9 ᠰᠠᠷ᠎ᠠ ᠶᠢᠨ 12 ᠤᠨ ᠡᠳᠦᠷ᠂ ᠠᠩᠬᠠᠳᠤᠭᠠᠷ ᠬᠤᠭᠤᠴᠠᠭᠠᠨ ᠤ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ | ᠦᠵᠡᠭᠦᠯᠦᠯᠭᠡ ᠶᠢᠨ ᠴᠤᠭᠯᠠᠭᠠᠨ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ ᠳᠤ ᠡᠬᠢᠯᠡᠬᠦ ᠪᠣᠯᠣᠨ᠎ᠠ᠃ ᠪᠠᠶᠠᠨᠨᠠᠭᠤᠷ ᠤᠨ ᠡᠳᠦᠷ ᠤᠨ ᠰᠣᠨᠢᠨ | ︽ᠠᠩᠬᠠᠳᠤᠭᠠᠷ ᠬᠤᠭᠤᠴᠠᠭᠠᠨ ᠤ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠳᠤ ᠪᠡᠯᠡᠳᠬᠡᠬᠦ︾ ᠪᠤᠯᠤᠩ ᠭᠠᠷᠭᠠᠵᠤ᠂ ᠪᠠᠶᠠᠨᠨᠠᠭᠤᠷ ᠤᠨ ᠶᠡᠷᠦᠩᠬᠡᠢ ᠱᠦᠵᠢ ᠰᠢ ᠶᠢᠨ | ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠴᠢᠬᠤᠯᠠ ᠶᠠᠷᠢᠶᠠᠨ ᠤ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠪᠤᠶᠢᠵᠢᠯᠲᠠ ᠶᠢ ᠲᠦᠷᠭᠡᠳᠬᠡᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠲᠠᠷᠢᠶᠠᠯᠠᠩ ᠮᠠᠯ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠷᠭ᠎ᠠ ᠬᠡᠮᠵᠢᠶ᠎ᠡ᠂ ᠰᠢᠨ᠎ᠡ ᠦᠷ᠎ᠡ ᠪᠦᠲᠦᠮᠵᠢ ᠶᠢ ᠠᠬᠢᠭᠤᠯᠤᠨ᠎ᠠ᠃ | ᠰᠠᠶᠢᠨ ᠲᠦᠭᠦᠬᠡᠢ ᠡᠳ᠋ + ᠳᠡᠭᠡᠳᠦ ᠰᠢᠨᠵᠢᠯᠡᠬᠦ ᠤᠬᠠᠭᠠᠨ ᠮᠡᠷᠭᠡᠵᠢᠯ | ᠰᠠᠶᠢᠨ ᠭᠤᠯᠢᠷ ᠢ ᠪᠦᠲᠦᠭᠡᠬᠦ | ᠡᠨᠡ ᠵᠢᠯ ᠤᠨ ᠮᠠᠨ ᠤ ᠬᠤᠲᠠ ᠶᠢᠨ ᠪᠤᠭᠤᠳᠠᠢ ᠶᠢᠨ ᠥᠨᠳᠥᠷ ᠤᠨᠠᠯᠲᠠ ᠶᠢᠨ ᠤᠷᠤᠯᠳᠤᠭᠠᠨ ᠤ ᠤᠨᠠᠯᠲᠠ ᠶᠢ ᠬᠡᠮᠵᠢᠬᠦ ᠠᠵᠢᠯᠯᠠᠭ᠎ᠠ ᠳᠤᠮᠳᠠ᠂ ᠯᠢᠨ ᠾᠧ | ᠲᠣᠭᠤᠷᠢᠭ ᠤᠨ ᠯᠠᠩᠱᠠᠨ ᠪᠠᠯᠭᠠᠰᠤᠨ ᠤ ᠭᠤᠸᠠᠩ ᠮᠢᠩ ᠲᠣᠰᠬᠤᠨ ᠤ ᠵᠢᠷᠭᠤᠳᠤᠭᠠᠷ ᠳᠤᠭᠤᠶᠢᠯᠠᠩ ᠤᠨ ᠠᠷᠠᠳ ᠯᠢ ᠭᠤᠸᠠᠩ ᠷᠦᠩ ᠤᠨ ᠭᠡᠷ ᠤᠨ ᠪᠤᠭᠤᠳᠠᠢ ᠶᠢᠨ ᠮᠦ | ᠪᠦᠷᠢ ᠶᠢᠨ ᠤᠨᠠᠯᠲᠠ 1366.92 ᠵᠢᠩ ᠳᠤ ᠬᠦᠷᠴᠦ᠂ ᠨᠢᠭᠡ ᠯᠡ ᠳᠡᠭᠡᠷ᠎ᠡ ᠮᠠᠩᠯᠠᠶᠢᠯᠠᠪᠠ᠃ ᠯᠢ ᠭᠤᠸᠠᠩ ᠷᠦᠩ ᠤᠨ ᠳᠠᠷᠢᠭᠰᠠᠨ ᠨᠢ ︽ᠪᠠᠮᠠᠢ 13 ᠨᠣᠮᠧᠷᠲᠤ︾ | ᠪᠣᠯᠣᠨ᠎ᠠ᠃ | ︽ᠪᠠᠮᠠᠢ 13 ᠳ᠋ᠤᠭᠠᠷ︾ ᠪᠣᠯ ᠵᠤᠤ ᠹᠧᠩ ᠪᠤᠭᠤᠳᠠᠢ ᠶᠢᠨ ᠠᠵᠤ ᠦᠢᠯᠡᠰᠵᠢᠯᠲᠡ ᠶᠢᠨ ᠰᠤᠳᠤᠯᠭᠠᠨ ᠤ ᠬᠦᠷᠢᠶᠡᠯᠡᠩ ᠪᠣᠯᠣᠨ ᠬᠤᠳᠠ ᠶᠢᠨ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠬᠠᠮᠲᠤᠷᠠᠨ ᠰᠣᠩᠭᠤᠨ ᠪᠣᠶᠢᠵᠢᠭᠤᠯᠤᠭᠰᠠᠨ ᠴᠢᠨᠠᠷ ᠰᠠᠶᠢᠲᠠᠢ ᠵᠢᠩᠨᠡᠵᠦ ᠴᠢᠨᠠᠬᠤ ᠲᠦᠷᠦᠯ ᠤᠨ ᠲᠤᠰᠬᠠᠢ ᠬᠡᠷᠡᠭᠯᠡᠭᠡᠨ ᠤ | ᠪᠤᠭᠤᠳᠠᠢ ᠶᠢᠨ ᠲᠦᠷᠦᠯ ᠵᠦᠢᠯ ᠪᠣᠯᠣᠨ᠎ᠠ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠠᠷᠠᠭᠤᠨ ᠬᠤᠶᠢᠲᠤ ᠶᠢᠨ ᠬᠠᠪᠤᠷ ᠤᠨ ᠪᠤᠭᠤᠳᠠᠢ ᠶᠢᠨ | ᠲᠣᠭᠤᠷᠢᠭ ᠤᠨ ᠤᠯᠤᠰ ᠠᠴᠠ ᠬᠢᠨᠠᠨ ᠪᠠᠶᠢᠴᠠᠭᠠᠬᠤ ᠭᠤᠷᠪᠠᠭ᠋ᠠᠨ ᠲᠦᠷᠦᠯ ᠵᠦᠢᠯ ᠤᠨ ᠨᠢᠭᠡ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠠᠷᠪᠠᠨ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠳᠤ ᠰᠣᠩᠭᠤᠭᠳᠠᠵᠠᠢ᠃ ᠲᠡᠭᠦᠨ ᠤ ᠭᠠᠷᠤᠯᠲᠠ᠂ ᠵᠣᠬᠢᠴᠠᠬᠤ ᠴᠢᠨᠠᠷ᠂ ᠡᠪᠡᠳᠴᠢᠨ ᠢ ᠡᠰᠡᠷᠭᠦᠴᠡᠬᠦ | ᠴᠢᠨᠠᠷ ᠪᠣᠯᠣᠨ ᠡᠳ᠋ᠰᠢᠭᠦᠯᠬᠦ ᠴᠢᠨᠠᠷ ᠴᠢᠨᠰᠠᠭ᠎ᠠ ᠵᠢᠴᠢ ᠰᠢᠮ᠎ᠡ ᠲᠡᠵᠢᠭᠡᠯ ᠤᠨ ᠴᠢᠨᠠᠷ ᠴᠢᠨᠰᠠᠭ᠎ᠠ ᠶᠢᠨ ᠲᠠᠯ᠎ᠠ ᠪᠠᠷ ᠪᠣᠷᠣᠳᠣᠬᠤᠢ ᠶᠢᠨ ᠪᠤᠭᠤᠳᠠᠢ ᠶᠢᠨ | ᠤᠯᠠᠮᠵᠢᠯᠠᠯᠲᠤ ᠡᠭᠦᠯᠳᠡᠷ ︽ᠶᠦᠩ ᠯᠢᠶᠠᠩ ᠳᠥᠷᠪᠡᠳᠦᠭᠡᠷ ᠨᠣᠮᠧᠷᠲᠤ︾ ᠠᠴᠠ ᠪᠦᠬᠦ ᠲᠠᠯ᠎ᠠ ᠪᠠᠷ ᠳᠠᠪᠠᠵᠤ᠂ ᠰᠢᠨ᠎ᠡ ᠨᠢᠭᠡ ᠦᠶ᠎ᠡ ᠶᠢᠨ ᠪᠣᠷᠣᠳᠣᠬᠤᠢ ᠶᠢᠨ ᠪᠤᠭᠤᠳᠠᠢ ᠶᠢᠨ | ᠡᠭᠦᠯᠳᠡᠷ ᠤᠨ ᠳᠠᠭᠠᠭᠤᠯᠤᠭᠴᠢ ᠪᠣᠯᠤᠭᠰᠠᠨ ᠤ ᠬᠤᠪᠢ ᠳᠤ᠂ ᠡᠨᠡ ᠵᠢᠯ ᠪᠠᠷᠠᠭᠤᠨ ᠬᠤᠶᠢᠲᠤ ᠣᠷᠣᠨ ᠳᠤ ᠭᠤᠣᠯᠳᠠᠯᠭ᠎ᠠ ᠲᠠᠢ ᠳᠡᠯᠭᠡᠷᠡᠭᠦᠯᠦᠨ᠎ᠡ᠃ | ︽ᠰᠢᠨ᠎ᠡ ᠶᠢ ᠡᠭᠦᠳᠬᠦ ᠪᠣᠯ ᠵᠣᠣ ᠹᠧᠩ ᠤᠨ ᠭᠧᠨ ᠮᠥᠨ︾᠃ 8 ᠰᠠᠷ᠎ᠠ ᠶᠢᠨ 30 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠵᠣᠣ ᠹᠧᠩ | ᠪᠣᠷᠣᠳᠣᠬᠤᠢ ᠶᠢᠨ ᠭᠤᠯᠢᠷ ᠤᠨ ᠦᠢᠯᠡᠰ ᠤᠨ ᠬᠢᠵᠠᠭᠠᠷᠲᠤ ᠺᠣᠮᠫᠠᠨᠢ ᠳᠤ ᠰᠤᠷᠪᠤᠯᠵᠢᠯᠠᠭᠰᠠᠨ ᠳᠤ᠂ ᠬᠠᠷᠢᠭᠤᠴᠠᠯᠭᠠᠲᠠᠨ᠄ ︽ᠰᠠᠶᠢᠨ ᠦᠢᠯᠡᠳᠬᠦᠨ ᠨᠢ ᠰᠠᠶᠢᠨ ᠲᠦᠭᠦᠬᠡᠢ | ᠮᠠᠲ᠋ᠧᠷᠢᠶᠠᠯ ᠠᠴᠠ ᠢᠷᠡᠯᠲᠡ ᠲᠠᠢ᠂ ᠰᠠᠶᠢᠨ ᠲᠦᠭᠦᠬᠡᠢ ᠮᠠᠲ᠋ᠧᠷᠢᠶᠠᠯ ᠨᠢ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠠᠴᠠ ᠢᠷᠡᠯᠲᠡ ᠲᠠᠢ ᠶᠤᠮ᠂ ᠳᠡᠭᠡᠳᠦ ᠲᠠᠰ ᠤᠨ ᠭᠤᠯᠢᠷ | ᠵᠢᠴᠢ ᠭᠤᠯᠢᠷ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠠᠵᠤ ᠠᠬᠤᠶᠢᠯᠠᠯ ᠪᠣᠯᠤᠭᠰᠠᠨ ᠤ ᠬᠤᠪᠢ ᠳᠤ ᠵᠣᠣ ᠹᠧᠩ | ᠪᠤᠭᠤᠳᠠᠢ ᠶᠢᠨ ᠰᠢᠨ᠎ᠡ ᠡᠭᠦᠯᠳᠡᠷ ᠢ ᠰᠤᠳᠤᠯᠤᠨ ᠨᠡᠭᠡᠭᠡᠬᠦ ᠪᠠᠷ ᠴᠢᠷᠮᠠᠶᠢᠭᠰᠠᠭᠠᠷ ᠢᠷᠡᠵᠡᠶ︾ ᠭᠡᠵᠡᠢ᠃ | ᠵᠣᠣ ᠹᠧᠩ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ | ᠱᠠᠨᠳᠦ᠋ᠩ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠨᠡᠷᠡᠲᠦ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠶᠢ ᠪᠦᠷᠢᠯᠳᠦᠭᠦᠯᠵᠦ᠂ ᠡᠭᠦᠨ ᠤ ᠬᠠᠮᠲᠤ ᠪᠣᠷᠣᠳᠣᠬᠤᠢ ᠶᠢᠨ ᠪᠤᠭᠤᠳᠠᠢ ᠶᠢᠨ ᠡᠭᠦᠯᠳᠡᠷ ᠢ ᠰᠠᠶᠢᠵᠢᠷᠠᠭᠤᠯᠬᠤ ᠠᠺᠠᠳᠧᠮᠢᠴᠢ | ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ᠂ ᠳ᠋ᠣᠺᠲ᠋ᠣᠷᠠᠨᠲ ᠤᠨ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ᠂ ᠥᠪᠥᠷ ᠮᠣᠩᠭᠤᠯ ᠤᠨ ᠬᠠᠲᠠᠭᠤ ᠪᠤᠭᠤᠳᠠᠢ ᠶᠢᠨ | ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠪᠠᠶᠢᠵᠤ᠂ ᠣᠳᠣᠬᠠᠨ ᠳᠤ 86 ᠵᠦᠢᠯ ᠤᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠲᠠᠢ᠂ 10 ᠵᠦᠢᠯ ᠤᠨ ᠤᠯᠤᠰ ᠤᠨ | ᠲᠤᠰᠬᠠᠢ ᠠᠰᠢᠭ ᠲᠠᠢ᠂ 9 ᠵᠦᠢᠯ ᠤᠨ ᠪᠤᠭᠤᠳᠠᠢ ᠶᠢᠨ ᠰᠢᠨ᠎ᠡ ᠡᠭᠦᠯᠳᠡᠷ ᠲᠠᠢ᠂ 19 ᠵᠦᠢᠯ ᠤᠨ ᠠᠵᠤ ᠠᠬᠤᠶᠢᠯᠠᠯ ᠤᠨ ᠪᠠᠷᠢᠮᠵᠢᠶ᠎ᠠ ᠲᠠᠢ᠃ | ᠵᠣᠣ ᠹᠧᠩ ᠤᠨ ᠰᠢᠨ᠎ᠡ ᠡᠭᠦᠳᠦᠯᠲᠡ ᠨᠢ ᠪᠠᠰᠠ ᠨᠤᠨᠳᠠᠭ ᠬᠢᠬᠦ ᠤᠷᠠᠯᠠᠯ ᠳᠡᠭᠡᠷ᠎ᠡ ᠢᠯᠡᠷᠡᠵᠦ ᠪᠠᠶᠢᠨ᠎ᠠ᠃ ᠣᠯᠠᠨ ᠵᠢᠯ ᠤᠨ ᠲᠤᠷᠰᠢ᠂ ᠵᠣᠣ ᠹᠧᠩ ᠪᠣᠯᠪᠠᠰᠤᠷᠠᠭᠤᠯᠬᠤ | ᠮᠡᠷᠭᠡᠵᠢᠯ ᠪᠠ ᠤᠷᠠᠯᠠᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠵᠠᠭᠤ ᠭᠠᠷᠤᠢ ᠤᠳᠠᠭᠠᠨ ᠤ ᠲᠤᠷᠰᠢᠯᠲᠠ ᠪᠠᠷ ᠳᠡᠮᠵᠢᠨ᠂ ᠣᠶᠤᠨᠴᠢᠯᠠᠭᠰᠠᠨ ᠬᠦᠢᠲᠡᠨ ᠨᠤᠨᠳᠠᠭ ᠢ | ᠲᠡᠭᠡᠷᠮᠡᠳᠡᠬᠦ ᠲᠤᠰᠬᠠᠢ ᠠᠰᠢᠭ ᠤᠨ ᠮᠡᠷᠭᠡᠵᠢᠯ ᠪᠠ ᠤᠷᠠᠯᠠᠯ ᠢ ᠰᠤᠳᠤᠯᠤᠨ ᠦᠢᠯᠡᠳᠦᠭᠰᠡᠨ ᠪᠠᠶᠢᠨ᠎ᠠ᠃ | ︽ᠬᠦᠢᠲᠡᠨ ᠨᠤᠨᠳᠠᠭ ᠢ ᠲᠠᠯᠬᠠᠳᠠᠬᠤ ᠣᠶᠤᠨᠴᠢᠯᠠᠭᠰᠠᠨ ᠲᠤᠰᠬᠠᠢ ᠠᠰᠢᠭ ᠤᠨ ᠮᠡᠷᠭᠡᠵᠢᠯ ᠪᠣᠯᠣᠨ ᠭᠠᠷ ᠤᠷᠠᠯᠠᠯ ᠳᠤ ᠪᠤᠭᠤᠳᠠᠢ ᠶᠢᠨ ᠤᠭᠤᠷᠠᠭ᠂ ᠨᠡᠭᠦᠷᠡᠰᠦ ᠤᠰᠤᠨ ᠤ | ᠨᠢᠭᠡᠳᠪᠦᠷᠢ᠂ ᠣᠯᠠᠨ ᠵᠦᠢᠯ ᠤᠨ ᠪᠢᠴᠢᠯ ᠡᠯᠧᠮᠧᠨ᠋ᠲ ᠵᠡᠷᠭᠡ ᠰᠢᠮ᠎ᠡ ᠲᠡᠵᠢᠭᠡᠯ ᠤᠨ ᠪᠦᠷᠢᠯᠳᠦᠭᠦᠨ ᠪᠣᠯᠣᠨ ᠪᠤᠭᠤᠳᠠᠢ ᠶᠢᠨ ᠦᠨᠦᠷ ᠢ ᠬᠠᠮᠤᠭ ᠤᠨ ᠶᠡᠭᠡ ᠬᠡᠮᠵᠢᠶ᠎ᠡ ᠪᠠᠷ | ᠬᠠᠳᠠᠭᠠᠯᠠᠵᠠᠢ᠂ ᠡᠭᠦᠨ ᠳᠤ ᠬᠤᠯᠤᠤᠪᠠᠩ ᠤᠨ ᠡᠳ᠋᠂ ᠸᠢᠲ᠋ᠠᠮᠢᠨE ᠵᠡᠷᠭᠡ ᠪᠢᠴᠢᠯ ᠡᠯᠧᠮᠧᠨ᠋ᠲ ᠤᠨ ᠠᠭᠤᠯᠤᠭᠳᠠᠴᠠ ᠨᠢ ᠪᠤᠰᠤᠳ ᠡᠩ ᠤᠨ ᠭᠤᠯᠢᠷ ᠠᠴᠠ ᠬᠤᠯᠠ ᠥᠨᠳᠥᠷ | ᠪᠠᠶᠢᠳᠠᠭ᠂ ᠡᠶᠢᠮᠦ ᠭᠤᠯᠢᠷ ᠨᠢ ᠬᠥᠮᠥᠨ ᠳᠤ ᠪᠠᠭ᠎ᠠ ᠶᠢᠨ ᠦᠶ᠎ᠡ ᠶᠢᠨ ᠠᠮᠲᠠ ᠶᠢ ᠡᠳ᠋ᠯᠡᠭᠦᠯᠳᠡᠭ︾ ᠭᠡᠵᠦ ᠲᠤᠰ ᠬᠠᠷᠢᠭᠤᠴᠠᠯᠭᠠᠲᠠᠨ ᠬᠡᠯᠡᠪᠡ᠃ | ᠣᠶᠤᠨᠴᠢᠯᠠᠭᠰᠠᠨ ᠬᠦᠢᠲᠡᠨ ᠨᠤᠨᠳᠠᠭ ᠢ ᠲᠡᠭᠡᠷᠮᠡᠳᠡᠬᠦ ᠲᠤᠰᠬᠠᠢ ᠠᠰᠢᠭ ᠤᠨ ᠮᠡᠷᠭᠡᠵᠢᠯ ᠪᠣᠯᠣᠨ ᠭᠠᠷ ᠤᠷᠠᠯᠠᠯ ᠪᠣᠯ ᠵᠤᠤ ᠹᠧᠩ ᠤᠨ 9 ᠵᠦᠢᠯ ᠤᠨ ᠬᠡᠷᠡᠭᠯᠡᠭᠡᠨ ᠤ | ᠰᠢᠨ᠎ᠡ ᠬᠡᠯᠪᠡᠷᠢ ᠶᠢᠨ ᠲᠤᠰᠬᠠᠢ ᠠᠰᠢᠭ ᠤᠨ ᠨᠢᠭᠡ ᠪᠣᠯᠣᠨ᠎ᠠ᠃ | ᠣᠳᠣᠬᠠᠨ ᠳᠤ᠂ ᠵᠤᠤ ᠹᠧᠩ ᠺᠣᠮᠫᠠᠨᠢ ᠣᠨᠴᠠᠯᠢᠭᠲᠤ ᠴᠢᠳᠠᠮᠵᠢᠲᠤ ᠢᠳᠡᠭᠡᠨ ᠢ ᠰᠤᠳᠤᠯᠤᠨ ᠨᠡᠭᠡᠭᠡᠵᠦ᠂ ᠭᠠᠰᠢᠭᠤᠨ ᠬᠡᠮᠬᠡ ᠶᠢᠨ ᠨᠤᠨᠳᠠᠭ ᠵᠡᠷᠭᠡ ᠲᠦᠭᠦᠬᠡᠢ | ᠮᠠᠲ᠋ᠧᠷᠢᠶᠠᠯ ᠨᠡᠮᠡᠭᠰᠡᠨ ᠰᠢᠬᠢᠷ ᠪᠠᠭ᠎ᠠ ᠪᠢᠩᠭᠠᠨ᠂ ᠮᠢᠨᠲᠤᠤᠷ᠂ ᠬᠡᠪᠡᠭ ᠢ ᠢᠰᠬᠡᠬᠦ᠂ ᠪᠤᠯᠭᠤᠬᠤ᠂ ᠬᠥᠭᠡᠯᠭᠡᠬᠦ᠂ ᠨᠠᠷᠢᠯᠢᠭᠵᠢᠭᠤᠯᠬᠤ ᠵᠡᠷᠭᠡ ᠠᠵᠢᠯ ᠤᠨ ᠳᠠᠷᠠᠭᠠᠯᠠᠯ ᠢ | ᠳᠠᠮᠵᠢᠭᠰᠠᠨ ᠪᠦᠬᠦᠯᠢ ᠪᠤᠭᠤᠳᠠᠢ ᠶᠢᠨ ᠲᠠᠯᠬ᠎ᠠ ᠵᠡᠷᠭᠡ ᠨᠠᠷᠢᠯᠢᠭ ᠡᠳ᠋ᠰᠢᠭᠦᠯᠦᠭᠰᠡᠨ ᠪᠦᠲᠦᠭᠡᠭᠳᠡᠬᠦᠨ ᠢ ᠲᠤᠷᠰᠢᠨ ᠰᠢᠯᠭᠠᠬᠤ ᠱᠠᠲᠤᠨ ᠳᠤ ᠪᠤᠢ᠃ | | | |