ᠴᠢᠨᠠᠷ ᠰᠠᠶᠢᠲᠠᠢ ᠬᠥᠭᠵᠢᠯᠲᠡ ᠶᠢ ᠣᠯᠠᠨ ᠢᠶᠠᠷ ᠢᠶᠠᠨ  ᠶᠠᠷᠢᠬᠤ᠂  ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠄ ᠮᠥᠩᠭᠦᠨ ᠭᠦᠢᠯᠭᠡᠭᠡᠨ ᠤ ︽ᠠᠮᠢᠳᠤᠯᠢᠭ ᠤᠰᠤ︾ ᠨᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠳᠠᠪᠤᠷᠢ ᠶᠢ ᠣᠯᠭᠤᠨ᠎ᠠ
ᠨᠡᠶᠢᠲᠡᠯᠡᠭᠰᠡᠨ ᠴᠠᠭ᠄
2023/9/7
      ᠬᠥᠲᠥᠯᠥᠭᠴᠢ᠄ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠦᠵᠡᠬᠦ᠂ ᠪᠠᠶᠠᠨᠨᠠᠭᠤᠷ ᠬᠡᠷᠬᠢᠨ ᠠᠵᠢᠯᠯᠠᠬᠤ᠂ ︽ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠣᠯᠠᠨ ᠤ ᠶᠠᠷᠢᠯᠴᠠᠭ᠎ᠠ︾ ᠶᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠮᠥᠩᠭᠦᠨ ᠭᠦᠢᠯᠭᠡᠭᠡ ᠪᠣᠯ ᠤᠳᠤ ᠦᠶ᠎ᠡ ᠶᠢᠨ ᠠᠵᠤ ᠠᠬᠤᠢ ᠶᠢᠨ ᠭᠤᠣᠯ ᠴᠢᠮᠦᠭᠡ ᠮᠥᠨ᠂ ᠪᠠᠰᠠ ᠴᠤ ᠪᠣᠳᠠᠲᠤ ᠴᠣᠭᠴᠠ ᠶᠢᠨ ᠠᠵᠤ ᠠᠬᠤᠢ ᠶᠢᠨ ᠠᠮᠢᠨ ᠰᠤᠳᠠᠰᠤ ᠮᠥᠨ᠃ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠶᠢᠨ ᠡᠷᠡᠭᠦᠯ ᠬᠥᠭᠵᠢᠯᠲᠡ ᠶᠢ ᠠᠬᠢᠭᠤᠯᠬᠤ ᠳᠤ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ᠬᠢᠨ ᠮᠠᠰᠢ ᠶᠡᠭᠡ ᠠᠷᠭ᠎ᠠ ᠤᠬᠠᠭᠠᠨ ᠭᠠᠷᠭᠠᠵᠤ ᠪᠣᠯᠣᠨ᠎ᠠ᠃ ᠥᠨᠥᠳᠥᠷ ᠪᠢᠳᠡ ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠸᠠᠩ ᠹᠦ᠋ ᠴᠢᠤᠸᠠᠨ ᠪᠣᠯᠣᠨ ᠪᠠᠶᠠᠨᠨᠠᠭᠤᠷ ᠬᠤᠳᠠ ᠶᠢᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠳ᠋ᠧᠦ  ᠾᠦᠢ ᠮᠢᠨ ᠢ ᠤᠷᠢᠵᠤ ᠲᠣᠭᠯᠠᠯᠲᠠ ᠶᠢᠨ ᠳᠠᠰᠤᠭ ᠲᠤ ᠣᠷᠣᠯᠴᠠᠭᠤᠯᠪᠠ᠃ ᠬᠤᠶᠠᠷ ᠵᠣᠴᠢᠨ ᠢ ᠪᠠᠶᠠᠷᠯᠠᠨ ᠤᠭᠲᠤᠵᠤ ᠪᠠᠶᠢᠨ᠎ᠠ᠃      ᠵᠣᠴᠢᠨ᠄ ᠬᠥᠲᠥᠯᠥᠭᠴᠢ ᠰᠠᠶᠢᠨ  ᠤᠤ᠂ ᠦᠵᠡᠭᠴᠢᠳ ᠨᠠᠶᠢᠵᠠ ᠨᠠᠷ ᠰᠠᠶᠢᠨ  ᠤᠤ︕      ᠬᠥᠲᠥᠯᠥᠭᠴᠢ᠄ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠤᠨ ᠲᠤᠬᠠᠢ ᠶᠠᠷᠢᠪᠠᠯ᠂ ᠮᠠᠰᠢ ᠣᠯᠠᠨ ᠣᠯᠠᠨ ᠲᠦᠮᠡᠨ ᠲᠡᠭᠦᠨ ᠤ ᠡᠭᠦᠷᠭᠡ ᠴᠢᠳᠠᠪᠤᠷᠢ ᠶᠢ ᠲᠡᠶᠢᠮᠦ ᠰᠠᠶᠢᠨ ᠣᠶᠢᠯᠠᠭᠠᠬᠤ ᠦᠭᠡᠢ ᠪᠠᠶᠢᠨ᠎ᠠ᠃ ᠦᠨᠡᠨ ᠳᠡᠭᠡᠨ᠂ ᠮᠥᠩᠭᠦᠨ ᠭᠦᠢᠯᠭᠡᠭᠡᠨ ᠤ ᠠᠯᠪᠠᠨ ᠭᠡᠷ ᠨᠢ ᠭᠤᠣᠯᠳᠠᠭᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ ᠶᠡᠭᠡ ᠵᠦᠢᠯᠡᠰ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠡᠮᠬᠢ ᠵᠢᠷᠤᠮ ᠢ  ᠬᠠᠮᠠᠭᠠᠯᠠᠨ᠎ᠠ᠃ ᠲᠡᠭᠡᠪᠡᠯ ᠲᠡᠳᠡ ᠴᠣᠬᠤᠮ ᠶᠠᠭᠤ ᠬᠢᠭᠰᠡᠨ ᠢ ᠪᠢᠳᠡ ᠣᠬᠤᠷ ᠹᠢᠯᠢᠮ ᠢᠶᠠᠷ ᠣᠢᠯᠠᠭᠠᠵᠤ ᠦᠵᠡᠶ᠎ᠡ᠃      ᠬᠥᠲᠥᠯᠥᠭᠴᠢ᠄ ᠣᠬᠤᠷ ᠹᠢᠯᠢᠮ ᠢᠶᠠᠷ ᠳᠡᠮᠵᠢᠨ᠂ ᠪᠢᠳᠡ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠤᠷᠤᠰᠤᠨ ᠣᠷᠣᠵᠤ᠂ ᠮᠠᠨ ᠤ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠶᠢᠨ ᠬᠠᠮᠲᠤ ᠪᠠᠰᠠ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠵᠦ ᠪᠠᠶᠢᠬᠤ ᠶᠢ ᠣᠯᠵᠤ ᠬᠠᠷᠠᠵᠠᠢ᠃ ᠡᠨᠡ ᠬᠡᠳᠦᠨ ᠵᠢᠯ ᠳᠤ᠂ ᠶᠡᠭᠡ ᠣᠷᠴᠢᠨ ᠲᠣᠭᠤᠷᠢᠨ ᠤ ᠨᠥᠯᠥᠭᠡ ᠨᠢ ᠪᠣᠳᠠᠲᠤ ᠴᠣᠭᠴᠠ ᠶᠢᠨ ᠠᠵᠤ ᠠᠬᠤᠢ ᠳᠤ ᠨᠢᠭᠡᠨ ᠰᠢᠯᠭᠠᠯᠲᠠ ᠪᠣᠯᠵᠠᠢ᠃ ᠡᠶᠢᠮᠦᠷᠬᠦ ᠰᠢᠯᠭᠠᠯᠲᠠ ᠶᠢᠨ ᠡᠮᠦᠨ᠎ᠡ᠂ ᠮᠠᠨ ᠤ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ᠬᠢᠨ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠭᠰᠡᠨ ᠪᠠᠶᠢᠳᠠᠯ ᠶᠠᠮᠠᠷ ᠵᠡᠷᠭᠡ ᠪᠤᠢ︖      ᠸᠠᠩ ᠹᠦ᠋ ᠴᠢᠤᠸᠠᠨ᠄ ᠮᠥᠩᠭᠦᠨ ᠭᠦᠢᠯᠭᠡᠭᠡᠨ ᠤ ᠲᠠᠯ᠎ᠠ ᠪᠠᠷ ᠬᠦᠴᠦᠯᠡᠨ ᠴᠢᠷᠮᠠᠶᠢᠵᠤ᠂ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠴᠢᠩᠭᠠᠳᠬᠠᠨ᠂ ᠪᠡᠯᠡ ᠲᠣᠬᠢᠷᠠᠭᠤᠯᠭ᠎ᠠ ᠶᠢᠨ ᠶᠡᠷᠦᠩᠬᠡᠢ ᠬᠡᠮᠵᠢᠶ᠎ᠡ ᠶᠢ ᠬᠦᠴᠦᠯᠡᠨ ᠲᠣᠭᠲᠠᠪᠤᠷᠢᠵᠢᠭᠤᠯᠤᠨ᠎ᠠ᠃ 2022 ᠣᠨ ᠳᠤ ᠨᠡᠶᠢᠲᠡ 48 ᠲᠠᠯᠠᠪᠤᠷ ᠵᠠᠰᠠᠭ ᠮᠥᠩᠭᠦ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠠᠩᠬ᠎ᠠ ᠤᠳᠠᠭ᠎ᠠ ᠮᠢᠩᠭᠠᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 11.46% ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 3.63 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠣᠷᠣᠨ ᠳᠤ ᠨᠢᠭᠡᠳᠦᠭᠡᠷ ᠲᠤ ᠵᠢᠭᠰᠠᠭᠠᠭᠳᠠᠵᠠᠢ᠃      ᠬᠥᠲᠥᠯᠥᠭᠴᠢ᠄ ᠡᠶᠢᠮᠦ ᠶᠡᠭᠡ ᠵᠢᠭᠡᠯᠡᠯᠭᠡ ᠶᠢᠨ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠪᠢᠳᠡ ᠬᠡᠷᠬᠢᠨ ᠨᠠᠷᠢᠯᠢᠭ ᠣᠨᠣᠴᠠᠲᠠᠢ ᠪᠠᠷ ᠬᠦᠴᠦᠯᠡᠬᠦ ᠪᠣᠶ︖      ᠳ᠋ᠧᠦ ᠾᠦᠢ ᠮᠢᠨ᠄ ᠪᠢᠳᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠪᠠ ᠬᠠᠩᠭᠠᠯᠭ᠎ᠠ ᠶᠢᠨ ᠰᠢᠰᠲ᠋ᠧᠮᠵᠢ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠠᠯᠢ ᠤᠯᠠᠨ ᠲᠦᠷᠦ ᠶᠢᠨ ᠪᠣᠳᠣᠯᠭ᠎ᠠ ᠶᠢ ᠲᠣᠭᠲᠠᠭᠠᠵᠤ᠂ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠬᠦᠴᠢᠷᠳᠡᠯ ᠢ ᠰᠢᠢᠳᠪᠦᠷᠢᠯᠡᠬᠦ᠂ ᠮᠥᠩᠭᠦᠨ ᠭᠦᠢᠯᠭᠡᠭᠡᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂  ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠮᠥᠩᠭᠦᠨ ᠭᠦᠢᠯᠭᠡᠭᠡᠨ ᠤ ᠡᠬᠢ ᠪᠠᠶᠠᠯᠢᠭ ᠤᠨ ᠲᠠᠷᠢᠶᠠᠯᠠᠩ ᠳᠤ ᠬᠤᠯᠪᠣᠭᠳᠠᠬᠤ ᠪᠠ ᠠᠷᠠᠳ ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠶᠢᠯᠠᠯ ᠳᠤ ᠨᠠᠷᠢᠯᠢᠭ ᠣᠨᠣᠴᠠᠲᠠᠢ ᠪᠠᠷ ᠤᠰᠤᠯᠠᠬᠤ ᠶᠠᠪᠤᠳᠠᠯ ᠢ ᠠᠬᠢᠭᠤᠯᠪᠠ᠃ ᠬᠠᠷᠢᠶ᠎ᠠ ᠳᠣᠲᠣᠷᠠᠬᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠡᠯ᠎ᠡ ᠵᠦᠢᠯ ᠤᠨ ᠪᠦᠲᠦᠴᠡ ᠶᠢᠨ ᠴᠢᠨᠠᠷᠲᠠᠢ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠰᠠᠶᠢᠲᠤᠷ ᠬᠡᠷᠡᠭᠯᠡᠭᠦᠯᠵᠦ᠂ 2022 ᠣᠨ ᠳᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠᠭᠠᠵᠢ ᠶᠢ 9.26 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠬᠢᠨ ᠵᠢᠭᠡᠯᠡᠯᠭᠡ ᠲᠠᠯᠪᠢᠬᠤ ᠪᠠᠭᠠᠵᠢ ᠶᠢ 5.11 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠤᠨ᠎ᠠ᠃ ᠠᠷᠠᠳ ᠤᠨ ᠪᠠᠩᠬᠢ ᠨᠢ ᠬᠠᠷᠢᠶᠠᠨ ᠳᠠᠬᠢ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠠᠭᠠᠨ ᠲᠠᠷᠢᠶᠠᠯᠠᠩ ᠢ ᠳᠡᠮᠵᠢᠬᠦ᠂ ᠪᠠᠭ᠎ᠠ ᠰᠤᠷᠭᠠᠭᠤᠯᠢ ᠶᠢ ᠳᠡᠮᠵᠢᠬᠦ ᠳᠠᠬᠢᠨ ᠵᠢᠭᠡᠯᠡᠯᠭᠡ ᠶᠢ ᠨᠡᠶᠢᠲᠡ 26.85 ᠳ᠋ᠦᠩᠰᠢᠭᠤᠷ ᠲᠥᠭᠦᠷᠢᠭ ᠲᠠᠯᠪᠢᠪᠠ᠃      ᠪᠢᠳᠡ ᠵᠢᠭᠡᠯᠡᠯᠭᠡ ᠶᠢᠨ ᠪᠦᠲᠦᠴᠡ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠵᠠᠩᠭᠢᠯᠠᠭ᠎ᠠ ᠳᠤ ᠦᠵᠡᠭᠦᠯᠬᠦ ᠳᠡᠮᠵᠢᠯᠭᠡ ᠪᠠᠨ ᠨᠡᠮᠡᠭᠳᠡᠭᠦᠯᠪᠡ᠃ ᠲᠠᠪᠤᠨ ᠭᠤᠣᠯᠳᠠᠯᠭ᠎ᠠ ᠲᠠᠢ ᠬᠦᠷᠢᠶᠡᠨ ᠳᠠᠬᠢ ᠪᠡᠯᠡ ᠲᠣᠬᠢᠷᠠᠭᠤᠯᠬᠤ ᠬᠡᠷᠡᠭᠴᠡᠭᠡᠨ ᠤ ᠬᠥᠮᠥᠷᠭᠡ ᠶᠢ ᠪᠠᠶᠢᠭᠤᠯᠵᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠶᠢᠯᠠᠯ ᠪᠠ ᠵᠦᠢᠯᠡᠰ ᠲᠠᠢ ᠢᠳᠡᠪᠬᠢᠲᠡᠢ ᠪᠠᠷ ᠵᠣᠯᠭᠠᠭᠤᠯᠤᠨ᠎ᠠ᠃ 2022 ᠣᠨ ᠳᠤ᠂ ᠪᠥᠬᠦ ᠬᠤᠲᠠ ᠶᠢᠨ ᠦᠢᠯᠡᠳᠬᠦ ᠦᠢᠯᠡᠰ ᠤᠨ ᠵᠢᠭᠡᠯᠡᠯᠭᠡ᠂ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ᠂ ᠪᠣᠬᠢᠷᠲᠤᠯ ᠦᠭᠡᠢ ᠵᠢᠭᠡᠯᠡᠯᠭᠡ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰ ᠲᠣᠰ 48.84 ᠳ᠋ᠦᠩᠰᠢᠭᠤᠷ ᠲᠥᠭᠦᠷᠢᠭ᠂ 584.46 ᠳ᠋ᠦᠩᠰᠢᠭᠤᠷ ᠲᠥᠭᠦᠷᠢᠭ᠂ 83.58 ᠳ᠋ᠦᠩᠰᠢᠭᠤᠷ ᠲᠥᠭᠦᠷᠢᠭ᠂ 184.61 ᠳ᠋ᠦᠩᠰᠢᠭᠤᠷ ᠲᠥᠭᠦᠷᠢᠭ ᠲᠤ ᠬᠦᠷᠴᠦ᠂  ᠠᠳᠠᠯᠢ  ᠬᠤᠭᠤᠴᠠᠭᠠᠨ  ᠤ  ᠬᠢ  ᠠᠴᠠ  ᠲᠣᠰ  ᠲᠣᠰ  9.53%᠂ 9.76%᠂ 37.25%᠂ 11.91% ᠪᠠᠷ ᠨᠡᠮᠡᠭᠳᠡᠪᠡ᠃      ᠡᠭᠦᠨ ᠤ ᠬᠠᠮᠲᠤ᠂ ᠪᠢᠳᠡ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠪᠡ᠃ ᠣᠶᠢᠷ᠎ᠠ ᠶᠢᠨ ᠬᠡᠳᠦᠨ ᠵᠢᠯ ᠳᠤ᠂ ᠮᠠᠨ ᠤ ᠬᠤᠲᠠ ᠶᠢᠨ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠤ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂  ︽ᠣᠯᠠᠨ  ᠨᠢᠭᠡᠳᠦᠭᠡᠷ︾ ᠢ ᠪᠡᠶᠡᠯᠡᠭᠦᠯᠪᠡ᠃ ᠠᠮᠢᠳᠤ ᠪᠠᠷ ᠪᠠᠷᠢᠴᠠᠭᠠᠯᠠᠬᠤ᠂ ᠬᠥᠳᠡᠭᠡ ᠲᠣᠰᠬᠤᠨ ᠤ ᠳᠠᠭᠠᠭᠠᠴᠢᠯᠠᠭᠰᠠᠨ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠪᠠᠷᠢᠴᠠᠭᠠᠲᠤ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰ ᠲᠣᠰ 22.5 ᠳ᠋ᠦᠩᠰᠢᠭᠤᠷ ᠲᠥᠭᠦᠷᠢᠭ᠂ 16 ᠳ᠋ᠦᠩᠰᠢᠭᠤᠷ ᠲᠥᠭᠦᠷᠢᠭ ᠪᠠᠶᠢᠵᠤ᠂ ᠲᠣᠰ ᠲᠣᠰ 205.71%᠂ 53.85% ᠪᠠᠷ ᠨᠡᠮᠡᠭᠳᠡᠪᠡ᠃      ᠬᠥᠲᠥᠯᠥᠭᠴᠢ᠄ ᠡᠶᠢᠮᠦᠷᠬᠦ ᠤᠷᠢᠳᠴᠢᠯᠠᠭᠰᠠᠨ ᠲᠥᠯᠦᠪᠵᠢᠭᠦᠯᠭᠡ ᠪᠠ ᠨᠠᠷᠢᠯᠢᠭ ᠣᠨᠣᠴᠠᠲᠠᠢ ᠦᠢᠯᠡᠴᠢᠯᠡᠭᠡ ᠪᠠᠷ ᠳᠡᠮᠵᠢᠨ᠂ ᠮᠠᠰᠢ ᠣᠯᠠᠨ ᠠᠵᠤ ᠠᠬᠤᠶᠢᠯᠠᠯ ᠦᠨᠡᠨ ᠪᠣᠳᠠᠲᠠᠢ ᠠᠰᠢᠭ ᠣᠷᠣᠯᠭ᠎ᠠ ᠣᠯᠣᠭᠰᠠᠨ ᠪᠠᠶᠢᠨ᠎ᠠ᠃ ᠮᠥᠩᠭᠦᠨ ᠭᠦᠢᠯᠭᠡᠭᠡᠨ ᠤ ᠲᠤᠬᠠᠢ ᠶᠠᠷᠢᠪᠠᠯ᠂ ᠮᠠᠨ ᠤ ᠠᠷᠠᠳ ᠲᠦᠮᠡᠨ ᠤ ᠬᠠᠮᠤᠭ ᠤᠨ ᠲᠦᠷᠦᠭᠦᠨ ᠳᠤ ᠪᠤᠳᠤᠵᠤ ᠣᠯᠳᠠᠭ ᠨᠢ ᠬᠥᠷᠥᠩᠭᠡ ᠶᠢᠨ ᠵᠠᠬ᠎ᠠ ᠳᠡᠯᠭᠡᠭᠦᠷ ᠪᠣᠯᠣᠨ᠎ᠠ᠂ ᠮᠠᠨ ᠤ ᠪᠠᠶᠠᠨᠨᠠᠭᠤᠷ ᠤᠨ ᠤᠳᠤ ᠶᠢᠨ ᠬᠥᠷᠥᠩᠭᠡ ᠶᠢᠨ ᠵᠠᠬ᠎ᠠ ᠳᠡᠯᠭᠡᠭᠦᠷ ᠶᠡᠭᠡ ᠲᠥᠯᠥᠪ ᠶᠠᠮᠠᠷ ᠪᠠᠶᠢᠳᠠᠯ ᠲᠠᠢ ᠪᠠᠶᠢᠭ᠎ᠠ ᠪᠤᠢ︖      ᠸᠠᠩ ᠹᠦ᠋ ᠴᠢᠤᠸᠠᠨ᠄ ᠣᠳᠣᠬᠠᠨ ᠳᠤ᠂ ᠮᠠᠨ ᠤ ᠬᠤᠲᠠ ᠳᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠨᠢᠭᠡ ︵ᠥᠪᠥᠷ ᠮᠣᠩᠭᠤᠯ ᠤᠨ ᠲᠣᠮᠣ ᠳᠤᠮᠳᠠ ᠠᠭᠤᠷᠬᠠᠢ ᠶᠢᠨ ᠦᠢᠯᠡᠰ︶ ᠪᠣᠶ︔ ᠰᠢᠨ᠎ᠡ ᠰᠠᠨ ᠪᠠᠨ ᠺᠣᠮᠫᠠᠨᠢ  ᠳᠥᠷᠪᠡ ︵ᠤᠹᠧᠯᠢ᠂ ᠰᠠᠨ ᠷᠦᠢ ᠲᠠᠷᠢᠶᠠᠯᠠᠩ ᠤᠨ ᠰᠢᠨᠵᠢᠯᠡᠬᠦ ᠤᠬᠠᠭᠠᠨ᠂ ᠲᠢᠶᠠᠨ ᠢᠦᠢ ᠶᠤᠸᠠᠨ᠂ ᠷᠦᠨ ᠽᠧ ᠠᠮᠢᠳᠤ ᠪᠣᠳᠠᠰ︶ ᠪᠣᠶ︔ ᠰᠢᠨ᠎ᠡ ᠰᠠᠨ ᠪᠠᠨ ᠺᠣᠮᠫᠠᠨᠢ ᠳᠥᠷᠪᠡ ︵ᠠᠦ᠋ᠰᠲᠷᠠᠯᠢᠶ᠎ᠠ ᠶᠢᠨ ᠹᠢᠯᠢᠫ᠂ ᠰᠠᠨ ᠷᠦᠢ ᠲᠠᠷᠢᠶᠠᠯᠠᠩ ᠤᠨ ᠰᠢᠨᠵᠢᠯᠡᠬᠦ ᠤᠬᠠᠭᠠᠨ᠂ ᠲᠢᠶᠠᠨ ᠢᠦᠢ ᠶᠤᠸᠠᠨ᠂ ᠷᠦᠨ ᠽᠧ ᠠᠮᠢᠳᠤ ᠪᠣᠳᠠᠰ︶︔ ᠦᠨᠡᠲᠦ ᠲᠡᠮᠳᠡᠭᠲᠦ ᠶᠢᠨ ᠰᠠᠯᠪᠤᠷᠢ ᠪᠠᠶᠢᠭᠤᠯᠤᠮᠵᠢ  ᠭᠤᠷᠪᠠ ᠪᠤᠢ︔ ᠬᠤᠪᠢ ᠪᠠᠷ ᠢᠶᠠᠨ ᠴᠤᠭᠯᠠᠭᠤᠯᠤᠭᠰᠠᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠬᠤᠶᠠᠷ ᠪᠣᠶ᠃      ᠬᠥᠲᠥᠯᠥᠭᠴᠢ᠄ ᠡᠲᠡᠭᠡᠷ ᠠᠵᠤ ᠠᠬᠤᠶᠢᠯᠠᠯ ᠤᠳ ᠲᠤ ᠠᠪᠴᠤ ᠬᠡᠯᠡᠪᠡᠯ᠂ ᠪᠢᠳᠡ ᠶᠠᠮᠠᠷ ᠶᠠᠮᠠᠷ ᠦᠢᠯᠡᠴᠢᠯᠡᠭᠡ ᠬᠠᠩᠭᠠᠵᠤ ᠴᠢᠳᠠᠬᠤ ᠪᠣᠶ︖ ᠬᠥᠷᠥᠩᠭᠡ ᠶᠢᠨ ᠡᠷᠡᠭᠦᠯ ᠢᠶᠠᠷ ᠬᠥᠭᠵᠢᠬᠦ ᠶᠢ ᠬᠡᠷᠬᠢᠨ ᠵᠢᠷᠤᠮᠵᠢᠭᠤᠯᠵᠤ ᠬᠥᠲᠥᠯᠥᠨ ᠵᠢᠯᠤᠭᠤᠳᠬᠤ ᠪᠣᠶ︖ ᠡᠭᠦᠨ ᠢ ᠪᠣᠳᠠᠲᠠᠢ ᠪᠠᠷ ᠬᠡᠯᠡᠪᠡᠯ᠂ ᠪᠢᠳᠡ ᠶᠠᠮᠠᠷ ᠶᠠᠮᠠᠷ ᠦᠢᠯᠡᠴᠢᠯᠡᠭᠡ ᠬᠠᠩᠭᠠᠵᠤ ᠴᠢᠳᠠᠬᠤ ᠪᠣᠶ︖ ᠬᠥᠷᠥᠩᠭᠡ ᠶᠢᠨ ᠡᠷᠡᠭᠦᠯ ᠢᠶᠠᠷ ᠬᠥᠭᠵᠢᠬᠦ ᠶᠢ ᠬᠡᠷᠬᠢᠨ ᠵᠢᠷᠤᠮᠵᠢᠭᠤᠯᠵᠤ ᠬᠥᠲᠥᠯᠥᠨ ᠵᠢᠯᠤᠭᠤᠳᠬᠤ ᠪᠣᠶ︖      ᠸᠠᠩ ᠹᠦ᠋ ᠴᠢᠤᠸᠠᠨ᠄ ᠪᠢᠳᠡ ᠢᠮᠠᠭᠲᠠ ᠬᠥᠷᠥᠩᠭᠡ ᠶᠢᠨ ᠵᠠᠬ᠎ᠠ ᠳᠡᠯᠭᠡᠭᠦᠷ ᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠬᠥᠳᠡᠯᠭᠡᠭᠦᠷ ᠪᠠ ᠴᠢᠬᠤᠯᠠ ᠭᠠᠷᠳᠠᠴᠠ ᠪᠣᠯᠭᠠᠵᠤ᠂ ︽ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠠᠵᠤ ᠠᠬᠤᠶᠢᠯᠠᠯ ᠢᠶᠠᠷ ᠭᠤᠣᠯᠯᠠᠭᠤᠯᠬᠤ᠂ ᠮᠥᠩᠭᠦᠨ ᠭᠦᠢᠯᠭᠡᠭᠡᠨ ᠢᠶᠠᠷ ᠳᠡᠮᠵᠢᠬᠦ᠂ ᠲᠥᠷᠥᠯ ᠬᠤᠪᠢᠶᠠᠨ ᠠᠬᠢᠭᠤᠯᠬᠤ︾ ᠶᠢ ᠪᠠᠷᠢᠮᠲᠠᠯᠠᠨ᠎ᠠ᠃ 2021 ᠣᠨ ᠤ 5 ᠰᠠᠷ᠎ᠠ ᠶᠢᠨ 10 ᠤ ᠡᠳᠦᠷ᠂ ᠳ᠋ᠠ ᠵᠥᠩ ᠠᠭᠤᠷᠬᠠᠢ ᠶᠢᠨ ᠦᠢᠯᠡᠰ ᠱᠧᠨᠵᠧᠨ ᠤ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠠᠮᠵᠢᠯᠲᠠ ᠲᠠᠢ ᠪᠠᠷ ᠵᠠᠬ᠎ᠠ ᠳᠡᠯᠭᠡᠭᠦᠷ ᠲᠤ ᠭᠠᠷᠴᠤ᠂ ᠲᠣᠰ ᠭᠠᠵᠠᠷ ᠣᠷᠣᠨ ᠤ ᠠᠵᠤ ᠠᠬᠤᠶᠢᠯᠠᠯ ᠤᠨ A ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ   ︽ᠲᠡᠭ  ᠢ  ᠰᠢᠪᠲᠤᠯᠬᠤ︾ ᠶᠢ ᠪᠡᠶᠡᠯᠡᠭᠦᠯᠪᠡ᠃ ᠨᠢᠳᠤᠨᠤᠨ ᠪᠠᠰᠠ ᠱᠧᠨᠵᠧᠨ ᠤ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠰᠢᠯᠵᠢᠭᠦᠯᠵᠦ ᠪᠣᠯᠬᠤ ᠵᠢᠭᠡᠯᠡᠯᠭᠡ ᠶᠢᠨ ᠵᠣᠭᠤᠰ ᠢ 15.2 ᠳ᠋ᠦᠩᠰᠢᠭᠤᠷ ᠲᠥᠭᠦᠷᠢᠭ ᠠᠮᠵᠢᠯᠲᠠ ᠲᠠᠢ ᠪᠠᠷ ᠲᠠᠷᠬᠠᠭᠠᠪᠠ᠃ ᠮᠠᠨ ᠤ ᠬᠤᠲᠠ ᠤᠷᠢᠳ ᠬᠤᠵᠢᠳ ︽ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ᠱᠠᠩᠨᠠᠵᠤ ᠨᠥᠬᠦᠪᠦᠷᠢᠯᠡᠬᠦ ᠠᠷᠭ᠎ᠠ︾᠂ ︽ᠣᠯᠠᠨ ᠲᠠᠰ ᠳᠠᠪᠬᠤᠷᠭ᠎ᠠ ᠶᠢᠨ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ ᠠᠵᠤ ᠠᠬᠤᠶᠢᠯᠠᠯ ᠤᠨ ᠪᠡᠯᠡᠳᠬᠡᠯ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠳᠦᠷᠢᠮ ᠢ ᠲᠣᠭᠲᠠᠭᠠᠨ ᠨᠡᠶᠢᠲᠡᠯᠡᠵᠦ᠂ ᠨᠢᠭᠡᠨᠲᠡ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ ᠫᠠᠶᠢᠰᠠ ᠡᠯᠭᠦᠬᠦ ᠡᠩᠨᠡᠭᠡ ᠶᠢ ᠠᠩᠬ᠎ᠠ ᠠᠯᠬᠤᠮ ᠪᠠᠶᠢᠭᠤᠯᠤᠭᠰᠠᠨ ᠪᠠᠶᠢᠨ᠎ᠠ᠃ ︽ᠬᠤᠭᠤᠴᠠᠭᠠᠲᠤ ᠪᠠᠷᠠᠭ᠎ᠠ + ᠳᠠᠭᠠᠳᠬᠠᠯ︾ ᠤᠨ ᠲᠤᠬᠠᠶᠢᠯᠠᠭᠰᠠᠨ ᠠᠵᠢᠯ ᠢ ᠥᠷᠨᠢᠭᠦᠯᠬᠦ ᠲᠠᠯ᠎ᠠ ᠪᠠᠷ᠂ ᠤᠷᠠᠳ ᠤᠨ ᠳᠤᠮᠳᠠᠳᠤ ᠬᠤᠰᠢᠭᠤᠨ ᠤ ᠡᠷᠳᠡᠨᠢ ᠰᠢᠰᠢ ᠶᠢᠨ ᠣᠷᠣᠯᠭ᠎ᠠ ᠶᠢᠨ ︽ᠳᠠᠭᠠᠳᠬᠠᠯ + ᠬᠤᠭᠤᠴᠠᠭᠠᠲᠤ ᠪᠠᠷᠠᠭ᠎ᠠ︾ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠮᠵᠢᠯᠲᠠ ᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠠᠮᠵᠢᠯᠲᠠ ᠲᠠᠢ ᠪᠠᠷ ᠲᠥᠷᠥᠯ ᠵᠦᠢᠯ ᠲᠣᠭᠲᠠᠭᠠᠭᠰᠠᠨ ᠲᠣᠮᠣ ᠬᠤᠳᠠᠯᠳᠤᠭᠠᠨ ᠤ ᠭᠠᠵᠠᠷ ᠤᠨ ᠰᠢᠶᠠᠨ ᠤ ᠬᠡᠪᠴᠢᠶᠡᠨ ᠤ ᠡᠷᠳᠡᠨᠢ ᠰᠢᠰᠢ ᠶᠢᠨ ᠲᠤᠷᠰᠢᠯᠲᠠ ᠶᠢᠨ ᠲᠥᠷᠥᠯ ᠵᠦᠢᠯ ᠪᠣᠯᠪᠠ᠃ ᠲᠣᠰ ᠲᠥᠷᠥᠯ ᠵᠦᠢᠯ ᠨᠢ ᠮᠠᠨ ᠤ ᠬᠤᠲᠠ ᠶᠢᠨ 41.34 ᠲᠦᠮᠡᠨ ᠮᠦ ᠡᠷᠳᠡᠨᠢ ᠰᠢᠰᠢ ᠳᠤ 7.5 ᠳ᠋ᠦᠩᠰᠢᠭᠤᠷ ᠲᠥᠭᠦᠷᠢᠭ ᠤᠨ ᠲᠦᠭᠰᠢᠭᠦᠷᠢ ᠶᠢᠨ ᠪᠠᠲᠤᠯᠠᠭ᠎ᠠ ᠬᠠᠩᠭᠠᠵᠤ᠂ ᠡᠷᠳᠡᠨᠢ ᠰᠢᠰᠢ ᠶᠢᠨ ᠦᠨ᠎ᠡ ᠪᠠᠭᠤᠷᠠᠭᠰᠠᠨ ᠠᠴᠠ ᠪᠣᠯᠵᠤ 2152.83 ᠲᠦᠮᠡᠨ ᠲᠥᠭᠦᠷᠢᠭ ᠤᠨ ᠲᠥᠯᠥᠪᠦᠷᠢ ᠥᠭᠬᠦ ᠶᠢ ᠪᠡᠶᠡᠯᠡᠭᠦᠯᠪᠡ᠃ ᠪᠠᠰᠠ ︽ᠭᠠᠭ᠋ᠠᠢ ᠶᠢᠨ ᠬᠤᠭᠤᠴᠠᠭᠠᠲᠤ ᠪᠠᠷᠠᠭ᠎ᠠ + ᠳᠠᠭᠠᠳᠬᠠᠯ︾ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ᠪᠢᠳᠡ ᠪᠠᠰᠠ ᠬᠤᠭᠤᠴᠠᠭᠠᠲᠤ ᠪᠠᠷᠠᠭᠠᠨ ᠤ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠰᠠ ᠨᠡᠷᠡᠨ ᠬᠤᠸᠠᠷ ᠤᠨ ᠦᠷ᠎ᠡ ᠶᠢ ᠰᠢᠨ᠎ᠡ ᠬᠤᠭᠤᠴᠠᠭᠠᠲᠤ ᠪᠠᠷᠠᠭᠠᠨ ᠤ ᠲᠥᠷᠥᠯ ᠵᠦᠢᠯ ᠤᠨ ᠬᠤᠪᠢ ᠪᠠᠷ ᠵᠧᠩᠵᠧᠦ ᠶᠢᠨ ᠲᠠᠸᠠᠷ ᠤᠨ ᠠᠷᠠᠯᠵᠢᠶᠠᠨ ᠤ ᠭᠠᠵᠠᠷ ᠲᠤ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠭᠠᠬᠤ ᠶᠢ ᠣᠯᠠᠨ ᠤᠳᠠᠭ᠎ᠠ ᠵᠣᠯᠭᠠᠭᠤᠯᠤᠨ ᠵᠥᠪᠳᠡᠯᠴᠡᠪᠡ᠃      ᠬᠥᠲᠥᠯᠥᠭᠴᠢ᠄ ︽ᠬᠤᠭᠤᠴᠠᠭᠠᠲᠤ ᠪᠠᠷᠠᠭ᠎ᠠ + ᠳᠠᠭᠠᠳᠬᠠᠯ︾ ᠨᠢ ᠮᠥᠨ ᠴᠦ ᠮᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠳᠤ ᠦᠢᠯᠡᠴᠢᠯᠡᠬᠦ ᠰᠢᠨ᠎ᠡ ᠬᠡᠪ ᠵᠠᠭᠪᠤᠷ ᠪᠣᠯᠣᠨ᠎ᠠ᠃ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠠᠴᠠ ᠭᠠᠳᠠᠨ᠎ᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠴᠤ ᠮᠠᠨ ᠤ ᠨᠢᠭᠡ ᠶᠡᠭᠡ ᠡᠭᠦᠷᠭᠡ ᠬᠠᠷᠢᠭᠤᠴᠠᠯᠭ᠎ᠠ ᠪᠣᠯᠣᠨ᠎ᠠ᠃ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠬᠤ ᠨᠢ ᠣᠷᠣᠨ ᠨᠤᠲᠤᠭ ᠤᠨ ᠠᠵᠤ ᠠᠬᠤᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠵᠦ ᠴᠢᠳᠠᠬᠤ ᠡᠰᠡᠬᠦ ᠲᠠᠢ ᠬᠤᠯᠪᠣᠭᠳᠠᠵᠤ ᠪᠠᠶᠢᠳᠠᠭ᠃ ᠡᠨᠡ ᠲᠠᠯ᠎ᠠ ᠪᠠᠷ ᠪᠢᠳᠡᠨ ᠳᠤ ᠶᠠᠮᠠᠷ ᠰᠠᠶᠢᠨ ᠠᠷᠭ᠎ᠠ ᠪᠠᠶᠢᠬᠤ ᠪᠤᠢ︖      ᠸᠠᠩ ᠹᠦ᠋ ᠴᠢᠤᠸᠠᠨ᠄ ᠪᠢᠳᠡ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠢᠮᠠᠭᠲᠠ ᠲᠣᠪᠣᠶᠢᠮ᠎ᠠ ᠪᠠᠶᠢᠷᠢᠨ ᠳᠤ ᠲᠠᠯᠪᠢᠵᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠢ ᠡᠷᠡᠰ ᠰᠠᠶᠢᠲᠤᠷ ᠬᠢᠨ᠎ᠡ᠃ ᠣᠳᠣᠬᠠᠨ ᠳᠤ᠂ ᠮᠠᠨ ᠤ ᠬᠤᠲᠠ ᠶᠢᠨ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠠᠶᠤᠯ ᠲᠦᠭᠰᠢᠭᠦᠷᠢ ᠶᠢ ᠡᠵᠡᠮᠳᠡᠵᠦ ᠳᠡᠶᠢᠯᠬᠦ ᠬᠡᠮᠵᠢᠶᠡᠨ ᠳᠤ ᠬᠦᠷᠴᠡᠢ᠃ 2022 ᠣᠨ ᠳᠤ ᠪᠢᠳᠡ ᠣᠷᠣᠨ ᠨᠤᠲᠤᠭ ᠤᠨ ᠬᠠᠤᠯᠢ ᠶᠢᠨ ᠬᠥᠮᠥᠨ ᠤ ᠠᠶᠤᠯ ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠠᠷᠢᠯᠭᠠᠬᠤ ᠶᠢ ᠠᠬᠢᠭᠤᠯᠬᠤ ᠬᠤᠷᠠᠯ ᠢ 15 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠴᠢᠭᠯᠡᠭᠦᠯᠬᠦ ᠴᠢᠨᠠᠷᠲᠠᠢ ᠪᠠᠷ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠬᠢᠴᠠ ᠶᠢ ᠲᠦᠷᠭᠡᠳᠬᠡᠪᠡ᠃ ᠣᠶᠢᠷ᠎ᠠ ᠶᠢᠨ ᠬᠤᠶᠠᠷ ᠵᠢᠯ ᠳᠤ 35 ᠳ᠋ᠦᠩᠰᠢᠭᠤᠷ ᠲᠥᠭᠦᠷᠢᠭ ᠤᠨ ᠲᠤᠰᠬᠠᠢ ᠲᠥᠷᠥᠯ ᠤᠨ ᠵᠢᠭᠡᠯᠡᠯᠭᠡ ᠶᠢ ᠲᠡᠮᠡᠴᠡᠨ ᠣᠯᠵᠤ᠂ 4 ᠳᠤᠮᠳᠠ ᠵᠢᠵᠢᠭ ᠪᠠᠩᠬᠢ ᠶᠢᠨ ᠬᠥᠷᠥᠩᠭᠡ ᠶᠢ ᠨᠥᠬᠦᠪᠦᠷᠢᠯᠡᠪᠡ᠃ ᠬᠠᠤᠯᠢ ᠴᠠᠭᠠᠵᠠ ᠶᠢᠨ ᠢᠯᠭᠠᠷᠠᠭᠤᠯᠤᠨ ᠬᠤᠷᠢᠶᠠᠬᠤ᠂ ᠠᠯᠪᠠᠨ ᠲᠤᠰᠢᠶᠠᠯᠲᠠᠨ ᠤ ᠵᠢᠭᠡᠯᠡᠯᠭᠡ ᠶᠢ ᠨᠡᠬᠡᠮᠵᠢᠯᠡᠨ ᠬᠤᠷᠢᠶᠠᠬᠤ᠂ ᠰᠢᠯᠵᠢᠭᠦᠯᠦᠨ ᠥᠭᠭᠦᠭᠰᠡᠨ ᠨᠢ ᠮᠠᠭᠤ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠶᠢ ᠨᠡᠮᠡᠭᠳᠡᠭᠦᠯᠬᠦ ᠪᠠᠷ ᠳᠠᠮᠵᠢᠭᠤᠯᠤᠨ᠂ ᠡᠷᠡᠭᠦᠯ ᠪᠤᠰᠤ ᠵᠢᠭᠡᠯᠡᠯᠭᠡ ᠶᠢᠨ ᠦᠯᠡᠳᠡᠪᠦᠷᠢ ᠲᠤᠭ᠎ᠠ ᠪᠠ ᠡᠷᠡᠭᠦᠯ ᠪᠤᠰᠤ ᠵᠢᠭᠡᠯᠡᠯᠭᠡ ᠶᠢᠨ ᠨᠤᠷᠮ᠎ᠠ ᠶᠢ ᠶᠡᠭᠡ ᠬᠡᠮᠵᠢᠶ᠎ᠡ ᠪᠠᠷ ᠵᠡᠷᠭᠡᠪᠡᠷ ᠪᠠᠭᠤᠷᠠᠭᠤᠯᠬᠤ ᠶᠢ ᠪᠡᠶᠡᠯᠡᠭᠦᠯᠪᠡ᠃ ᠪᠢᠳᠡ ᠪᠠᠰᠠ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠤᠳᠠ ᠶᠢᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ ᠳᠤ ᠨᠡᠶᠢᠴᠡᠭᠰᠡᠨ ᠡᠷᠡᠭᠦᠯ ᠬᠥᠭᠵᠢᠯᠲᠡ ᠶᠢ ᠠᠬᠢᠭᠤᠯᠤᠨ᠎ᠠ᠃      ᠬᠥᠲᠥᠯᠥᠭᠴᠢ᠄ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠡᠷᠭᠡᠶᠢᠯᠡᠯᠲᠡ ᠶᠢᠨ ᠬᠡᠷᠡᠮ ᠢ ᠪᠠᠶᠢᠭᠤᠯᠵᠤ᠂ ᠮᠠᠨ ᠤ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠪᠠᠲᠤᠯᠠᠭᠰᠠᠨ ᠲᠠᠢ ᠠᠳᠠᠯᠢ᠃ ᠲᠣᠭᠯᠠᠯᠲᠠ ᠡᠬᠢᠯᠡᠬᠦ ᠠᠴᠠ ᠡᠮᠦᠨ᠎ᠡ᠂ ᠪᠢᠳᠡ ᠠᠵᠤ ᠠᠬᠤᠢᠯᠠᠯ ᠤᠨ ᠡᠵᠡᠨ ᠪᠣᠯᠣᠨ ᠬᠤᠲᠠ ᠶᠢᠨ ᠠᠷᠠᠳ ᠠᠴᠠ ᠡᠳᠦᠢ ᠲᠡᠳᠦᠢ ᠠᠰᠠᠭᠤᠳᠠᠯ ᠴᠤᠭᠯᠠᠭᠤᠯᠵᠠᠢ᠃ ᠲᠡᠳᠡᠨ ᠤ ᠮᠠᠨ ᠤ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠲᠤ ᠶᠠᠮᠠᠷ ᠰᠠᠨᠠᠭᠤᠯᠭ᠎ᠠ ᠪᠠ ᠬᠦᠰᠡᠯ ᠡᠷᠡᠮᠡᠯᠵᠡᠯ ᠲᠠᠢ ᠪᠠᠶᠢᠬᠤ ᠶᠢ ᠦᠵᠡᠶ᠎ᠡ᠃      ᠠᠵᠤ ᠠᠬᠤᠶᠢᠯᠠᠯ ᠤᠨ ᠡᠵᠡᠨ᠄ ᠪᠡᠯᠡ ᠮᠥᠩᠭᠦᠨ ᠤ ᠠᠰᠠᠭᠤᠳᠠᠯ ᠨᠢ ᠠᠵᠤ ᠠᠬᠤᠶᠢᠯᠠᠯ ᠤᠨ ᠬᠥᠭᠵᠢᠯᠲᠡ ᠳᠤ ᠨᠡᠯᠢᠶᠡᠳ ᠶᠡᠭᠡ ᠨᠥᠯᠥᠭᠡ ᠲᠠᠢ ᠶᠤᠮ᠂ ᠪᠢᠳᠡ ᠵᠢᠭᠡᠯᠡᠯᠭᠡ ᠶᠢᠨ ᠦᠢᠯᠡᠳᠬᠦᠨ ᠢ ᠢᠯᠡᠭᠦᠦ ᠰᠢᠭ ᠪᠣᠯᠭᠠᠵᠤ᠂ ᠭᠠᠷ ᠭᠦᠢᠴᠡᠳᠬᠡᠯ ᠢ ᠨᠢ ᠤᠯᠠᠮ ᠲᠦᠭᠦᠮ ᠪᠣᠯᠭᠠᠵᠤ᠂ ᠬᠦᠦ ᠮᠥᠩᠭᠦ ᠶᠢᠨ ᠨᠤᠷᠮ᠎ᠠ ᠶᠢ ᠨᠢ ᠤᠯᠠᠮ ᠳᠣᠣᠷ᠎ᠠ ᠪᠣᠯᠭᠠᠬᠤ ᠶᠢ ᠬᠦᠰᠡᠵᠦ ᠪᠠᠶᠢᠨ᠎ᠠ᠃      ᠬᠤᠲᠠ ᠶᠢᠨ ᠠᠷᠠᠳ᠄ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠮᠡᠲᠦ ᠶᠢᠨ ᠮᠥᠩᠭᠦᠨ ᠭᠦᠢᠯᠭᠡᠭᠡᠨ ᠤ ᠶᠠᠯᠠᠲᠤ ᠠᠵᠢᠯᠯᠠᠭ᠎ᠠ ᠳᠤ ᠪᠢᠳᠡᠨ ᠳᠤ ᠶᠠᠮᠠᠷ ᠰᠠᠢᠨ ᠠᠷᠭ᠎ᠠ ᠪᠠᠶᠢᠬᠤ ᠪᠤᠢ︖      ᠬᠤᠲᠠ ᠶᠢᠨ ᠠᠷᠠᠳ᠄ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠡᠰᠡᠬᠦ ᠶᠢ ᠪᠢᠳᠡ ᠬᠡᠷᠬᠢᠨ ᠢᠯᠭᠠᠬᠤ ᠪᠣᠶ︖      ᠬᠥᠲᠥᠯᠥᠭᠴᠢ᠄ ᠡᠩ ᠲᠡᠷᠢᠭᠦᠨ ᠳᠤ ᠮᠥᠩᠭᠦᠨ ᠭᠦᠢᠯᠭᠡᠭᠡᠨ ᠤ ᠦᠢᠯᠡᠳᠬᠦᠨ ᠪᠠ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠲᠤᠬᠠᠢ ᠬᠦᠰᠡᠯ ᠡᠷᠡᠮᠡᠯᠵᠡᠯ ᠪᠣᠯᠣᠨ᠎ᠠ᠃      ᠳ᠋ᠧᠦ ᠾᠦᠢ ᠮᠢᠨ᠄ 2022 ᠣᠨ ᠳᠤ ᠮᠠᠨ ᠤ ᠬᠤᠲᠠ ᠶᠢᠨ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠢᠯᠡᠳᠬᠦ ᠦᠢᠯᠡᠰ᠂ ᠪᠣᠬᠢᠷᠲᠤᠯ ᠦᠭᠡᠢ ᠠᠵᠤ ᠦᠢᠯᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠦᠷᠢᠶᠡᠨ ᠳᠤ ᠴᠢᠭᠯᠡᠭᠦᠯᠦᠨ ᠨᠡᠶᠢᠲᠡ 42 ᠵᠦᠢᠯ ᠤᠨ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠭᠠᠷᠭᠠᠵᠤ᠂ ᠪᠣᠳᠠᠲᠠᠢ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠨ᠂ ᠰᠠᠨᠠᠭᠠᠴᠢᠯᠠᠭ᠎ᠠ  ᠠᠴᠠ ᠪᠠᠨ ᠰᠦᠢᠳᠬᠡᠯ ᠢ ᠪᠠᠭᠠᠰᠬᠠᠵᠤ ᠠᠰᠢᠭ ᠣᠯᠭᠤᠨ᠎ᠠ᠃ 2022 ᠣᠨ ᠤ ᠡᠴᠦᠰ ᠲᠤ᠂ ᠪᠥᠬᠦ ᠬᠤᠲᠠ ᠶᠢᠨ ᠰᠢᠨ᠎ᠡ ᠪᠠᠷ ᠲᠠᠯᠪᠢᠭᠰᠠᠨ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠨᠡᠮᠡᠭᠦᠷᠢ ᠶᠢᠨ ᠳᠤᠮᠳᠠᠴᠢ ᠬᠦᠦ ᠮᠥᠩᠭᠦ ᠶᠢᠨ ᠨᠣᠷᠮ᠎ᠠ 4.89% ᠬᠦᠷᠴᠦ᠂ ᠠᠳᠠᠯᠢ ᠬᠤᠭᠤᠴᠠᠭᠠᠨ ᠤ ᠬᠢ ᠠᠴᠠ 0.75% ᠪᠠᠷ ᠪᠠᠭᠤᠷᠠᠪᠠ︔ ᠡᠭᠦᠨ ᠠᠴᠠ ᠭᠠᠳᠠᠨ᠎ᠠ᠂ ᠣᠯᠠᠨ ᠪᠠᠩᠬᠢ ᠰᠠᠨᠠᠭᠠᠴᠢᠯᠠᠭ᠎ᠠ  ᠠᠴᠠ ᠪᠠᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠠᠩᠰᠠ ᠨᠡᠭᠡᠭᠡᠬᠦ ᠭᠠᠷ ᠭᠦᠢᠴᠡᠳᠬᠡᠯ ᠤᠨ ᠵᠠᠷᠤᠳᠠᠯ᠂ ᠲᠠᠩᠰᠠᠨ ᠡᠷᠦᠬᠡ ᠶᠢᠨ ᠦᠢᠯᠡᠴᠢᠯᠡᠭᠡᠨ ᠤ ᠵᠠᠷᠤᠳᠠᠯ᠂ ᠲᠠᠩᠰᠠ ᠰᠢᠯᠵᠢᠭᠦᠯᠵᠦ ᠵᠣᠭᠤᠰ ᠭᠤᠪᠢᠭᠤᠯᠬᠤ ᠭᠠᠷ ᠭᠦᠢᠴᠡᠳᠬᠡᠯ ᠤᠨ ᠵᠠᠷᠤᠳᠠᠯ ᠵᠡᠷᠭᠡ ᠵᠠᠷᠤᠳᠠᠯ ᠢ ᠬᠠᠰᠤᠵᠤ ᠬᠡᠯᠲᠦᠷᠢᠭᠦᠯᠦᠭᠰᠡᠨ ᠪᠥᠭᠡᠳ ᠦᠨᠡᠯᠡᠨ ᠵᠢᠱᠢᠬᠦ ᠵᠠᠷᠤᠳᠠᠯ᠂ ᠪᠠᠷᠢᠴᠠᠭᠠᠯᠠᠬᠤ ᠳᠠᠩᠰᠠᠯᠠᠯᠲᠠ ᠶᠢᠨ ᠵᠠᠷᠤᠳᠠᠯ ᠵᠡᠷᠭᠡ ᠶᠢ ᠡᠭᠦᠷᠭᠡᠯᠡᠵᠦ᠂ ᠪᠠᠰᠠ 36 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠱᠠᠲᠤ ᠦᠶ᠎ᠡ ᠶᠢᠨ ᠴᠢᠨᠠᠷᠲᠠᠢ ᠪᠠᠷ ᠬᠤᠶᠢᠰᠢᠯᠠᠭᠤᠯᠤᠨ ᠪᠤᠴᠠᠭᠠᠬᠤ ᠶᠢ ᠬᠡᠷᠡᠭᠵᠢᠭᠦᠯᠦᠭᠰᠡᠨ ᠪᠠᠶᠢᠨ᠎ᠠ᠃      ᠬᠥᠲᠥᠯᠥᠭᠴᠢ᠄ ᠡᠨᠡ ᠬᠤᠶᠠᠷ ᠠᠰᠠᠭᠤᠳᠠᠯ ᠪᠣᠯ ᠴᠥᠮ ᠬᠠᠤᠯᠢ ᠪᠤᠰᠤ ᠪᠠᠷ ᠪᠡᠯᠡ ᠴᠤᠭᠯᠠᠭᠤᠯᠬᠤ ᠠᠰᠠᠭᠤᠳᠠᠯ ᠪᠣᠯᠣᠨ᠎ᠠ᠃      ᠸᠠᠩ ᠹᠦ᠋ ᠴᠢᠤᠸᠠᠨ᠄ ᠪᠢᠳᠡ ᠮᠥᠩᠭᠦᠨ ᠭᠦᠢᠯᠭᠡᠭᠡᠨ  ᠤ  ᠲᠤᠬᠠᠶᠢᠯᠠᠭᠰᠠᠨ  ᠠᠵᠢᠯ  ᠤᠨ  ᠫᠠᠶᠢᠰᠠ  ᠲᠠᠢ  ᠡᠵᠡᠩᠨᠡᠯᠲᠡ  ᠶᠢᠨ  ᠳᠦᠷᠢᠮ ᠢ  ᠪᠠᠷᠢᠮᠲᠠᠯᠠᠵᠤ᠂ ︽ᠦᠨᠡᠮᠯᠡᠯ ᠲᠠᠢ ᠪᠣᠯ ᠳᠦᠷᠢᠮ ᠠᠴᠠ ᠵᠥᠷᠢᠴᠡᠬᠦ︾ ᠶᠢ ᠵᠠᠯᠠᠷᠠᠭᠤᠯᠬᠤ ᠪᠠᠷ ᠪᠠᠷᠠᠬᠤ ᠦᠭᠡᠢ ᠪᠠᠰᠠ ︽ᠦᠨᠡᠮᠯᠡᠯ ᠦᠭᠡᠢ ᠪᠠᠷ ᠲᠡᠷᠭᠡ ᠵᠢᠯᠤᠭᠤᠳᠬᠤ︾ ᠳᠤ ᠴᠣᠬᠢᠯᠲᠠ ᠥᠭᠬᠦ ᠬᠡᠷᠡᠭᠲᠡᠢ᠃ ᠪᠢᠳᠡ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ︽ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠰᠦᠪᠡᠭᠴᠢ ᠶᠢ ᠢᠯᠡᠴᠢᠯᠡᠨ ᠮᠡᠳᠡᠭᠦᠯᠬᠦ︾ ᠵᠢᠵᠢᠭ ᠵᠢᠷᠤᠮ ᠢ ᠪᠠᠶᠢᠭᠤᠯᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯ ᠢ ᠪᠠᠶᠢᠩᠭᠤᠵᠢᠭᠤᠯᠬᠤ ᠶᠢ ᠲᠦᠯᠬᠢᠨ ᠠᠬᠢᠭᠤᠯᠪᠠ᠃ ᠨᠢᠳᠤᠨᠤᠨ ︵2022 ᠣᠨ︶᠂ ᠪᠥᠬᠦ ᠬᠤᠲᠠ ᠳᠤ ᠨᠡᠶᠢᠲᠡ 400 ᠭᠠᠷᠤᠢ ᠤᠳᠠᠭᠠᠨ ᠤ ︽ᠳᠣᠯᠤᠭᠠᠨᠲᠠ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠡᠷ ᠤᠨ ᠭᠠᠳᠠᠨᠠᠬᠢ ᠵᠠᠷ ᠮᠡᠳᠡᠭᠡ᠂ ᠤᠬᠠᠭᠤᠯᠭ᠎ᠠ ᠶᠢᠨ ᠮᠠᠲ᠋ᠧᠷᠢᠶᠠᠯ ᠢ 5 ᠲᠦᠮᠡ ᠭᠠᠷᠤᠢ ᠬᠤᠪᠢ ᠲᠠᠷᠬᠠᠭᠠᠵᠤ᠂ ︽ᠡᠭᠦᠯᠡ ᠶᠢ ᠬᠤᠯᠪᠣᠨ ᠨᠡᠪᠲᠡᠷᠡᠭᠦᠯᠬᠦ︾ ᠮᠡᠷᠭᠡᠵᠢᠯ ᠢ ᠠᠰᠢᠭᠯᠠᠨ᠂ ᠸᠢᠴᠠᠲ ᠤᠨ ᠨᠠᠶᠢᠵᠠ ᠶᠢᠨ ᠲᠣᠭᠤᠷᠢᠭ ᠢᠶᠠᠷ ᠳᠠᠮᠵᠢᠭᠤᠯᠤᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠵᠠᠷ ᠮᠡᠳᠡᠭᠡ ᠶᠢ 24 ᠲᠦᠮᠡᠨ ᠵᠤᠷᠪᠤᠰ ᠬᠦᠷᠭᠡᠭᠰᠡᠨ ᠪᠠᠶᠢᠨ᠎ᠠ᠃      ᠥᠷᠭᠡᠨ ᠤᠯᠠᠨ ᠠᠷᠠᠳ ᠲᠦᠮᠡᠨ ᠳᠤ᠂ ᠡᠳᠦᠷ ᠳᠤᠳᠤᠮ ᠤᠨ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢᠨ ᠳᠤᠮᠳᠠ᠂ ︽ᠵᠣᠭᠤᠰᠤᠨ ᠤᠭᠤᠲᠠ︾  ᠶᠢ ᠰᠠᠶᠢᠲᠤᠷ ᠦᠵᠡᠬᠦ ᠳᠤ ᠡᠨᠡᠬᠦ ︽ᠳᠥᠷᠪᠡ ᠶᠢ ᠦᠵᠡᠬᠦ︾᠂ ︽ᠭᠤᠷᠪᠠ ᠶᠢ ᠪᠣᠳᠣᠯᠬᠢᠯᠠᠬᠤ︾᠂ ︽ᠨᠢᠭᠡ ᠵᠡᠷᠭᠡ ᠬᠦᠯᠢᠶᠡᠬᠦ︾ ᠮᠡᠷᠭᠡᠨ ᠠᠷᠭ᠎ᠠ ᠶᠢ ᠡᠵᠡᠮᠰᠢᠬᠦ ᠬᠡᠷᠡᠭᠲᠡᠢ ᠭᠡᠵᠦ ᠳᠠᠬᠢᠨᠲᠠ ᠰᠠᠨᠠᠭᠤᠯᠵᠠᠢ᠃      ︽ᠣᠨᠴᠠ ᠦᠢᠯᠡᠳᠦᠯ᠄ ᠪᠡᠯᠡ ᠲᠣᠬᠢᠷᠠᠭᠤᠯᠭ᠎ᠠ ᠶᠢᠨ ᠬᠠᠤᠯᠢ ᠶᠣᠰᠣᠴᠢ ᠴᠢᠨᠠᠷ ᠢ ᠦᠵᠡᠬᠦ ᠳᠤ᠂ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠫᠠᠶᠢᠰᠠ ᠦᠨᠡᠮᠯᠡᠯ ᠣᠯᠣᠭᠰᠠᠨ ᠡᠰᠡᠬᠦ ᠪᠤᠶᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠡᠰᠡᠬᠦ ᠶᠢ ᠦᠵᠡᠬᠦ ᠬᠡᠷᠡᠭᠲᠡᠢ︔ ᠬᠤᠶᠠᠷ ᠲᠤ ᠤᠬᠠᠭᠤᠯᠭ᠎ᠠ ᠶᠢᠨ ᠠᠷᠭ᠎ᠠ ᠮᠠᠶ᠋ᠢᠭ ᠢ ᠦᠵᠡᠨ᠎ᠡ᠂ ᠤᠬᠠᠭᠤᠯᠭ᠎ᠠ ᠶᠢᠨ ᠳᠤᠮᠳᠠ ︽ᠪᠠᠲᠤᠯᠠᠭ᠎ᠠ ᠲᠠᠢ᠂ ᠠᠶᠤᠯ ᠲᠦᠭᠰᠢᠭᠦᠷᠢ ᠦᠭᠡᠢ᠂ ᠥᠨᠳᠥᠷ ᠠᠰᠢᠭ ᠣᠯᠵᠠᠪᠤᠷᠢ ᠲᠠᠢ᠂ ᠲᠣᠭᠲᠠᠭᠤᠨ ᠬᠤᠨᠵᠢᠪᠠᠯ ᠦᠯᠦ ᠠᠯᠳᠠᠬᠤ︾ ᠵᠡᠷᠭᠡ ᠠᠭᠤᠯᠭ᠎ᠠ ᠶᠢ ᠠᠬᠤᠭᠤᠯᠵᠤ ᠪᠠᠶᠢᠬᠤ ᠪᠤᠶᠤ ᠪᠢᠲᠡᠭᠦᠦ ᠪᠠᠷ ᠵᠢᠭᠠᠵᠤ ᠪᠠᠶᠢᠬᠤ ᠡᠰᠡᠬᠦ ᠶᠢ ᠦᠵᠡᠨ᠎ᠡ︔ ᠭᠤᠷᠪᠠ ᠳᠤ ᠡᠵᠡᠩᠨᠡᠯᠲᠡ ᠶᠢᠨ ᠵᠠᠭᠪᠤᠷ ᠢ ᠦᠵᠡᠬᠦ ᠬᠡᠷᠡᠭᠲᠡᠢ᠂ ᠪᠣᠳᠠᠲᠤ ᠴᠣᠭᠴᠠ ᠶᠢᠨ ᠵᠦᠢᠯᠡᠰ᠂ ᠵᠦᠢᠯᠡᠰ ᠤᠨ ᠦᠨᠡᠨ ᠪᠣᠳᠠᠲᠤ ᠴᠢᠨᠠᠷ᠂ ᠪᠡᠯᠡ ᠮᠥᠩᠭᠦᠨ ᠤ ᠣᠷᠣᠭᠤᠯᠤᠯᠲᠠ ᠶᠢᠨ ᠬᠠᠨᠳᠤᠰᠢ᠂ ᠠᠰᠢᠭ ᠬᠤᠨᠵᠢᠪᠤᠷᠢ ᠣᠯᠬᠤ ᠠᠷᠭ᠎ᠠ ᠮᠠᠶ᠋ᠢᠭ ᠪᠠᠶᠢᠬᠤ ᠡᠰᠡᠬᠦ ᠶᠢ ᠦᠵᠡᠬᠦ ᠬᠡᠷᠡᠭᠲᠡᠢ︔ ᠳᠥᠷᠪᠡ ᠳᠤ ᠣᠷᠣᠯᠴᠠᠬᠤ ᠪᠡᠶᠡᠴᠢ ᠴᠣᠭᠴᠠ  ᠶᠢ ᠦᠵᠡᠬᠦ ᠬᠡᠷᠡᠭᠲᠡᠢ᠃ ᠪᠡᠯᠡ ᠴᠤᠭᠯᠠᠭᠤᠯᠬᠤ  ᠳᠤ  ᠣᠷᠣᠯᠴᠠᠬᠤ  ᠪᠡᠶᠡᠴᠢ  ᠴᠣᠭᠴᠠ  ᠶᠢ  ᠬᠡᠨ  ᠴᠦ  ᠪᠦᠷ  ᠪᠣᠯᠣᠨ᠎ᠠ  ᠤᠤ  ᠦᠭᠡᠢ  ᠤᠤ᠃  ︽ᠭᠤᠷᠪᠠᠨᠲᠠ ᠪᠣᠳᠣᠯᠬᠢᠯᠠᠬᠤ︾ ᠨᠢ ᠡᠳᠡᠭᠡᠷ ᠦᠢᠯᠡᠳᠬᠦᠨ ᠪᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠢ ᠥᠪᠡᠷ ᠢᠶᠠᠨ ᠦᠨᠡᠨ ᠬᠦ ᠣᠶᠢᠯᠠᠭᠠᠭᠰᠠᠨ ᠡᠰᠡᠬᠦ︔ ᠦᠢᠯᠡᠳᠬᠦᠨ ᠤ ᠠᠰᠢᠭ ᠣᠷᠣᠯᠭ᠎ᠠ ᠨᠢ ᠵᠠᠬ᠎ᠠ ᠳᠡᠯᠭᠡᠭᠦᠷ ᠤᠨ ᠵᠢᠮ᠎ᠡ ᠶᠣᠰᠣᠨ ᠳᠤ ᠨᠡᠶᠢᠴᠡᠬᠦ ᠡᠰᠡᠬᠦ︔ ᠥᠪᠡᠷ ᠤᠨ ᠠᠵᠤ ᠠᠬᠤᠢ ᠶᠢᠨ ᠴᠢᠳᠠᠪᠤᠷᠢ ᠨᠢ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠲᠠᠢ ᠪᠠᠶᠢᠬᠤ ᠡᠰᠡᠬᠦ᠃ ︽ᠪᠠᠶᠢᠵᠠ︾ ᠭᠡᠳᠡᠭ ᠨᠢ ᠪᠡᠯᠡ ᠣᠷᠣᠭᠤᠯᠤᠯᠲᠠ ᠶᠢᠨ ᠲᠥᠷᠥᠯ ᠤᠨ ᠤᠬᠠᠭᠤᠯᠭ᠎ᠠ ᠪᠣᠷᠤᠯᠠᠭᠤᠯᠭ᠎ᠠ ᠳᠤ ᠲᠣᠬᠢᠶᠠᠯᠳᠤᠪᠠᠯ᠂ ᠡᠷᠬᠡᠪᠰᠢ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠤᠷᠢᠳ ᠢᠶᠠᠷ ᠭᠡᠷ ᠤᠨ ᠬᠥᠮᠥᠰ ᠪᠠ ᠨᠠᠶᠢᠵᠠ ᠨᠠᠷ ᠤᠨ ᠰᠠᠨᠠᠯ ᠢ ᠬᠤᠷᠢᠶᠠᠵᠤ᠂ ᠳᠠᠷᠠᠭ᠎ᠠ ᠨᠢ ᠰᠢᠢᠳᠪᠦᠷᠢ ᠭᠠᠷᠭᠠᠵᠤ᠂ ᠨᠢᠭᠡ ᠴᠠᠭ ᠤᠨ ᠲᠠᠷᠢᠬᠢ ᠲᠣᠯᠣᠭᠠᠢ ᠬᠥᠭᠡᠷᠬᠦ᠂ ᠭᠡᠮᠰᠢᠬᠦ ᠶᠢᠨ ᠠᠷᠭ᠎ᠠ ᠦᠭᠡᠢ ᠪᠣᠯᠬᠤ ᠶᠢ ᠰᠡᠷᠭᠡᠶᠢᠯᠡᠬᠦ ᠬᠡᠷᠡᠭᠲᠡᠢ᠃︾      ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠢ ᠣᠯᠵᠤ ᠮᠡᠳᠡᠪᠡᠯ ᠵᠠᠪᠠᠯ ᠴᠠᠭᠳᠠᠭ᠎ᠠ ᠳᠤ ᠮᠡᠳᠡᠭᠦᠯᠵᠦ᠂ ᠪᠡᠯᠡ ᠣᠷᠣᠭᠤᠯᠤᠯᠲᠠ ᠶᠢᠨ ᠠᠵᠢᠯᠯᠠᠭ᠎ᠠ ᠳᠤ ᠣᠷᠣᠯᠴᠠᠬᠤ ᠶᠠᠪᠤᠴᠠ ᠳᠠᠬᠢ ᠭᠡᠷ᠎ᠡ᠂ ᠪᠠᠩᠬᠢ ︵ᠲᠣᠭᠠᠴᠠᠭ᠎ᠠ ᠡᠷᠳᠡᠨᠢ᠂ ᠸᠢᠴᠠᠲ︶ ᠶᠢᠨ ᠲᠠᠩᠰᠠ ᠰᠢᠯᠵᠢᠭᠦᠯᠦᠭᠰᠡᠨ ᠠᠷᠠᠯᠵᠢᠶᠠᠨ ᠤ ᠲᠡᠮᠳᠡᠭᠯᠡᠯ᠂ ᠸᠢᠴᠠᠲ ᠤᠨ ᠵᠣᠭᠤᠭᠳᠠᠭᠰᠠᠨ ᠲᠡᠮᠳᠡᠭᠯᠡᠯ ᠵᠡᠷᠭᠡ ᠮᠠᠲ᠋ᠧᠷᠢᠶᠠᠯ ᠢ ᠪᠡᠯᠡᠳᠬᠡᠵᠦ᠂ ᠮᠠᠨ ᠤ ᠠᠯᠪᠠᠨ ᠭᠡᠷ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠲᠤᠰᠬᠠᠬᠤ ᠬᠡᠷᠡᠭᠲᠡᠢ᠃      ᠬᠥᠲᠥᠯᠥᠭᠴᠢ᠄ ᠴᠢᠨᠠᠷ ᠰᠠᠶᠢᠲᠠᠢ ᠬᠥᠭᠵᠢᠯᠲᠡ ᠳᠤ ᠴᠢᠨᠠᠷ ᠰᠠᠶᠢᠲᠠᠢ ᠮᠥᠩᠭᠦᠨ ᠭᠦᠢᠯᠭᠡᠭᠡ ᠱᠠᠭᠠᠷᠳᠠᠭᠳᠠᠨ᠎ᠠ᠂ ᠲᠠᠷᠠᠭᠠᠴᠢ ᠶᠢᠨ ᠠᠯᠬᠤᠮ ᠳᠤ ᠪᠢᠳᠡ ᠶᠠᠮᠠᠷ ᠪᠠᠶᠢᠷᠢᠯᠠᠭᠤᠯᠤᠯᠲᠠ ᠪᠠ ᠲᠥᠯᠥᠪᠯᠡᠭᠡ ᠲᠠᠢ ᠪᠣᠯᠬᠤ ᠪᠣᠶ︖      ᠸᠠᠩ ᠹᠦ᠋ ᠴᠢᠤᠸᠠᠨ᠄ ᠨᠢᠭᠡ ᠳᠤ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ︽ᠪᠠᠲᠤᠯᠠᠭ᠎ᠠ ᠲᠠᠢ︾ ᠪᠠᠶᠢᠬᠤ ᠬᠡᠷᠡᠭᠲᠡᠢ᠃ ︽ᠮᠥᠩᠭᠦᠨ ᠭᠦᠢᠯᠭᠡᠭᠡᠨ ᠢᠶᠠᠷ ᠳᠡᠮᠵᠢᠬᠦ ᠲᠠᠪᠤᠨ ᠶᠡᠭᠡ ᠡᠭᠦᠷᠭᠡ ᠶᠢᠨ ᠬᠡᠷᠡᠭᠵᠢᠭᠦᠯᠬᠦ ᠲᠥᠰᠥᠯ︾᠂ ︽ᠵᠦᠢ ᠶᠣᠰᠣᠨ ᠤ ᠮᠥᠩᠭᠦᠨ ᠭᠦᠢᠯᠭᠡᠭᠡᠨ ᠢᠶᠠᠷ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠳᠡᠮᠵᠢᠬᠦ ᠬᠡᠷᠡᠭᠵᠢᠭᠦᠯᠬᠦ ᠲᠥᠰᠥᠯ ᠪᠠ ᠲᠦᠭᠰᠢᠭᠦᠷᠢ ᠶᠢ ᠠᠷᠭᠠᠴᠠᠬᠤ ᠲᠥᠰᠥᠯ︾ ᠵᠡᠷᠭᠡ ᠶᠢ ᠲᠣᠭᠲᠠᠭᠠᠨ ᠨᠡᠶᠢᠲᠡᠯᠡᠵᠦ᠂ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠶᠡᠷᠦᠩᠬᠡᠶᠢᠯᠡᠭᠰᠡᠨ ᠬᠦᠴᠦᠨ ᠢ ᠭᠦᠢᠴᠡᠳ ᠪᠠᠳᠠᠷᠠᠭᠤᠯᠤᠨ᠎ᠠ᠃      ᠬᠤᠶᠠᠷ ᠲᠤ ᠭᠤᠣᠯᠳᠠᠯᠭ᠎ᠠ ᠲᠠᠢ ᠬᠦᠷᠢᠶᠡᠨ ᠳᠤ ︽ᠶᠠᠰᠤ ᠴᠢᠨᠠᠷ ᠢ ᠳᠡᠭᠡᠭᠰᠢᠯᠡᠭᠦᠯᠦᠨ᠎ᠡ︾᠃ ︽ᠲᠥᠷᠥᠯ ᠵᠦᠢᠯ ᠢ ᠪᠠᠲᠤᠯᠠᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠬᠥᠳᠡᠭᠡ ᠲᠣᠰᠬᠤᠨ ᠳᠤ ᠪᠠᠭᠤᠯᠭᠠᠬᠤ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠥᠬᠦ ᠬᠤᠲᠠ ᠶᠢᠨ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠵᠤ ᠦᠢᠯᠡᠰ ᠢ ᠬᠦᠴᠦᠷᠬᠡᠭᠵᠢᠭᠦᠯᠬᠦ ᠵᠠᠰᠠᠭ ᠪᠠᠩᠬᠢ ᠠᠵᠤ ᠠᠬᠤᠶᠢᠯᠠᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠩᠬᠢ ᠠᠵᠤ ᠠᠬᠤᠶᠢᠯᠠᠯ ᠢ ᠵᠣᠯᠭᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠴᠢᠩᠭᠠᠳᠬᠠᠨ᠎ᠠ᠃ ︽ᠬᠦᠴᠦᠨ ᠵᠦᠢᠯ ᠨᠢ ᠲᠥᠷᠥᠯ ᠵᠦᠢᠯ ᠢ ᠳᠠᠭᠠᠵᠤ ᠶᠠᠪᠤᠬᠤ︾ ᠶᠢ ᠪᠠᠷᠢᠮᠲᠠᠯᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠬᠠᠷᠠᠯᠲᠠ ᠪᠣᠯᠭᠠᠨ᠂ ᠮᠥᠩᠭᠦᠨ ᠭᠦᠢᠯᠭᠡᠭᠡᠨ ᠤ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠰᠢᠭᠤᠳ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠂ ᠴᠢᠨᠠᠷ ᠰᠠᠶᠢᠲᠠᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠡᠬᠢ ᠪᠠᠶᠠᠯᠢᠭ ᠢ ᠤᠯᠠᠮ ᠨᠢᠭᠡ ᠠᠯᠬᠤᠮ ᠠᠭᠤᠳᠠᠯᠵᠤ᠂ 2 ᠠᠵᠤ ᠠᠬᠤᠶᠢᠯᠠᠯ ᠤᠨ ᠲᠤᠰᠠᠯᠠᠬᠤ ᠴᠢᠳᠠᠪᠤᠷᠢ ᠪᠠᠨ ᠮᠡᠳᠡᠭᠦᠯᠬᠦ ᠶᠢ ᠪᠡᠶᠡᠯᠡᠭᠦᠯᠦᠨ᠎ᠡ᠃      ᠭᠤᠷᠪᠠ ᠳᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠲᠠᠯ᠎ᠠ ᠪᠠᠷ ︽ᠪᠣᠳᠠᠲᠠᠢ ᠠᠷᠭ᠎ᠠ ᠬᠡᠮᠵᠢᠶ᠎ᠡ︾ ᠭᠠᠷᠭᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠴᠦ᠂ ᠲᠣᠰ ᠲᠣᠰ ᠤᠨ ᠣᠨᠴᠠᠯᠢᠭ ᠲᠠᠢ ᠳᠠᠪᠠᠭᠤᠯᠢᠭ ᠢᠶᠠᠨ ᠪᠠᠳᠠᠷᠠᠭᠤᠯᠤᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠪᠥᠬᠦ ᠵᠢᠯ ᠤᠨ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠲᠠᠯᠪᠢᠬᠤ ᠬᠢᠭᠡᠳ ᠠᠵᠤ ᠠᠬᠤᠢ ᠶᠢᠨ ᠨᠡᠮᠡᠭᠳᠡᠯ ᠤᠨ ᠬᠡᠷᠡᠭᠴᠡᠭᠡ ᠱᠠᠭᠠᠷᠳᠠᠯᠭ᠎ᠠ ᠶᠢᠨ ᠬᠠᠷᠢᠯᠴᠠᠨ ᠵᠣᠬᠢᠴᠠᠯᠳᠤᠬᠤ ᠶᠢ ᠦᠨᠡᠨᠬᠦ ᠪᠠᠲᠤᠯᠠᠵᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠨᠡᠮᠡᠭᠳᠡᠭᠦᠯᠬᠦ᠂ ᠨᠡᠶᠢᠳᠡᠮ ᠬᠠᠷᠠᠭᠠᠯᠵᠠᠬᠤ ᠵᠢᠵᠢᠭ ᠪᠢᠴᠢᠯ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 20 ᠳ᠋ᠦᠩᠰᠢᠭᠤᠷ ᠲᠥᠭᠦᠷᠢᠭ  ᠠᠴᠠ  ᠳᠡᠭᠡᠭᠰᠢ  ᠨᠡᠮᠡᠭᠳᠡᠭᠦᠯᠬᠦ  ᠶᠢ  ᠪᠡᠶᠡᠯᠡᠭᠦᠯᠦᠨ᠎ᠡ᠃  ᠡᠭᠦᠨ  ᠤ  ᠵᠡᠷᠭᠡᠴᠡᠭᠡᠪᠡᠷ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ︽ᠡᠷᠲᠡ ᠢᠯᠭᠠᠨ ᠲᠠᠨᠢᠬᠤ᠂ ᠡᠷᠲᠡ ᠰᠡᠷᠡᠮᠵᠢᠯᠡᠭᠦᠯᠬᠦ᠂ ᠡᠷᠲᠡ ᠢᠯᠡᠷᠡᠭᠦᠯᠬᠦ᠂ ᠡᠷᠲᠡ ᠰᠢᠢᠳᠪᠦᠷᠢᠯᠡᠬᠦ︾ ᠶᠢ ᠪᠡᠶᠡᠯᠡᠭᠦᠯᠦᠨ᠎ᠡ᠃      ᠬᠥᠲᠥᠯᠥᠭᠴᠢ᠄ ᠵᠠ᠂ ᠬᠤᠶᠠᠷ ᠵᠣᠴᠢᠳ ᠤᠨ ᠬᠤᠪᠢᠶᠠᠯᠴᠠᠭᠰᠠᠨ ᠳᠤ ᠲᠠᠯᠠᠷᠬᠠᠵᠤ ᠪᠠᠶᠢᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ