠩᠬ᠎ᠠ ᠠᠯᠬᠤᠮ ᠤᠨ ᠪᠡᠯᠡ | ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠲᠤ ᠬᠦᠷᠴᠡᠢ᠃ | ᠬᠥᠲᠥᠯᠥᠭᠴᠢ᠄ ᠤᠯᠤᠰ ᠤᠨ ᠲᠥᠷᠥᠯ ᠵᠦᠢᠯ ᠤᠨ ᠳᠡᠮᠵᠢᠯᠭᠡ ᠪᠠ ᠨᠡᠶᠢᠭᠡᠮ ᠤᠨ ᠬᠥᠷᠥᠩᠭᠡ ᠶᠢᠨ ᠣᠷᠣᠯᠴᠠᠭ᠎ᠠ ᠪᠠᠶᠢᠭᠰᠠᠨ ᠠᠴᠠ ᠮᠠᠨ ᠤ ᠠᠮᠢ ᠠᠬᠤᠢ ᠶᠢᠨ | ᠰᠠᠶᠢᠵᠢᠷᠠᠯᠲᠠ ᠶᠢ ᠤᠯᠠᠮ ᠲᠦᠷᠭᠡᠳᠬᠡᠵᠡᠢ᠃ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠥᠬᠦ ᠬᠤᠲᠠ ᠶᠢᠨ ᠴᠢᠬᠤᠯᠠ ᠶᠡᠭᠡ ᠲᠥᠷᠥᠯ | ᠵᠦᠢᠯ ᠢ ᠨᠠᠶᠢᠳᠠᠪᠤᠷᠢᠵᠢᠭᠤᠯᠬᠤ ᠶᠢ ᠪᠠᠲᠤᠯᠠᠬᠤ ᠲᠠᠯ᠎ᠠ ᠪᠠᠷ ᠪᠢᠳᠡᠨ ᠳᠤ ᠶᠠᠮᠠᠷ ᠶᠠᠮᠠᠷ ᠰᠠᠶᠢᠨ ᠠᠷᠭ᠎ᠠ ᠪᠠᠶᠢᠬᠤ ᠪᠣᠶ︖ | ᠶᠤᠸᠠᠨ ᠰᠢᠶᠣᠣ ᠳ᠋ᠦᠩ ᠄ ᠪᠢᠳᠡ ᠴᠢᠬᠤᠯᠠ ᠶᠡᠭᠡ ᠲᠦᠷᠦᠯ ᠵᠦᠢᠯ ᠤᠨ ᠤᠢ ᠰᠢᠭᠤᠢ ᠡᠪᠡᠰᠦ ᠪᠡᠯᠴᠢᠭᠡᠷ ᠤᠨ ᠭᠠᠷᠳᠠᠮ ᠢ ᠬᠢᠨᠠᠨ ᠬᠠᠷᠭᠤᠭᠤᠯᠵᠤ ᠬᠢᠨᠠᠨ | ᠵᠥᠪᠰᠢᠶᠡᠷᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠪᠦᠬᠦ ᠶᠠᠪᠤᠴᠠ ᠶᠢᠨ ᠵᠢᠯᠣᠭᠤᠳᠤᠯᠭ᠎ᠠ ᠬᠠᠪᠰᠤᠷᠤᠯᠭ᠎ᠠ ᠲᠠᠢ ᠪᠠᠷ ᠤᠭᠰᠠᠷᠠᠭ᠎ᠠ ᠲᠤᠨᠤᠭ᠂ ᠬᠡᠷᠡᠭᠯᠡᠬᠦ ᠭᠠᠵᠠᠷ ᠢ | ᠤᠷᠢᠳᠴᠢᠯᠠᠨ ᠬᠢᠨᠠᠬᠤ ᠪᠠ ᠲᠥᠯᠦᠪᠵᠢᠭᠦᠯᠭᠡ ᠶᠢᠨ ᠭᠠᠵᠠᠷ ᠢ ᠰᠣᠩᠭᠤᠬᠤ ᠶᠢ ᠰᠠᠶᠢᠲᠤᠷ ᠬᠢᠵᠦ᠂ ᠲᠤᠬᠠᠢ ᠶᠢᠨ ᠡᠳᠦᠷ ᠲᠤᠨᠢ ᠲᠤᠬᠠᠢ ᠶᠢᠨ ᠲᠠᠯᠠᠪᠠᠢ ᠳᠤ | ᠭᠦᠨᠵᠡᠭᠡᠶᠢᠷᠡᠨ ᠪᠠᠶᠢᠴᠠᠭᠠᠨ ᠰᠢᠯᠭᠠᠬᠤ ᠶᠢ ᠡᠷᠡᠰ ᠪᠡᠶᠡᠯᠡᠭᠦᠯᠵᠦ᠂ ᠪᠠᠶᠢᠴᠠᠭᠠᠨ ᠰᠢᠯᠭᠠᠬᠤ ᠳᠤ ᠨᠥᠬᠦᠴᠡᠯ ᠪᠦᠷᠢᠳᠦᠭᠰᠡᠨ 24 ᠴᠠᠭ ᠤᠨ ᠳᠣᠲᠣᠷ᠎ᠠ ᠥᠪᠡᠷᠲᠡᠭᠡᠨ | ᠵᠠᠰᠠᠬᠤ ᠣᠷᠣᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠳᠤ ᠮᠡᠳᠡᠭᠦᠯᠬᠦ ᠶᠢᠨ ᠬᠠᠮᠲᠤ ᠦᠷᠭᠦᠯᠵᠢᠯᠡᠨ ᠪᠠᠶᠢᠴᠠᠭᠠᠨ ᠭᠦᠢᠴᠡᠳᠬᠡᠵᠦ᠂ ᠬᠢᠨᠠᠨ | ᠵᠥᠪᠰᠢᠶᠡᠷᠡᠭᠦᠯᠬᠦ ᠭᠠᠷᠳᠠᠮ ᠢ ᠬᠦᠷᠲᠡᠯ᠎ᠡ᠂ ᠪᠦᠬᠦ ᠬᠤᠳᠠ ᠶᠢᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠬᠤᠷᠳᠤᠴᠠ︾ ᠶᠢ | ᠲᠦᠷᠭᠡᠳᠬᠡᠬᠦ ᠶᠢ ᠠᠬᠢᠭᠤᠯᠬᠤ ᠬᠡᠷᠡᠭᠲᠡᠢ᠃ | ᠬᠥᠲᠥᠯᠥᠭᠴᠢ᠄ ᠣᠶ ᠰᠢᠭᠤᠢ ᠡᠪᠡᠰᠦ ᠪᠡᠯᠴᠢᠭᠡᠷ ᠤᠨ ᠲᠥᠯᠦᠪᠵᠢᠭᠦᠯᠭᠡ ᠨᠢ ᠪᠣᠳᠠᠲᠠᠢ ᠲᠠᠢ ᠨᠡᠶᠢᠴᠡᠵᠦ ᠪᠠᠶᠢᠬᠤ ᠡᠰᠡᠬᠦ᠂ ᠪᠣᠳᠠᠲᠠᠢ ᠠᠵᠢᠯ ᠢ ᠪᠣᠳᠠᠲᠠᠢ | ᠨᠠᠶᠢᠳᠠᠪᠤᠷᠢᠵᠢᠭᠤᠯᠤᠭᠰᠠᠨ ᠡᠰᠡᠬᠦ ᠶᠢᠨ ᠲᠤᠬᠠᠢ ᠬᠠᠮᠤᠭ ᠤᠨ ᠭᠦᠨ ᠲᠥᠷᠥᠭᠳᠡᠯ ᠲᠠᠢ ᠨᠢ ᠬᠠᠰᠢ ᠯᠠ ᠮᠠᠨ ᠤ ᠠᠷᠠᠳ ᠲᠦᠮᠡᠨ ᠪᠣᠯᠣᠨ᠎ᠠ᠂ ᠪᠢᠳᠡ ᠬᠤᠲᠠ ᠶᠢᠨ | ᠠᠷᠠᠳ ᠤᠨ ᠮᠠᠨ ᠳᠤ ᠥᠭᠭᠦᠭᠰᠡᠨ ᠰᠠᠨᠠᠭᠤᠯᠭ᠎ᠠ ᠪᠠ ᠬᠦᠰᠡᠯ ᠡᠷᠡᠮᠡᠯᠵᠡᠯ ᠢ ᠰᠣᠨᠣᠰᠤᠶ᠎ᠠ᠃ | ᠲᠣᠰᠬᠤᠨ ᠤ ᠠᠷᠠᠳ᠄ ᠪᠢ ᠪᠣᠯ ᠬᠠᠩᠵᠧᠦ ᠶᠢᠨ ᠬᠤᠶᠢᠲᠤ ᠬᠡᠰᠡᠭ ᠤᠨ ᠡᠯᠡᠰᠦᠨ ᠲᠠᠩᠭᠢᠰ ᠤᠨ ᠬᠢ᠂ ᠳᠠᠷᠢᠭᠰᠠᠨ ᠠᠯᠢᠮ᠎ᠠ ᠪᠠᠨ ᠪᠥᠬᠦ ᠤᠯᠤᠰ ᠲᠤ | ᠬᠤᠳᠠᠯᠳᠤᠴᠢᠬᠠᠵᠠᠢ᠃ ᠡᠨᠡ ᠬᠡᠳᠦᠨ ᠵᠢᠯ ᠳᠤ ᠮᠠᠨ ᠤ ᠵᠢᠮᠢᠰ ᠤᠨ ᠮᠣᠳᠣ ᠰᠠᠶᠢᠨ ᠳᠠᠷᠢᠭᠰᠠᠨ ᠨᠢ ᠮᠡᠷᠭᠡᠵᠢᠯᠲᠡᠢ ᠬᠥᠮᠥᠰ ᠤᠨ ᠵᠢᠯᠣᠭᠤᠳᠤᠯᠭ᠎ᠠ ᠶᠢᠨ ᠠᠴᠢ ᠪᠠᠷ | ᠪᠣᠯᠵᠠᠢ᠃ᠪᠢᠳᠡᠨ ᠤ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ ᠤᠨ ᠲᠠᠯ᠎ᠠ ᠪᠠᠷ ᠪᠠᠰᠠ ᠪᠠᠭ᠋ᠠᠨ ᠢᠯᠡᠭᠦᠦ ᠪᠠᠶᠢᠬᠤ ᠶᠢ ᠬᠦᠰᠡᠵᠦ ᠪᠠᠢᠨ᠎ᠠ᠃ | ᠶᠤᠸᠠᠨ ᠰᠢᠶᠣᠣ ᠳ᠋ᠦᠩ᠄ ᠡᠨᠡ ᠬᠤᠲᠠ ᠶᠢᠨ ᠠᠷᠠᠳ ᠤᠨ ᠨᠠᠶᠢᠵᠠ ᠶᠢᠨ ᠮᠠᠨ ᠤ ᠠᠵᠢᠯ ᠢ ᠨᠤᠲᠠᠯᠠᠭᠰᠠᠨ ᠳᠤ ᠲᠠᠯᠠᠷᠬᠠᠵᠤ ᠪᠠᠶᠢᠨ᠎ᠠ᠃ ᠣᠶᠢᠷ᠎ᠠ ᠶᠢᠨ | ᠵᠢᠯ ᠤᠳ ᠲᠤ᠂ ᠪᠢᠳᠡ ᠠᠵᠤ ᠦᠢᠯᠡᠰ ᠤᠨ ᠠᠮᠢ ᠠᠬᠤᠶᠢᠵᠢᠯᠲᠠ᠂ ᠠᠮᠢ ᠠᠬᠤᠢ ᠶᠢᠨ ᠠᠵᠤ ᠦᠶᠢᠯᠡᠰᠵᠢᠯᠲᠡ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ | ᠪᠣᠷᠣᠳᠣᠬᠤᠢ ᠣᠷᠣᠨ ᠤ ᠪᠠᠶᠢᠭᠠᠯᠢ ᠶᠢᠨ ᠨᠥᠬᠦᠴᠡᠯ ᠲᠠᠢ ᠤᠶᠠᠯᠳᠤᠭᠤᠯᠤᠨ᠂ ︽ᠪᠠᠷᠠᠭᠤᠨ ᠣᠷᠣᠨ ᠤ ᠲᠠᠷᠢᠶᠠᠯᠠᠩ ᠢ ᠳᠠᠷᠢᠵᠤ ᠪᠣᠶᠢᠵᠢᠭᠤᠯᠬᠤ ᠵᠠᠭᠪᠤᠷ︾ ᠢ ᠪᠥᠬᠦ | ᠬᠦᠴᠦᠨ ᠢᠶᠠᠷ ᠢᠶᠠᠨ ᠳᠡᠯᠭᠡᠷᠡᠭᠦᠯᠵᠦ᠂ ᠥᠨᠳᠥᠷ ᠪᠠᠷᠢᠮᠵᠢᠶᠠᠲᠤ ᠠᠵᠤ ᠠᠬᠤᠢ ᠶᠢᠨ ᠣᠶ ᠶᠢᠨ ᠵᠢᠱᠢᠶ᠎ᠡ ᠦᠵᠡᠭᠦᠯᠬᠦ ᠬᠦᠷᠢᠶᠡᠯᠡᠩ ᠢ 50 ᠪᠠᠶᠢᠭᠤᠯᠪᠠ᠃ ᠪᠢᠳᠡ | ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠲᠠᠢ ᠬᠠᠮᠲᠤᠷᠠᠨ ᠬᠠᠩᠭᠢᠨ ᠬᠤᠶᠢᠲᠤ ᠬᠤᠰᠢᠭᠤ᠂ | ᠦᠶᠤᠸᠠᠨ ᠰᠢᠶᠠᠨ ᠤ ᠠᠵᠤ ᠠᠬᠤᠢ ᠶᠢᠨ ᠣᠶ ᠶᠢᠨ ᠲᠤᠷᠰᠢᠯᠲᠠ ᠶᠢᠨ ᠥᠷᠲᠡᠭᠡ ᠪᠠᠶᠢᠭᠤᠯᠵᠤ᠂ ᠰᠢᠨ᠎ᠡ ᠰᠡᠳᠬᠢᠴᠡ᠂ ᠰᠢᠨ᠎ᠡ ᠵᠠᠭᠪᠤᠷ᠂ ᠰᠢᠨ᠎ᠡ ᠲᠥᠷᠥᠯ ᠵᠦᠢᠯ᠂ | ᠰᠢᠨ᠎ᠡ ᠮᠡᠷᠭᠡᠵᠢᠯ ᠢ ᠪᠣᠷᠣᠳᠣᠬᠤᠢ ᠣᠷᠣᠨ ᠳᠤ ᠲᠠᠰᠤᠷᠠᠯᠲᠠ ᠦᠭᠡᠢ ᠴᠡᠴᠡᠭᠯᠡᠭᠦᠯᠦᠨ ᠵᠢᠮᠢᠰᠯᠡᠭᠦᠯᠵᠦ᠂ ᠥᠷᠭᠡᠨ ᠣᠯᠠᠨ ᠵᠢᠮᠢᠰ ᠤᠨ ᠲᠠᠷᠢᠶᠠᠴᠢᠨ ᠨᠠᠶᠢᠵᠠ ᠨᠠᠷ ᠤᠨ | ᠨᠢᠳᠦ ᠪᠠᠨ ᠠᠷᠴᠢᠨ ᠬᠦᠯᠢᠶᠡᠵᠦ ᠪᠠᠶᠢᠬᠤ ᠶᠢ ᠬᠦᠰᠡᠵᠦ ᠪᠠᠶᠢᠨ᠎ᠠ᠃ ᠢ ᠪᠢᠳᠡ ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠶᠡᠭᠡ ᠰᠤᠷᠭᠠᠭᠤᠯᠢ ᠲᠠᠢ ᠬᠠᠮᠲᠤᠷᠠᠵᠤ ᠪᠠᠶᠢᠭᠠᠳ ᠬᠠᠩᠭᠢᠨ ᠬᠤᠶᠢᠲᠤ ᠬᠤᠰᠢᠭᠤ᠂ ᠦᠶᠤᠸᠠᠨ ᠰᠢᠶᠠᠨ ᠤ ᠠᠵᠤ ᠠᠬᠤᠢ ᠶᠢᠨ ᠣᠶ ᠶᠢᠨ | ᠲᠤᠷᠰᠢᠯᠲᠠ ᠶᠢᠨ ᠥᠷᠲᠡᠭᠡ ᠪᠠᠶᠢᠭᠤᠯᠵᠤ ᠪᠠᠶᠢᠨ᠎ᠠ᠃ | ᠬᠥᠲᠥᠯᠥᠭᠴᠢ᠄ ᠮᠢᠨᠤ ᠴᠡᠭᠡᠵᠢᠯᠡᠵᠦ ᠪᠠᠶᠢᠬᠤ ᠪᠠᠷ ᠪᠠᠭ᠎ᠠ ᠳᠠᠭᠠᠨ ᠨᠢᠭᠡ ᠵᠦᠢᠯ ᠤᠨ ᠠᠯᠮᠤᠷᠠᠳ ᠠᠯᠢᠮ᠎ᠠ ᠪᠠᠶᠢᠭᠰᠠᠨ᠂ ᠮᠠᠰᠢ ᠠᠮᠲᠠᠲᠠᠢ ᠪᠠᠶᠢᠭᠰᠠᠨ᠂ ᠰᠡᠭᠦᠯᠡᠷ | ᠨᠢ ᠬᠤᠳᠠᠯᠳᠤᠨ ᠠᠪᠴᠤ ᠳᠡᠶᠢᠯᠬᠦ ᠦᠭᠡᠢ ᠪᠣᠯᠤᠭᠰᠠᠨ᠂ ᠭᠡᠪᠡᠴᠦ ᠡᠨᠡ ᠬᠡᠳᠦᠨ ᠵᠢᠯ ᠳᠤ ᠵᠠᠬ᠎ᠠ ᠳᠡᠯᠭᠡᠭᠦᠷ ᠳᠡᠭᠡᠷ᠎ᠡ ᠪᠠᠰᠠ ᠡᠶᠢᠮᠦ ᠠᠯᠢᠮ᠎ᠠ ᠪᠠᠶᠢᠨ᠎ᠠ᠃ | ᠶᠤᠸᠠᠨ ᠰᠢᠶᠣᠣ ᠳ᠋ᠦᠩ᠄ ᠨᠡᠬᠡᠷᠡᠨ᠃ ᠠᠯᠮᠤᠷᠠᠳ ᠠᠯᠢᠮ᠎ᠠ ᠪᠣᠯ ᠮᠠᠨ ᠤ ᠣᠷᠴᠢᠮ ᠤᠨ ᠬᠡᠳᠦᠨ ᠵᠢᠯ ᠳᠤ ᠳᠡᠯᠭᠡᠷᠡᠭᠦᠯᠦᠭᠰᠡᠨ ᠡᠭᠦᠯᠳᠡᠷ ᠤᠨ ᠨᠢᠭᠡ ᠮᠥᠨ᠃ | ᠪᠣᠷᠣᠳᠣᠬᠤᠢ ᠣᠷᠣᠨ ᠳᠤ ᠠᠯᠢᠮ᠎ᠠ ᠵᠢᠮᠢᠰ ᠤᠨ ᠲᠥᠷᠥᠯ ᠢ ᠳᠠᠷᠢᠬᠤ ᠤᠯᠠᠮᠵᠢᠯᠠᠯ ᠲᠠᠢ ᠪᠥᠭᠡᠳ ᠪᠥᠬᠦ ᠤᠯᠤᠰ ᠤᠨ 200 ᠭᠠᠷᠤᠢ ᠠᠯᠢᠮ᠎ᠠ ᠶᠢᠨ ᠲᠥᠷᠥᠯ ᠤᠨ 70 | ᠭᠠᠷᠤᠢ ᠨᠢ ᠮᠠᠨ ᠤ ᠤᠮᠠᠷᠠᠲᠤ ᠣᠷᠣᠨ ᠳᠤ ᠲᠣᠬᠢᠷᠠᠨ᠎ᠠ᠃ ᠭᠡᠪᠡᠴᠦ ᠶᠠᠭ ᠠᠯᠮᠤᠷᠠᠳ ᠠᠯᠢᠮ᠎ᠠ ᠰᠢᠭ᠋᠂ ᠥᠩᠭᠡᠷᠡᠭᠰᠡᠨ ᠳᠤ ᠬᠠᠮᠢᠶᠠᠷᠤᠯᠲᠠ ᠪᠦᠳᠦᠭᠦᠯᠢᠭ ᠠᠴᠠ ᠪᠣᠯᠵᠤ | ᠴᠢᠨᠠᠷ ᠴᠢᠨᠰᠠᠭ᠎ᠠ ᠶᠢ ᠨᠢ ᠮᠠᠭᠤᠳᠠᠭᠤᠯᠵᠤ ᠪᠠᠶᠢᠵᠠᠢ᠃ ᠠᠮᠲᠠ ᠦᠭᠡᠢ᠂ ᠬᠤᠳᠠᠯᠳᠤᠨ ᠠᠪᠬᠤ ᠬᠥᠮᠥᠨ ᠦᠭᠡᠢ ᠪᠣᠯ ᠵᠠᠬ᠎ᠠ ᠳᠡᠯᠭᠡᠭᠦᠷ ᠳᠡᠭᠡᠷ᠎ᠡ ᠣᠯᠵᠤ ᠦᠵᠡᠬᠦ | ᠦᠭᠡᠢ ᠪᠣᠯᠣᠨ᠎ᠠ᠃ ᠣᠶᠢᠷ᠎ᠠ ᠶᠢᠨ ᠬᠡᠳᠦᠨ ᠵᠢᠯ ᠳᠤ᠂ ᠪᠢᠳᠡ ᠲᠤᠷᠰᠢᠯᠲᠠ ᠶᠢᠨ ᠥᠷᠲᠡᠭᠡ ᠶᠢ ᠠᠰᠢᠭᠯᠠᠨ᠂ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ | ᠰᠣᠩᠭᠤᠵᠤ᠂ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ᠂ ᠲᠤᠬᠠᠢ ᠶᠢᠨ ᠭᠠᠵᠠᠷ ᠲᠤ ᠲᠣᠬᠢᠷᠠᠬᠤ ᠲᠥᠷᠥᠯ ᠵᠦᠢᠯ ᠢ ᠣᠷᠣᠭᠤᠯᠤᠨ ᠠᠪᠴᠢᠷᠠᠵᠤ᠂ | ᠪᠣᠯᠪᠠᠰᠤᠷᠠᠭᠤᠯᠤᠯ᠂ ᠵᠢᠱᠢᠶ᠎ᠡ ᠦᠵᠡᠭᠦᠯᠬᠦ᠂ ᠳᠡᠯᠭᠡᠷᠡᠭᠦᠯᠬᠦ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ | ᠨᠣᠷᠮ᠎ᠠ ᠶᠢ ᠨᠡᠮᠡᠭᠳᠡᠭᠦᠯᠵᠦ᠂ ᠮᠠᠨ ᠤ ᠬᠤᠲᠠ ᠶᠢᠨ ᠣᠨᠴᠠᠯᠢᠭᠲᠤ ᠠᠯᠢᠮ᠎ᠠ ᠶᠢᠨ ᠠᠵᠤ ᠦᠢᠯᠡᠰ ᠤᠨ ᠰᠢᠪᠲᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃ | ᠬᠥᠲᠥᠯᠥᠭᠴᠢ᠄ ᠠᠯᠢᠮ᠎ᠠ ᠶᠢᠨ ᠠᠵᠤ ᠦᠢᠯᠡᠰ ᠠᠴᠠ ᠭᠠᠳᠠᠨ᠎ᠠ᠂ ᠪᠢᠳᠡᠨ ᠳᠤ ᠪᠠᠰᠠ ᠶᠠᠮᠠᠷ ᠪᠠᠶᠢᠷᠢᠯᠠᠭᠤᠯᠤᠯᠲᠠ ᠪᠠᠶᠢᠬᠤ ᠪᠣᠶ︖ | ᠴᠧᠨ ᠬᠠᠢ ᠸᠧᠢ᠄ ᠪᠢᠳᠡ ᠡᠯ᠎ᠡ ᠬᠤᠰᠢᠭᠤ ᠰᠢᠶᠠᠨ ᠲᠣᠭᠤᠷᠢᠭ ᠤᠨ ᠣᠶ ᠰᠢᠭᠤᠢ ᠡᠪᠡᠰᠦ ᠡᠯᠡᠰᠦᠨ ᠤ ᠡᠬᠢ ᠪᠠᠶᠠᠯᠢᠭ ᠤᠨ ᠳᠠᠪᠠᠭᠤᠯᠢᠭ ᠲᠠᠢ | ᠤᠶᠠᠯᠳᠤᠭᠤᠯᠤᠨ᠂ ᠬᠦᠴᠦᠨ ᠢᠶᠠᠨ ᠲᠥᠪᠯᠡᠷᠡᠭᠦᠯᠦᠨ ︽ᠭᠤᠷᠪᠠᠨ ᠠᠵᠤ ᠦᠢᠯᠡᠰ ᠤᠨ ᠬᠡᠯᠬᠢᠶ᠎ᠡ︾ ᠶᠢ ᠪᠣᠶ ᠪᠣᠯᠭᠠᠨ᠎ᠠ᠃ ᠤᠷᠠᠳ ᠤᠨ ᠬᠤᠶᠢᠲᠤ ᠬᠤᠰᠢᠭᠤ᠂ | ᠳ᠋ᠧᠩᠺᠸᠤ ᠰᠢᠶᠠᠨ ᠤ ᠡᠯᠡᠰᠦᠷᠬᠡᠭ ᠣᠷᠣᠨ ᠳᠤ ᠣᠷᠬᠢᠴᠠ ᠣᠶ ᠳᠤ ᠴᠠᠭᠠᠨ ᠭᠤᠶᠣᠣ ᠳᠠᠷᠢᠬᠤ ᠠᠵᠤ ᠦᠢᠯᠡᠰ ᠢ ᠶᠡᠭᠡ ᠪᠠᠷ ᠳᠡᠯᠭᠡᠷᠡᠭᠦᠯᠦᠨ᠎ᠡ︔ ᠯᠢᠨ ᠾᠧ | ᠲᠣᠭᠤᠷᠢᠭ᠂ ᠬᠠᠩᠭᠢᠨ ᠬᠤᠶᠢᠲᠤ ᠬᠤᠰᠢᠭᠤ᠂ ᠦᠶᠤᠸᠠᠨ ᠰᠢᠶᠠᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠳᠤ ᠪᠠᠶᠢᠷᠢᠯᠠᠵᠤ᠂ ᠬᠦᠴᠦᠨ ᠢᠶᠠᠨ ᠲᠥᠪᠯᠡᠷᠡᠭᠦᠯᠦᠨ | ᠥᠨᠳᠥᠷ ᠪᠠᠷᠢᠮᠵᠢᠶ᠎ᠠ ᠪᠠᠷ ᠠᠯᠢᠮ᠎ᠠ᠂ ᠲᠠᠬᠢᠶᠠᠨ ᠤ ᠭᠤᠣᠯ ᠵᠢᠮᠢᠰ ᠤᠨ ᠠᠵᠤ ᠦᠢᠯᠡᠰ ᠢ ᠪᠠᠶᠢᠭᠤᠯᠬᠤ ᠬᠡᠷᠡᠭᠲᠡᠢ︔ ᠮᠤᠨᠢ ᠠᠭᠤᠯᠠ ᠶᠢᠨ ᠭᠠᠩ ᠬᠠᠭᠤᠷᠠᠢ ᠣᠷᠣᠨ ᠳᠤ | ᠡᠮ ᠳᠤ ᠬᠡᠷᠡᠭᠯᠡᠬᠦ ᠢᠰᠬᠦᠯᠡᠩ ᠴᠢᠪᠠᠭ᠎ᠠ ᠶᠢᠨ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠎ᠡ᠃ ᠡᠭᠦᠨ ᠤ ᠬᠠᠮᠲᠤ᠂ ᠪᠢᠳᠡ ᠮᠡᠷᠭᠡᠵᠢᠯ ᠢᠶᠠᠷ ᠴᠠᠭᠠᠷᠠᠭᠰᠠᠨ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠡᠩᠨᠡᠭᠡ ᠶᠢ ᠬᠦᠴᠦᠯᠡᠨ ᠪᠠᠶᠢᠭᠤᠯᠵᠤ᠂ ᠰᠣᠬᠤᠷ ᠪᠠᠯᠠᠢ ᠶᠢᠨ ᠴᠡᠭ ᠦᠭᠡᠢ ᠮᠡᠷᠭᠡᠵᠢᠯ ᠤᠨ ᠦᠢᠯᠡᠴᠢᠯᠡᠭᠡᠨ ᠤ | ᠲᠣᠣᠷ ᠰᠦᠯᠵᠢᠶ᠎ᠡ ᠶᠢ ᠪᠠᠶᠢᠭᠤᠯᠤᠨ᠂ ᠵᠢᠱᠢᠶ᠎ᠡ ᠦᠵᠡᠭᠦᠯᠬᠦ ᠬᠦᠷᠢᠶᠡᠯᠡᠩ ᠨᠢᠭᠡᠪᠦᠷᠢ ᠳᠤ ᠴᠥᠮ ᠲᠤᠰᠬᠠᠢ ᠬᠥᠮᠥᠨ ᠢᠶᠠᠷ ᠪᠦᠬᠦᠨ ᠢ ᠳᠠᠭᠠᠭᠠᠴᠢᠯᠠᠭᠤᠯᠬᠤ ᠪᠠᠷ | ᠴᠢᠷᠮᠠᠶᠢᠨ᠎ᠠ᠃ | ᠬᠥᠲᠥᠯᠥᠭᠴᠢ᠄ ᠡᠨᠡ ᠴᠢᠨᠢ ᠦᠨᠡᠬᠡᠷ ᠭᠤᠸ᠎ᠠ ᠵᠢᠮᠢᠰ ᠤᠨ ᠦᠨᠦᠷ ᠠᠮᠲᠠ ᠪᠠᠷ ᠳᠦᠭᠦᠷᠡᠩ ᠬᠠᠷᠢᠭᠤᠯᠲᠠ ᠳ᠋ᠠ᠃ ᠬᠤᠶᠠᠳᠤᠭᠠᠷ ᠬᠤᠲᠠ ᠶᠢᠨ ᠠᠷᠠᠳ ᠪᠣᠯ | ᠤᠲᠠᠰᠤ ᠪᠠᠷ ᠦᠭᠡ ᠦᠯᠡᠳᠡᠭᠡᠪᠡ᠃ | ᠮᠠᠯᠴᠢᠨ᠄ ᠪᠢ ᠪᠣᠯ ᠤᠷᠠᠳ ᠤᠨ ᠬᠤᠶᠢᠲᠤ ᠬᠤᠰᠢᠭᠤᠨ ᠤ ᠮᠠᠯᠴᠢᠨ᠂ ᠡᠨᠡ ᠬᠡᠳᠦᠨ ᠵᠢᠯ ᠳᠤ ᠮᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ | ᠪᠣᠳᠣᠯᠭ᠎ᠠ ᠶᠢᠨ ᠲᠠᠯ᠎ᠠ ᠪᠠᠷ ᠨᠤᠲᠤᠭ ᠪᠡᠯᠴᠢᠭᠡᠷ ᠢ ᠦᠨᠡᠬᠡᠷ ᠬᠠᠮᠠᠭᠠᠯᠠᠭᠰᠠᠨ᠂ ᠵᠠᠯᠭᠠᠭᠠᠳ ᠪᠢᠳᠡ ᠪᠠᠰᠠ ᠶᠠᠮᠠᠷ ᠲᠥᠯᠥᠪᠯᠡᠭᠡ ᠲᠠᠢ ᠪᠣᠯᠤᠭᠰᠠᠨ ᠪᠣᠶ︖ | ᠶᠤᠸᠠᠨ ᠰᠢᠶᠣᠣ ᠳ᠋ᠦᠩ᠄ ᠪᠠᠶᠠᠨᠨᠠᠭᠤᠷ ᠤᠨ ᠨᠤᠲᠤᠭ ᠪᠡᠯᠴᠢᠭᠡᠷ ᠤᠨ ᠲᠠᠯᠠᠪᠠᠶ 5824.86 ᠲᠦᠮᠡᠨ ᠮᠦ ᠪᠠᠶᠢᠵᠤ᠂ 2019 ᠣᠨ ᠳᠤ ᠣᠶ ᠰᠢᠭᠤᠢ | ᠡᠪᠡᠰᠦ ᠪᠡᠯᠴᠢᠭᠡᠷ ᠢ ᠠᠭᠤᠰᠤᠯᠴᠠᠭᠤᠯᠤᠨ ᠬᠥᠭᠵᠢᠭᠦᠯᠦᠭᠰᠡᠨ ᠠᠴᠠ ᠨᠠᠰᠢ᠂ ᠪᠢᠳᠡ 96.64 ᠲᠦᠮᠡᠨ ᠮᠦ ᠮᠠᠭᠤᠳᠠᠭᠰᠠᠨ ᠨᠤᠲᠤᠭ ᠪᠡᠯᠴᠢᠭᠡᠷ ᠢ ᠵᠠᠰᠠᠨ | ᠰᠡᠷᠭᠦᠭᠡᠬᠦ ᠶᠢᠨ ᠬᠠᠮᠲᠤ 4317 ᠲᠦᠮᠡᠨ ᠮᠦ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠠᠭᠠᠯᠠᠯᠲᠠ ᠶᠠᠪᠤᠭᠤᠯᠵᠤ᠂ 2605.1 ᠲᠦᠮᠡᠨ ᠮᠦ ᠳᠤ ᠮᠠᠯ ᠪᠡᠯᠴᠢᠭᠡᠷ ᠢ | ᠲᠡᠩᠴᠡᠭᠦᠷᠢᠲᠡᠢ ᠪᠠᠶᠢᠯᠭᠠᠬᠤ ᠶᠢ ᠬᠡᠷᠡᠭᠵᠢᠭᠦᠯᠪᠡ᠃2022 ᠣᠨ ᠳᠤ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 26. | 61% ᠳᠤ ᠬᠦᠷᠴᠦ᠂ 2015 ᠣᠨ ᠤ ᠬᠢ ᠠᠴᠠ 5.56 ᠵᠠᠭᠤᠨ ᠤ ᠨᠢᠭᠡᠴᠢ ᠳᠡᠭᠡᠭᠰᠢᠯᠡᠵᠡᠢ᠃ ᠵᠠᠯᠭᠠᠭᠠᠳ ᠪᠢᠳᠡ ᠨᠤᠲᠤᠭ ᠪᠡᠯᠴᠢᠭᠡᠷ ᠢ ᠦᠷᠭᠦᠯᠵᠢᠯᠡᠨ | ᠰᠡᠷᠭᠦᠭᠡᠨ ᠵᠠᠰᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠦᠷᠭᠦᠯᠵᠢᠯᠡᠬᠦ | ᠬᠥᠭᠵᠢᠯᠲᠡ ᠶᠢ ᠪᠡᠶᠡᠯᠡᠭᠦᠯᠦᠨ᠎ᠡ᠃ | ᠬᠥᠲᠥᠯᠥᠭᠴᠢ᠄ ᠪᠢᠳᠡ ᠳᠠᠬᠢᠭᠠᠳ ᠣᠯᠠᠨ ᠢᠶᠠᠷ ᠢᠶᠠᠨ ᠪᠣᠷᠣᠳᠣᠬᠤᠢ ᠶᠢᠨ ᠪᠢᠴᠢᠯ ᠵᠠᠭᠤᠴᠢᠯᠠᠭᠤᠷ ᠤᠨ ᠳᠡᠭᠡᠷ᠎ᠡ ᠦᠯᠡᠳᠡᠭᠡᠭᠰᠡᠨ ᠦᠭᠡ ᠶᠢ ᠦᠵᠡᠶ᠎ᠡ᠂ | ᠣᠯᠠᠩᠬᠢ ᠨᠢ ᠤᠯᠠᠭᠠᠨᠰᠤᠬᠠᠢ ᠪᠣᠯᠣᠨ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠲᠤᠬᠠᠢ ᠠᠰᠠᠭᠤᠯᠲᠠ ᠪᠣᠯᠣᠨ᠎ᠠ᠃ | ᠴᠧᠨ ᠬᠠᠢ ᠸᠧᠢ᠄ ᠪᠢᠳᠡ ᠤᠯᠠᠭᠠᠨᠰᠤᠬᠠᠢ ᠨᠠᠭᠤᠷ ᠢ ᠤᠯᠤᠰ ᠤᠨ ᠴᠢᠬᠤᠯᠠ ᠨᠤᠭᠤ ᠭᠠᠵᠠᠷ ᠢᠶᠠᠷ ᠭᠤᠶᠤᠴᠢᠯᠠᠨ ᠮᠡᠳᠡᠭᠦᠯᠬᠦ ᠶᠢ ᠢᠳᠡᠪᠬᠢᠲᠡᠢ ᠠᠬᠢᠭᠤᠯᠵᠤ᠂ | ᠡᠯ᠎ᠡ ᠳᠡᠰ ᠳᠠᠪᠬᠤᠷᠭ᠎ᠠ ᠶᠢ ᠪᠠᠭᠲᠠᠭᠠᠭᠰᠠᠨ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠬᠤ ᠪᠠᠷ ᠴᠢᠷᠮᠠᠶᠢᠵᠤ᠂ ᠨᠤᠭᠤ ᠭᠠᠵᠠᠷ ᠤᠨ ᠪᠣᠷᠣᠳᠣᠬᠤᠢ ᠶᠢᠨ ᠲᠠᠯ᠎ᠠ | ᠭᠠᠵᠠᠷ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠡᠭᠦᠨ ᠤ ᠬᠠᠮᠲᠤ᠂ ᠪᠢᠳᠡ ᠬᠠᠮᠠᠭᠠᠯᠠᠬᠤ | ᠬᠠᠷᠢᠭᠤᠴᠠᠯᠭ᠎ᠠ ᠪᠠᠨ ᠡᠭᠦᠷᠭᠡᠯᠡᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠦᠨᠡᠨ ᠬᠦ ᠬᠠᠮᠠᠭᠠᠯᠠᠪᠠ᠃ ᠣᠳᠣᠬᠠᠨ ᠳᠤ ᠪᠠᠶᠠᠨᠨᠠᠭᠤᠷ ᠲᠤ ᠤᠯᠤᠰ ᠤᠨ | ᠭᠤᠣᠯᠳᠠᠯᠭ᠎ᠠ ᠲᠠᠢ ᠬᠠᠮᠠᠭᠠᠯᠠᠬᠤ ᠠᠮᠢᠲᠠᠨ 84 ᠵᠦᠢᠯ᠂ ᠭᠤᠣᠯᠳᠠᠯᠭ᠎ᠠ ᠲᠠᠢ ᠬᠠᠮᠠᠭᠠᠯᠠᠬᠤ ᠤᠷᠭᠤᠮᠠᠯ 11 ᠵᠦᠢᠯ ᠪᠣᠶ᠂ ᠵᠢᠱᠢᠶᠡᠯᠡᠪᠡᠯ᠂ ᠣᠯᠠᠨ ᠤ ᠰᠠᠶᠢᠨ ᠮᠡᠳᠡᠳᠡᠭ | ᠮᠣᠩᠭᠤᠯ ᠡᠯᠵᠢᠭᠡ᠂ ᠪᠠᠭ᠎ᠠ ᠬᠠᠮᠠᠷᠲᠤ ᠬᠤᠨ ᠭᠠᠯᠠᠭᠤ᠂ ᠭᠡᠵᠢᠭᠡ ᠡᠪᠡᠰᠦ ᠵᠡᠷᠭᠡ ᠪᠣᠶ᠃ | ᠬᠥᠲᠥᠯᠥᠭᠴᠢ᠄ ᠲᠠ ᠬᠤᠶᠠᠭᠤᠯᠠ ᠶᠢᠨ ᠬᠤᠪᠢᠶᠠᠯᠴᠠᠬᠤ ᠶᠢ ᠰᠣᠨᠣᠰᠤᠭᠠᠳ᠂ ᠣᠶᠢᠲᠤ ᠭᠠᠵᠠᠷ᠂ ᠡᠪᠡᠰᠦᠲᠦ ᠭᠠᠵᠠᠷ᠂ ᠡᠯᠡᠰᠦᠨ ᠴᠥᠯ ᠂ | ᠴᠢᠭᠢᠭᠯᠢᠭ ᠭᠠᠵᠠᠷ ᠁ ᠲᠡᠳᠡᠭᠡᠷ ᠤᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠠᠵᠢᠯ ᠤᠨ ᠬᠡᠮᠵᠢᠶ᠎ᠡ ᠮᠠᠰᠢ ᠶᠡᠭᠡ ᠪᠠᠶᠢᠬᠤ ᠶᠣᠰᠣᠲᠠᠢ᠂ ᠪᠣᠳᠠᠲᠠᠢ | ᠠᠵᠢᠯ ᠤᠨ ᠠᠬᠢᠴᠠ ᠳᠤ ᠪᠢᠳᠡᠨ ᠳᠤ ᠶᠠᠮᠠᠷ ᠰᠠᠶᠢᠨ ᠠᠷᠭ᠎ᠠ ᠪᠠᠶᠢᠬᠤ ᠪᠣᠶ︖ | ᠴᠧᠨ ᠬᠠᠢ ᠸᠧᠢ᠄ ᠪᠥᠬᠦ ᠨᠡᠶᠢᠭᠡᠮ ᠢᠶᠠᠷ ᠢᠶᠠᠨ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠪᠠᠶᠢᠳᠠᠯ ᠢ ᠪᠣᠶ ᠪᠣᠯᠭᠠᠬᠤ ᠶᠢᠨ ᠲᠥᠯᠥᠭᠡ᠂ ᠪᠢᠳᠡ ᠣᠶ | ᠰᠢᠭᠤᠢ ᠶᠢᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ 2101 ᠣᠶ ᠰᠢᠭᠤᠢ ᠶᠢᠨ ᠳᠠᠷᠤᠭ᠎ᠠ ᠶᠢ ᠲᠣᠭᠲᠠᠭᠠᠨ᠂ 1009 ᠬᠠᠷᠢᠭᠤᠴᠠᠯᠭ᠎ᠠ ᠶᠢᠨ | ᠣᠷᠣᠨ ᠢ ᠬᠤᠪᠢᠶᠠᠷᠢᠯᠠᠵᠤ᠂ ᠣᠯᠠᠨ ᠢᠶᠠᠷ ᠢᠶᠠᠨ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠭᠰᠡᠨ ᠪᠠᠶᠢᠨ᠎ᠠ᠃ | ᠪᠢᠳᠡ ᠪᠠᠰᠠ ᠠᠯᠢ ᠣᠯᠠᠨ ᠳᠦᠷᠢᠮ ᠢ ᠲᠡᠭᠦᠯᠳᠡᠷᠵᠢᠭᠦᠯᠦᠨ ᠨᠠᠷᠢᠯᠢᠭᠵᠢᠭᠤᠯᠵᠤ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠨᠡᠷ᠎ᠡ ᠲᠠᠢ ᠪᠠᠶᠢᠭᠰᠠᠨ ᠠᠴᠠ ᠪᠠᠨ | ᠪᠣᠳᠠᠲᠠᠢ᠂ ᠬᠠᠷᠢᠭᠤᠴᠠᠯᠭ᠎ᠠ ᠲᠠᠢ᠂ ᠪᠦᠲᠦᠮᠵᠢᠲᠡᠶ ᠪᠣᠯᠬᠤ ᠶᠢ ᠬᠦᠴᠦᠯᠡᠨ ᠠᠬᠢᠭᠤᠯᠪᠠ᠃ ᠳᠥᠷᠪᠡᠳᠦᠭᠡᠷ ᠳᠡᠰ ᠤᠨ ᠤᠢ ᠰᠢᠭᠤᠢ ᠶᠢᠨ ᠳᠠᠷᠤᠭ᠎ᠠ ᠶᠢᠨ ᠬᠠᠮᠲᠤ ᠶᠢᠨ | ᠴᠥᠬᠦᠷᠡᠰᠢ ᠦᠭᠡᠢ ᠴᠢᠷᠮᠠᠶᠢᠯᠭ᠎ᠠ ᠪᠠᠷ ᠪᠠᠶᠠᠨᠨᠠᠭᠤᠷ ᠤᠨ ᠮᠣᠳᠣ ᠨᠡᠩ ᠢᠭᠴᠤ ᠰᠠᠬᠤᠯᠢᠭ ᠪᠣᠯᠵᠤ᠂ ᠤᠰᠤ ᠨᠡᠩ ᠲᠤᠩᠭᠠᠯᠠᠭ᠂ ᠡᠪᠡᠰᠦ ᠨᠡᠩ ᠨᠣᠭᠤᠭᠠᠷᠠᠨ᠎ᠠ ᠭᠡᠳᠡᠭ ᠢ | ᠪᠢ ᠢᠲᠡᠭᠡᠵᠦ ᠪᠠᠶᠢᠨ᠎ᠠ︕ | | | |