ᠴᠢᠨᠠᠷ ᠰᠠᠶᠢᠲᠠᠢ ᠬᠥᠭᠵᠢᠯᠲᠡ ᠶᠢ ᠤᠯᠠᠨ ᠢᠶᠠᠷ ᠢᠶᠠᠨ ᠶᠠᠷᠢᠬᠤ᠂  ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠥᠨᠳᠥᠷ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠᠷ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2023/9/7
      ᠬᠥᠲᠥᠯᠥᠭᠴᠢ᠄ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠦᠵᠡᠬᠦ᠂ ᠪᠠᠶᠠᠨᠨᠠᠭᠤᠷ ᠬᠡᠷᠬᠢᠨ ᠠᠵᠢᠯᠯᠠᠬᠤ᠂ ︽ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠣᠯᠠᠨ ᠤ ᠶᠠᠷᠢᠯᠴᠠᠭ᠎ᠠ︾ ᠶᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠡᠷᠬᠡ ᠲᠡᠭᠰᠢ ᠥᠷᠢᠰᠦᠯᠳᠦᠭᠡᠨ ᠢ ᠴᠢᠩᠭᠠᠳᠬᠠᠬᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠡᠯᠧᠮᠧᠨ᠋ᠲ ᠪᠣᠯᠣᠨ᠎ᠠ᠃ ᠮᠠᠨ ᠤ ᠬᠤᠲᠠ ᠶᠢᠨ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠶᠠᠮᠠᠷ ᠶᠠᠮᠠᠷ ᠬᠤᠪᠢ ᠨᠡᠮᠡᠷᠢ ᠦᠵᠡᠭᠦᠯᠦᠭᠰᠡᠨ ᠪᠣᠶ︖ ᠥᠨᠥᠳᠥᠷ ᠪᠢᠳᠡ ᠪᠠᠶᠠᠨᠨᠠᠭᠤᠷ ᠬᠤᠲᠠ  ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ  ᠶᠢᠨ ᠲᠣᠪᠴᠢᠶ᠎ᠠ ︵ᠮᠡᠳᠡᠯᠭᠡ  ᠶᠢᠨ ᠪᠦᠲᠦᠭᠡᠭᠳᠡᠬᠦᠨ ᠤ ᠥᠮᠴᠢᠯᠡᠬᠦ ᠡᠷᠬᠡ  ᠶᠢᠨ ᠲᠣᠪᠴᠢᠶ᠎ᠠ︶ ᠶᠢᠨ ᠲᠣᠪᠴᠢᠶᠠᠨ ᠳᠠᠷᠤᠭ᠎ᠠ ᠵᠣᠣ ᠶᠦᠩ ᠵᠢᠶᠦ᠋ᠨ ᠪᠣᠯᠣᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ  ᠶᠢᠨ ᠲᠣᠪᠴᠢᠶᠠᠨ ᠤ ᠳᠡᠳ᠋ ᠳᠠᠷᠤᠭ᠎ᠠ ᠪᠠᠢ ᠯᠢ  ᠶᠢ ᠤᠷᠢᠵᠤ ᠮᠠᠨ ᠤ ᠲᠣᠭᠯᠠᠯᠲᠠ  ᠶᠢᠨ ᠲᠠᠰᠤᠭ ᠲᠤ  ᠮᠣᠷᠢᠯᠠᠵᠤ ᠣᠯᠠᠨ ᠳᠤ ᠬᠠᠷᠢᠭᠤᠯᠲᠠ ᠥᠭᠭᠦᠨ᠎ᠡ᠃ ᠬᠤᠶᠠᠷ ᠵᠣᠴᠢᠨ ᠢ ᠪᠠᠶᠠᠷᠯᠠᠨ ᠤᠭᠲᠤᠵᠤ ᠪᠠᠶᠢᠨ᠎ᠠ᠃      ᠵᠣᠴᠢᠨ᠄ ᠬᠥᠲᠥᠯᠥᠭᠴᠢ ᠰᠠᠶᠢᠨ ᠤᠤ︕ ᠦᠵᠡᠭᠴᠢᠳ ᠨᠠᠶᠢᠵᠠ ᠨᠠᠷ ᠰᠠᠶᠢᠨ ᠪᠠᠶᠢᠵᠠᠭᠠᠨ᠎ᠠ  ᠤᠤ︕      ᠬᠥᠲᠥᠯᠥᠭᠴᠢ᠄ ︽ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠨ᠎ᠡ︾ ᠭᠡᠳᠡᠭ ᠪᠣᠯ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠮᠠᠭᠲᠠ ᠪᠠᠷᠢᠮᠲᠠᠯᠠᠭᠰᠠᠭᠠᠷ ᠢᠷᠡᠭᠰᠡᠨ ᠬᠠᠷᠠᠯᠲᠠ ᠮᠥᠨ᠂ 2019 ᠣᠨ ᠳᠤ ᠪᠠᠶᠢᠭᠤᠯᠤᠭᠳᠠᠭᠰᠠᠨ  ᠠᠴᠠ ᠣᠲᠣ ᠪᠣᠯᠲᠠᠯ᠎ᠠ᠂ ᠲᠠᠳᠠ ᠴᠥᠬᠦᠷᠡᠰᠢ ᠦᠭᠡᠢ ᠴᠢᠷᠮᠠᠶᠢᠵᠤ᠂ ᠪᠠᠭ᠎ᠠ ᠪᠤᠰᠤ ᠠᠮᠵᠢᠯᠲᠠ ᠪᠦᠲᠦᠮᠵᠢ ᠣᠯᠵᠠᠢ᠂ ᠪᠢᠳᠡ ᠤᠷᠢᠳ ᠢᠶᠠᠷ ᠨᠢᠭᠡ ᠣᠬᠤᠷ ᠹᠢᠯᠢᠮ ᠢᠶᠠᠷ ᠳᠠᠮᠵᠢᠭᠤᠯᠤᠨ ᠣᠶᠢᠯᠠᠭᠠᠶ᠎ᠠ᠃      ᠬᠥᠲᠥᠯᠥᠭᠴᠢ᠄ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠣᠯ ᠳᠠᠷᠤᠢ ᠦᠢᠯᠡᠳᠪᠦᠷᠢᠯᠡᠯ ᠤᠨ ᠬᠦᠴᠦᠨ ᠮᠥᠨ᠂ ᠳᠠᠷᠤᠢ ᠥᠷᠢᠰᠦᠯᠳᠦᠬᠦ ᠬᠦᠴᠦᠨ ᠮᠥᠨ᠃ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠣᠨ ᠪᠦᠲᠦᠭᠡᠯᠴᠢ ᠬᠦᠴᠦᠨ ᠢ ᠭᠦᠢᠴᠡᠳ ᠬᠥᠭᠵᠢᠭᠡᠬᠦ ᠪᠣᠯ ᠠᠵᠤ ᠠᠬᠤᠢ ᠶᠢᠨ ᠲᠦᠷᠭᠡᠨ ᠨᠡᠮᠡᠭᠳᠡᠯ ᠠᠴᠠ ᠴᠢᠨᠠᠷ ᠰᠠᠶᠢᠲᠠᠢ ᠬᠥᠭᠵᠢᠯᠲᠡ ᠲᠡᠰᠢ ᠰᠢᠯᠵᠢᠬᠦ ᠶᠢᠨ ᠴᠢᠬᠤᠯᠠ ᠰᠠᠭᠤᠷᠢ ᠪᠣᠯᠣᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠲᠠᠯ᠎ᠠ ᠪᠠᠷ ᠪᠢᠳᠡᠨ ᠳᠤ ᠶᠠᠮᠠᠷ ᠶᠠᠮᠠᠷ ᠢᠳᠡᠪᠬᠢᠲᠡᠢ ᠠᠷᠭ᠎ᠠ ᠬᠡᠮᠵᠢᠶ᠎ᠡ ᠪᠠᠶᠢᠬᠤ ᠪᠣᠶ︖      ᠵᠣᠴᠢᠨ᠄ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠣᠯ ᠨᠢᠭᠡ ᠬᠤᠲᠠ ᠶᠢᠨ ᠵᠥᠭᠡᠯᠡᠨ ᠪᠣᠳᠠᠲᠤ ᠬᠦᠴᠦᠨ ᠤ ᠰᠢᠯᠭᠠᠭᠤᠷ ᠮᠥᠨ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠴᠢᠯᠦᠭᠡᠲᠡᠢ ᠲᠠᠯᠪᠢᠬᠤ ᠲᠠᠯ᠎ᠠ ᠪᠠᠷ ᠠᠯᠢ ᠪᠣᠯᠬᠤ ᠪᠠᠷ ᠠᠮᠢᠳᠤ ᠰᠣᠷᠭᠤᠭ ᠬᠦᠴᠦᠨ ᠴᠢᠳᠠᠯ ᠢᠶᠠᠨ ᠪᠠᠳᠠᠷᠠᠭᠤᠯᠵᠤ᠂ ᠪᠦᠲᠦᠭᠡᠯᠴᠢ ᠬᠦᠴᠦᠨ ᠢᠶᠠᠨ ᠪᠠᠳᠠᠷᠠᠭᠤᠯᠬᠤ ᠪᠠᠷ ᠴᠢᠷᠮᠠᠶᠢᠬᠤ ᠬᠡᠷᠡᠭᠲᠡᠢ᠃ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠶᠢ ᠰᠢᠭᠤᠳ ᠬᠦᠴᠦᠨ ᠦᠭᠡᠢ ᠪᠣᠯᠭᠠᠬᠤ᠂ ᠬᠢᠨᠠᠨ ᠵᠥᠪᠰᠢᠶᠡᠷᠡᠬᠦ ᠶᠢ ᠳᠠᠩᠰᠠᠯᠠᠬᠤ ᠪᠣᠯᠭᠠᠨ ᠥᠭᠡᠷᠡᠴᠢᠯᠡᠬᠦ᠂ ᠠᠮᠠᠯᠠᠯᠲᠠ ᠪᠠᠨ ᠮᠡᠳᠡᠭᠳᠡᠬᠦ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠳᠥᠷᠪᠡᠨ ᠵᠦᠢᠯ ᠤᠨ ᠠᠷᠭ᠎ᠠ ᠮᠠᠶ᠋ᠢᠭ ᠢᠶᠠᠷ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠥᠷᠥᠯ ᠬᠤᠪᠢᠶᠠᠨ ᠲᠦᠯᠬᠢᠨ ᠠᠬᠢᠭᠤᠯᠤᠨ᠎ᠠ᠃ ᠬᠢᠨᠠᠨ ᠵᠥᠪᠰᠢᠶᠡᠷᠡᠬᠦ ᠵᠦᠢᠯᠡᠰ ᠢ ᠳᠣᠷᠣᠭᠰᠢ ᠪᠠᠭᠤᠯᠭᠠᠬᠤ ᠠᠵᠢᠯ ᠢ ᠢᠳᠡᠪᠬᠢᠲᠡᠢ ᠪᠠᠷ ᠠᠬᠢᠭᠤᠯᠵᠤ᠂ ᠬᠡᠰᠡᠭ ᠡᠷᠬᠡ ᠮᠡᠳᠡᠯ ᠤᠨ ᠬᠡᠪᠴᠢᠶ᠎ᠡ ᠶᠢ ᠳᠣᠷᠣᠭᠰᠢ ᠪᠠᠭᠤᠯᠭᠠᠬᠤ ᠪᠤᠶᠤ ᠬᠤᠰᠢᠭᠤ ᠰᠢᠶᠠᠨ ᠲᠣᠭᠤᠷᠢᠭ ᠤᠨ ᠲᠣᠪᠴᠢᠶ᠎ᠠ ᠳᠤ ᠨᠠᠶᠢᠳᠠᠨ ᠳᠣᠷᠣᠭᠰᠢ ᠪᠠᠭᠤᠯᠭᠠᠵᠤ ᠭᠦᠢᠴᠡᠳᠬᠡᠨ᠎ᠡ᠃ ᠬᠠᠮᠢᠶᠠᠷᠬᠤ ᠲᠠᠯ᠎ᠠ ᠪᠠᠷ ᠬᠢᠷᠢ ᠬᠡᠮᠵᠢᠶ᠎ᠡ ᠶᠢ ᠨᠢ ᠬᠠᠮᠢᠶᠠᠷᠴᠤ᠂ ᠶᠠᠰᠤ ᠴᠢᠨᠠᠷ ᠢ ᠨᠢ ᠬᠠᠮᠢᠶᠠᠷᠬᠤ ᠪᠠᠷ ᠴᠢᠷᠮᠠᠶᠢᠬᠤ ᠬᠡᠷᠡᠭᠲᠡᠢ᠃ ᠬᠠᠤᠯᠢ ᠪᠠᠷ ᠵᠠᠰᠠᠬᠤ ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠣᠶᠤᠨᠴᠢ ᠬᠢᠨᠠᠯᠲᠠ ᠬᠠᠮᠢᠶᠠᠷᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠶᠡᠬᠡᠪᠡᠷ ᠬᠡᠷᠡᠭᠵᠢᠭᠦᠯᠵᠦ᠂ ᠬᠢᠨᠠᠨ ᠬᠠᠮᠢᠶᠠᠷᠬᠤ ᠡᠲᠡᠭᠡᠳ ᠤᠨ ᠢᠲᠡᠭᠡᠮᠵᠢ ᠶᠢᠨ ᠲᠠᠰ ᠪᠠ ᠲᠦᠭᠰᠢᠭᠦᠷᠢ ᠶᠢᠨ ᠲᠥᠷᠥᠯ ᠠᠩᠭᠢᠯᠠᠯ ᠲᠠᠢ ᠤᠶᠠᠯᠳᠤᠭᠤᠯᠤᠨ᠂ ᠰᠤᠭᠤᠴᠢᠨ ᠪᠠᠶᠢᠴᠠᠭᠠᠬᠤ ᠬᠠᠷᠢᠴᠠᠯ᠂ ᠤᠳᠠᠭ᠎ᠠ ᠤᠳᠠᠭ᠎ᠠ ᠪᠠ ᠣᠷᠣᠯᠴᠠᠬᠤ ᠰᠠᠯᠠᠭ᠎ᠠ ᠮᠥᠴᠢᠷ ᠢ ᠵᠦᠢ ᠵᠣᠬᠢᠰᠲᠠᠢ ᠲᠣᠭᠲᠠᠭᠠᠵᠤ᠂ ︽ᠨᠢᠭᠡ ᠤᠳᠠᠭ᠎ᠠ ᠡᠭᠦᠳᠡ ᠪᠠᠷ ᠣᠷᠣᠵᠤ᠂ ᠣᠯᠠᠨ ᠵᠦᠢᠯ ᠤᠨ ᠤᠴᠢᠷ ᠶᠠᠪᠤᠳᠠᠯ ᠢ ᠪᠠᠶᠢᠴᠠᠭᠠᠬᠤ︾ ︽ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ︾ ᠪᠠᠶᠢᠬᠤ ᠶᠢ ᠪᠡᠶᠡᠯᠡᠭᠦᠯᠦᠨ᠎ᠡ᠃ ᠤᠤᠭᠤᠬᠤ ᠲᠠᠯ᠎ᠠ ᠪᠠᠷ ᠴᠢᠳᠠᠬᠤ ᠶᠢᠨ ᠬᠢᠷᠢ ᠪᠠᠷ ᠤᠤᠭᠤᠬᠤ ᠳᠤ ᠲᠦᠭᠦᠮ ᠦᠵᠡᠭᠦᠯᠵᠦ᠂ ᠤᠤᠭᠤᠬᠤ ᠳᠤ ᠠᠰᠢᠭᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ︽ᠳᠠᠷᠤᠶᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠬᠦ︾ ︽ᠳᠥᠷᠪᠡ ᠶᠢ ᠭᠦᠢᠴᠡᠳᠬᠡᠬᠦ︾ ᠶᠢᠨ ᠦᠢᠯᠡᠴᠢᠯᠡᠭᠡᠨ ᠢ ᠶᠡᠬᠡᠪᠡᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠪᠠ ᠦᠢᠯᠡᠴᠢᠯᠡᠭᠡᠨ ᠤ ᠵᠦᠢᠯᠡᠰ ᠢ ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠬᠤ ᠶᠢᠨ ᠬᠠᠮᠲᠤ ᠲᠤᠰᠬᠠᠢ ᠲᠢᠩᠬᠢᠮ ᠪᠠᠶᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠬᠤ ᠬᠢᠨᠠᠨ ᠵᠥᠪᠰᠢᠶᠡᠷᠡᠯ ᠤᠨ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠵᠠᠷᠤᠳᠠᠯ ᠢ ᠪᠠᠭᠠᠰᠬᠠᠬᠤ ᠶᠢ ᠠᠬᠢᠭᠤᠯᠵᠤ᠂ ᠠᠵᠤ ᠠᠬᠤᠶᠢᠯᠠᠯ ᠢ 0.5 ᠠᠵᠢᠯᠯᠠᠬᠤ ᠡᠳᠦᠷ ᠲᠤ ᠳᠠᠷᠤᠢ ᠭᠦᠢᠴᠡᠳᠬᠡᠨ ᠳᠠᠭᠤᠰᠬᠠᠵᠤ᠂ ᠠᠵᠤ ᠠᠬᠤᠶᠢᠯᠠᠯ ᠢ ᠳᠥᠭᠦᠮᠬᠡᠨ ᠢᠶᠠᠷ ᠬᠦᠴᠦᠨ ᠦᠭᠡᠢ ᠪᠣᠯᠭᠠᠬᠤ ᠶᠢ 20 ᠡᠳᠦᠷ ᠪᠣᠯᠭᠠᠨ ᠪᠠᠭᠠᠰᠬᠠᠨ᠎ᠠ᠃ ᠵᠠᠰᠠᠭ ᠪᠠ ᠪᠠᠩᠬᠢ ᠶᠢᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠮᠤᠵᠢ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠨᠡᠶᠢᠳᠡᠮ ᠭᠦᠢᠴᠡᠳᠬᠡᠬᠦ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠪᠠ ᠡᠯᠧᠺᠲᠷᠣᠨ ᠲᠠᠮᠠᠭ᠎ᠠ ᠶᠢ ᠰᠠᠯᠠᠭ᠎ᠠ ᠮᠥᠴᠢᠷ ᠠᠯᠤᠰᠯᠠᠨ ᠭᠠᠵᠠᠷ ᠣᠷᠣᠨ ᠠᠯᠤᠰᠯᠠᠨ ᠬᠠᠷᠢᠯᠴᠠᠨ ᠢᠲᠡᠭᠡᠯᠴᠡᠵᠦ ᠬᠠᠷᠢᠯᠴᠠᠨ ᠮᠡᠳᠡᠷᠡᠬᠦ ᠶᠢ ᠪᠡᠶᠡᠯᠡᠭᠦᠯᠦᠨ᠎ᠡ᠃      ᠬᠥᠲᠥᠯᠥᠭᠴᠢ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠥᠷᠨᠢᠭᠦᠯᠵᠦ ᠪᠠᠶᠢᠭ᠎ᠠ ᠮᠠᠰᠢ ᠣᠯᠠᠨ ᠠᠵᠢᠯ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠰᠢᠭᠤᠳ ᠬᠠᠨᠳᠤᠵᠤ᠂ ᠣᠯᠠᠨ ᠲᠦᠮᠡᠨ ᠠᠴᠠ ᠬᠠᠮᠤᠭ ᠤᠨ ᠣᠶᠢᠷ᠎ᠠ ᠪᠠᠶᠢᠳᠠᠭ᠂ ᠵᠠᠬ᠎ᠠ ᠳᠡᠯᠭᠡᠭᠦᠷ ᠤᠨ ᠭᠤᠣᠯ ᠴᠣᠭᠴᠠ ᠲᠠᠢ ᠬᠠᠮᠤᠭ ᠤᠨ ᠨᠢᠭᠲᠠ ᠬᠠᠷᠢᠯᠴᠠᠵᠤ ᠪᠠᠶᠢᠭ᠎ᠠ ᠰᠠᠯᠠᠭ᠎ᠠ ᠮᠥᠴᠢᠷ ᠤᠨ ᠨᠢᠭᠡ ᠪᠣᠯᠬᠤ ᠶᠢ ᠪᠢᠳᠡ ᠮᠡᠳᠡᠨ᠎ᠡ᠂ ᠲᠡᠭᠡᠪᠡᠯ ᠮᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠬᠦ ᠪᠣᠶ︖      ᠵᠣᠴᠢᠨ᠄ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠪᠣᠯ ᠳᠠᠷᠤᠢ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠪᠠᠲᠤᠯᠠᠵᠤ ᠪᠠᠶᠢᠭ᠎ᠠ ᠶᠠᠪᠤᠳᠠᠯ ᠮᠥᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠬᠤ ᠪᠣᠯ ᠳᠠᠷᠤᠢ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠦᠨᠳᠦᠰᠦᠨ ᠠᠷᠠᠳ ᠤᠨ ᠠᠮᠢᠳᠤᠷᠠᠯ ᠢ  ᠲᠣᠭᠲᠠᠪᠤᠷᠢᠵᠢᠭᠤᠯᠤᠨ᠎ᠠ᠃ ᠣᠶᠢᠷ᠎ᠠ ᠶᠢᠨ ᠵᠢᠯ ᠠᠴᠠ᠂ ᠪᠢᠳᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠬᠦᠴᠢᠷᠳᠡᠯ ᠢ ᠨᠢ ᠰᠢᠢᠳᠪᠦᠷᠢᠯᠡᠬᠦ ᠶᠢᠨ ᠲᠣᠭᠤᠷᠢᠨ ᠳᠤ᠂ ᠠᠯᠢ ᠤᠯᠠᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠬᠢᠨᠠᠯᠲᠠ ᠬᠠᠮᠢᠶᠠᠷᠤᠯᠲᠠ ᠶᠢᠨ ︽ᠬᠠᠮ ᠠᠷᠭ᠎ᠠ ᠬᠡᠮᠵᠢᠶ᠎ᠡ︾ ᠶᠢ ᠬᠡᠷᠡᠭᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠬᠦᠴᠢᠷ ᠢ ᠲᠤᠭᠤᠯᠬᠤ ᠪᠠᠷ ᠴᠢᠷᠮᠠᠶᠢᠪᠠ᠃ ᠨᠢᠭᠡ ᠳᠤ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠳᠦᠷᠢᠮ︾ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠤᠬᠤᠷᠢᠨ ᠭᠠᠷᠬᠤ᠂ ᠶᠠᠰᠤ ᠴᠢᠨᠠᠷ ᠢ ᠳᠡᠭᠡᠭᠰᠢᠯᠡᠭᠦᠯᠦᠨ ᠬᠠᠪᠰᠤᠷᠤᠨ ᠲᠡᠳᠬᠦᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠡᠳᠬᠦᠨ ᠲᠤᠰᠠᠯᠠᠵᠤ ᠱᠠᠩᠨᠠᠬᠤ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠯᠲᠠ ᠶᠢ ᠵᠢᠷᠤᠮᠵᠢᠭᠤᠯᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠠᠭᠤᠯᠭ᠎ᠠ ᠶᠢ ᠪᠠᠭᠲᠠᠭᠠᠭᠰᠠᠨ ᠠᠵᠤ ᠠᠬᠤᠢ ᠶᠢ ᠲᠣᠭᠲᠠᠪᠤᠷᠢᠵᠢᠭᠤᠯᠬᠤ ᠨᠠᠢᠮᠠᠨ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠲᠠᠢ ᠤᠶᠠᠯᠳᠤᠭᠤᠯᠤᠨ ᠲᠣᠭᠲᠠᠭᠠᠵᠤ ᠨᠡᠶᠢᠲᠡᠯᠡᠨ ᠬᠡᠷᠡᠭᠵᠢᠭᠦᠯᠦᠭᠡᠳ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠬᠢᠬᠤ ᠬᠡᠮᠵᠢᠶ᠎ᠡ ᠪᠠᠷ ᠲᠣᠭᠲᠠᠪᠤᠷᠢᠵᠢᠭᠤᠯᠪᠠ᠃ ᠬᠤᠶᠠᠷ ᠲᠤ ᠠᠵᠤ ᠠᠬᠤᠶᠢᠯᠠᠯ ᠳᠤ ᠬᠤᠯᠪᠣᠭᠳᠠᠭᠰᠠᠨ ᠤᠶᠠᠨ ᠵᠥᠭᠡᠯᠡᠨ ᠴᠢᠨᠠᠷᠲᠠᠢ ᠬᠠᠤᠯᠢ ᠬᠡᠷᠡᠭᠵᠢᠭᠦᠯᠦᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠰᠢᠳᠬᠡᠯ ᠥᠯᠥ ᠥᠭᠬᠦ ᠵᠦᠢᠯᠡᠰ ᠢ ᠲᠣᠭᠲᠠᠭᠠᠨ᠂ ᠵᠠᠰᠠᠭ ᠵᠠᠬᠢᠷᠭᠠᠨ ᠤ ᠰᠢᠳᠬᠡᠯ ᠥᠯᠥ ᠥᠭᠬᠦ ᠵᠦᠢᠯᠡᠰ ᠢ ᠨᠡᠶᠢᠲᠡ 27 ᠵᠦᠢᠯ ᠬᠥᠩᠭᠡᠷᠡᠭᠦᠯᠬᠦ ᠪᠤᠶᠤ ᠬᠥᠩᠭᠡᠨ ᠢᠶᠠᠷ ᠰᠢᠳᠭᠡᠵᠦ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ 6 ᠵᠦᠢᠯ ᠤᠨ ᠠᠷᠭ᠎ᠠ ᠬᠡᠮᠵᠢᠶ᠎ᠡ ᠶᠢ ᠥᠯᠥ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢ ᠨᠠᠩ ᠢᠯᠡᠭᠦᠦ ︽ᠳᠤᠯᠠᠭᠠᠨ︾ ᠲᠠᠢ ᠪᠣᠯᠭᠠᠪᠠ᠃ ᠭᠤᠷᠪᠠ ᠳᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠵᠣᠯᠭᠠᠭᠤᠯᠤᠨ ᠬᠠᠪᠰᠤᠷᠤᠨ ᠲᠡᠳᠬᠦᠵᠦ᠂ ︽ᠦᠨᠳᠦᠰᠦᠨ ᠱᠠᠲᠤᠨ ᠳᠤ ᠶᠠᠪᠤᠬᠤ᠂ ᠪᠣᠳᠠᠲᠠᠢ ᠶᠠᠪᠤᠳᠠᠯ ᠬᠢᠬᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠬᠦᠴᠢᠷᠳᠡᠯ ᠢ ᠦᠨᠡᠨᠬᠦ ᠰᠢᠢᠳᠪᠦᠷᠢᠯᠡᠵᠦ ᠥᠭᠭᠦᠨ᠎ᠡ᠃ 2022 ᠣᠨ ᠳᠤ ᠪᠥᠬᠦ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ 2.4 ᠲᠦᠮᠡᠨ ᠡᠷᠦᠬᠡ ᠳᠤ ᠬᠦᠷᠴᠦ᠂ ᠦᠷᠭᠦᠯᠵᠢᠯᠡᠨ ᠣᠷᠣᠰᠢᠵᠤ ᠪᠠᠶᠢᠭ᠎ᠠ ᠵᠠᠬ᠎ᠠ ᠳᠡᠯᠭᠡᠭᠦᠷ ᠤᠨ ᠪᠡᠶᠡᠴᠢ ᠴᠣᠭᠴᠠ 16.55 ᠲᠦᠮᠡᠨ ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.81% ᠪᠠᠷ ᠨᠡᠮᠡᠭᠳᠡᠪᠡ᠃      ᠬᠥᠲᠥᠯᠥᠭᠴᠢ᠄ ᠡᠲᠡᠭᠡᠷ ᠠᠷᠭ᠎ᠠ ᠬᠡᠮᠵᠢᠶ᠎ᠡ ᠠᠴᠠ ᠮᠠᠨ ᠤ ᠠᠵᠢᠯ ᠤᠨ ᠨᠠᠷᠢᠨ ᠨᠢᠮᠪᠠᠢ᠂ ᠬᠠᠯᠠᠭᠤᠨ ᠳᠤᠯᠠᠭᠠᠨ ᠤ ᠬᠡᠮᠵᠢᠶ᠎ᠡ ᠶᠢ ᠨᠠᠳᠠ ᠳᠤ ᠮᠡᠳᠡᠷᠡᠭᠦᠯᠪᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠣᠯ ᠠᠵᠤ ᠠᠬᠤᠶᠢᠯᠠᠯ ᠤᠨ ᠭᠤᠣᠯᠯᠠᠭᠴᠢ ᠥᠷᠢᠰᠦᠯᠳᠦᠬᠦ ᠬᠦᠴᠦᠨ ᠮᠥᠨ᠂ ᠤᠯᠤᠰ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢᠨ ᠴᠢᠬᠤᠯᠠ ᠲᠤᠯᠭᠠᠭᠤᠷᠢᠯᠠᠯ ᠮᠥᠨ᠂ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ︽ᠰᠢᠨ᠎ᠡ ᠬᠥᠳᠡᠯᠭᠡᠭᠦᠷ︾ ᠮᠥᠨ᠂ ᠪᠢᠳᠡᠨ ᠳᠤ ᠡᠨᠡ ᠲᠠᠯ᠎ᠠ ᠶᠢᠨ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠲᠠᠨᠢᠯᠴᠠᠭᠤᠯᠤᠭᠠᠳ ᠥᠭᠭᠦᠨ᠎ᠡ  ᠤᠤ︖      ᠵᠣᠴᠢᠨ᠄ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠤᠭᠤᠶᠢᠯᠠᠩ ᠨᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠫᠠᠶᠢᠰᠠ ᠶᠢ ᠬᠠᠮᠲᠤ ᠳᠤᠨᠢ ᠨᠡᠮᠡᠵᠦ ᠡᠯᠭᠦᠨ᠎ᠡ᠃ ᠣᠶᠢᠷ᠎ᠠ ᠶᠢᠨ ᠵᠢᠯ ᠠᠴᠠ᠂ ᠪᠢᠳᠡ ᠮᠡᠳᠡᠯᠭᠡ ᠶᠢᠨ ᠥᠮᠴᠢᠯᠡᠯ ᠤᠨ ᠡᠷᠬᠡ ᠪᠠᠷ ᠬᠤᠳᠠ ᠪᠠᠨ ᠬᠦᠴᠦᠷᠬᠡᠭᠵᠢᠭᠦᠯᠬᠦ  ᠪᠠᠶᠢᠯᠳᠤᠬᠤ  ᠪᠣᠳᠣᠯᠭ᠎ᠠ  ᠶᠢ  ᠭᠦᠨᠵᠡᠭᠡᠢ  ᠠᠬᠢᠭᠤᠯᠵᠤ᠂  ᠬᠤᠳᠠ  ᠶᠢᠨ  ᠵᠠᠰᠠᠭ  ᠤᠨ  ᠣᠷᠳᠣᠨ   ᠳᠤ  ︽ᠮᠡᠳᠡᠯᠭᠡ ᠶᠢᠨ ᠥᠮᠴᠢᠯᠡᠯ ᠤᠨ ᠡᠷᠬᠡ ᠶᠢ ᠲᠤᠰᠠᠯᠠᠨ ᠱᠠᠩᠨᠠᠬᠤ ᠠᠷᠭ᠎ᠠ︾ ᠶᠢ ᠲᠣᠭᠲᠠᠭᠠᠨ ᠨᠡᠶᠢᠲᠡᠯᠡᠬᠦ ᠪᠠᠷ ᠳᠡᠪᠰᠢᠭᠦᠯᠵᠦ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠶᠠᠷ ᠠᠯᠪᠠᠨ ᠭᠡᠷ ︽ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠴᠢᠩᠭᠠᠳᠬᠠᠬᠤ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠵᠤ᠂ ︽ᠮᠡᠳᠡᠯᠭᠡ ᠶᠢᠨ ᠥᠮᠴᠢᠯᠡᠯ ᠤᠨ ᠡᠷᠬᠡ ᠪᠠᠷ ᠬᠦᠴᠦᠷᠬᠡᠭ ᠤᠯᠤᠰ ᠢ ᠪᠠᠶᠢᠭᠤᠯᠬᠤ ᠬᠥᠲᠥᠯᠪᠦᠷᠢ ︵2021 ᠠᠴᠠ 2035 ᠣᠨ︶︾ ᠶᠢ ᠢᠵᠢ ᠪᠦᠷᠢᠳᠦᠭᠦᠯᠦᠨ ᠨᠠᠶᠢᠳᠠᠪᠤᠷᠢᠵᠢᠭᠤᠯᠬᠤ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠭᠦᠳᠦᠯᠲᠡ᠂ ᠬᠡᠷᠡᠭᠯᠡᠯᠲᠡ᠂ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ ᠪᠤᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠬᠦ ᠲᠠᠯ᠎ᠠ ᠪᠠᠷ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠵᠢᠯᠤᠭᠤᠳᠬᠤ ᠥᠷᠲᠡᠭᠡ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠴᠡᠭ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠢ 75 ᠪᠠᠶᠢᠭᠤᠯᠵᠤ᠂ ᠪᠥᠬᠦ ᠬᠤᠲᠠ ᠶᠢᠨ ᠬᠦᠴᠦᠨ ᠪᠦᠬᠦᠢ ᠳᠠᠩᠰᠠᠯᠠᠭᠤᠯᠤᠭᠰᠠᠨ ᠲᠠᠸᠠᠷ ‍ᠤᠨ‌ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠠᠰᠢᠭ ᠤᠨ ᠬᠤᠪᠢᠷᠠᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠶᠢ ᠢᠳᠡᠪᠬᠢᠲᠡᠢ ᠥᠷᠨᠢᠭᠦᠯᠦᠨ᠂ ︽ᠤᠷᠠᠳ ᠬᠤᠨᠢᠨ ᠮᠢᠬ᠎ᠠ︾ ︽ᠪᠠᠶᠠᠨᠨᠠᠭᠤᠷ ᠤᠨ ᠪᠤᠭᠤᠳᠠᠢ︾ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠵᠥᠪᠰᠢᠶᠡᠷᠡᠭᠦᠯᠵᠦ᠂ ︽  ᠲᠡᠭᠷᠢ ᠶᠢᠨ ᠬᠡᠰᠢᠭᠲᠦ ᠪᠣᠷᠣᠳᠣᠬᠤᠢ︾ ᠬᠢᠭᠡᠳ ︽  ᠮᠧᠩ︾ ᠥᠰᠥᠭ ᠤᠨ ᠲᠡᠮᠳᠡᠭ ᠤᠨ ᠭᠡᠷᠡᠴᠢᠯᠡᠭᠡ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠣᠣ ᠹᠧᠩ᠂ ᠾᠧᠩ ᠹᠧᠩ  ᠶᠢᠨ ᠯᠢᠶᠠᠩ  ᠭᠤᠯᠢᠷ ᠤᠨ ᠦᠢᠯᠡᠰ᠂ ᠳ᠋ᠠ ᠹᠠ ᠭᠦᠩ ᠭᠤᠯᠢᠷ ᠵᠡᠷᠭᠡ ᠭᠤᠷᠪᠠᠨ ᠠᠵᠤ ᠠᠬᠤᠶᠢᠯᠠᠯ ᠬᠤᠶᠠᠳᠤᠭᠠᠷ ᠪᠦᠯᠦᠭ ᠤᠨ ︽  ᠮᠧᠩ︾ ᠥᠰᠥᠭ ᠤᠨ ᠲᠡᠮᠳᠡᠭ ᠤᠨ ᠭᠡᠷᠡᠴᠢᠯᠡᠭᠡ ᠶᠢ ᠭᠥᠷᠳᠡᠪᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠠᠯ᠎ᠠ ᠪᠠᠷ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠵᠢᠯᠴᠠᠨ ᠬᠠᠮᠠᠭᠠᠯᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠨᠡᠷᠡᠰ ᠤᠨ ᠬᠥᠮᠥᠷᠭᠡ ᠶᠢ ᠪᠠᠶᠢᠭᠤᠯᠤᠨ᠂ ᠡᠯ᠎ᠡ ᠲᠥᠷᠥᠯ ᠤᠨ ᠲᠠᠸᠠᠷ ᠤᠨ ᠲᠡᠮᠳᠡᠭ᠂ ᠲᠤᠰᠬᠠᠢ ᠠᠰᠢᠭ᠂ ᠭᠠᠵᠠᠷ ᠵᠦᠢ ᠶᠢᠨ ᠲᠡᠮᠳᠡᠭ ᠵᠡᠷᠭᠡ ᠡᠷᠬᠡ ᠳᠤ ᠬᠠᠯᠳᠠᠵᠤ ᠬᠠᠭᠤᠷᠮᠠᠭᠯᠠᠬᠤ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠲᠠᠸᠠᠷ ᠤᠨ ᠲᠡᠮᠳᠡᠭ ᠤᠨ ᠡᠷᠬᠡ ᠣᠯᠭᠤᠨ ᠬᠡᠷᠡᠭᠯᠡᠬᠦ ᠶᠢ ᠴᠢᠩᠭ᠎ᠠ ᠵᠢᠷᠤᠮᠵᠢᠭᠤᠯᠤᠨ᠎ᠠ᠃ ︽ᠦᠶᠤᠸᠠᠨ ᠤ ᠨᠡᠷᠡᠨ ᠬᠤᠸᠠᠷ︾ ᠨᠢ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠪᠠᠷ ᠵᠥᠪᠰᠢᠶᠡᠷᠡᠭᠳᠡᠵᠦ᠂ ᠥᠪᠡᠷᠲᠡᠭᠡᠨ ᠵᠠᠰᠠᠬᠤ ᠣᠷᠣᠨ ᠤ ︽ᠲᠡᠭ︾ ᠤᠨ ᠰᠢᠪᠲᠤᠯᠤᠯᠲᠠ ᠶᠢ ᠪᠡᠶᠡᠯᠡᠭᠦᠯᠪᠡ᠃      ᠬᠥᠲᠥᠯᠥᠭᠴᠢ᠄ ᠶᠠᠰᠤ ᠴᠢᠨᠠᠷ ᠪᠣᠯ ᠠᠵᠤ ᠠᠬᠤᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠪ ᠳᠠᠭᠤᠷᠢᠶᠠᠯ ᠮᠥᠨ᠂ ᠶᠠᠰᠤ ᠴᠢᠨᠠᠷ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠶᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠤᠪᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠪᠢᠴᠢᠨ ᠣᠷᠣᠭᠤᠯᠪᠠ᠂ ᠮᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠠᠨᠨᠠᠭᠤᠷ ᠬᠤᠲᠠ ᠳᠤ ᠶᠠᠰᠤ ᠴᠢᠨᠠᠷ ᠤᠨ ᠬᠦᠴᠦᠷᠬᠡᠭ ᠬᠤᠲᠠ ᠶᠢ ᠲᠦᠯᠬᠢᠨ ᠠᠬᠢᠭᠤᠯᠬᠤ ᠲᠠᠯ᠎ᠠ ᠪᠠᠷ ᠶᠠᠮᠠᠷ ᠶᠠᠮᠠᠷ ᠴᠢᠷᠮᠠᠶᠢᠯᠭ᠎ᠠ ᠭᠠᠷᠭᠠᠭᠰᠠᠨ ᠪᠣᠶ︖      ᠵᠣᠴᠢᠨ᠄ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠠᠵᠤ ᠠᠬᠤᠢ ᠶᠢ ᠬᠥᠭᠵᠢᠭᠦᠯᠬᠦ ᠶᠢᠨ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠶᠠᠰᠤ ᠴᠢᠨᠠᠷ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠪᠠ᠃ ᠣᠶᠢᠷ᠎ᠠ ᠶᠢᠨ ᠵᠢᠯ ᠤᠨ ᠲᠤᠷᠰᠢ᠂ ᠪᠢᠳᠡ ︽ᠶᠠᠰᠤ ᠴᠢᠨᠠᠷ ᠢᠶᠠᠷ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ︾ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠭᠲᠠᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠡᠳᠬᠢᠴᠡ ᠪᠠ ᠪᠠᠶᠢᠯᠳᠤᠬᠤ ᠪᠣᠳᠣᠯᠭ᠎ᠠ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠄ ᠨᠢᠭᠡ ᠲᠠᠯ᠎ᠠ ᠪᠠᠷ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠵᠠᠭᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ᠂ ᠳᠤᠮᠳᠠ ᠵᠢᠵᠢᠭ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠲᠤᠰᠬᠠᠢ ᠠᠵᠢᠯᠯᠠᠭ᠎ᠠ ᠶᠢ ᠬᠢᠨᠠᠮᠠᠭᠠᠢ ᠰᠠᠶᠢᠲᠤᠷ ᠠᠳᠬᠤᠵᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠶᠠᠰᠤ ᠴᠢᠨᠠᠷ ᠤᠨ ᠲᠦᠷᠦᠭᠦᠸ ᠲᠤᠰᠢᠶᠠᠯᠲᠠᠨ ᠪᠠᠶᠢᠭᠤᠯᠵᠤ᠂ ᠪᠣᠷᠣᠳᠣᠬᠤᠢ ᠶᠢᠨ ᠨᠡᠷᠡᠨ ᠬᠤᠸᠠᠷ ᠤᠨ ᠠᠵᠤ ᠦᠢᠯᠡᠰ ᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠦᠢᠯᠡᠴᠢᠯᠡᠬᠦ ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ᠳᠤ ᠵᠢᠭᠰᠠᠭᠠᠨ ᠣᠷᠣᠭᠤᠯᠵᠤ᠂ ᠬᠤᠲᠠ ᠶᠢᠨ ᠵᠠᠰᠠᠭ ᠤᠨ ᠣᠷᠳᠣᠨ ᠬᠢᠭᠡᠳ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠠᠯᠠᠰᠢᠨ ᠬᠤᠨᠢ ᠢᠮᠠᠭᠠᠨ ᠨᠣᠯᠤᠥᠷ ᠤᠨ ᠠᠮᠢᠳᠤ ᠪᠣᠳᠠᠰ ᠤᠨ ᠡᠮ ᠦᠢᠯᠡᠳᠬᠦ ᠠᠵᠤ ᠦᠢᠯᠡᠰ ᠤᠨ ᠬᠡᠯᠬᠢᠶᠡᠰᠦ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ‌ᠨᠥ᠋ᠭᠦᠭᠡ ᠲᠠᠯ᠎ᠠ ᠪᠠᠷ᠂ ᠪᠢᠳᠡ ᠬᠡᠮᠵᠢᠯᠲᠡ᠂ ᠪᠠᠷᠢᠮᠵᠢᠶ᠎ᠠ᠂ ᠭᠡᠷᠡᠴᠢᠯᠡᠯ ᠵᠥᠪᠰᠢᠶᠡᠷᠡᠯ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠵᠡᠷᠭᠡ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠪᠦᠲᠦᠭᠡᠵᠦ᠂ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠪᠥᠬᠦ ᠬᠡᠯᠬᠢᠶᠡᠵᠢᠭᠰᠡᠨ᠂ ᠪᠥᠬᠦ ᠲᠠᠯ᠎ᠠ ᠶᠢᠨ᠂ ᠪᠥᠬᠦ ᠶᠠᠪᠤᠴᠠ ᠶᠢᠨ ᠶᠡᠷᠦᠩᠬᠡᠶᠢᠯᠡᠭᠰᠡᠨ ᠦᠢᠯᠡᠴᠢᠯᠡᠭᠡ ᠶᠢ ᠬᠠᠩᠭᠠᠨ᠎ᠠ᠃ ᠬᠤᠲᠠ ᠶᠢᠨ ᠦᠢᠯᠡᠳᠬᠦᠨ ᠤ ᠶᠠᠰᠤ ᠴᠢᠨᠠᠷ ᠤᠨ ᠬᠡᠮᠵᠢᠯᠲᠡ ᠶᠢᠨ ᠪᠠᠶᠢᠴᠠᠭᠠᠨ ᠰᠢᠯᠭᠠᠬᠤ ᠲᠥᠪ ᠢ ᠪᠠᠶᠢᠭᠤᠯᠵᠤ᠂ ᠪᠥᠬᠦ ᠣᠷᠣᠨ ᠤ ᠴᠣᠷ ᠤᠨ ᠭᠠᠭᠴᠠ ᠲᠤᠰᠬᠠᠢ ᠣᠷᠣᠨ ᠤ ᠲᠠᠰ ᠤᠨ ᠬᠤᠲᠠ ᠶᠢᠨ ᠵᠢᠩᠬᠢᠨᠢ ᠭᠠᠵᠠᠷ ᠤᠨ ᠲᠠᠰ ᠤᠨ ᠪᠠᠶᠢᠴᠠᠭᠠᠨ ᠰᠢᠯᠭᠠᠬᠤ ᠪᠠᠶᠢᠴᠠᠭᠠᠨ ᠰᠢᠯᠭᠠᠬᠤ ᠪᠠᠶᠢᠭᠤᠯᠤᠮᠵᠢ ᠪᠣᠯᠵᠤ᠂ ᠢᠳᠡᠭᠡᠨ᠂ ᠬᠢᠮᠢ ᠶᠢᠨ ᠪᠣᠷᠳᠣᠭᠤᠷ ᠵᠡᠷᠭᠡ ᠣᠯᠠᠨ ᠵᠦᠢᠯ ᠤᠨ ᠪᠣᠯᠵᠣᠯᠲᠤ ᠲᠤᠭ᠎ᠠ ᠶᠢ CNAS ᠲᠤᠷᠰᠢᠯᠲᠠ ᠶᠢᠨ ᠲᠠᠰᠤᠭ ᠤᠨ ᠵᠥᠪᠰᠢᠶᠡᠷᠡᠯ ᠢ ᠣᠯᠪᠠ᠃      ᠬᠥᠲᠥᠯᠥᠭᠴᠢ᠄ ᠠᠷᠠᠳ ᠣᠯᠠᠨ ᠤ ᠠᠮᠢᠳᠤᠷᠠᠯ ᠤᠨ ᠬᠢᠷᠢ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠥᠷᠭᠡᠨ ᠣᠯᠠᠨ ᠠᠷᠠᠳ ᠲᠦᠮᠡᠨ ᠤ ᠬᠡᠷᠡᠭᠯᠡᠭᠡᠨ ᠤ ᠴᠢᠨᠠᠷ ᠴᠢᠨᠰᠠᠭ᠎ᠠ᠂ ᠬᠡᠷᠡᠭᠯᠡᠭᠡᠨ ᠤ ᠦᠢᠯᠡᠴᠢᠯᠡᠭᠡ ᠵᠢᠴᠢ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠦᠰᠡᠯ ᠡᠷᠡᠮᠡᠯᠵᠡᠯ ᠨᠠᠩ ᠥᠨᠳᠥᠷ ᠪᠣᠯᠪᠠ᠃ ᠢᠳᠡᠭᠡᠨ ᠤ ᠵᠦᠢᠯ᠂ ᠡᠮ ᠤᠨ ᠵᠦᠢᠯ᠂ ᠣᠨᠴᠠ  ᠲᠥᠷᠥᠯ  ᠤᠨ  ᠲᠣᠨᠤᠭ  ᠲᠥᠬᠦᠭᠡᠷᠦᠮᠵᠢ  ᠪᠠ  ᠭᠤᠣᠯᠳᠠᠯᠭ᠎ᠠ  ᠲᠠᠢ ᠠᠵᠤ  ᠦᠢᠯᠡᠳᠪᠦᠷᠢ  ᠶᠢᠨ  ᠦᠢᠯᠡᠳᠬᠦᠨ  ᠤ  ᠶᠠᠰᠤ  ᠴᠢᠨᠠᠷ  ᠤᠨ  ︽ᠳᠥᠷᠪᠡᠨ ᠶᠡᠭᠡ ᠬᠦᠷᠢᠶ᠎ᠡ︾ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠣᠯ ᠵᠠᠬ᠎ᠠ ᠳᠡᠯᠭᠡᠭᠦᠷ  ᠤᠨ  ᠬᠢᠨᠠᠯᠲᠠ  ᠬᠠᠮᠢᠶᠠᠷᠤᠯᠲᠠ  ᠶᠢᠨ  ᠰᠠᠯᠠᠭ᠎ᠠ  ᠮᠥᠴᠢᠷ  ᠤᠨ  ︽ᠲᠡᠷᠢᠭᠦᠨ ᠴᠢᠬᠤᠯᠠ ᠡᠭᠦᠷᠭᠡ ᠬᠠᠷᠢᠭᠤᠴᠠᠯᠭ᠎ᠠ︾ ᠮᠥᠨ ᠪᠥᠭᠡᠳ ᠪᠠᠰᠠ ᠴᠤ ᠮᠠᠨ ᠤ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠶᠠᠪᠤᠳᠠᠯ ᠮᠥᠨ ᠭᠡᠳᠡᠭ ᠢ ᠪᠢᠳᠡ ᠮᠡᠳᠡᠨ᠎ᠡ᠂ ᠪᠢᠳᠡ ᠰᠤᠷᠪᠤᠯᠵᠢᠯᠠᠬᠤ ᠠᠴᠠ ᠪᠠᠨ ᠡᠮᠦᠨ᠎ᠡ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠲᠤᠬᠠᠢ ᠡᠳᠦᠢ ᠲᠡᠳᠦᠢ ᠪᠠᠶᠢᠴᠠᠭᠠᠯᠲᠠ ᠰᠣᠷᠪᠤᠯᠵᠢᠯᠠᠭ᠎ᠠ ᠬᠢᠵᠦ᠂ ᠬᠤᠲᠠ ᠶᠢᠨ ᠠᠷᠠᠳ ᠲᠤ ᠶᠠᠮᠠᠷ ᠶᠠᠮᠠᠷ ᠮᠠᠳᠠᠭ ᠲᠠᠢ ᠪᠠᠶᠢᠬᠤ ᠶᠢ ᠦᠵᠡᠪᠡ᠃      ᠬᠤᠲᠠ ᠶᠢᠨ ᠠᠷᠠᠳ᠄ ᠣᠳᠣᠬᠠᠨ ᠳᠤ ᠵᠢᠵᠢᠭ ᠢᠳᠡᠭᠡᠨ ᠤ ᠳᠡᠯᠭᠡᠭᠦᠷ ᠮᠠᠰᠢ ᠣᠯᠠᠨ᠂ ᠲᠥᠷᠥᠯ ᠵᠦᠢᠯ ᠴᠦ ᠮᠠᠰᠢ ᠣᠯᠠᠨ᠂ ᠡᠷᠡᠭᠦᠯ ᠬᠠᠮᠠᠭᠠᠯᠠᠯ ᠠᠮᠤᠷ ᠲᠦᠪᠰᠢᠨ ᠤ ᠲᠠᠯ᠎ᠠ ᠪᠠᠷ ᠪᠠᠲᠤᠯᠠᠭ᠎ᠠ ᠲᠠᠢ  ᠤᠤ︖      ᠬᠤᠲᠠ ᠶᠢᠨ ᠠᠷᠠᠳ᠄ ᠣᠳᠣ ᠡᠷᠡᠭᠦᠯ ᠮᠡᠨᠳᠦ ᠶᠢ ᠬᠠᠮᠠᠭᠠᠯᠠᠬᠤ ᠡᠮ ᠲᠡᠶᠢᠮᠦ ᠠᠷᠪᠢᠨ᠂ ᠪᠢᠳᠡ ᠶᠠᠭᠠᠬᠢᠵᠤ ᠬᠢᠨᠠᠵᠤ ᠬᠠᠮᠢᠶᠠᠷᠴᠤ ᠪᠠᠶᠢᠬᠤ ᠪᠤᠢ᠂ ᠠᠰᠠᠭᠤᠳᠠᠯ ᠢ ᠣᠯᠵᠤ ᠮᠡᠳᠡᠪᠡᠯ ᠶᠠᠭᠠᠬᠢᠵᠤ ᠰᠢᠢᠳᠪᠦᠷᠢᠯᠡᠬᠦ ᠪᠤᠢ ︖      ᠬᠥᠲᠥᠯᠥᠭᠴᠢ᠄ ᠡᠨᠡ ᠬᠤᠶᠠᠷ ᠠᠰᠠᠭᠤᠳᠠᠯ ᠪᠣᠯ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠤᠬᠠᠢ ᠠᠰᠠᠭᠤᠳᠠᠯ ᠪᠣᠯᠣᠨ᠎ᠠ᠂ ᠮᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠨᠢ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠬᠠᠮᠠᠭᠠᠯᠠᠬᠤ ᠲᠠᠯ᠎ᠠ ᠪᠠᠷ ᠪᠣᠳᠠᠲᠠᠢ ᠪᠠᠷ ᠶᠠᠭᠠᠬᠢᠵᠤ ᠬᠢᠭᠰᠡᠨ ᠪᠣᠶ︖      ᠵᠣᠴᠢᠨ᠄ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠬᠠᠮᠤᠭ ᠤᠨ ᠴᠢᠩᠭ᠎ᠠ ᠨᠢᠮᠪᠠᠢ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠪᠠᠷ ᠳᠠᠮᠵᠢᠭᠤᠯᠤᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠠᠰᠠᠯᠲᠠ ᠶᠢᠨ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠬᠡᠷᠡᠭᠲᠡᠢ ᠭᠡᠵᠡᠢ᠃ ᠣᠶᠢᠷ᠎ᠠ ᠶᠢᠨ ᠵᠢᠯ ᠠᠴᠠ᠂ ᠪᠢᠳᠡ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ᠂ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠬᠡᠯ᠂ ᠲᠠᠷᠢᠶᠠᠯᠠᠩ ᠤᠨ ᠪᠥᠭᠡᠮ ᠢᠶᠠᠷ ᠬᠤᠳᠠᠯᠳᠤᠬᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠲᠣᠮᠣ ᠬᠡᠯᠪᠡᠷᠢ ᠶᠢᠨ ᠬᠤᠳᠠᠯᠳᠤᠭᠠᠨ ᠤ ᠳᠡᠯᠭᠡᠭᠦᠷ᠂ ᠭᠤᠣᠯᠳᠠᠯᠭ᠎ᠠ ᠲᠠᠢ ᠢᠳᠡᠭᠡᠨ ᠤᠮᠳᠠᠭᠠᠨ ᠤ ᠨᠢᠭᠡᠴᠡ ᠵᠡᠷᠭᠡ ᠬᠦᠷᠢᠶᠡᠨ ᠤ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠢᠳᠡᠭᠡᠨ ᠤ ᠦᠢᠯᠡᠳᠪᠦᠷᠢᠯᠡᠯ᠂ ᠭᠦᠢᠯᠭᠡᠭᠡ᠂ ᠢᠳᠡᠭᠡᠨ ᠤᠮᠳᠠᠭᠠᠨ᠂ ᠰᠦᠯᠵᠢᠶᠡᠨ ᠤ ᠪᠣᠷᠤᠯᠠᠭᠤᠯᠭ᠎ᠠ ᠵᠡᠷᠭᠡ ᠠᠳᠠᠯᠢ ᠪᠤᠰᠤ ᠡᠵᠡᠩᠨᠡᠯᠲᠡ ᠶᠢᠨ ᠬᠡᠯᠪᠡᠷᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠰᠠᠶᠢᠲᠤᠷ ᠬᠢᠵᠦ᠂ 2022 ᠣᠨ ᠳᠤ ᠢᠳᠡᠭᠡᠨ ᠪᠠ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠤ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠤᠷᠮ᠎ᠠ 97.11% ᠪᠠ 98.47% ᠳᠤ ᠬᠦᠷᠴᠡᠢ᠃ 2019 ᠣᠨ ᠠᠴᠠ 2021 ᠣᠨ ᠪᠣᠯᠲᠠᠯ᠎ᠠ ᠪᠦᠬᠦ ᠬᠤᠳᠠ ᠶᠢᠨ ᠢᠳᠡᠭᠡᠨ ᠤ ᠠᠮᠤᠷ ᠲᠦᠪᠰᠢᠨ ᠤ ᠠᠵᠢᠯ ᠭᠤᠷᠪᠠᠨ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠳᠤ ᠰᠢᠯᠢᠳᠡᠭ ᠲᠡᠰ ᠢᠶᠠᠷ ᠦᠨᠡᠯᠡᠭᠳᠡᠪᠡ᠃  ᠪᠢᠳᠡ  ᠡᠮ  ᠤᠨ  ᠵᠦᠢᠯ  ᠤᠨ  ᠠᠮᠤᠷ  ᠲᠦᠪᠰᠢᠨ  ᠤ  ᠲᠤᠰᠬᠠᠢ ᠴᠡᠭᠴᠡᠯᠡᠨ  ᠵᠠᠰᠠᠯᠲᠠ  ᠶᠢ  ᠭᠦᠨᠵᠡᠭᠡᠶᠢᠷᠡᠭᠦᠯᠵᠦ᠂ ᠮᠠᠭᠤ ᠲᠤᠰᠬᠠᠯ ︵ᠬᠡᠷᠡᠭ︶ ᠢ ᠬᠢᠨᠠᠨ ᠬᠡᠮᠵᠢᠬᠦ᠂ ᠳᠠᠬᠢᠨ ᠦᠨᠡᠯᠡᠬᠦ ᠶᠢ ᠢᠳᠡᠪᠬᠢᠲᠡᠢ ᠰᠠᠶᠢᠲᠤᠷ ᠬᠢᠵᠦ᠂ ᠬᠠᠭᠤᠷᠮᠠᠭ ᠮᠠᠭᠤ ᠡᠮ ᠢ ᠮᠠᠭᠠᠳᠯᠠᠨ ᠲᠣᠭᠲᠠᠭᠠᠬᠤ ᠺᠣᠮᠢᠰ ᠢ ᠲᠦᠷᠦᠭᠦᠯᠡᠨ ᠪᠠᠶᠢᠭᠤᠯᠵᠤ᠂ ᠨᠢᠭᠡ ᠪᠦᠯᠦᠭ ᠬᠡᠷᠡᠭ ᠢ ᠪᠠᠶᠢᠴᠠᠭᠠᠨ ᠰᠢᠢᠳᠪᠦᠷᠢᠯᠡᠵᠦ᠂ ︽ᠬᠤᠶᠠᠷ ᠵᠦᠢᠯ ᠤᠨ ᠨᠢᠭᠡ ᠵᠦᠢᠯ ᠤᠨ ᠪᠠᠭᠠᠵᠢ ᠵᠡᠪᠰᠡᠭ︾ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠦᠲᠦᠮᠵᠢᠲᠡᠶ ᠴᠡᠪᠡᠷᠰᠢᠭᠦᠯᠵᠦ᠂ ᠪᠥᠬᠦ ᠬᠤᠲᠠ ᠶᠢᠨ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠭᠤᠷᠪᠠᠨ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ  ᠠᠴᠠ A ᠲᠠᠰ ᠢᠶᠠᠷ ᠦᠨᠡᠯᠡᠨ ᠲᠣᠭᠲᠠᠭᠠᠪᠠ᠃ ᠬᠤᠲᠠ  ᠶᠢᠨ ᠠᠷᠠᠳ ᠬᠡᠷᠪᠡ ᠬᠠᠭᠤᠷᠮᠠᠭ ᠮᠠᠭᠤ ᠡᠮ ᠪᠠᠶᠢᠬᠤ  ᠶᠢ ᠣᠯᠵᠤ ᠮᠡᠳᠡᠪᠡᠯ 12315 ᠳᠤ ᠤᠲᠠᠰᠤᠳᠠᠵᠤ ᠢᠯᠡᠴᠢᠯᠡᠨ ᠮᠡᠳᠡᠭᠦᠯᠵᠦ ᠪᠣᠯᠣᠨ᠎ᠠ᠃      ᠬᠥᠲᠥᠯᠥᠭᠴᠢ᠄ ᠪᠠᠰᠠ ᠨᠢᠭᠡ ᠠᠰᠠᠭᠤᠳᠠᠯ ᠪᠣᠯ ᠮᠢᠨᠤ ᠨᠡᠯᠢᠶᠡᠳ ᠠᠩᠬᠠᠷᠴᠤ ᠪᠠᠶᠢᠭ᠎ᠠ ᠠᠰᠠᠭᠤᠳᠠᠯ ᠪᠣᠯᠣᠨ᠎ᠠ᠂ ᠣᠶᠢᠯᠠᠭᠠᠭᠰᠠᠨ ᠢᠶᠠᠷ᠂ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢ ᠬᠤᠲᠠ ᠶᠢᠨ ᠵᠠᠰᠠᠭ ᠤᠨ ᠣᠷᠳᠣᠨ  ᠠᠴᠠ 2023 ᠣᠨ ᠳᠤ ᠡᠭᠦᠳᠦᠨ ᠪᠠᠶᠢᠭᠤᠯᠤᠭᠠᠳ ᠠᠮᠵᠢᠯᠲᠠ ᠣᠯᠬᠤ ᠳᠥᠷᠪᠡᠨ ᠵᠢᠱᠢᠶ᠎ᠡ ᠦᠵᠡᠭᠦᠯᠬᠦ ᠬᠤᠲᠠ ᠶᠢᠨ ᠨᠢᠭᠡ ᠪᠠᠷ ᠵᠢᠭᠰᠠᠭᠠᠵᠠᠢ᠃ ᠲᠠ ᠪᠢᠳᠡᠨ ᠳᠤ ᠪᠣᠳᠠᠲᠠᠢ ᠪᠠᠷ ᠲᠠᠨᠢᠯᠴᠠᠭᠤᠯᠤᠶ᠎ᠠ ᠭᠡᠵᠦ ᠪᠣᠳᠣᠵᠤ ᠪᠠᠢᠨ᠎ᠠ︕      2021 ᠣᠨ ᠤ 11 ᠰᠠᠷ᠎ᠠ ᠳᠤ᠂ ᠪᠠᠶᠠᠨᠨᠠᠭᠤᠷ ᠬᠤᠲᠠ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠠᠯᠪᠠᠨ ᠭᠡᠷ ᠤᠨ ᠵᠥᠪᠰᠢᠶᠡᠷᠡᠯ ᠢᠶᠠᠷ ᠪᠥᠬᠦ ᠤᠯᠤᠰ ᠤᠨ ᠳᠥᠷᠪᠡᠳᠦᠭᠡᠷ ᠪᠦᠯᠦᠭ ᠤᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢᠨ ᠡᠭᠦᠳᠦᠨ ᠪᠠᠶᠢᠭᠤᠯᠬᠤ ᠬᠤᠲᠠ ᠪᠣᠯᠵᠤ᠂ ᠪᠥᠬᠦ ᠤᠯᠤᠰ ᠤᠨ 53 ᠡᠭᠦᠳᠦᠨ ᠪᠠᠶᠢᠭᠤᠯᠬᠤ ᠬᠤᠲᠠ ᠶᠢᠨ ᠨᠢᠭᠡ ᠪᠣᠯᠵᠤ᠂ ᠡᠭᠦᠳᠦᠨ ᠪᠠᠶᠢᠭᠤᠯᠬᠤ ᠬᠤᠭᠤᠴᠠᠭ᠎ᠠ ᠨᠢ 2021 ᠣᠨ  ᠠᠴᠠ 2023 ᠣᠨ ᠪᠣᠯᠣᠨ᠎ᠠ᠃ ᠪᠢᠳᠡ ᠪᠦᠲᠦᠮᠵᠢᠲᠡᠶ ᠠᠵᠢᠯᠯᠠᠬᠤ ᠴᠠᠭ ᠣᠬᠤᠷ᠂ ᠬᠢᠵᠢᠭ ᠤᠨ ᠨᠥᠯᠥᠭᠡ ᠠᠴᠠ ᠪᠣᠯᠤᠭᠰᠠᠨ ᠲᠣᠭᠲᠠᠭᠠᠯᠲᠤ ᠪᠤᠰᠤ ᠴᠢᠨᠠᠷ ᠵᠡᠷᠭᠡ ᠨᠥᠯᠥᠭᠡ ᠶᠢ ᠴᠢᠷᠮᠠᠶᠢᠨ ᠲᠡᠪᠴᠢᠵᠦ᠂ ᠬᠤᠲᠠ ᠶᠢᠨ ᠵᠠᠰᠠᠭ ᠤᠨ ᠣᠷᠳᠣᠨ ᠬᠤᠲᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠲᠠ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠂ ᠳᠡᠭᠡᠳᠦ ᠪᠠᠶᠢᠷᠢᠨ ᠳᠤ ᠠᠬᠢᠭᠤᠯᠤᠨ᠂ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠥᠪᠯᠡᠯ ᠠᠴᠠ ᠠᠩᠬᠠᠨ ᠤ ᠰᠢᠯᠭᠠᠷᠠᠭᠤᠯᠤᠯᠲᠠ ᠬᠢᠵᠦ᠂ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠢᠳᠡᠭᠡᠨ ᠤ ᠠᠮᠤᠷ ᠲᠦᠪᠰᠢᠨ ᠤ ᠠᠯᠪᠠᠨ ᠭᠡᠷ ᠠᠴᠠ ᠡᠭᠦᠳᠦᠨ ᠪᠠᠶᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠰᠢᠯᠭᠠᠨ ᠠᠪᠬᠤ ᠠᠵᠢᠯ ᠢ ᠥᠷᠨᠢᠭᠦᠯᠵᠦ᠂ ᠴᠠᠭ ᠪᠠᠴᠢᠮ᠂ ᠡᠭᠦᠷᠭᠡ ᠬᠦᠨᠳᠦ ᠪᠠᠶᠢᠵᠤ᠂ ᠪᠢᠳᠡ ᠶᠠᠭ ᠨᠢᠭᠡ ᠮᠥᠴᠡ ᠴᠦ ᠵᠣᠭᠰᠣᠯ ᠦᠭᠡᠢ ᠲᠦᠯᠬᠢᠨ ᠠᠬᠢᠭᠤᠯᠵᠤ ᠪᠠᠶᠢᠨ᠎ᠠ᠃ ᠤᠬᠠᠭᠤᠯᠤᠨ ᠬᠥᠲᠥᠯᠥᠨ ᠵᠢᠯᠤᠭᠤᠳᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ︽ᠲᠠᠪᠤ ᠶᠢ ᠣᠷᠣᠭᠤᠯᠬᠤ︾᠂ ︽ᠴᠢ ᠵᠢᠭᠠᠨ ᠲᠣᠭᠲᠠᠭᠠᠵᠤ ᠪᠢᠳᠡ ᠪᠠᠶᠢᠴᠠᠭᠠᠬᠤ︾ ᠪᠠ ︽ᠲᠤᠷᠰᠢᠯᠲᠠ ᠶᠢᠨ ᠲᠠᠰᠤᠭ ᠤᠨ ᠨᠡᠭᠡᠭᠡᠯᠲᠡ ᠶᠢᠨ ᠡᠳᠦᠷ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠬᠤᠲᠠ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠪᠠᠶᠢᠴᠠᠭᠠᠬᠤ ᠴᠢᠭ᠋ ᠪᠠᠶᠢᠷᠢ ᠪᠣᠯᠣᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠴᠢᠭ᠋ ᠢᠶᠠᠷ ᠨᠡᠶᠢᠳᠡᠮ ᠢ ᠳᠠᠶᠢᠴᠢᠯᠠᠨ ᠵᠢᠱᠢᠶ᠎ᠡ ᠦᠵᠡᠭᠦᠯᠬᠦ ᠦᠢᠯᠡᠳᠦᠯ ᠢ ᠪᠣᠶ ᠪᠣᠯᠭᠠᠨ᠎ᠠ᠃ ᠰᠠᠶᠢᠰᠢᠶᠠᠨ ᠬᠥᠬᠢᠭᠦᠯᠵᠦ ᠤᠷᠮᠠᠰᠢᠭᠤᠯᠬᠤ ᠠᠵᠢᠯ ᠢ ᠰᠠᠶᠢᠲᠤᠷ ᠠᠳᠬᠤᠵᠤ᠂ ᠬᠤᠳᠠ ᠪᠠᠶᠢᠭᠤᠯᠬᠤ ᠠᠵᠢᠯ ᠤᠨ ᠳᠤᠮᠳᠠ ᠲᠣᠪᠣᠶᠢᠮ᠎ᠠ ᠢᠯᠡᠷᠡᠯ ᠲᠠᠢ ᠬᠠᠮᠲᠤ ᠨᠡᠶᠢᠳᠡ ᠪᠠ ᠬᠤᠪᠢ ᠬᠥᠮᠥᠨ ᠢ ᠰᠠᠶᠢᠰᠢᠶᠠᠨ ᠬᠥᠬᠢᠭᠦᠯᠦᠨ᠎ᠡ᠃ ᠨᠡᠶᠢᠭᠡᠮ ᠤᠨ ᠡᠯ᠎ᠡ ᠡᠲᠡᠭᠡᠳ ᠤᠨ ᠬᠢᠨ ᠪᠢᠳᠡᠨ ᠳᠤ ᠬᠦᠴᠦᠲᠡᠢ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ᠃      ᠬᠥᠲᠥᠯᠥᠭᠴᠢ᠄ ᠣᠶᠢᠷ᠎ᠠ ᠶᠢᠨ ᠵᠢᠯ ᠤᠳ ᠲᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠤ ᠲᠠᠰᠤᠷᠠᠯᠲᠠ ᠦᠭᠡᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠴᠢᠬᠤᠯᠠ ᠬᠤᠪᠢ ᠨᠡᠮᠡᠷᠢ ᠦᠵᠡᠭᠦᠯᠪᠡ᠃  2023 ᠣᠨ ᠳᠤ᠂ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠵᠤ᠂ ︽ᠤᠯᠤᠰ ᠲᠥᠷᠥ ᠶᠢ ᠡᠷᠬᠢᠮᠯᠡᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠥᠭᠵᠢᠯᠲᠡ ᠶᠢ ᠠᠬᠢᠭᠤᠯᠬᠤ᠂ ᠠᠮᠤᠷ ᠲᠦᠪᠰᠢᠨ ᠢ ᠪᠠᠲᠤᠯᠠᠬᠤ︾ ᠠᠵᠢᠯ ᠤᠨ ᠶᠡᠷᠦᠩᠬᠡᠢ ᠰᠡᠳᠬᠢᠴᠡ ᠶᠢ ᠪᠠᠲᠤ ᠡᠵᠡᠮᠰᠢᠵᠦ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠪᠦᠬᠦ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠣᠶᠢᠯᠠᠭᠠᠭᠳᠠᠬᠤᠨ ᠢᠶᠠᠨ ᠤᠯᠠᠮ ᠨᠢᠭᠡ ᠠᠯᠬᠤᠮ ᠲᠥᠪ ᠪᠣᠯᠭᠠᠵᠤ᠂ ᠰᠢᠨ᠎ᠡ ᠶᠢ ᠡᠭᠦᠳᠬᠦ ᠶᠢ ᠪᠠᠷᠢᠮᠲᠠᠯᠠᠨ᠂ ᠥᠨᠳᠥᠷ ᠪᠠᠷᠢᠮᠵᠢᠶᠠᠲᠤ ᠨᠠᠮ ᠤᠨ ᠪᠠᠶᠢᠭᠤᠯᠤᠯᠲᠠ ᠪᠠᠷ  ᠶᠡᠷᠦᠩᠬᠡᠶᠢᠯᠡᠨ  ᠵᠢᠯᠣᠭᠤᠳᠤᠭᠤᠯᠵᠤ᠂  ︽  ᠴᠢᠨᠠᠷ  ᠰᠠᠶᠢᠲᠠᠢ  ᠬᠥᠭᠵᠢᠯᠲᠡ  ᠶᠢᠨ  ᠰᠠᠭᠤᠷᠢ︾  ᠶᠢ  ᠪᠤᠵᠠᠭᠠᠶᠢᠷᠠᠭᠤᠯᠵᠤ᠂ ︽ ᠬᠤᠶᠠᠷ   ᠢᠶᠠᠷ  ᠬᠤᠲᠠ  ᠪᠠᠨ  ᠬᠦᠴᠦᠷᠬᠡᠭᠵᠢᠭᠦᠯᠬᠦ  ᠪᠠᠶᠢᠯᠳᠤᠬᠤ  ᠪᠣᠳᠣᠯᠭ᠎ᠠ︾  ᠶᠢ  ᠬᠡᠷᠡᠭᠵᠢᠭᠦᠯᠦᠨ ᠂  ︽ᠭᠤᠷᠪᠠᠨ ᠬᠢᠨᠠᠯᠲᠠ ᠬᠠᠮᠢᠶᠠᠷᠤᠯᠲᠠ︾  ᠶᠢ  ᠴᠢᠩᠭᠠᠷᠠᠭᠤᠯᠵᠤ᠂ ︽ᠳᠥᠷᠪᠡᠨ ᠠᠮᠤᠷ ᠲᠦᠪᠰᠢᠨ ᠤ ᠬᠤᠷᠢᠭ᠎ᠠ ᠱᠤᠭᠤᠮ︾ ᠢ ᠪᠠᠲᠤ ᠰᠠᠬᠢᠵᠤ᠂ ︽ᠲᠠᠪᠤᠨ ᠵᠦᠢᠯ ᠤᠨ ᠭᠤᠣᠯᠳᠠᠯᠭ᠎ᠠ ᠲᠠᠢ ᠡᠭᠦᠷᠭᠡ︾ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠯ ᠢᠶᠠᠨ ᠨᠡᠮᠡᠷᠢᠯᠡᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ