ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠳᠤ᠄ | ︽ᠪᠠᠶᠠᠨᠨᠠᠭᠤᠷ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ ︵2023 | ᠣᠨ ᠠᠴᠠ 2025 ᠣᠨ︶︾ ᠢ ᠬᠤᠲᠠ ᠶᠢᠨ ᠵᠠᠰᠠᠭ ᠤᠨ ᠣᠷᠳᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠨᠢᠭᠡᠨᠲᠡ ᠰᠤᠳᠤᠯᠤᠨ ᠪᠠᠲᠤᠯᠠᠪᠠ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ | 2023 ᠣᠨ ᠤ 6 ᠰᠠᠷ᠎ᠠ ᠶᠢᠨ 21 ᠤ ᠡᠳᠦᠷ | ᠪᠠᠶᠠᠨᠨᠠᠭᠤᠷ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ ︵2023 | ᠠᠴᠠ 2025 ᠣᠨ︶ | ᠮᠠᠨ ᠤ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠮᠠᠨ ᠤ | ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢᠨ ᠬᠥᠲᠥᠯᠥᠨ | ᠳᠠᠭᠠᠭᠤᠯᠬᠤ ᠣᠷᠣᠨ᠂ ᠥᠨᠳᠥᠷ ᠬᠢᠷᠢ ᠲᠦᠪᠰᠢᠨ ᠪᠦᠬᠦᠢ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠵᠢᠱᠢᠶ᠎ᠡ ᠦᠵᠡᠭᠦᠯᠬᠦ ᠣᠷᠣᠨ᠂ ᠪᠥᠬᠦᠳᠡ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠲᠥᠪᠯᠡᠷᠡᠭᠰᠡᠨ ᠣᠷᠣᠨ᠂ ᠨᠡᠭᠡᠭᠡᠯᠲᠡᠲᠤ ᠬᠡᠯᠪᠡᠷᠢ ᠶᠢᠨ ᠠᠵᠤ | ᠠᠬᠤᠢ ᠶᠢᠨ ᠬᠤᠰᠢᠭᠤᠴᠢ ᠣᠷᠣᠨ ᠪᠣᠯᠭᠠᠨ ᠪᠦᠲᠦᠭᠡᠨ ᠪᠠᠶᠢᠭᠤᠯᠬᠤ ᠶᠢᠨ ᠲᠤᠰᠠᠳᠠ᠂ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ ᠵᠢᠴᠢ ᠭᠤᠣᠯ ᠬᠠᠷᠠᠯᠲᠠ | ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠠᠬᠤᠢ ᠶᠢᠨ ᠶᠡᠷᠦᠩᠬᠡᠢ | ᠬᠡᠮᠵᠢᠶ᠎ᠡ ᠶᠢ ᠪᠤᠵᠠᠭᠠᠶᠢᠷᠠᠭᠤᠯᠬᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠪᠠ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠦᠷᠢᠶᠡᠯᠡᠩ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠦᠷᠭᠦᠯᠵᠢᠯᠡᠨ ᠰᠠᠶᠢᠵᠢᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠲᠠᠰᠤᠷᠠᠯᠲᠠ ᠦᠭᠡᠢ ᠨᠡᠮᠡᠭᠳᠡᠭᠦᠯᠬᠦ ᠶᠢ ᠠᠬᠢᠭᠤᠯᠵᠤ᠂ | ᠦᠢᠯᠡᠳᠬᠦ ᠦᠢᠯᠡᠰ ᠪᠠ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠪᠠ ᠦᠷ᠎ᠡ ᠠᠰᠢᠭ ᠢ ᠢᠯᠡᠳᠲᠡ ᠳᠡᠭᠡᠭᠰᠢᠯᠡᠭᠦᠯᠵᠦ᠂ | ᠠᠷᠪᠢᠲᠠᠢ ᠡᠷᠴᠢᠮᠯᠢᠭ ᠴᠢᠨᠠᠷ ᠰᠠᠶᠢᠲᠠᠢ ᠬᠥᠭᠵᠢᠭᠦᠯᠬᠦ ᠪᠠ ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ 2025 | ᠣᠨ ᠪᠣᠯᠬᠤ ᠳᠤ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠢᠯᠡᠳᠬᠦᠨ ᠤ ᠶᠡᠷᠦᠩᠬᠡᠢ ᠥᠷᠲᠡᠭ ᠢ 2022 ᠣᠨ ᠳᠤ 918. | 2 ᠳ᠋ᠦᠩᠰᠢᠭᠤᠷ ᠲᠥᠭᠦᠷᠢᠭ ᠪᠠᠶᠢᠭᠰᠠᠨ ᠠᠴᠠ 1300 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠨ ᠳᠡᠭᠡᠭᠰᠢᠯᠡᠭᠦᠯᠵᠦ᠂ ᠪᠥᠬᠦ ᠬᠤᠲᠠ ᠶᠢᠨ ᠠᠵᠤ | ᠦᠢᠯᠡᠳᠪᠦᠷᠢ ᠶᠢᠨ ᠡᠵᠡᠯᠡᠬᠦ ᠬᠠᠷᠢᠴᠠᠯ ᠢ 80% ᠠᠴᠠ ᠳᠡᠭᠡᠭᠰᠢ ᠳᠤ ᠬᠦᠷᠦᠭᠦᠯᠵᠦ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ᠂ ᠮᠦ ᠪᠦᠷᠢ ᠶᠢᠨ | ᠳᠤᠮᠳᠠᠴᠢ ᠪᠡᠯᠡ ᠣᠷᠣᠭᠤᠯᠤᠯᠲᠠ ᠶᠢᠨ ᠬᠦᠴᠦᠯᠡᠴᠡ᠂ ᠮᠦ ᠪᠦᠷᠢ ᠶᠢᠨ ᠳᠤᠮᠳᠠᠴᠢ ᠭᠠᠶᠢᠯᠢ ᠲᠠᠲᠠᠪᠤᠷᠢ ᠶᠢᠨ ᠵᠢᠯ ᠤᠨ ᠳᠤᠮᠳᠠᠴᠢ ᠨᠡᠮᠡᠭᠳᠡᠯ ᠤᠨ ᠬᠡᠮᠵᠢᠶ᠎ᠡ ᠶᠢ | ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠳᠤ ᠬᠦᠷᠦᠭᠦᠯᠬᠦ ᠪᠤᠶᠤ ᠳᠠᠪᠠᠵᠤ᠂ ᠣᠷᠣᠨ ᠬᠡᠰᠡᠭ ᠨᠢᠭᠡᠪᠦᠷᠢ ᠶᠢᠨ ᠭᠤᠣᠯᠯᠠᠬᠤ ᠠᠵᠤ ᠦᠢᠯᠡᠰ ᠤᠨ | ᠡᠵᠡᠯᠡᠬᠦ ᠬᠠᠷᠢᠴᠠᠯ ᠢ 60% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ︔ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ | ᠲᠣᠭᠤᠷᠢᠭ ᠪᠣᠯᠣᠨ ᠤᠷᠠᠳ ᠤᠨ ᠬᠤᠶᠢᠲᠤ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠢᠯᠡᠳᠬᠦᠨ ᠤ ᠥᠷᠲᠡᠭ 350 ᠳ᠋ᠦᠩᠰᠢᠭᠤᠷ | ᠲᠥᠭᠦᠷᠢᠭ ᠢ ᠳᠠᠪᠠᠵᠤ᠂ ᠪᠠᠶᠠᠨᠨᠠᠭᠤᠷ ᠤᠨ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠡᠳ᠋ᠰᠢᠭᠦᠯᠬᠦ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠪᠣᠯᠣᠨ | ᠪᠠᠶᠠᠨᠨᠠᠭᠤᠷ ᠤᠨ ᠪᠣᠷᠣᠳᠣᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠦᠢᠯᠡᠳᠬᠦᠨ ᠤ | ᠥᠷᠲᠡᠭ 300 ᠳ᠋ᠦᠩᠰᠢᠭᠤᠷ ᠲᠥᠭᠦᠷᠢᠭ ᠢ ᠳᠠᠪᠠᠪᠠ︔ ᠪᠥᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠦᠬᠦᠨ ᠢᠶᠠᠷ ᠢᠶᠠᠨ ᠥᠪᠡᠷᠲᠡᠭᠡᠨ | ᠵᠠᠰᠠᠬᠤ ᠣᠷᠣᠨ ᠤ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠤᠨ ᠰᠢᠯᠭᠠᠨ ᠠᠪᠤᠯᠲᠠ ᠶᠢ ᠥᠩᠭᠡᠷᠡᠭᠡᠵᠦ᠂ ᠠᠵᠤ ᠦᠢᠯᠡᠳᠪᠦᠷᠢ ᠶᠢᠨ ᠲᠣᠭᠠᠴᠢᠯᠠᠯᠲᠠ ᠶᠢᠨ ᠬᠢᠷᠢ | ᠬᠡᠮᠵᠢᠶ᠎ᠡ ᠨᠢ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠳᠤ ᠬᠦᠷᠭᠡᠨ᠎ᠡ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ | 1. ᠬᠦᠷᠢᠶᠡᠯᠡᠩ ᠲᠣᠭᠤᠷᠢᠭ ᠤᠨ ᠡᠯ᠎ᠡ ᠲᠥᠷᠥᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠵᠠᠰᠠᠨ ᠨᠠᠶᠢᠷᠠᠭᠤᠯᠬᠤ ᠬᠡᠷᠡᠭᠲᠡᠢ᠃ ᠬᠦᠷᠢᠶᠡᠯᠡᠩ | ᠲᠣᠭᠤᠷᠢᠭ ᠢ ᠨᠢᠭᠡᠳᠬᠡᠭᠰᠡᠨ ᠤ ᠳᠠᠷᠠᠭᠠᠬᠢ ᠰᠢᠨ᠎ᠡ ᠪᠠᠶᠢᠳᠠᠯ᠂ ᠰᠢᠨ᠎ᠡ ᠡᠭᠦᠷᠭᠡ ᠳᠤ ᠴᠢᠭᠯᠡᠭᠦᠯᠦᠨ᠂ ᠬᠦᠷᠢᠶᠡᠯᠡᠩ ᠲᠣᠭᠤᠷᠢᠭ ᠤᠨ ᠰᠢᠨ᠎ᠡ ᠬᠡᠪᠯᠡᠯ ᠤᠨ ᠶᠡᠷᠦᠩᠬᠡᠢ | ᠲᠥᠯᠦᠪᠵᠢᠭᠦᠯᠭᠡ᠂ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠂ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠪᠠ ᠲᠥᠯᠦᠪᠵᠢᠭᠦᠯᠭᠡ ᠶᠢᠨ | ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢ ᠵᠠᠰᠠᠨ ᠨᠠᠶᠢᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠥᠷᠪᠡᠨ ᠵᠠᠬ᠎ᠠ ᠶᠢᠨ ᠬᠦᠷᠢᠶ᠎ᠡ ᠬᠡᠪᠴᠢᠶ᠎ᠡ᠂ ᠨᠡᠭᠡᠭᠡᠨ ᠬᠥᠭᠵᠢᠭᠦᠯᠵᠦ ᠪᠣᠯᠬᠤ ᠣᠷᠣᠨ ᠪᠦᠰᠡ ᠶᠢᠨ ᠵᠠᠭᠠᠭᠯᠠᠨ | ᠲᠣᠭᠲᠠᠭᠠᠭᠰᠠᠨ ᠲᠠᠯᠠᠪᠠᠶ ᠵᠡᠷᠭᠡ ᠣᠷᠣᠨ ᠵᠠᠢ ᠶᠢᠨ ᠮᠡᠳᠡᠭᠡ ᠵᠠᠩᠭᠢ ᠶᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠵᠢᠷᠤᠭ︾ | ᠲᠤ ᠣᠷᠣᠭᠤᠯᠤᠨ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠢ ᠬᠡᠷᠡᠭᠵᠢᠭᠦᠯᠵᠦ᠂ ᠬᠠᠮᠢᠶ᠎ᠠ ᠪᠦᠬᠦᠢ ᠲᠥᠯᠦᠪᠵᠢᠭᠦᠯᠭᠡ ᠪᠠ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠵᠣᠯᠭᠠᠭᠤᠯᠬᠤ ᠠᠵᠢᠯ ᠢ ᠰᠠᠶᠢᠲᠤᠷ ᠬᠢᠨ᠎ᠡ᠃ ᠲᠣᠭᠲᠠᠭᠠᠯ ᠳᠤ ᠨᠡᠶᠢᠴᠡᠭᠦᠯᠦᠨ ᠪᠠᠶᠢᠭᠤᠯᠤᠭᠰᠠᠨ ᠬᠦᠷᠢᠶᠡᠯᠡᠩ | ᠲᠣᠭᠤᠷᠢᠭ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠡᠯ᠎ᠡ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ | ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠵᠢᠷᠤᠭ︾ ᠳᠤ | ᠣᠷᠣᠭᠤᠯᠤᠭᠰᠠᠨ ᠦᠭᠡᠢ ᠪᠠᠶᠢᠪᠠᠯ᠂ ᠭᠠᠵᠠᠷ ᠬᠡᠷᠡᠭᠯᠡᠬᠦ ᠶᠢ ᠵᠥᠪᠰᠢᠶᠡᠷᠡᠵᠦ ᠪᠣᠯᠬᠤ ᠦᠭᠡᠢ᠃ 2024 ᠣᠨ ᠪᠣᠯᠬᠤ ᠳᠤ᠂ ᠬᠦᠷᠢᠶᠡᠯᠡᠩ ᠲᠣᠭᠤᠷᠢᠭ ᠤᠨ ᠰᠢᠨ᠎ᠡ | ᠬᠡᠪᠯᠡᠯ ᠤᠨ ᠶᠡᠷᠦᠩᠬᠡᠢ ᠲᠥᠯᠦᠪᠵᠢᠭᠦᠯᠭᠡ᠂ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠂ ᠡᠵᠡᠮᠳᠡᠯ ᠤᠨ ᠴᠢᠨᠠᠷᠲᠠᠢ ᠨᠠᠷᠢᠨ ᠲᠣᠭᠲᠠᠭᠠᠯ ᠵᠢᠴᠢ | ᠲᠥᠯᠦᠪᠵᠢᠭᠦᠯᠭᠡ ᠨᠢᠭᠡᠪᠦᠷᠢ ᠶᠢᠨ ᠢᠵᠢ ᠪᠦᠷᠢᠳᠦᠭᠰᠡᠨ ᠣᠷᠴᠢᠨ ᠲᠣᠭᠤᠷᠢᠨ ᠤ ᠦᠨᠡᠯᠡᠯᠲᠡ ᠶᠢᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠨ ᠵᠥᠪᠰᠢᠶᠡᠷᠡᠭᠦᠯᠬᠦ | ᠠᠵᠢᠯ ᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 2. ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯ ᠢ ᠴᠢᠩᠳᠠᠯᠠᠨ᠎ᠠ᠃ ᠠᠵᠤ ᠦᠢᠯᠡᠰ ᠤᠨ ᠲᠥᠯᠦᠪᠵᠢᠭᠦᠯᠭᠡ ᠪᠠᠷ | ᠬᠦᠷᠢᠶᠡᠯᠡᠩ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢ ᠶᠡᠷᠦᠩᠬᠡᠶᠢᠯᠡᠨ ᠵᠢᠯᠤᠭᠤᠳᠬᠤ ᠶᠢ ᠪᠠᠷᠢᠮᠲᠠᠯᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠲᠣᠰ | ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠣᠳᠣᠬᠢ ᠪᠠᠶᠢᠳᠠᠯ ᠪᠠ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠬᠦᠷᠢᠶᠡᠯᠡᠩ | ᠲᠣᠭᠤᠷᠢᠭ ᠤᠨ ᠠᠵᠤ ᠦᠢᠯᠡᠰ ᠤᠨ ᠵᠦᠷᠢᠶᠡᠵᠢᠬᠦᠯᠦᠨ ᠪᠠᠶᠢᠷᠢ ᠵᠥᠷᠢᠭᠦᠯᠦᠨ ᠬᠥᠭᠵᠢᠬᠦ ᠶᠢ ᠠᠬᠢᠭᠤᠯᠵᠤ᠂ ᠭᠤᠣᠯᠯᠠᠬᠤ ᠠᠵᠤ ᠦᠢᠯᠡᠰ ᠤᠨ ᠣᠨᠴᠠᠯᠢᠭᠲᠤ ᠠᠵᠤ | ᠦᠢᠯᠡᠰ ᠤᠨ ᠰᠦᠷᠦᠭᠵᠢᠯ ᠢ ᠪᠣᠶ ᠪᠣᠯᠭᠠᠨ ᠪᠣᠶᠢᠵᠢᠭᠤᠯᠬᠤ ᠶᠢ ᠴᠢᠩᠭ᠎ᠠ ᠠᠩᠬᠠᠷᠴᠤ᠂ ᠡᠯ᠎ᠡ ᠬᠦᠷᠢᠶᠡᠯᠡᠩ ᠲᠣᠭᠤᠷᠢᠭ ᠤᠨ ᠭᠤᠣᠯᠯᠠᠬᠤ ᠠᠵᠤ ᠦᠢᠯᠡᠰ ᠤᠨ ᠵᠢᠯ ᠤᠨ | ᠦᠢᠯᠡᠳᠬᠦᠨ ᠤ ᠥᠷᠲᠡᠭ ᠤᠨ ᠡᠵᠡᠯᠡᠬᠦ ᠬᠠᠷᠢᠴᠠᠯ ᠢ 60% ᠠᠴᠠ ᠳᠡᠭᠡᠭᠰᠢ ᠳᠤ ᠬᠦᠷᠦᠭᠦᠯᠦᠨ᠎ᠡ᠃ ︽ ᠨᠢᠰᠦᠭᠦᠷ ᠠᠵᠤ ᠠᠬᠤᠢ︾ ᠶᠢᠨ ᠵᠠᠭᠪᠤᠷ ᠢ | ᠳᠡᠯᠭᠡᠷᠡᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠳᠠᠰᠢ ᠴᠢᠨᠠᠷ | ᠰᠠᠶᠢᠲᠠᠢ ︽ ᠨᠢᠰᠦᠭᠦᠷ ᠲᠥᠷᠥᠯ ᠵᠦᠢᠯ︾ ᠢ ᠨᠠᠶᠢᠳᠠᠪᠤᠷᠢᠵᠢᠭᠤᠯᠬᠤ ᠶᠢ ᠰᠦᠪᠡᠭᠴᠢᠯᠡᠨ ᠠᠬᠢᠭᠤᠯᠵᠤ᠂ ︽ᠨᠢᠰᠦᠭᠦᠷ ᠠᠵᠤ ᠠᠬᠤᠢ︾ ᠶᠢ ᠬᠠᠶᠢᠨ ᠰᠦᠪᠡᠭᠴᠢᠯᠡᠬᠦ | ᠠᠷᠭ᠎ᠠ ᠬᠢᠳᠡᠯ ᠪᠠ ᠲᠤᠷᠰᠢᠯᠭ᠎ᠠ ᠶᠢ ᠬᠥᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ | ᠲᠥᠪ︶ | 3. ᠬᠦᠷᠢᠶᠡᠯᠡᠩ ᠲᠣᠭᠤᠷᠢᠭ ᠤᠨ ᠡᠵᠡᠮᠳᠡᠬᠦ ᠴᠢᠨᠠᠷᠲᠠᠢ ᠭᠦᠢᠴᠡᠳᠬᠡᠯ ᠲᠤᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠬᠦᠷᠢᠶᠡᠯᠡᠩ ᠲᠣᠭᠤᠷᠢᠭ ᠤᠨ | ᠵᠢᠷᠭᠤᠭᠠᠨ ᠵᠦᠢᠯ ᠤᠨ ᠡᠵᠡᠮᠳᠡᠬᠦ ᠴᠢᠨᠠᠷᠲᠠᠢ ᠭᠦᠢᠴᠡᠳᠬᠡᠬᠦ ᠲᠤᠭ᠎ᠠ ᠶᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠥᠷᠥᠯ ᠵᠦᠢᠯ ᠳᠤ ᠵᠥᠪᠰᠢᠶᠡᠷᠡᠨ | ᠣᠷᠣᠭᠤᠯᠬᠤ᠂ ᠦᠷ᠎ᠡ ᠠᠰᠢᠭ ᠢᠶᠠᠷ ᠳᠣᠣᠷ᠎ᠠ ᠲᠥᠷᠥᠯ ᠵᠦᠢᠯ ᠢ ᠦᠨᠡᠮᠰᠢᠬᠦ᠂ ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠬᠡᠪᠴᠢᠶ᠎ᠡ ᠶᠢ ᠬᠢᠨᠠᠨ ᠲᠣᠭᠲᠠᠭᠠᠬᠤ᠂ | ᠲᠥᠷᠥᠯ ᠵᠦᠢᠯ ᠢ ᠠᠯᠪᠠᠳᠠᠯᠭ᠎ᠠ ᠪᠠᠷ ᠪᠤᠴᠠᠭᠠᠵᠤ ᠭᠠᠷᠭᠠᠬᠤ ᠪᠠ ᠠᠵᠤ ᠦᠢᠯᠡᠳᠪᠦᠷᠢ ᠶᠢᠨ ᠲᠥᠷᠥᠯ ᠵᠦᠢᠯ ᠤᠨ ᠵᠠᠯᠭᠠᠮᠵᠢ ᠬᠠᠮᠢᠶᠠᠷᠤᠯᠲᠠ ᠶᠢᠨ ᠴᠢᠬᠤᠯᠠ | ᠦᠨᠳᠦᠰᠦᠯᠡᠯ ᠪᠣᠯᠭᠠᠬᠤ ᠬᠡᠷᠡᠭᠲᠡᠢ᠃ ᠪᠠᠶᠢᠩᠭᠤᠵᠢᠭᠤᠯᠤᠭᠰᠠᠨ ᠬᠢᠨᠠᠨ ᠬᠡᠮᠵᠢᠵᠦ ᠦᠨᠡᠯᠡᠨ ᠵᠢᠱᠢᠬᠦ ᠶᠢᠨ ᠡᠵᠡᠮᠳᠡᠬᠦ ᠴᠢᠨᠠᠷᠲᠠᠢ ᠭᠦᠢᠴᠡᠳᠬᠡᠯ ᠲᠤᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠯᠠᠷᠢᠯ ᠢᠶᠠᠷ ᠨᠡᠪᠲᠡᠷᠡᠭᠦᠯᠦᠨ᠎ᠡ᠃ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠭᠠᠵᠠᠷ ᠬᠡᠷᠡᠭᠯᠡᠬᠦ᠂ ᠭᠠᠶᠢᠯᠢ ᠲᠠᠲᠠᠪᠤᠷᠢ ᠵᠡᠷᠭᠡ ᠲᠠᠯ᠎ᠠ ᠪᠠᠷ᠂ ᠵᠥᠪ ᠴᠢᠭᠯᠡᠯ ᠢᠶᠠᠷ ᠤᠷᠮᠠᠰᠢᠭᠤᠯᠬᠤ ᠪᠠ ᠡᠰᠡᠷᠭᠦ | ᠴᠢᠭᠯᠡᠯ ᠢᠶᠠᠷ ᠭᠡᠳᠡᠷᠭᠦ ᠰᠢᠬᠠᠮᠳᠠᠭᠤᠯᠬᠤ ᠶᠢ ᠬᠠᠷᠢᠯᠴᠠᠨ ᠤᠶᠠᠯᠳᠤᠭᠤᠯᠤᠭᠰᠠᠨ ᠵᠥᠷᠢᠶᠡᠲᠦ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠵᠡᠮᠳᠡᠬᠦ ᠴᠢᠨᠠᠷᠲᠠᠢ ᠭᠦᠢᠴᠡᠳᠬᠡᠯ ᠲᠤᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ | ᠲᠣᠪᠴᠢᠶ᠎ᠠ︶ | ︵ᠬᠤᠶᠠᠷ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠯᠬᠢᠨ | ᠠᠬᠢᠭᠤᠯᠤᠨ᠎ᠠ | 4. ︽ᠮᠦ ᠪᠦᠷᠢ ᠳᠤ ᠪᠠᠭᠠᠲᠤᠷ ᠰᠢᠯᠭᠠᠷᠠᠭᠤᠯᠬᠤ︾ ᠣᠨᠣᠯᠵᠢᠬᠤᠨ ᠢ ᠴᠢᠩᠭᠠᠷᠠᠭᠤᠯᠤᠨ᠎ᠠ᠃ ᠬᠦᠷᠢᠶᠡᠯᠡᠩ ᠲᠣᠭᠤᠷᠢᠭ ᠤᠨ ᠦᠯᠡᠳᠡᠭᠡᠯ ᠠᠵᠤ | ᠦᠢᠯᠡᠳᠪᠦᠷᠢ ᠶᠢᠨ ᠲᠥᠷᠥᠯ ᠵᠦᠢᠯ ᠳᠤ ︽ᠮᠦ ᠪᠦᠷᠢ ᠳᠤ ᠪᠠᠭᠠᠲᠤᠷ ᠰᠢᠯᠭᠠᠷᠠᠭᠤᠯᠬᠤ︾ ᠥᠭᠡᠷᠡᠴᠢᠯᠡᠯᠲᠡ᠂ ᠮᠦ ᠪᠦᠷᠢ ᠳᠤᠮᠳᠠᠴᠢ ᠶᠢᠨ ᠦᠷ᠎ᠡ ᠠᠰᠢᠭ ᠢ ᠦᠨᠡᠯᠡᠬᠦ | ᠵᠡᠷᠭᠡ ᠠᠷᠭ᠎ᠠ ᠮᠠᠶ᠋ᠢᠭ ᠢ ᠠᠪᠴᠤ᠂ ᠡᠷᠴᠢᠮᠯᠢᠭ ᠲᠥᠪᠯᠡᠷᠡᠨ ᠬᠥᠭᠵᠢᠬᠦ ᠶᠢ ᠪᠡᠶᠡᠯᠡᠭᠦᠯᠬᠦ ᠶᠢ ᠵᠣᠷᠢᠭᠵᠢᠭᠤᠯᠤᠨ᠎ᠠ᠃ 2025 ᠣᠨ ᠪᠣᠯᠬᠤ ᠳᠤ᠂ ᠬᠦᠷᠢᠶᠡᠯᠡᠩ | ᠲᠣᠭᠤᠷᠢᠭ ᠤᠨ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠢ 140 ᠲᠦᠮᠡᠨ ᠲᠥᠭᠦᠷᠢᠭ /ᠮᠦ ᠠᠴᠠ ᠳᠣᠣᠷ᠎ᠠ ᠪᠠᠶᠢᠯᠭᠠᠬᠤ ᠦᠭᠡᠢ᠂ ᠮᠦ ᠪᠦᠷᠢ ᠶᠢᠨ | ᠳᠤᠮᠳᠠᠴᠢ ᠪᠡᠯᠡ ᠣᠷᠣᠭᠤᠯᠤᠯᠲᠠ ᠶᠢᠨ ᠬᠦᠴᠦᠯᠡᠴᠡ ᠶᠢ 180 ᠲᠦᠮᠡᠨ ᠲᠥᠭᠦᠷᠢᠭ / ᠮᠦ ᠠᠴᠠ ᠳᠣᠣᠷ᠎ᠠ ᠪᠠᠶᠢᠯᠭᠠᠬᠤ ᠦᠭᠡᠢ᠂ ᠮᠦ ᠪᠦᠷᠢ ᠶᠢᠨ ᠳᠤᠮᠳᠠᠴᠢ ᠭᠠᠶᠢᠯᠢ | ᠲᠠᠲᠠᠪᠤᠷᠢ ᠶᠢ 6 ᠲᠦᠮᠡᠨ ᠲᠥᠭᠦᠷᠢᠭ/ ᠮᠦ ᠠᠴᠠ ᠳᠣᠣᠷ᠎ᠠ ᠪᠠᠶᠢᠯᠭᠠᠬᠤ ᠦᠭᠡᠢ︔ ᠪᠥᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠦᠢᠯᠡᠳᠬᠦᠨ ᠤ ᠶᠡᠷᠦᠩᠬᠡᠢ ᠥᠷᠲᠡᠭ 1300 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ | ᠥᠷᠲᠡᠭ ᠤᠨ 80% ᠠᠴᠠ ᠳᠡᠭᠡᠭᠰᠢ ᠡᠵᠡᠯᠡᠨ᠎ᠡ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ | ᠤᠨ ᠣᠷᠳᠣᠨ᠂ ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠠᠶᠠᠨᠨᠠᠭᠤᠷ ᠬᠤᠲᠠ ᠶᠢᠨ | ᠭᠠᠶᠢᠯᠢ ᠶᠢᠨ ᠶᠠᠪᠤᠳᠠᠯ ᠤᠨ ᠲᠣᠪᠴᠢᠶ᠎ᠠ︶ | 5. ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠳᠠᠯᠠᠨ᠎ᠠ᠃ ︽ᠠᠵᠤ ᠦᠢᠯᠡᠰ ᠤᠨ ᠪᠦᠲᠦᠴᠡ ᠶᠢᠨ | ᠵᠢᠯᠤᠭᠤᠳᠬᠤ ᠭᠠᠷᠴᠠᠭ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠤᠶᠠᠷ ᠥᠨᠳᠥᠷ﹀ ᠲᠥᠷᠥᠯ ᠵᠦᠢᠯ ᠤᠨ ᠳᠣᠣᠷ᠎ᠠ ᠬᠢᠷᠢ ᠬᠡᠮᠵᠢᠶ᠎ᠡ ᠪᠠᠷ | ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠬᠤ ᠬᠠᠮᠢᠶᠠᠷᠤᠨ ᠡᠵᠡᠮᠳᠡᠬᠦ ᠭᠠᠷᠴᠠᠭ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ | ᠬᠡᠷᠡᠭᠵᠢᠭᠦᠯᠵᠦ᠂ ᠨᠥᠬᠦᠴᠡᠯ ᠳᠤ ᠥᠯᠥ ᠨᠡᠶᠢᠴᠡᠬᠦ ᠲᠥᠷᠥᠯ ᠵᠦᠢᠯ ᠢ ᠶᠠᠮᠠᠷᠪᠠ ᠬᠡᠯᠪᠡᠷᠢ ᠪᠠᠷ ᠬᠡᠯᠪᠡᠷᠢ ᠶᠢ ᠨᠢ ᠥᠭᠡᠷᠡᠲᠦᠭᠦᠯᠦᠨ ᠬᠢᠨᠠᠨ ᠵᠥᠪᠰᠢᠶᠡᠷᠡᠵᠦ ᠪᠦᠲᠦᠭᠡᠨ | ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ ᠰᠢᠨ᠎ᠡ ᠪᠠᠷ ᠪᠠᠶᠢᠭᠤᠯᠬᠤ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠠᠴᠠ | ᠨᠢᠭᠡᠨᠲᠡ ᠦᠨᠡᠮᠰᠢᠭᠰᠡᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠤᠶᠤ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠲᠣᠭᠤᠷᠢᠭ | ᠪᠣᠯᠪᠠ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶ | 6. ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠰᠢᠶᠡᠷᠡᠨ ᠣᠷᠣᠭᠤᠯᠬᠤ ᠨᠥᠬᠦᠴᠡᠯ ᠢ ᠳᠡᠭᠡᠭᠰᠢᠯᠡᠭᠦᠯᠦᠨ᠎ᠡ᠃ ᠰᠢᠨ᠎ᠡ ᠪᠠᠷ | ᠪᠠᠶᠢᠭᠤᠯᠬᠤ ᠲᠥᠷᠥᠯ ᠵᠦᠢᠯ ᠨᠢ ᠬᠦᠷᠢᠶᠡᠯᠡᠩ ᠲᠣᠭᠤᠷᠢᠭ ᠤᠨ ᠵᠠᠰᠠᠨ ᠨᠠᠶᠢᠷᠠᠭᠤᠯᠬᠤ ᠲᠥᠯᠦᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠵᠢᠴᠢ ᠬᠢᠨᠠᠨ | ᠪᠠᠶᠢᠴᠠᠭᠠᠭᠰᠠᠨ ᠰᠠᠨᠠᠯ ᠤᠨ ᠱᠠᠭᠠᠷᠳᠠᠯᠭ᠎ᠠ ᠳᠤ ᠨᠡᠶᠢᠴᠡᠵᠦ᠂ ᠦᠢᠯᠡᠳᠪᠦᠷᠢᠯᠡᠯ ᠤᠨ ᠤᠷᠠᠨ ᠳᠠᠷᠬ᠎ᠠ᠂ ᠲᠥᠬᠦᠭᠡᠷᠦᠮᠵᠢ᠂ ᠪᠣᠬᠢᠷᠲᠤᠯ ᠢ ᠵᠠᠰᠠᠬᠤ ᠮᠡᠷᠭᠡᠵᠢᠯ ᠪᠠ ᠨᠢᠭᠡᠴᠢ | ᠦᠢᠯᠡᠳᠬᠦᠨ ᠤ ᠡᠨᠧᠷᠭᠢ ᠶᠢᠨ ᠬᠤᠷᠣᠭᠳᠠᠯ᠂ ᠤᠰᠤᠨ ᠤ ᠬᠤᠷᠣᠭᠳᠠᠯ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠵᠢᠴᠢ ᠡᠬᠢ ᠪᠠᠶᠠᠯᠢᠭ ᠤᠨ ᠠᠰᠢᠭᠯᠠᠯᠲᠠ ᠶᠢᠨ | ᠨᠣᠷᠮ᠎ᠠ ᠶᠢ ᠵᠠᠷᠴᠢᠮ ᠳᠡᠭᠡᠷ᠎ᠡ ᠪᠠᠨ ᠠᠳᠠᠯᠢ ᠠᠵᠢᠯ ᠲᠥᠷᠥᠯ ᠤᠨ ᠲᠡᠷᠢᠭᠦᠨ ᠤ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠢ᠃ ᠣᠶᠤᠨᠲᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠵᠡᠷᠭᠡ ᠲᠠᠪᠴᠠᠩ ᠢ ᠠᠰᠢᠭᠯᠠᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠦᠬᠦᠨ ᠢ ᠡᠨᠧᠷᠭᠢ ᠶᠢᠨ | ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮᠵᠢ ᠳᠤ ᠣᠷᠣᠭᠤᠯᠤᠨ᠎ᠠ︔ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠡᠨᠧᠷᠭᠢ | ᠠᠷᠪᠢᠯᠠᠬᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠤᠯᠤᠰ ᠤᠨ ᠡᠨᠧᠷᠭᠢ ᠶᠢᠨ ᠬᠤᠷᠣᠭᠳᠠᠯ ᠤᠨ ᠬᠢᠵᠠᠭᠠᠷ ᠲᠤᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ᠂ | ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠵᠦ᠂ ᠴᠡᠭᠴᠡᠯᠡᠨ ᠥᠭᠡᠷᠡᠴᠢᠯᠡᠭᠰᠡᠨ ᠤ ᠲᠠᠷᠠᠭ᠎ᠠ ᠮᠥᠨ ᠯᠡ ᠪᠠᠷᠢᠮᠵᠢᠶ᠎ᠠ ᠳᠤ ᠦᠯᠦ ᠬᠦᠷᠦᠭᠰᠡᠳ ᠢ | ᠬᠤᠴᠤᠷᠤᠩᠭᠤᠢ ᠦᠢᠯᠡᠳᠪᠦᠷᠢᠯᠡᠬᠦ ᠴᠢᠳᠠᠪᠤᠷᠢ ᠶᠢᠨ ᠶᠣᠰᠣᠭᠠᠷ ᠡᠷᠡᠰ ᠢᠶᠠᠷ ᠵᠠᠭᠠᠵᠠᠯᠠᠨᠠ᠃ ᠬᠦᠷᠢᠶᠡᠯᠡᠩ ᠲᠣᠭᠤᠷᠢᠭ ᠤᠨ ᠲᠥᠷᠥᠯ ᠵᠦᠢᠯ ᠳᠤ ᠵᠥᠪᠰᠢᠶᠡᠷᠡᠨ | ᠣᠷᠣᠭᠤᠯᠬᠤ ᠨᠢᠭᠡᠴᠢ ᠦᠢᠯᠡᠳᠬᠦᠨ ᠤ ᠤᠰᠤ ᠬᠡᠷᠡᠭᠯᠡᠬᠦ ᠬᠡᠮᠵᠢᠶ᠎ᠡ ᠶᠢ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ | ᠲᠣᠭᠠᠨ ᠤ ᠲᠡᠷᠢᠭᠦᠨ ᠤ ᠬᠡᠮᠵᠢᠭᠳᠡᠯ ᠳᠤ ᠬᠦᠷᠦᠭᠦᠯᠵᠦ᠂ ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠨᠧᠷᠭᠢ ᠶᠢᠨ ᠬᠤᠷᠣᠭᠳᠠᠭᠤᠯᠤᠯ ᠢ ᠮᠠᠨ ᠤ | ᠬᠤᠲᠠ ᠶᠢᠨ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠶᠢᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠨᠤᠷᠮ᠎ᠠ ᠶᠢ 50% ᠠᠴᠠ ᠳᠡᠭᠡᠭᠰᠢ ᠳᠤ ᠬᠦᠷᠭᠡᠨ᠎ᠡ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠮᠢ ᠠᠬᠤᠢ ᠶᠢᠨ ᠣᠷᠴᠢᠨ | ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | ︵ᠭᠤᠷᠪᠠ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ | 7. ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠠᠮᠢ ᠠᠬᠤᠢ ᠶᠢᠨ ᠣᠷᠴᠢᠨ ᠨᠥᠬᠦᠴᠡᠯ ᠢ ᠣᠷᠣᠨ | ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠷᠴᠢᠨ ᠠᠬᠤᠢ ᠶᠢᠨ ᠨᠥᠯᠥᠭᠡᠯᠡᠯ ᠢ ᠦᠨᠡᠯᠡᠬᠦ ᠳᠦᠷᠢᠮ ᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠵᠦ᠂ | ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠵᠢᠴᠢ ᠣᠷᠣᠨ ᠤ ᠳᠣᠲᠣᠷᠠᠬᠢ ᠠᠵᠤ ᠠᠬᠤᠶᠢᠯᠠᠯ ᠤᠨ ᠬᠠᠤᠯᠢ ᠶᠣᠰᠣᠭᠠᠷ ᠣᠷᠴᠢᠨ ᠲᠣᠭᠤᠷᠢᠨ ᠤ ᠮᠡᠳᠡᠭᠡ ᠵᠠᠩᠭᠢ ᠪᠠᠨ ᠢᠯᠡ ᠪᠣᠯᠭᠠᠬᠤ ᠶᠢ | ᠠᠬᠢᠭᠤᠯᠵᠤ᠂ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠨᠡᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠣᠬᠢᠷᠲᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠡᠷᠭᠡ | ᠪᠣᠬᠢᠷᠲᠤᠯ ᠦᠭᠡᠢ ᠪᠣᠯᠭᠠᠨ ᠥᠭᠡᠷᠡᠴᠢᠯᠡᠬᠦ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠠᠵᠤ ᠠᠬᠤᠶᠢᠯᠠᠯ ᠤᠨ ᠪᠣᠬᠢᠷᠲᠤᠯ ᠦᠭᠡᠢ ᠦᠢᠯᠡᠳᠬᠦ ᠶᠢᠨ ᠵᠢᠱᠢᠶ᠎ᠡ | ᠦᠵᠡᠭᠦᠯᠬᠦ ᠭᠡᠷᠡᠴᠢᠯᠡᠯ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠤᠨ ᠭᠡᠷᠡᠴᠢᠯᠡᠯ ᠢ ᠲᠦᠷᠭᠡᠳᠬᠡᠨ ᠬᠡᠷᠡᠭᠵᠢᠭᠦᠯᠵᠦ᠂ ᠪᠠᠷᠢᠮᠵᠢᠶ᠎ᠠ ᠳᠤ ᠥᠯᠥ ᠬᠦᠷᠦᠭᠰᠡᠨ | ᠬᠦᠷᠢᠶᠡᠯᠡᠩ ᠲᠣᠭᠤᠷᠢᠭ ᠪᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ 2023 ᠠᠴᠠ | 2025 ᠣᠨ ᠤ ᠬᠤᠭᠤᠷᠣᠨᠳᠤ᠂ 40%᠂ 40%᠂ 20% ᠶᠢᠨ ᠠᠬᠢᠴᠠ ᠪᠠᠷ ᠪᠣᠬᠢᠷᠲᠤᠯ ᠦᠭᠡᠢ ᠪᠣᠯᠭᠠᠨ ᠥᠭᠡᠷᠡᠴᠢᠯᠡᠬᠦ ᠶᠢ ᠪᠡᠶᠡᠯᠡᠭᠦᠯᠦᠨ᠎ᠡ᠃ 2025 | ᠣᠨ ᠤ ᠡᠴᠦᠰ ᠪᠣᠯᠬᠤ ᠳᠤ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠣᠲᠣᠷᠠᠬᠢ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠢ ᠪᠦᠬᠦᠨ ᠢ ᠪᠣᠬᠢᠷᠲᠤᠯ ᠦᠭᠡᠢ ᠪᠣᠯᠭᠠᠬᠤ ᠶᠢ ᠪᠡᠶᠡᠯᠡᠭᠦᠯᠵᠦ᠂ ︽ᠪᠣᠬᠢᠷᠲᠤᠯ ᠦᠭᠡᠢ ᠪᠣᠯ ᠳᠠᠷᠤᠢ ᠤᠬᠤᠷᠢᠭᠤᠯᠬᠤ︾ ᠶᠢ | ᠪᠡᠶᠡᠯᠡᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠷᠴᠢᠯᠵᠢᠭᠤᠯᠬᠤ ᠥᠭᠡᠷᠡᠴᠢᠯᠡᠯᠲᠡ ᠶᠢᠨ ᠠᠵᠢᠯ ᠢ ᠪᠦᠬᠦᠨ ᠢ ᠡᠬᠢᠯᠡᠨ ᠬᠡᠷᠡᠭᠵᠢᠭᠦᠯᠵᠦ᠂ | ᠬᠦᠷᠢᠶᠡᠯᠡᠩ ᠲᠣᠭᠤᠷᠢᠭ ᠢ ᠪᠦᠬᠦᠨ ᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠤᠨ ᠭᠡᠷᠡᠴᠢᠯᠡᠯᠲᠡ ᠳᠤ | ᠪᠠᠲᠤᠯᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠶᠢᠨ | ᠣᠷᠴᠢᠨ ᠲᠣᠭᠤᠷᠢᠨ ᠤ ᠲᠣᠪᠴᠢᠶ᠎ᠠ︶ | 8. ᠬᠦᠷᠢᠶᠡᠯᠡᠩ ᠲᠣᠭᠤᠷᠢᠭ ᠤᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠣᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠡᠷᠲᠡᠬᠡᠨ ᠪᠠᠷᠢᠮᠵᠢᠶ᠎ᠠ ᠳᠤ ᠬᠦᠷᠦᠭᠦᠯᠦᠨ ᠠᠵᠢᠯᠯᠠᠭᠤᠯᠤᠨ᠎ᠠ᠃ 5G ᠶᠢᠨ ᠪᠠᠶᠢᠷᠢᠰᠢᠭᠤᠯᠤᠯᠲᠠ ᠶᠢ | ᠬᠡᠷᠡᠭᠵᠢᠭᠦᠯᠬᠦ ᠢᠨᠵᠧᠨᠧᠷᠢᠩ᠂ ᠰᠦᠯᠵᠢᠶᠡᠨ ᠤ ᠥᠭᠡᠷᠡᠴᠢᠯᠡᠯᠲᠡ ᠶᠢᠨ ᠢᠨᠵᠧᠨᠧᠷᠢᠩ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠤᠨ | ᠬᠥᠭᠵᠢᠯᠲᠡ ᠶᠢᠨ ᠢᠨᠵᠧᠨᠧᠷᠢᠩ᠂ ᠡᠭᠦᠯᠡᠨ ᠲᠠᠪᠴᠠᠩ ᠳᠤ ᠭᠠᠷᠴᠤ ᠠᠬᠢᠭᠤᠯᠬᠤ ᠢᠨᠵᠧᠨᠧᠷᠢᠩ᠂ ᠢᠯᠭᠠᠬᠤ ᠲᠡᠮᠳᠡᠭ ᠤᠨ ᠵᠠᠳᠠᠯᠤᠯᠲᠠ ᠶᠢᠨ ᠵᠠᠩᠭᠢᠯᠠᠭ᠎ᠠ ᠶᠢᠨ | ᠴᠡᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ 5G ᠶᠢᠨ ᠠᠬᠤᠢ ᠲᠠᠯᠠᠪᠠᠶ ᠶᠢᠨ ᠬᠡᠷᠡᠭᠯᠡᠭᠡᠨ ᠤ ᠢᠨᠵᠧᠨᠧᠷᠢᠩ᠂ ᠠᠵᠤ ᠦᠢᠯᠡᠳᠪᠦᠷᠢ ᠶᠢᠨ ᠮᠡᠳᠡᠭᠡ | ᠵᠠᠩᠭᠢ ᠶᠢᠨ ᠠᠮᠤᠷ ᠲᠦᠪᠰᠢᠨ ᠢ ᠦᠨᠡᠯᠡᠨ ᠵᠢᠱᠢᠬᠦ ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ 2025 ᠣᠨ ᠪᠣᠯᠬᠤ ᠳᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ 5G ᠳᠣᠬᠢᠶ᠎ᠠ ᠶᠢ ᠪᠦᠲᠦᠮᠵᠢᠲᠡᠶ ᠪᠦᠷᠬᠦᠭᠦᠯᠬᠦ ᠶᠢ ᠪᠡᠶᠡᠯᠡᠭᠦᠯᠵᠦ᠂ ᠠᠵᠤ ᠦᠢᠯᠡᠳᠪᠦᠷᠢᠵᠢᠯᠲᠡ ᠪᠠ ᠮᠡᠳᠡᠭᠡ | ᠵᠠᠩᠭᠢᠵᠢᠯᠲᠠ ᠶᠢᠨ ᠠᠭᠤᠰᠤᠯᠴᠠᠯ ᠤᠨ ᠪᠠᠷᠢᠮᠵᠢᠶ᠎ᠠ ᠶᠢ ᠪᠦᠬᠦᠨ ᠢ ᠪᠦᠷᠬᠦᠭᠦᠯᠵᠦ᠂ ᠰᠦᠯᠵᠢᠶ᠎ᠡ᠂ ᠬᠡᠷᠡᠭᠯᠡᠭᠡᠨ᠂ ᠦᠵᠦᠭᠦᠷ ᠤᠨ ᠳᠡᠮᠵᠢᠯᠭᠡ IPv6᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠪᠠᠷᠢᠮᠵᠢᠶ᠎ᠠ ᠶᠢ ᠲᠤᠤᠱᠯᠠᠭᠤᠯᠤᠨ ᠦᠨᠡᠯᠡᠨ ᠲᠣᠭᠲᠠᠭᠠᠬᠤ ᠠᠵᠤ ᠠᠬᠤᠶᠢᠯᠠᠯ ᠢ 20 ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠵᠦ᠂ ᠣᠶᠤᠨᠲᠤ ᠦᠢᠯᠡᠳᠪᠦᠷᠢ ︵ᠲᠣᠭᠠᠵᠢᠭᠤᠯᠬᠤ ᠦᠢᠯᠡᠳᠪᠦᠷᠢ ᠶᠢᠨ ᠲᠠᠰᠤᠭ ᠪᠠᠭᠲᠠᠨ᠎ᠠ︶ ᠶᠢ 15 ᠠᠴᠠ ᠳᠡᠭᠡᠭᠰᠢ ᠳᠤ ᠬᠦᠷᠦᠭᠦᠯᠵᠦ᠂ | ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ 2 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠲᠣᠭᠠᠵᠢᠭᠤᠯᠬᠤ ᠨᠣᠷᠮ᠎ᠠ ᠶᠢ 55% ᠠᠴᠠ ᠳᠡᠭᠡᠭᠰᠢ ᠳᠤ ᠬᠦᠷᠦᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶ | 9. ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠡᠨᠧᠷᠭᠢ ᠣᠯᠭᠤᠬᠤ ᠶᠢ ᠠᠬᠢᠭᠤᠯᠤᠨ᠎ᠠ᠃ ᠨᠥᠬᠦᠴᠡᠯ ᠲᠠᠢ ᠬᠦᠷᠢᠶᠡᠯᠡᠩ ᠲᠣᠭᠤᠷᠢᠭ᠂ | ᠠᠵᠤ ᠠᠬᠤᠶᠢᠯᠠᠯ ᠪᠣᠯᠣᠨ ᠪᠣᠷᠣᠳᠣᠬᠤᠢ ᠶᠢᠨ ᠳᠡᠭᠡᠳᠦ ᠰᠤᠷᠭᠠᠭᠤᠯᠢ᠂ ᠪᠠᠶᠠᠨᠨᠠᠭᠤᠷ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠣᠨ ᠳᠤᠮᠳᠠᠳᠤ | ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠬᠤᠲᠠ ᠶᠢᠨ ᠳᠣᠲᠣᠨ᠎ᠠ ᠭᠠᠳᠠᠨᠠᠬᠢ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠳᠡᠮᠵᠢᠵᠦ᠂ ᠭᠤᠣᠯᠯᠠᠬᠤ ᠠᠵᠤ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢᠨ ᠲᠣᠭᠤᠷᠢᠨ ᠳᠤ ᠪᠡᠷᠬᠡ ᠰᠡᠳᠦᠪ ᠢ ᠲᠥᠪᠯᠡᠷᠡᠭᠦᠯᠦᠨ ᠰᠢᠢᠳᠪᠦᠷᠢᠯᠡᠵᠦ᠂ ᠠᠮᠢᠳᠤ ᠪᠣᠳᠠᠰ ᠤᠨ ᠡᠮ | ᠡᠮᠨᠡᠯᠭᠡ᠂ ︽ᠭᠤᠷᠪᠠᠨ ᠬᠤᠨᠢ︾ ᠶᠢᠨ ᠠᠵᠤ ᠦᠢᠯᠡᠰ ︵ᠬᠤᠨᠢᠨ ᠠᠷᠠᠰᠤ᠂ ᠬᠤᠨᠢᠨ ᠨᠣᠣᠰᠣ᠂ ᠢᠮᠠᠭᠠᠨ ᠨᠣᠯᠤᠤᠷ︶᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠬᠥᠭᠵᠢᠭᠰᠡᠨ ᠠᠵᠤ ᠦᠢᠯᠡᠰ ᠵᠡᠷᠭᠡ ᠳᠡᠭᠡᠳᠦ ᠰᠢᠨ᠎ᠡ ᠬᠦᠷᠢᠶ᠎ᠡ ᠪᠠ ᠰᠢᠨ᠎ᠡ ᠪᠠᠷ ᠬᠥᠭᠵᠢᠭᠰᠡᠨ ᠬᠦᠷᠢᠶ᠎ᠡ ᠶᠢᠨ ᠲᠣᠭᠤᠷᠢᠨ ᠳᠤ ᠬᠦᠴᠦ ᠪᠠᠨ ᠬᠠᠮᠲᠤᠳᠬᠠᠨ | ᠪᠣᠭᠤᠮᠲᠠ ᠰᠢᠪᠲᠤᠯᠵᠤ᠂ ︽ᠭᠤᠷᠪᠠᠨ ᠲᠠᠪᠴᠠᠩ︾ ︵ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ | ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ︶ ᠢ ᠰᠠᠶᠢᠲᠤᠷ ᠪᠠᠶᠢᠭᠤᠯᠵᠤ᠂ ᠴᠡᠴᠡᠷᠯᠢᠭ ᠤᠨ ᠳᠣᠲᠣᠷᠠᠬᠢ ᠲᠣᠭᠲᠠᠭᠠᠭᠰᠠᠨ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠶᠢ ᠪᠡᠶᠡᠯᠡᠭᠦᠯᠵᠦ᠂ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠦᠨ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ | ︽ᠭᠤᠷᠪᠠ ᠶᠢ ᠪᠦᠷᠢᠨ ᠪᠦᠷᠬᠦᠭᠦᠯᠬᠦ︾ ᠶᠢ ᠨᠡᠮᠡᠭᠳᠡᠭᠦᠯᠵᠦ᠂ 2025 ᠣᠨ ᠪᠣᠯᠬᠤ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ | ᠲᠠᠪᠴᠠᠩ ᠢ 15 ᠰᠢᠨ᠎ᠡ ᠪᠠᠷ ᠨᠡᠮᠡᠭᠳᠡᠭᠦᠯᠦᠨ᠎ᠡ᠂ ᠡᠭᠦᠨ ᠳᠤ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ 2᠂ ᠠᠵᠤ ᠠᠬᠤᠶᠢᠯᠠᠯ ᠤᠨ | ᠮᠡᠷᠭᠡᠵᠢᠯ ᠤᠨ ᠲᠥᠪ 3᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 10 ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ︽ᠲᠤᠷᠰᠢᠯᠲᠠ ᠶᠢᠨ ᠲᠠᠰᠤᠭ︾ ᠠᠴᠠ ᠦᠢᠯᠡᠳᠪᠦᠷᠢᠯᠡᠯ ᠤᠨ ᠱᠤᠭᠤᠮ ᠳᠤ ᠬᠦᠷᠬᠦ | ᠶᠠᠪᠤᠴᠠ ᠶᠢ ᠪᠣᠭᠤᠨᠢᠰᠬᠠᠵᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠪᠠ ᠣᠷᠣᠭᠤᠯᠤᠨ ᠠᠪᠴᠢᠷᠠᠭᠰᠠᠨ ᠠᠵᠤ ᠦᠶᠢᠯᠡᠰᠵᠢᠯᠲᠡ ᠶᠢᠨ | ᠨᠥᠬᠦᠴᠡᠯ ᠢ ᠪᠦᠷᠢᠯᠳᠦᠭᠦᠯᠦᠭᠰᠡᠨ ᠲᠥᠷᠥᠯ ᠵᠦᠢᠯ ᠳᠤ ᠳᠡᠭᠡᠳᠦ ᠱᠠᠲᠤᠨ ᠤ ᠲᠤᠰᠬᠠᠢ ᠵᠦᠢᠯ ᠤᠨ ᠪᠡᠯᠡ ᠮᠥᠩᠭᠦ ᠶᠢ ᠲᠡᠮᠡᠴᠡᠨ ᠣᠯᠬᠤ ᠵᠡᠷᠭᠡ ᠠᠷᠭ᠎ᠠ ᠮᠠᠶ᠋ᠢᠭ ᠢᠶᠠᠷ | ᠳᠡᠮᠵᠢᠨ ᠳᠡᠮᠵᠢᠯᠭᠡ ᠦᠵᠡᠭᠦᠯᠦᠨ᠎ᠡ᠃ ᠨᠢᠭᠡ ᠪᠦᠯᠦᠭ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠣᠯᠣᠨ ︽ᠲᠤᠰᠬᠠᠢ ᠨᠠᠷᠢᠯᠢᠭ ᠣᠨᠴᠠ | ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠭᠤᠣᠯᠳᠠᠯᠭ᠎ᠠ ᠲᠠᠢ ᠪᠣᠶᠢᠵᠢᠭᠤᠯᠵᠤ᠂ 2025 ᠣᠨ ᠪᠣᠯᠬᠤ ᠳᠤ 35 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 10. ᠳᠡᠭᠡᠳᠦ ᠦᠵᠦᠭᠦᠷᠵᠢᠭᠰᠡᠨ ᠣᠨᠴᠠᠯᠢᠬᠵᠢᠭᠰᠠᠨ ᠬᠥᠭᠵᠢᠯᠲᠡ ᠶᠢ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠠᠵᠤ ᠦᠢᠯᠡᠰ ᠢ ᠳᠡᠭᠡᠳᠦ | ᠦᠵᠦᠭᠦᠷᠵᠢᠭᠦᠯᠬᠦ᠂ ᠣᠨᠴᠠᠯᠢᠬᠵᠢᠭᠤᠯᠤᠨ ᠬᠥᠭᠵᠢᠭᠦᠯᠬᠦ ᠶᠢ ᠪᠠᠷᠢᠮᠲᠠᠯᠠᠨ᠎ᠠ᠃ ᠬᠦᠷᠢᠶᠡᠯᠡᠩ ᠲᠣᠭᠤᠷᠢᠭ ᠤᠨ ᠦᠢᠯᠡᠳᠬᠦ ᠦᠢᠯᠡᠰ ᠤᠨ ᠣᠷᠣᠨ ᠪᠦᠰᠡ ᠶᠢᠨ ᠨᠠᠷᠠᠲᠤ | ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠳᠡᠮᠵᠢᠵᠦ᠂ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ ᠬᠢᠭᠡᠳ ᠣᠷᠣᠨ ᠪᠦᠰᠡ ᠶᠢᠨ ᠨᠠᠷᠠᠲᠤ ᠲᠥᠷᠥᠯ | ᠲᠡᠮᠳᠡᠭᠲᠦ ᠶᠢᠨ ᠬᠠᠷᠢᠯᠴᠠᠨᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠤᠯᠤᠰ ᠤᠨ ᠳᠡᠰ ᠤᠨ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠭᠡᠳᠦ ᠲᠠᠰ ᠤᠨ ᠣᠷᠭᠠᠨᠢᠭ | ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ᠂ ᠠᠮᠢᠳᠤ ᠪᠣᠳᠠᠰ ᠤᠨ ᠡᠮ ᠦᠢᠯᠡᠳᠬᠦ᠂ ᠰᠢᠨ᠎ᠡ | ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ ᠵᠡᠷᠭᠡ ᠲᠠᠯ᠎ᠠ ᠪᠠᠷ ᠬᠡᠯᠬᠢᠶᠡᠵᠢᠯ ᠢ ᠤᠷᠲᠤᠳᠬᠠᠨ ᠬᠡᠯᠬᠢᠶᠡᠵᠢᠯ ᠢ ᠨᠥᠬᠦᠪᠦᠷᠢᠯᠡᠵᠦ | ᠬᠡᠯᠬᠢᠶᠡᠵᠢᠯ ᠢ ᠴᠢᠩᠭᠠᠳᠬᠠᠬᠤ ᠶᠢᠨ ᠲᠣᠭᠤᠷᠢᠨ ᠳᠤ᠂ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠦᠯᠬᠦ ᠪᠠ ᠦᠢᠯᠡᠳᠪᠦᠷᠢᠯᠡᠯ ᠤᠨ ᠴᠢᠨᠠᠷᠲᠠᠢ | ᠦᠢᠯᠡᠴᠢᠯᠡᠭᠡᠨ ᠤ ᠦᠢᠯᠡᠰ ᠢ ᠲᠦᠷᠭᠡᠳᠬᠡᠨ ᠣᠷᠣᠭᠤᠯᠵᠤ᠂ ᠵᠠᠩᠭᠢᠯᠠᠭ᠎ᠠ ᠶᠢᠨ ᠬᠦᠷᠢᠶᠡᠨ ᠤ ᠭᠤᠣᠯᠯᠠᠬᠤ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ᠂ | ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ᠎ᠡ᠃ ᠪᠣᠷᠣᠳᠣᠬᠤᠢ ᠶᠢᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠭᠤᠷᠪᠠᠨ ᠲᠣᠭᠤᠷᠢᠭ ᠤᠨ ᠬᠡᠰᠡᠭ ᠨᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠠᠵᠢᠯ ᠢ ᠭᠤᠣᠯᠴᠢᠯᠠᠨ ᠬᠢᠵᠦ ᠪᠠᠶᠢᠭ᠎ᠠ ᠪᠣᠯᠪᠠᠴᠤ ᠲᠣᠰ ᠲᠣᠰ ᠤᠨ ᠭᠤᠣᠯᠳᠠᠯᠭ᠎ᠠ ᠲᠠᠢ᠃ ᠬᠠᠩᠭᠢᠨ ᠬᠤᠶᠢᠲᠤ | ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠨᠢ ᠭᠤᠣᠯᠳᠠᠭᠤ ᠠᠮᠢᠳᠤ ᠪᠣᠳᠠᠰ ᠤᠨ ᠨᠡᠶᠢᠯᠡᠯᠭᠡ᠂ ᠠᠷᠢᠬᠢᠨ ᠤ ᠦᠢᠯᠡᠰ ᠤᠨ ᠪᠦᠯᠦᠭᠯᠡᠯ᠂ ᠰᠦ ᠶᠢᠨ | ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠵᠢᠴᠢ ᠨᠠᠩᠭᠤᠸᠠ ᠶᠢᠨ ᠦᠷ᠎ᠡ ᠶᠢᠨ ᠴᠥᠮ᠎ᠡ ᠪᠣᠯᠣᠨ ᠲᠠᠷᠢᠶᠠᠯᠠᠩ ᠤᠨ ᠮᠠᠰᠢᠨ ᠤ ᠲᠤᠨᠤᠭ | ᠲᠥᠬᠦᠭᠡᠷᠦᠮᠵᠢ ᠶᠢ ᠦᠢᠯᠡᠳᠬᠦ ᠶᠢᠨ ᠲᠣᠭᠤᠷᠢᠨ ᠳᠤ ᠠᠷᠭ᠎ᠠ ᠤᠬᠠᠭᠠᠨ ᠭᠠᠷᠭᠠᠬᠤ᠂ ᠲᠦᠷᠦᠯ ᠵᠦᠢᠯ ᠢ ᠣᠷᠣᠭᠤᠯᠬᠤ ᠪᠠᠷ ᠭᠤᠣᠯᠳᠠᠯᠭ᠎ᠠ ᠪᠠᠨ ᠪᠣᠯᠭᠠᠪᠠ᠃ | ᠦᠶᠤᠸᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠢᠨ ᠦᠷ᠎ᠡ ᠶᠢᠨ ᠴᠥᠮ᠎ᠡ ᠡᠳ᠋ᠰᠢᠭᠦᠯᠬᠦ ᠠᠵᠤ ᠦᠢᠯᠡᠰ ᠤᠨ ᠳᠠᠪᠠᠭᠤᠯᠢᠭ ᠢ ᠥᠷᠭᠡᠳᠬᠡᠭᠰᠡᠨ ᠰᠠᠭᠤᠷᠢᠨ | ᠳᠡᠭᠡᠷ᠎ᠡ᠂ ᠬᠤᠨᠢᠨ ᠮᠢᠬᠠᠨ ᠤ ᠵᠢᠵᠢᠭ ᠪᠠᠯᠭᠠᠰᠤ᠂ ᠷᠦᠨ ᠬᠠᠢ ᠶᠤᠸᠠᠨ ᠵᠡᠷᠭᠡ ᠭᠤᠣᠯᠯᠠᠭᠴᠢ ᠠᠵᠤ ᠠᠬᠤᠶᠢᠯᠠᠯ ᠳᠤ ᠭᠤᠣᠯᠳᠠᠯᠭ᠎ᠠ ᠲᠠᠢ ᠲᠦᠰᠢᠭᠯᠡᠵᠦ᠂ ᠮᠠᠯ | ᠵᠢᠭᠦᠷᠲᠡᠨ ᠤ ᠮᠢᠬᠠᠨ ᠤ ᠲᠦᠷᠦᠯ ᠢ ᠡᠳ᠋ᠰᠢᠭᠦᠯᠬᠦ ᠠᠵᠤ ᠦᠢᠯᠡᠰ ᠤᠨ ᠬᠡᠪᠴᠢᠶ᠎ᠡ ᠶᠢ ᠲᠠᠰᠤᠷᠠᠯᠳᠡ ᠦᠭᠡᠢ ᠥᠷᠭᠡᠳᠬᠡᠨ᠎ᠡ᠃ ᠳ᠋ᠧᠩᠺᠸᠦ ᠶᠢᠨ ᠠᠵᠤ ᠦᠢᠯᠡᠳᠪᠦᠷᠢ | ᠶᠢᠨ ᠬᠦᠷᠢᠶᠡᠯᠡᠩ ᠤᠳ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠦᠢᠯᠡᠳᠪᠦᠷᠢᠯᠡᠯ ᠤᠨ ᠬᠡᠪᠴᠢᠶ᠎ᠡ ᠪᠠᠨ | ᠥᠷᠭᠡᠳᠬᠡᠵᠦ᠂ ︽ᠬᠡᠷᠡᠯ ᠸᠣᠯᠲ + ᠠᠮᠢ ᠠᠬᠤᠢ ᠶᠢᠨ ᠵᠠᠰᠠᠯᠲᠠ︾ ᠶᠢᠨ ᠵᠠᠭᠪᠤᠷ ᠢ ᠰᠠᠶᠢᠲᠤᠷ ᠬᠢᠬᠦ ᠶᠢᠨ ᠵᠡᠷᠭᠡ ᠳᠤ ᠰᠦ᠋ ᠶᠢᠨ ᠦᠢᠯᠡᠰ ᠤᠨ ᠪᠥᠬᠦ ᠠᠵᠤ | ᠦᠢᠯᠡᠰ ᠤᠨ ᠬᠡᠯᠬᠢᠶ᠎ᠡ ᠵᠢᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠡᠳ᠋ᠰᠢᠭᠦᠯᠦᠨ ᠨᠡᠭᠡᠭᠡᠨ ᠬᠥᠭᠵᠢᠭᠦᠯᠬᠦ ᠲᠣᠭᠤᠷᠢᠭ ᠨᠢ ᠭᠤᠣᠯᠳᠠᠭᠤ ᠰᠢᠨ᠎ᠡ | ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠳᠣᠣᠷᠠᠳᠤ ᠤᠷᠤᠰᠬᠠᠯ ᠤᠨ ᠨᠠᠷᠢᠯᠢᠭ ᠭᠦᠨᠵᠡᠭᠡᠢ ᠡᠳ᠋ᠰᠢᠭᠦᠯᠦᠨ ᠪᠣᠯᠪᠠᠰᠤᠷᠠᠭᠤᠯᠬᠤ ᠳᠡᠭᠡᠷ᠎ᠡ ᠬᠦᠴᠦ | ᠲᠠᠯᠪᠢᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠨ᠂ ᠥᠷᠲᠡᠭ ᠤᠨ ᠬᠡᠯᠬᠢᠶ᠎ᠡ ᠶᠢ ᠪᠤᠵᠠᠭᠠᠶᠢᠷᠠᠭᠤᠯᠵᠤ᠂ ᠭᠠᠳᠠᠭᠠᠳᠤ ᠠᠴᠠ | ᠣᠷᠣᠭᠤᠯᠬᠤ ᠨᠡᠭᠦᠷᠡᠰᠦᠨ ᠤ ᠡᠬᠢ ᠪᠠᠶᠠᠯᠢᠭ ᠢ ᠡᠳ᠋ᠰᠢᠭᠦᠯᠦᠨ ᠠᠰᠢᠭᠯᠠᠬᠤ ᠨᠣᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ | ᠤᠷᠠᠳ ᠤᠨ ᠡᠮᠦᠨᠡᠲᠦ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠨᠢ ᠣᠲᠣ ᠶᠢᠨ ᠪᠠᠶᠢᠭ᠎ᠠ ᠣᠯᠠᠨ ᠲᠠᠯᠠᠰᠲᠤ ᠴᠠᠬᠢᠭᠤᠷ ᠤᠨ ᠬᠡᠷᠡᠯ ᠸᠣᠯᠲ ᠤᠨ ᠪᠥᠬᠦ ᠠᠵᠤ | ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠭᠠᠭᠴᠠ ᠮᠣᠳᠣ ᠪᠣᠭᠤᠮᠲᠠ ᠶᠢᠨ ᠬᠦᠷᠢᠶᠡᠯᠡᠩ ᠨᠢ ᠶᠡᠭᠡ ᠮᠣᠩᠭᠤᠯ ᠤᠨ ᠨᠡᠭᠦᠷᠡᠰᠦᠨ ᠤ | ᠨᠠᠷᠢᠯᠢᠭ ᠨᠡᠭᠦᠷᠡᠰᠦᠨ ᠤ ᠵᠠᠬ᠎ᠠ ᠳᠡᠯᠭᠡᠭᠦᠷ ᠢ ᠬᠦᠴᠦᠷᠬᠡᠭᠵᠢᠭᠦᠯᠦᠨ ᠬᠦᠴᠦᠷᠬᠡᠭᠵᠢᠭᠦᠯᠬᠦ ᠬᠡᠷᠡᠭᠲᠡᠢ᠃ ᠤᠷᠠᠳ ᠤᠨ ᠬᠤᠶᠢᠲᠤ ᠬᠤᠰᠢᠭᠤᠨ ᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠨᠢ ᠥᠩᠭᠡᠲᠦ ᠲᠡᠮᠦᠷᠯᠢᠭ ᠬᠠᠶᠢᠯᠤᠭᠤᠯᠬᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠠᠵᠢᠯ ᠢ ᠰᠠᠶᠢᠲᠤᠷ ᠬᠢᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠦᠬᠦᠷ ᠬᠢᠮᠢ ᠶᠢᠨ ᠠᠵᠤ ᠦᠢᠯᠡᠳᠪᠦᠷᠢ ᠶᠢ | ᠭᠤᠣᠯᠳᠠᠯᠭ᠎ᠠ ᠲᠠᠢ ᠬᠥᠭᠵᠢᠭᠦᠯᠬᠦ ᠶᠢᠨ ᠬᠠᠮᠲᠤ ᠲᠡᠮᠦᠷ ᠵᠠᠮ ᠤᠨ ᠪᠠᠷᠠᠭᠠᠨ ᠤ ᠭᠦᠢᠯᠭᠡᠭᠡ ᠵᠢᠴᠢ ᠬᠠᠮᠢᠶ᠎ᠠ ᠪᠦᠬᠦᠢ ᠦᠢᠯᠡᠳᠪᠦᠷᠢᠯᠡᠯ ᠤᠨ ᠴᠢᠨᠠᠷᠲᠠᠢ | ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 11. ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠪᠠᠷ ᠬᠤᠳᠠᠯᠳᠤᠭᠠᠴᠢᠨ ᠤᠷᠢᠬᠤ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠲᠤ ᠭᠤᠣᠯᠯᠠᠬᠤ ᠥᠷᠢᠰᠦᠯᠳᠦᠬᠦ ᠬᠦᠴᠦᠨ ᠲᠠᠢ ᠬᠥᠲᠥᠴᠢ ᠠᠵᠤ ᠠᠬᠤᠶᠢᠯᠠᠯ᠂ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ᠂ | ᠦᠢᠯᠡᠳᠬᠦ ᠦᠢᠯᠡᠰ ᠤᠨ ᠭᠠᠭᠴᠠ ᠵᠦᠢᠯ ᠤᠨ ᠮᠠᠩᠯᠠᠢ ᠶᠢᠨ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ | ᠵᠣᠷᠢᠭᠵᠢᠭᠤᠯᠵᠤ᠂ ᠴᠢᠬᠤᠯᠠ ᠶᠡᠭᠡ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠶᠢᠯᠡᠰᠵᠢᠭᠦᠯᠬᠦ ᠲᠥᠷᠥᠯ ᠵᠦᠢᠯ ᠢ ᠨᠠᠶᠢᠳᠠᠪᠤᠷᠢᠵᠢᠭᠤᠯᠬᠤ | ᠶᠢ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠭᠤᠣᠯᠯᠠᠬᠤ ᠠᠵᠤ ᠦᠢᠯᠡᠰ ᠪᠠ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠴᠢᠩᠭᠠᠳᠬᠠᠵᠤ ᠬᠡᠯᠬᠢᠶᠡᠰᠦ ᠶᠢ | ᠨᠥᠬᠦᠪᠦᠷᠢᠯᠡᠬᠦ ᠬᠠᠷᠠᠯᠲᠠ ᠶᠢᠨ ᠲᠣᠭᠤᠷᠢᠨ ᠳᠤ᠂ ᠬᠤᠳᠠᠯᠳᠤᠭᠠᠴᠢᠨ ᠤᠷᠢᠬᠤ ᠬᠠᠷᠠᠯᠲᠠᠲᠤ ᠭᠠᠵᠠᠷ ᠣᠷᠣᠨ᠂ ᠬᠠᠷᠠᠯᠲᠠᠲᠤ ᠠᠵᠤ ᠠᠬᠤᠶᠢᠯᠠᠯ ᠢ ᠨᠠᠷᠢᠯᠢᠭ | ᠣᠨᠣᠴᠠᠲᠠᠢ ᠪᠠᠷ ᠲᠣᠭᠲᠠᠭᠠᠵᠤ᠂ ᠬᠤᠳᠠᠯᠳᠤᠭᠠᠴᠢᠨ ᠤᠷᠢᠬᠤ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ | ᠤᠷᠢᠵᠤ ᠪᠡᠯᠡ ᠲᠠᠲᠠᠬᠤ ᠬᠥᠳᠡᠯᠦᠩᠭᠦᠢ ᠲᠥᠷᠥᠯ ᠵᠦᠢᠯ ᠤᠨ ᠬᠥᠮᠥᠷᠭᠡ ᠶᠢ ᠪᠠᠶᠢᠭᠤᠯᠤᠨ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯ ᠢ ᠨᠠᠷᠢᠯᠢᠭ | ᠣᠨᠣᠴᠠᠲᠠᠢ ᠪᠠᠷ ᠥᠷᠨᠢᠭᠦᠯᠦᠨ᠎ᠡ᠃ ᠡᠯ᠎ᠡ ᠵᠦᠢᠯ ᠤᠨ ᠬᠤᠳᠠᠯᠳᠤᠭᠠᠴᠢᠨ ᠤᠷᠢᠬᠤ ᠠᠷᠭ᠎ᠠ ᠵᠠᠮ ᠪᠠ ᠡᠯ᠎ᠡ ᠲᠥᠷᠥᠯ ᠤᠨ ᠲᠠᠪᠴᠠᠩ ᠤᠨ ᠵᠠᠭᠤᠴᠢᠯᠠᠭᠤᠷ ᠢ | ᠶᠡᠷᠦᠩᠬᠡᠶᠢᠯᠡᠨ ᠬᠡᠷᠡᠭᠯᠡᠵᠦ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠲᠥᠷᠥᠯ ᠵᠦᠢᠯ ᠢᠶᠠᠷ ᠬᠤᠳᠠᠯᠳᠤᠭᠠᠴᠢᠨ ᠤᠷᠢᠬᠤ᠂ ᠣᠷᠴᠢᠨ ᠲᠣᠭᠤᠷᠢᠨ ᠢᠶᠠᠷ | ᠬᠤᠳᠠᠯᠳᠤᠭᠠᠴᠢᠨ ᠤᠷᠢᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠮᠥᠷᠳᠡᠨ ᠦᠨᠡᠯᠡᠬᠦ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠲᠥᠷᠥᠯ ᠵᠦᠢᠯ ᠳᠤ ᠶᠡᠷᠦᠩᠬᠡᠶᠢᠯᠡᠭᠰᠡᠨ ᠦᠨᠡᠯᠡᠯᠲᠡ ᠬᠢᠵᠦ᠂ ᠵᠢᠯ ᠪᠦᠷᠢ | ᠤᠯᠤᠰ ᠤᠨ ᠳᠣᠲᠣᠭᠠᠳᠤ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ ᠣᠷᠣᠭᠤᠯᠤᠨ ᠠᠪᠴᠢᠷᠠᠬᠤ ᠳᠤ ᠵᠢᠯ ᠪᠦᠷᠢ ᠠᠳᠠᠯᠢ ᠬᠤᠭᠤᠴᠠᠭᠠᠨ ᠤ ᠬᠢ ᠠᠴᠠ 25% | ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ | ᠠᠷᠠᠯᠵᠢᠶ᠎ᠠ ᠶᠢ ᠠᠬᠢᠭᠤᠯᠬᠤ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | ︵ᠳᠥᠷᠪᠡ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ | 12. ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ︽ᠨᠢᠭᠡᠳᠦᠯᠲᠡᠢ ᠲᠥᠯᠥᠪᠵᠢᠭᠦᠯᠵᠦ᠂ | ᠵᠣᠬᠢᠰᠲᠠᠢ ᠪᠠᠷ ᠤᠷᠢᠳᠴᠢᠯᠠᠭᠤᠯᠬᠤ︾ ᠵᠠᠷᠴᠢᠮ ᠶᠣᠰᠣᠭᠠᠷ᠂ ︽ᠶᠢᠰᠦ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠭᠰᠡᠨ ᠪᠠᠶᠢᠳᠠᠯ ᠢᠶᠠᠷ ᠯᠠᠪᠯᠠᠯᠲᠠ | ᠪᠣᠯᠭᠠᠵᠤ᠂ ᠳᠤᠲᠠᠭᠤᠳᠠᠯ᠂ ᠬᠦᠴᠦᠷᠬᠡᠭ ᠪᠠᠭᠤᠷᠠᠢ ᠵᠦᠢᠯᠡᠰ ᠢ ᠬᠦᠴᠦᠯᠡᠨ ᠨᠥᠬᠦᠪᠦᠷᠢᠯᠡᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭᠠᠯᠢ ᠶᠢᠨ | ᠰᠢᠲᠠᠮᠠᠬᠠᠢ ᠬᠡᠢ ᠶᠢᠨ ᠬᠤᠭᠤᠯᠠᠢ ᠱᠤᠭᠤᠮ᠂ ᠢᠯᠴᠢ ᠶᠢᠨ ᠬᠦᠴᠦᠨ ᠤ ᠬᠤᠭᠤᠯᠠᠢ ᠱᠤᠭᠤᠮ᠂ ᠪᠣᠷᠣᠭᠠᠨ ᠤ ᠤᠰᠤᠨ ᠤ ᠬᠤᠭᠤᠯᠠᠢ ᠱᠤᠭᠤᠮ ᠵᠡᠷᠭᠡ ᠴᠢᠳᠠᠮᠵᠢ ᠶᠢᠨ | ᠴᠢᠨᠠᠷᠲᠠᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ ᠢᠶᠠᠷ | ᠮᠡᠳᠡᠭᠦᠯᠦᠭᠰᠡᠨ ᠬᠦᠷᠢᠶᠡᠯᠡᠩ ᠲᠣᠭᠤᠷᠢᠭ ᠲᠤ ᠬᠤᠯᠪᠣᠭᠳᠠᠯ ᠪᠦᠬᠦᠢ ᠰᠠᠭᠤᠷᠢ ᠲᠥᠬᠦᠭᠡᠷᠦᠮᠵᠢ ᠶᠢ ᠲᠦᠷᠭᠡᠪᠴᠢᠯᠡᠨ ᠪᠠᠶᠢᠭᠤᠯᠵᠤ᠂ ᠤᠷᠠᠳ ᠤᠨ ᠬᠤᠶᠢᠲᠤ | ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠱᠠᠭᠠᠷᠳᠠᠯᠭ᠎ᠠ ᠳᠤ ᠨᠡᠶᠢᠴᠡᠭᠰᠡᠨ ᠭᠠᠯ ᠤᠨᠲᠠᠷᠠᠭᠠᠬᠤ ᠤᠰᠤ ᠬᠠᠩᠭᠠᠬᠤ ᠪᠠ ᠭᠠᠯ | ᠤᠨᠲᠠᠷᠠᠭᠠᠭᠤᠯ ᠤᠨ ᠰᠢᠰᠲ᠋ᠧᠮ ᠢ ᠭᠤᠣᠯᠳᠠᠯᠭ᠎ᠠ ᠲᠠᠢ ᠪᠠᠶᠢᠭᠤᠯᠤᠨ᠎ᠠ︔ ᠥᠪᠥᠷ ᠮᠣᠩᠭᠤᠯ ᠤᠨ ᠪᠠᠶᠠᠨᠨᠠᠭᠤᠷ ᠤᠨ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ | ᠡᠳ᠋ᠰᠢᠭᠦᠯᠦᠨ ᠪᠣᠯᠪᠠᠰᠤᠷᠠᠭᠤᠯᠬᠤ ᠨᠡᠭᠡᠭᠡᠯᠲᠡ ᠶᠢᠨ ᠲᠣᠭᠤᠷᠢᠭ ᠤᠨ ᠬᠤᠶᠠᠷ ᠲᠣᠭᠤᠷᠢᠭ ᠤᠨ ᠬᠡᠰᠡᠭ ᠲᠤ᠂ ᠤᠷᠠᠳ ᠤᠨ ᠡᠮᠦᠨᠡᠲᠦ ᠬᠤᠰᠢᠭᠤᠨ ᠤ ᠠᠵᠤ | ᠦᠢᠯᠡᠰ ᠤᠨ ᠬᠦᠷᠢᠶᠡᠯᠡᠩ ᠳᠤ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠰᠡᠨ ᠠᠶᠤᠯᠲᠠᠢ ᠬᠢᠮᠢ ᠶᠢᠨ ᠪᠣᠳᠠᠰ ᠤᠨ ᠲᠤᠰᠬᠠᠢ ᠲᠡᠷᠭᠡᠨ ᠵᠣᠭᠰᠣᠭᠠᠯ ᠢ | ᠭᠤᠣᠯᠳᠠᠯᠭ᠎ᠠ ᠲᠠᠢ ᠪᠠᠶᠢᠭᠤᠯᠤᠨ᠎ᠠ︔ ᠭᠠᠭᠴᠠᠮᠣᠳᠤ ᠶᠢᠨ ᠪᠣᠭᠤᠮᠲᠠ ᠶᠢᠨ ᠬᠦᠷᠢᠶᠡᠯᠡᠩ ᠳᠤ ᠭᠤᠣᠯᠳᠠᠭᠤ ᠱᠠᠭᠠᠷᠳᠠᠯᠭ᠎ᠠ ᠶᠣᠰᠣᠭᠠᠷ ᠭᠠᠯ ᠤᠨᠲᠠᠷᠠᠭᠠᠬᠤ ᠤᠰᠤ | ᠬᠠᠩᠭᠠᠬᠤ ᠵᠢᠴᠢ ᠭᠠᠯ ᠤᠨᠲᠠᠷᠠᠭᠠᠭᠤᠯ ᠤᠨ ᠰᠢᠰᠲ᠋ᠧᠮ ᠪᠣᠯᠣᠨ ᠠᠮᠤᠷ ᠲᠦᠪᠰᠢᠨ ᠤ ᠰᠡᠷᠭᠡᠶᠢᠯᠡᠯᠲᠡ ᠶᠢᠨ ᠰᠢᠰᠲ᠋ᠧᠮ ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠬᠠᠮᠢᠶ᠎ᠠ ᠪᠦᠬᠦᠢ ᠠᠭᠤᠯᠭ᠎ᠠ ᠶᠢ ᠲᠡᠭᠦᠯᠳᠡᠷᠵᠢᠭᠦᠯᠦᠨ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠨᠡᠯᠡᠨ | ᠲᠣᠭᠲᠠᠭᠠᠯᠲᠠ ᠶᠢ ᠡᠷᠲᠡᠬᠡᠨ ᠪᠡᠶᠡᠯᠡᠭᠦᠯᠵᠦ᠂ ᠲᠥᠷᠥᠯ ᠵᠦᠢᠯ ᠤᠨ ᠪᠣᠳᠠᠲᠠᠶᠢᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠬᠠᠩᠭᠠᠬᠤ ᠬᠡᠷᠡᠭᠲᠡᠢ᠃ | ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠴᠠᠬᠢᠯᠭᠠᠨ ᠬᠠᠩᠭᠠᠬᠤ ᠺᠣᠮᠫᠠᠨᠢ︶ | 13. ᠭᠠᠵᠠᠷ ᠰᠢᠷᠣᠢ ᠶᠢᠨ ᠡᠬᠢ ᠪᠠᠶᠠᠯᠢᠭ ᠤᠨ ᠬᠦᠴᠦᠨ ᠵᠦᠢᠯ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠭᠠᠵᠠᠷ ᠰᠢᠷᠣᠢ ᠶᠢᠨ ᠡᠯᠧᠮᠧᠨ᠋ᠲ ᠤᠨ ᠲᠥᠷᠥᠯ | ᠵᠦᠢᠯ ᠢ ᠳᠠᠭᠠᠵᠤ ᠶᠠᠪᠤᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠳᠠᠰᠢ ᠬᠡᠯᠪᠡᠶᠢᠯᠭᠡᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠷᠡᠭᠯᠡᠬᠦ ᠭᠠᠵᠠᠷ ᠤᠨ ᠨᠡᠮᠡᠵᠦ | ᠬᠠᠳᠠᠭᠠᠯᠠᠬᠤ ᠶᠢ ᠬᠤᠯᠪᠣᠭᠳᠠᠭᠤᠯᠬᠤ ᠲᠣᠭᠲᠠᠴᠠ ᠶᠢ ᠪᠦᠷᠢᠨᠰᠢᠭᠦᠯᠵᠦ᠂ ᠦᠯᠡᠳᠡᠭᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠢᠳᠤᠯᠢᠭ ᠪᠣᠯᠭᠠᠬᠤ ᠶᠢ | ᠵᠣᠷᠢᠭᠵᠢᠭᠤᠯᠤᠨ᠎ᠠ᠃ ᠬᠦᠷᠢᠶᠡᠯᠡᠩ ᠲᠣᠭᠤᠷᠢᠭ ᠤᠨ ᠦᠯᠡᠳᠡᠭᠡᠯ ᠡᠳ᠋ ᠬᠥᠷᠥᠩᠭᠡ ᠶᠢ ᠴᠢᠯᠦᠭᠡᠲᠡᠢ ᠴᠢᠯᠦᠭᠡᠲᠡᠢ ᠪᠣᠯᠭᠠᠬᠤ ᠶᠢ ᠳᠡᠮᠵᠢᠵᠦ᠂ ᠡᠯ᠎ᠡ ᠲᠥᠷᠥᠯ ᠤᠨ ᠪᠡᠯᠡ | ᠮᠥᠩᠭᠦ ᠶᠢ ᠠᠰᠢᠭᠯᠠᠨ ᠰᠤᠯᠠ ᠪᠠᠶᠢᠭ᠎ᠠ ᠦᠢᠯᠡᠳᠪᠦᠷᠢ ᠶᠢᠨ ᠭᠡᠷ ᠪᠠᠶᠢᠰᠢᠩ᠂ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠵᠡᠷᠭᠡ ᠶᠢ ᠥᠭᠡᠷᠡᠴᠢᠯᠡᠨ ᠲᠠᠰ | ᠳᠡᠪᠰᠢᠭᠦᠯᠵᠦ᠂ ᠡᠳ᠋ ᠬᠥᠷᠥᠩᠭᠡ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠡᠴᠡᠷᠯᠢᠭ ᠲᠤ ᠣᠷᠣᠵᠤ ᠰᠢᠨ᠎ᠡ ᠪᠠᠷ | ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠢ ᠮᠠᠨ ᠤ ᠬᠤᠲᠠ ᠶᠢᠨ ᠨᠡᠶᠢᠲᠡᠯᠡᠨ ᠬᠡᠷᠡᠭᠵᠢᠭᠦᠯᠦᠭᠰᠡᠨ ᠡᠯ᠎ᠡ ᠵᠦᠢᠯ ᠤᠨ ᠬᠢᠵᠠᠭᠠᠷᠯᠠᠬᠤ ᠴᠢᠨᠠᠷᠲᠠᠢ | ᠭᠦᠢᠴᠡᠳᠬᠡᠯ ᠲᠤᠭ᠎ᠠ ᠠᠴᠠ ᠳᠡᠭᠡᠭᠰᠢ ᠳᠤ ᠬᠦᠷᠦᠭᠦᠯᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠥᠨᠳᠥᠷ ᠦᠷ᠎ᠡ ᠪᠦᠲᠦᠮᠵᠢᠲᠡᠶ ᠠᠰᠢᠭᠯᠠᠬᠤ ᠶᠢ ᠪᠡᠶᠡᠯᠡᠭᠦᠯᠦᠨ᠎ᠡ᠃ | ᠠᠳᠠᠯᠢ ᠪᠤᠰᠤ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠢ ᠶᠢᠨ ᠲᠥᠷᠥᠯ ᠵᠦᠢᠯ ᠢ ᠵᠦᠢ ᠵᠣᠬᠢᠰᠲᠠᠢ ᠬᠤᠪᠢᠷᠠᠭᠤᠯᠬᠤ ᠶᠢ ᠵᠢᠷᠤᠮᠵᠢᠭᠤᠯᠤᠨ ᠡᠮᠬᠢ ᠵᠢᠷᠤᠮ ᠲᠠᠢ | ᠬᠡᠷᠡᠭᠵᠢᠭᠦᠯᠵᠦ᠂ ᠬᠤᠯᠢᠮᠠᠭ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠢ ᠶᠢᠨ ᠬᠠᠩᠭᠠᠯᠭ᠎ᠠ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠦᠨ᠎ᠡ ︵ᠲᠠᠩ ᠭᠠᠭᠴᠠ ᠠᠵᠤ | ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠳᠤ ᠭᠤᠣᠯᠯᠠᠬᠤ ᠬᠡᠷᠡᠭᠴᠡᠭᠡ ᠶᠣᠰᠣᠭᠠᠷ᠂ ᠠᠵᠤ ᠦᠢᠯᠡᠳᠪᠦᠷᠢ ᠂ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ | ᠭᠦᠢᠯᠭᠡᠭᠡᠨ᠂ ᠰᠤᠳᠤᠯᠤᠨ ᠨᠡᠭᠡᠭᠡᠬᠦ᠂ ᠠᠯᠪᠠᠯᠠᠬᠤ᠂ ᠬᠤᠳᠠᠯᠳᠤᠭ᠎ᠠ ᠵᠡᠷᠭᠡ ᠬᠡᠷᠡᠭᠴᠡᠭᠡ ᠶᠢᠨ ᠬᠤᠯᠢᠮᠠᠭ ᠪᠠᠶᠢᠷᠢᠰᠢᠭᠤᠯᠤᠯᠲᠠ ᠶᠢ ᠬᠥᠲᠥᠯᠥᠨ ᠵᠢᠯᠤᠭᠤᠳᠴᠤ᠂ | ᠬᠠᠮᠲᠤ ᠪᠠᠷ ᠪᠠᠶᠢᠭᠤᠯᠤᠨ ᠬᠠᠮᠲᠤ ᠪᠠᠷ ᠬᠡᠷᠡᠭᠯᠡᠵᠦ ᠢᠵᠢ ᠪᠦᠷᠢᠳᠦᠭᠦᠯᠬᠦ ᠦᠢᠯᠡᠴᠢᠯᠡᠭᠡᠨ ᠤ ᠪᠡᠯᠡᠳᠬᠡᠮᠵᠢ ᠶᠢ ᠳᠡᠮᠵᠢᠵᠦ ᠪᠣᠯᠣᠨ᠎ᠠ︶᠂ ᠬᠠᠤᠯᠢ ᠶᠣᠰᠣᠭᠠᠷ ᠪᠤᠴᠠᠭᠠᠨ | ᠠᠪᠬᠤ᠂ ᠵᠥᠪᠳᠡᠯᠴᠡᠭᠡᠷ ᠢᠶᠠᠷ ᠰᠣᠯᠢᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠳᠣᠣᠷ᠎ᠠ ᠠᠰᠢᠭᠯᠠᠮᠵᠢ ᠲᠠᠢ ᠭᠠᠵᠠᠷ ᠰᠢᠷᠣᠢ ᠶᠢ ᠰᠤᠯᠠᠯᠠᠨ ᠭᠠᠷᠭᠠᠵᠤ | ᠴᠡᠪᠡᠷᠯᠡᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠡᠷᠭᠡ ᠣᠯᠠᠨ ᠵᠦᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠭᠠᠵᠠᠷ | ᠰᠢᠷᠣᠢ ᠶᠢᠨ ᠦᠯᠡᠳᠡᠭᠡᠯ ᠡᠳ᠋ ᠬᠥᠷᠥᠩᠭᠡ ᠶᠢ ᠪᠥᠬᠦ ᠲᠠᠯ᠎ᠠ ᠪᠠᠷ ᠠᠮᠢᠳᠤᠯᠢᠭ ᠪᠣᠯᠭᠠᠨ᠎ᠠ᠃ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠠᠷᠭ᠎ᠠ | ᠮᠠᠶ᠋ᠢᠭ ᠢ ᠰᠢᠯᠵᠢᠭᠦᠯᠦᠨ ᠬᠤᠳᠠᠯᠳᠤᠬᠤ ᠪᠠᠷ ᠭᠤᠣᠯ ᠪᠣᠯᠭᠠᠵᠤ ᠪᠠᠶᠢᠭᠰᠠᠨ ᠠᠴᠠ ᠨᠢ ᠲᠦᠷᠢᠶᠡᠰᠦᠯᠡᠭᠦᠯᠬᠦ᠂ ᠰᠢᠯᠵᠢᠭᠦᠯᠦᠨ ᠬᠤᠳᠠᠯᠳᠤᠬᠤ ᠶᠢ ᠵᠡᠷᠭᠡ ᠳᠤᠨᠢ | ᠴᠢᠬᠤᠯᠠᠴᠢᠯᠠᠬᠤ ᠲᠡᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠤᠷᠳᠤ ᠬᠤᠭᠤᠴᠠᠭ᠎ᠠ ᠪᠠᠷ ᠲᠦᠷᠢᠶᠡᠰᠦᠯᠡᠭᠦᠯᠬᠦ᠂ ᠤᠷᠢᠳᠠᠪᠠᠷ ᠲᠦᠷᠢᠶᠡᠰᠦᠯᠡᠭᠦᠯᠵᠦ ᠲᠠᠷᠠᠭ᠎ᠠ | ᠨᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ ᠪᠠ ᠬᠢᠮᠳᠠ ᠦᠨ᠎ᠡ ᠪᠠᠷ ᠬᠤᠳᠠᠯᠳᠤᠬᠤ ᠶᠢ ᠤᠶᠠᠯᠳᠤᠭᠤᠯᠬᠤ᠂ ᠬᠠᠷᠢᠮᠠᠬᠠᠢ ᠵᠢᠯ ᠬᠤᠭᠤᠴᠠᠭ᠎ᠠ ᠵᠡᠷᠭᠡ ᠠᠷᠭ᠎ᠠ | ᠮᠠᠶ᠋ᠢᠭ ᠢ ᠬᠡᠷᠡᠭᠯᠡᠨ ᠠᠵᠤ ᠦᠢᠯᠡᠰ ᠲᠤ ᠬᠡᠷᠡᠭᠯᠡᠬᠦ ᠭᠠᠵᠠᠷ ᠬᠠᠩᠭᠠᠬᠤ ᠶᠢ ᠵᠣᠷᠢᠭᠵᠢᠭᠤᠯᠬᠤ ᠶᠢᠨ ᠬᠠᠮᠲᠤ ᠪᠠᠷᠢᠯᠭ᠎ᠠ ᠶᠢᠨ ᠨᠢᠭᠲᠠᠴᠠ ᠪᠣᠯᠣᠨ ᠪᠠᠭᠲᠠᠭᠠᠮᠵᠢ ᠶᠢᠨ | ᠨᠤᠷᠮ᠎ᠠ ᠶᠢ ᠵᠦᠢ ᠵᠣᠬᠢᠰᠲᠠᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | 14. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠨᠤᠭᠤᠳ ᠨᠡᠶᠢᠭᠡᠮ ᠤᠨ ᠬᠠᠮᠢᠶᠠᠷᠤᠯᠲᠠ ᠪᠠ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠦᠨᠡᠨᠬᠦ ᠰᠠᠶᠢᠲᠤᠷ ᠭᠦᠢᠴᠡᠳᠬᠡᠵᠦ᠂ ᠬᠠᠷᠢᠶ᠎ᠠ ᠭᠠᠵᠠᠷ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠬᠢᠨᠠᠨ ᠵᠥᠪᠰᠢᠶᠡᠷᠡᠵᠦ | ᠵᠥᠪᠰᠢᠶᠡᠷᠡᠨ ᠣᠷᠣᠭᠤᠯᠬᠤ᠂ ᠠᠵᠢᠯᠯᠠᠭᠠᠨ ᠤ ᠬᠠᠮᠢᠶᠠᠷᠤᠯᠲᠠ ᠵᠡᠷᠭᠡ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠨ ᠬᠠᠪᠰᠤᠷᠬᠤ ᠬᠡᠷᠡᠭᠲᠡᠢ᠃ | ᠡᠭᠦᠨ ᠤ ᠬᠠᠮᠲᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠬᠤᠯᠪᠤᠭᠠᠯᠠᠨ ᠬᠥᠳᠡᠯᠦᠯᠴᠡᠬᠦ ᠵᠣᠬᠢᠴᠠᠭᠤᠯᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠰᠢᠨᠵᠢᠯᠡᠬᠦ ᠤᠬᠠᠭᠠᠨ ᠮᠡᠷᠭᠡᠵᠢᠯ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠬᠤᠳᠠᠯᠳᠤᠭᠠᠨ ᠤ ᠶᠠᠪᠤᠳᠠᠯ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ | ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠵᠢᠯᠴᠠᠨ ᠬᠠᠮᠵᠢᠯᠴᠠᠬᠤ ᠶᠢ ᠴᠢᠩᠭᠠᠷᠠᠭᠤᠯᠤᠨ᠂ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠵᠦ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ | ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | 15. ᠲᠤᠭ᠎ᠠ ᠪᠦᠷᠢᠳᠬᠡᠯ ᠤᠨ ᠠᠵᠢᠯ ᠢ ᠵᠢᠷᠤᠮᠵᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠤᠨ | ᠪᠠᠶᠢᠭᠤᠯᠤᠮᠵᠢ ᠶᠢ ᠲᠦᠷᠭᠡᠳᠬᠡᠨ ᠪᠠᠶᠢᠭᠤᠯᠵᠤ᠂ ᠲᠤᠰᠬᠠᠢ ᠲᠤᠰᠢᠶᠠᠯᠲᠤ ᠲᠤᠭ᠎ᠠ ᠪᠦᠷᠢᠳᠬᠡᠯ ᠤᠨ ᠠᠵᠢᠯᠲᠠᠨ ᠢ ᠨᠠᠷᠢᠯᠢᠭ ᠲᠣᠬᠢᠷᠠᠭᠤᠯᠤᠨ ᠬᠦᠴᠦᠷᠬᠡᠭᠵᠢᠭᠦᠯᠦᠨ᠎ᠡ᠃ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠢ | ᠥᠷᠨᠢᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠣᠨᠣᠪᠴᠢᠲᠠᠶ ᠴᠤᠭᠯᠠᠭᠤᠯᠵᠤ᠂ ᠬᠤᠷᠢᠶᠠᠩᠭᠤᠶᠢᠯᠠᠵᠤ᠂ ᠵᠠᠷᠯᠠᠨ ᠮᠡᠳᠡᠭᠳᠡᠵᠦ᠂ | ᠵᠠᠳᠠᠯᠤᠨ ᠰᠢᠨᠵᠢᠯᠡᠵᠦ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠨᠠᠷᠢᠯᠢᠭ ᠣᠨᠣᠴᠠᠲᠠᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ | ᠬᠡᠷᠡᠭᠲᠡᠢ᠃ | 16. ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠡᠷᠴᠢᠮ ᠢ | ᠴᠢᠩᠭᠠᠷᠠᠭᠤᠯᠵᠤ᠂ ᠬᠠᠤᠯᠢ ᠲᠣᠭᠲᠠᠭᠠᠯ ᠶᠣᠰᠣᠭᠠᠷ ᠳᠣᠷᠣᠭᠰᠢ ᠪᠠᠭᠤᠯᠭᠠᠵᠤ ᠪᠣᠯᠬᠤ ᠠᠵᠤ ᠠᠬᠤᠢ ᠶᠢᠨ ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠡᠷᠬᠡ ᠶᠢᠨ ᠬᠡᠪᠴᠢᠶ᠎ᠡ ᠶᠢ ᠳᠣᠷᠣᠭᠰᠢ ᠪᠠᠭᠤᠯᠭᠠᠪᠠᠰᠤ ᠵᠣᠬᠢᠬᠤ ᠶᠢ ᠨᠢ ᠴᠥᠮ ᠳᠣᠷᠣᠭᠰᠢ ᠪᠠᠭᠤᠯᠭᠠᠨ᠎ᠠ᠃ ᠮᠡᠳᠡᠭᠳᠡᠬᠦ ᠠᠮᠠᠯᠠᠯᠲᠠ ᠶᠢᠨ ᠳᠦᠷᠢᠮ ᠪᠠ ᠲᠥᠷᠥᠯ | ᠵᠦᠢᠯ ᠢ ᠣᠷᠣᠯᠠᠨ ᠭᠦᠢᠴᠡᠳᠬᠡᠬᠦ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠴᠡᠴᠡᠷᠯᠢᠭ ᠲᠤ ᠣᠷᠣᠭᠰᠠᠨ ᠠᠵᠤ ᠠᠬᠤᠶᠢᠯᠠᠯ ᠤᠨ ᠡᠯ᠎ᠡ ᠵᠦᠢᠯ ᠤᠨ ᠬᠢᠨᠠᠨ | ᠵᠥᠪᠰᠢᠶᠡᠷᠡᠬᠦ ᠭᠠᠷᠳᠠᠮ ᠢ ᠭᠦᠢᠴᠡᠳᠬᠡᠬᠦ ᠳᠤ ᠴᠢᠭ᠋ ᠠᠴᠠ ᠴᠢᠭ᠋ ᠲᠤ ᠬᠦᠷᠬᠦ᠂ ᠨᠢᠭᠤᠷᠲᠠᠨ ᠵᠢᠯᠤᠭᠤᠳᠴᠤ ᠬᠠᠪᠰᠤᠷᠬᠤ ᠪᠠ ᠣᠷᠣᠯᠠᠨ ᠭᠦᠢᠴᠡᠳᠬᠡᠬᠦ ᠦᠢᠯᠡᠴᠢᠯᠡᠭᠡ | ᠬᠠᠩᠭᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠴᠠᠭ ᠤᠨ ᠬᠢᠵᠠᠭᠠᠷ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠡᠯ᠎ᠡ ᠵᠦᠢᠯ ᠤᠨ ᠬᠤᠳᠠᠯᠳᠤᠭᠠᠴᠢᠨ ᠤᠷᠢᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠦᠨᠡᠨ ᠬᠦ ᠪᠣᠳᠠᠲᠠᠢ ᠪᠠᠷ ᠨᠠᠶᠢᠳᠠᠪᠤᠷᠢᠵᠢᠭᠤᠯᠤᠨ᠎ᠠ᠃ | 17. ᠴᠢᠳᠠᠪᠤᠷᠢᠲᠠᠨ ᠢ ᠬᠥᠮᠥᠵᠢᠭᠦᠯᠦᠨ ᠬᠥᠲᠥᠯᠬᠦ ᠶᠢ ᠴᠢᠩᠭᠠᠳᠬᠠᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠺᠠᠳ᠋ᠷᠴᠤᠳ ᠤᠨ | ᠲᠡᠷᠢᠭᠦᠨ ᠤ ᠬᠦᠷᠢᠶᠡᠯᠡᠩ ᠲᠣᠭᠤᠷᠢᠭ᠂ ᠲᠣᠮᠣ ᠬᠡᠯᠪᠡᠷᠢ ᠶᠢᠨ ᠠᠵᠤ ᠠᠬᠤᠶᠢᠯᠠᠯ ᠳᠤ ᠬᠦᠷᠴᠦ ᠲᠤᠰᠢᠶᠠᠯ ᠡᠭᠦᠷᠭᠡᠯᠡᠨ ᠪᠣᠯᠪᠠᠰᠤᠷᠠᠬᠤ ᠶᠢ ᠠᠬᠢᠭᠤᠯᠵᠤ᠂ ᠬᠦᠷᠢᠶᠡᠯᠡᠩ | ᠲᠣᠭᠤᠷᠢᠭ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠳᠡᠭᠡᠳᠦ ᠲᠠᠰ ᠤᠨ ᠴᠢᠳᠠᠪᠤᠷᠢᠲᠠᠨ ᠪᠠ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠨᠢᠭᠡ | ᠪᠦᠯᠦᠭ ᠲᠥᠷᠥᠯ ᠵᠦᠢᠯ ᠢ ᠳᠠᠭᠠᠭᠤᠯᠵᠤ ᠪᠠᠶᠢᠭ᠎ᠠ ᠠᠵᠤ ᠦᠢᠯᠡᠰ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ | ᠬᠥᠮᠥᠵᠢᠭᠦᠯᠦᠨ ᠣᠷᠣᠭᠤᠯᠵᠤ ᠢᠷᠡᠨ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠪᠤᠵᠠᠭᠠᠶᠢᠷᠠᠭᠤᠯᠤᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ | ᠬᠦᠷᠢᠶᠡᠯᠡᠩ ᠬᠠᠮᠲᠤᠷᠠᠨ ᠴᠢᠳᠠᠪᠤᠷᠢᠲᠠᠨ ᠬᠥᠮᠥᠵᠢᠭᠦᠯᠬᠦ ᠲᠣᠭᠲᠠᠴᠠ ᠶᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ︽ᠵᠠᠬᠢᠶᠠᠯᠠᠭ᠎ᠠ ᠶᠢᠨ ᠮᠠᠶ᠋ᠢᠭ︾ ᠢᠶᠠᠷ ᠴᠢᠳᠠᠪᠤᠷᠢᠲᠠᠨ ᠬᠥᠮᠥᠵᠢᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠤᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠳᠤ ᠬᠦᠴᠢᠷᠲᠡᠢ | ᠪᠠᠶᠢᠬᠤ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ︔ ᠡᠯ᠎ᠡ ᠲᠥᠷᠥᠯ ᠤᠨ ᠠᠵᠤ ᠦᠢᠯᠡᠳᠪᠦᠷᠢ ᠶᠢᠨ ᠴᠢᠳᠠᠪᠤᠷᠢᠲᠠᠨ ᠤ ᠱᠠᠩᠨᠠᠯ ᠤᠨ ᠨᠥᠬᠦᠪᠦᠷᠢ ᠪᠠ | ᠠᠮᠢᠳᠤᠷᠠᠯ ᠤᠨ ᠪᠠᠲᠤᠯᠠᠭ᠎ᠠ ᠶᠢᠨ ᠣᠯᠭᠤᠮᠵᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠢ ᠬᠥᠮᠥᠵᠢᠭᠦᠯᠵᠦ | ᠣᠷᠣᠭᠤᠯᠤᠨ ᠠᠪᠴᠢᠷᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | 18. ᠰᠢᠯᠭᠠᠨ ᠬᠢᠨᠠᠵᠤ ᠦᠨᠡᠯᠡᠬᠦ ᠶᠢ ᠴᠢᠩᠭᠠᠷᠠᠭᠤᠯᠤᠨ᠎ᠠ᠃ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ | ᠬᠥᠭᠵᠢᠯᠲᠡ ᠶᠢᠨ ᠶᠡᠷᠦᠩᠬᠡᠶᠢᠯᠡᠭᠰᠡᠨ ᠬᠢᠷᠢ ᠬᠡᠮᠵᠢᠶ᠎ᠡ ᠶᠢ ᠬᠢᠨᠠᠨ ᠰᠢᠯᠭᠠᠵᠤ ᠦᠨᠡᠯᠡᠬᠦ ᠠᠷᠭ᠎ᠠ ᠶᠢ ᠲᠣᠭᠲᠠᠭᠠᠨ ᠨᠡᠶᠢᠲᠡᠯᠡᠵᠦ᠂ ᠶᠡᠷᠦᠩᠬᠡᠢ ᠬᠥᠭᠵᠢᠯᠲᠡ ᠶᠢᠨ ᠬᠢᠷᠢ | ᠬᠡᠮᠵᠢᠶ᠎ᠡ᠂ ᠮᠦ ᠪᠦᠷᠢ ᠶᠢᠨ ᠳᠤᠮᠳᠠᠴᠢ ᠦᠷ᠎ᠡ ᠠᠰᠢᠭ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ 5 ᠲᠠᠯ᠎ᠠ ᠪᠠᠷ ᠬᠢᠨᠠᠨ ᠰᠢᠯᠭᠠᠵᠤ ᠦᠨᠡᠯᠡᠬᠦ ᠶᠢ ᠳᠣᠪᠤᠶᠢᠯᠭᠠᠵᠤ᠂ ᠡᠯ᠎ᠡ ᠬᠦᠷᠢᠶᠡᠯᠡᠩ | ᠲᠣᠭᠤᠷᠢᠭ ᠤᠨ ᠬᠥᠭᠵᠢᠯᠲᠡ ᠶᠢᠨ ᠪᠠᠶᠢᠳᠠᠯ ᠢ ᠪᠤᠰᠤᠳᠴᠢ ᠪᠠᠷ᠂ ᠪᠥᠬᠦ ᠲᠠᠯ᠎ᠠ ᠪᠠᠷ᠂ ᠣᠨᠣᠪᠴᠢᠲᠠᠶ ᠲᠤᠰᠬᠠᠨ᠎ᠠ᠃ ᠰᠢᠯᠭᠠᠨ ᠦᠨᠡᠯᠡᠭᠰᠡᠨ ᠦᠷ᠎ᠡ ᠳ᠋ᠦᠩ ᠤᠨ | ᠬᠡᠷᠡᠭᠯᠡᠯᠲᠡ ᠶᠢ ᠴᠢᠩᠭᠠᠳᠬᠠᠵᠤ᠂ ᠰᠢᠯᠭᠠᠨ ᠦᠨᠡᠯᠡᠬᠦ ᠠᠴᠠ ᠡᠮᠦᠨᠡᠬᠢ ᠬᠦᠷᠢᠶᠡᠯᠡᠩ ᠲᠣᠭᠤᠷᠢᠭ ᠲᠤ ᠪᠡᠯᠡ ᠮᠥᠩᠭᠦ ᠶᠢᠨ ᠱᠠᠩᠨᠠᠯ ᠨᠥᠬᠦᠪᠦᠷᠢ ᠪᠠ ᠲᠥᠷᠥ ᠶᠢᠨ | ᠪᠣᠳᠣᠯᠭ᠎ᠠ ᠶᠢᠨ ᠳᠡᠮᠵᠢᠯᠭᠡ ᠦᠵᠡᠭᠦᠯᠬᠦ ᠠᠴᠠ ᠭᠠᠳᠠᠨ᠎ᠠ᠂ ᠬᠤᠶᠠᠷ ᠵᠢᠯ ᠳᠠᠷᠠᠭᠠᠯᠠᠨ ᠰᠢᠯᠭᠠᠨ ᠦᠨᠡᠯᠡᠭᠡᠳ ᠬᠢᠷᠢ ᠪᠦᠲᠦᠮᠵᠢ ᠪᠠᠷ ᠬᠤᠴᠤᠷᠤᠩᠭᠤᠢ ᠮᠥᠷᠲᠡᠭᠡᠨ ᠬᠠᠯᠠᠨ | ᠰᠠᠶᠢᠵᠢᠷᠠᠭᠤᠯᠬᠤ ᠪᠠᠷ ᠤᠳᠠᠭᠠᠨ ᠪᠠᠶᠢᠭ᠎ᠠ ᠬᠦᠷᠢᠶᠡᠯᠡᠩ ᠲᠣᠭᠤᠷᠢᠭ ᠲᠤ ᠤᠯᠠᠭᠠᠨ ᠫᠠᠶᠢᠰᠠ ᠡᠯᠭᠦᠵᠦ᠂ ᠪᠥᠬᠦ ᠬᠤᠲᠠ ᠪᠠᠷ ᠢᠶᠠᠨ ᠲᠡᠭᠦᠨ ᠤ ᠳᠡᠭᠡᠳᠦ ᠱᠠᠲᠤᠨ ᠤ ᠪᠡᠯᠡ | ᠮᠥᠩᠭᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠬᠢᠷᠢ ᠬᠡᠮ ᠢ ᠵᠠᠷᠯᠠᠨ ᠮᠡᠳᠡᠭᠳᠡᠵᠦ᠂ ᠲᠦᠷ ᠵᠣᠭᠰᠣᠭᠠᠵᠤ᠂ ᠬᠦᠷᠢᠶᠡᠯᠡᠩ ᠲᠣᠭᠤᠷᠢᠭ ᠤᠨ ᠭᠤᠣᠯ | ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠠᠴᠠ ᠠᠪᠤᠭᠠᠳ ᠴᠢᠨᠠᠭᠰᠢᠯᠠᠪᠠᠯ ᠲᠣᠬᠢᠷᠠᠭᠤᠯᠤᠯᠲᠠ ᠬᠢᠨ᠎ᠡ᠃ | | |