ᠣᠶᠢᠷ᠎ᠠ ᠳᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠨᠢᠭᠡᠴᠢ ᠲᠠᠢ ᠬᠠᠮᠲᠤᠷᠠᠨ᠂ ᠲᠧᠯᠸᠢᠰ ᠤᠨ ᠳᠠᠪᠬᠤᠷ ᠳᠠᠪᠬᠤᠷ | ᠰᠦᠢᠳᠬᠡᠯ ᠬᠤᠷᠢᠶᠠᠬᠤ ᠪᠠ ᠠᠵᠢᠯᠯᠠᠭᠤᠯᠵᠤ ᠲᠣᠬᠢᠷᠠᠭᠤᠯᠬᠤ ᠳᠤ ᠪᠤᠳᠤᠯᠢᠶᠠᠨᠲᠠᠢ ᠪᠠᠶᠢᠭ᠎ᠠ ᠠᠰᠠᠭᠤᠳᠠᠯ ᠢ ᠴᠡᠭᠴᠡᠯᠡᠬᠦ ᠲᠤᠬᠠᠢ ᠳᠠᠶᠢᠴᠢᠯᠠᠯᠲᠠ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠭᠤᠯᠵᠠᠢ᠃ ᠬᠤᠷᠠᠯ ᠠᠴᠠ᠂ ᠡᠨᠡ ᠵᠢᠯ ᠤᠨ ᠡᠴᠦᠰ ᠠᠴᠠ ᠡᠮᠦᠨ᠎ᠡ ᠲᠤᠷᠰᠢᠯᠲᠠ ᠶᠢᠨ ᠠᠵᠢᠯ ᠪᠠ ᠲᠤᠰᠬᠠᠢ ᠴᠡᠭᠴᠡᠯᠡᠨ ᠵᠠᠰᠠᠬᠤ ᠠᠵᠢᠯ | ᠥᠷᠨᠢᠭᠦᠯᠵᠦ᠂ ︽ᠰᠦᠢᠳᠬᠡᠯ ᠬᠤᠷᠢᠶᠠᠬᠤ ᠬᠡᠯᠪᠡᠷᠢ ᠣᠯᠠᠨ᠂ ᠰᠦᠢᠳᠬᠡᠯ ᠬᠤᠷᠢᠶᠠᠬᠤ ᠭᠤᠣᠯ ᠴᠣᠭᠴᠠ ᠣᠯᠠᠨ᠂ ᠰᠦᠢᠳᠬᠡᠯ ᠬᠤᠷᠢᠶᠠᠬᠤ ᠨᠢ ᠢᠯᠡ ᠲᠣᠳᠣ | ᠦᠭᠡᠢ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠧᠯᠸᠢᠰ ᠤᠨ ᠳᠠᠪᠬᠤᠷ ᠳᠠᠪᠬᠤᠷ ᠰᠦᠢᠳᠬᠡᠯ ᠬᠤᠷᠢᠶᠠᠬᠤ ᠦᠵᠡᠭᠳᠡᠯ ᠢ | ᠢᠯᠡᠳᠲᠡ ᠬᠤᠪᠢᠷᠠᠭᠤᠯᠬᠤ ᠬᠡᠷᠡᠭᠲᠡᠢ ᠭᠡᠵᠡᠢ᠃ ᠬᠡᠷᠡᠭᠯᠡᠭᠴᠢᠳ ᠤᠨ ᠲᠠᠭᠠᠯᠠᠮᠵᠢᠲᠠᠢ ᠪᠠᠷ ᠲᠧᠯᠸᠢᠰ ᠦᠵᠡᠬᠦ ᠶᠢ ᠠᠬᠢᠭᠤᠯᠬᠤ᠂ ᠤᠲᠠᠰᠤᠲᠤ ᠲᠧᠯᠸᠢᠰ ᠪᠠ IPTV | ᠲᠧᠯᠸᠢᠰ ᠢᠶᠠᠨ ᠨᠡᠭᠡᠭᠡᠮᠡᠭᠴᠡ ᠰᠢᠭᠤᠳ ᠲᠧᠯᠸᠢᠰ ᠰᠤᠪᠠᠭ ᠲᠤ ᠣᠷᠣᠬᠤ ᠶᠢ ᠦᠨᠳᠦᠰᠦᠨ ᠳᠡᠭᠡᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃ |