ᠮᠣᠩᠭᠤᠯᠴᠤᠳ ᠤᠨ ᠵᠠᠰᠠᠯ ᠴᠢᠮᠡᠭᠯᠡᠯ ᠤᠨ ᠡᠷᠡᠭᠦᠯᠵᠢᠯ ᠤᠨ ᠤᠬᠠᠭᠠᠨ ︵  ᠲᠠᠪᠤ︶
ᠨᠡᠶᠢᠲᠡᠯᠡᠭᠰᠡᠨ ᠴᠠᠭ᠄
2023/9/7
      ᠵᠠᠰᠠᠯ ᠴᠢᠮᠡᠭᠯᠡᠯ ᠪᠣᠯ ᠨᠢᠭᠡ ᠦᠨᠳᠦᠰᠦᠲᠡᠨ ᠤ ᠣᠨᠴᠠᠯᠢᠭ᠂ ᠵᠠᠩ ᠳᠠᠳᠬᠠᠯ᠂ ᠶᠣᠰᠣ ᠰᠤᠷᠲᠠᠬᠤᠨ᠂ ᠡᠷᠡᠭᠦᠯ ᠬᠠᠮᠠᠭᠠᠯᠠᠯ ᠤᠨ ᠲᠤᠰᠬᠠᠯ ᠶᠤᠮ᠃ ᠮᠣᠩᠭᠤᠯᠴᠤᠳ ᠤᠨ ᠵᠠᠰᠠᠯ ᠴᠢᠮᠡᠭᠯᠡᠯ ᠨᠢ ᠥᠪᠡᠷᠮᠢᠴᠡ ᠣᠨᠴᠠᠯᠢᠭ ᠲᠠᠢ᠂ ᠮᠣᠩᠭᠤᠯ ᠠᠨᠠᠭᠠᠬᠤ ᠤᠬᠠᠭᠠᠨ ᠤ ᠵᠠᠰᠠᠯᠭ᠎ᠠ ᠠᠴᠠ ᠤᠯᠠᠷᠢᠨ ᠬᠤᠪᠢᠷᠠᠵᠤ ᠢᠷᠡᠭᠰᠡᠨ ᠤᠯᠠ ᠮᠥᠷ ᠲᠠᠢ᠃      ᠪᠦᠯᠡᠵᠡᠭ᠄ ᠮᠣᠩᠭᠤᠯ ᠠᠨᠠᠭᠠᠬᠤ ᠤᠬᠠᠭᠠᠨ ᠤ ᠰᠤᠳᠤᠷ ᠲᠤ ᠳᠤᠰᠤᠯ ᠴᠤᠪᠤᠷᠠᠪᠠᠯ ᠬᠤᠮᠣᠬᠠᠢ ᠬᠤᠷᠤᠭᠤᠨ ︵  ᠳᠣᠯᠢᠶᠠᠪᠤᠷ ᠬᠤᠷᠤᠭᠤ︶᠎ ᠳᠤᠨᠢ ᠪᠦᠯᠡᠵᠡᠭ ᠵᠡᠭᠦᠯᠭᠡ ᠭᠡᠵᠦ ᠲᠡᠮᠳᠡᠭᠯᠡᠵᠦ ᠪᠤᠢ᠃ ᠮᠣᠩᠭᠤᠯ ᠡᠷᠡᠭᠲᠡᠶᠢᠴᠦᠳ ᠤᠨ ᠳᠣᠲᠣᠷ᠎ᠠ ᠠᠯᠲᠠᠨ ᠮᠥᠩᠭᠦᠨ ᠪᠦᠯᠡᠵᠡᠭ ᠢ ᠳᠣᠯᠢᠶᠠᠪᠤᠷ ᠬᠤᠭᠤᠷᠠᠨ ᠳᠠᠭᠠᠨ ᠵᠡᠭᠦᠬᠦ ᠵᠠᠩᠰᠢᠯ ᠲᠠᠢ ᠪᠥᠭᠡᠳ ᠢᠯᠠᠩᠭᠤᠶ᠎ᠠ ᠰᠢᠨ᠎ᠡ  ᠬᠤᠷᠢᠮᠯᠠᠭᠰᠠᠳ  ᠤᠯᠠᠮ ᠢᠯᠡ ᠲᠣᠳᠣ ᠪᠠᠶᠢᠳᠠᠭ᠃ ᠡᠨᠡ ᠨᠢ ᠮᠣᠩᠭᠤᠯ ᠠᠨᠠᠭᠠᠬᠤ ᠤᠬᠠᠭᠠᠨ ᠤ ᠵᠠᠰᠠᠯᠭ᠎ᠠ ᠨᠢ ᠵᠠᠰᠠᠯ ᠴᠢᠮᠡᠭᠯᠡᠯ ᠪᠣᠯᠣᠭᠰᠠᠨ ᠢ ᠬᠠᠷᠠᠭᠤᠯᠵᠤ ᠪᠠᠶᠢᠨ᠎ᠠ᠃
ᠢᠷᠡᠯᠲᠡ᠄ ᠪᠠᠶᠠᠨ ᠨᠠᠭᠤᠷ ᠤᠨ ᠡᠳᠦᠷ ᠤᠨ ᠰᠣᠨᠢᠨ