ᠴᠢᠨᠠᠷ ᠰᠠᠶᠢᠲᠠᠢ ᠬᠥᠭᠵᠢᠯᠲᠡ ᠶᠢ ᠤᠯᠠᠨ ᠢᠶᠠᠷ ᠢᠶᠠᠨ ᠶᠠᠷᠢᠬᠤ᠂ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠥᠩᠭᠡ ᠶᠢ ᠵᠤᠵᠠᠭᠠᠳᠬᠠᠵᠤ ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠬᠠᠭᠤᠳᠠᠰᠤ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2023/9/7
      ᠬᠥᠲᠥᠯᠥᠭᠴᠢ᠄ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠦᠵᠡᠬᠦ᠂ ᠪᠠᠶᠠᠨᠨᠠᠭᠤᠷ ᠬᠡᠷᠬᠢᠨ ᠠᠵᠢᠯᠯᠠᠬᠤ᠂ ︽ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠣᠯᠠᠨ ᠤ ᠶᠠᠷᠢᠯᠴᠠᠭ᠎ᠠ︾ ᠶᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠵᠤᠵᠠᠭᠠᠨ ᠰᠡᠭᠦᠳᠡᠷ ᠮᠣᠳᠣ ᠶᠢ ᠦᠯᠡᠳᠡᠭᠡᠵᠦ᠂ ᠬᠤᠶᠢᠴᠢ ᠦᠶ᠎ᠡ ᠶᠢᠨ ᠬᠢᠨ ᠰᠡᠷᠢᠭᠦᠴᠡᠬᠦ ᠳᠤ ᠠᠮᠠᠷ᠃ ᠤᠢ ᠰᠢᠭᠤᠢ ᠡᠪᠡᠰᠦ ᠪᠡᠯᠴᠢᠭᠡᠷ ᠤᠨ ᠠᠵᠢᠯ ᠢ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠡᠭᠦᠷᠢᠳᠡ ᠠᠰᠢᠭ ᠲᠤᠰᠠ ᠬᠦᠷᠲᠡᠭᠡᠨ᠎ᠡ ᠭᠡᠵᠦ ᠬᠡᠯᠡᠵᠦ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠪᠣᠬᠢᠷᠲᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ︾ ᠭᠡᠵᠦ ᠳᠤᠷᠠᠳᠤᠨ ᠭᠠᠷᠭᠠᠪᠠ᠃ ᠡᠳᠦᠷ ᠢᠷᠡᠬᠦᠶ᠎ᠡ ᠥᠳᠬᠡᠷᠡᠵᠦ ᠪᠠᠶᠢᠭ᠎ᠠ ᠨᠣᠭᠤᠭᠠᠨ ᠥᠩᠭᠡ ᠶᠢ ᠪᠠᠶᠠᠨᠨᠠᠭᠤᠷ ᠲᠤ ᠬᠡᠷᠬᠢᠨ ᠳᠡᠯᠭᠡᠨ ᠦᠵᠡᠭᠦᠯᠬᠦ ᠪᠤᠢ︖ ᠥᠨᠥᠳᠥᠷ᠂ ᠪᠢᠳᠡ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠴᠧᠨ ᠬᠠᠢ ᠸᠧᠢ ᠨᠥᠬᠦᠷ᠂ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠠᠯᠪᠠᠨ ᠭᠡᠷ ᠤᠨ ᠡᠷᠬᠢᠯᠡᠭᠴᠢ ᠶᠤᠸᠠᠨ ᠰᠢᠶᠣᠣ ᠳ᠋ᠦᠩ ᠨᠥᠬᠦᠷ ᠢ ᠤᠷᠢᠵᠤ ᠲᠣᠭᠯᠠᠯᠲᠠ ᠶᠢᠨ ᠲᠠᠰᠤᠭ ᠲᠤ ᠣᠷᠣᠯᠴᠠᠭᠤᠯᠵᠤ᠂ ᠬᠤᠶᠠᠷ ᠵᠣᠴᠢᠳ ᠢ ᠤᠭᠲᠤᠵᠤ ᠪᠠᠶᠢᠨ᠎ᠠ᠃      ᠴᠧᠨ ᠬᠠᠢ ᠸᠧᠢ᠂ ᠶᠤᠸᠠᠨ ᠰᠢᠶᠣᠣ ᠳ᠋ᠦᠩ᠄ ᠬᠥᠲᠥᠯᠥᠭᠴᠢ ᠰᠠᠶᠢᠨ  ᠤᠤ ︕ ᠦᠵᠡᠭᠴᠢᠳ ᠨᠠᠶᠢᠵᠠ ᠨᠠᠷ ᠰᠠᠶᠢᠨ ᠪᠠᠶᠢᠵᠠᠭᠠᠨ᠎ᠠ  ᠤᠤ︕      ᠬᠥᠲᠥᠯᠥᠭᠴᠢ᠄ ᠣᠶᠢᠷ᠎ᠠ ᠶᠢᠨ ᠬᠡᠳᠦᠨ ᠵᠢᠯ ᠳᠤ᠂ ᠪᠢᠳᠡᠨ ᠤ ᠬᠠᠮᠤᠭ ᠤᠨ ᠰᠢᠭᠤᠳ ᠲᠥᠷᠥᠭᠳᠡᠯ ᠭᠡᠪᠡᠯ᠂ ᠳᠡᠷᠭᠡᠳᠡᠬᠢ ᠨᠣᠭᠤᠭᠠᠨ ᠥᠩᠭᠡ ᠤᠯᠠᠮ ᠠᠴᠠ ᠤᠯᠠᠮ ᠣᠯᠠᠰᠢᠷᠠᠵᠤ ᠪᠠᠶᠢᠨ᠎ᠠ᠃ ᠲᠡᠭᠡᠪᠡᠯ ᠮᠠᠨ ᠤ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠪᠠ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠨᠢ ᠶᠠᠮᠠᠷ ᠵᠡᠷᠭᠡ ᠪᠣᠶ︖ ᠪᠢᠳᠡ ᠬᠠᠮᠲᠤ ᠪᠠᠷ ᠨᠢᠭᠡ ᠣᠬᠤᠷ ᠹᠢᠯᠢᠮ ᠦᠵᠡᠶ᠎ᠡ᠃      ᠬᠥᠲᠥᠯᠥᠭᠴᠢ᠄ ᠣᠬᠤᠷ ᠹᠢᠯᠢᠮ ᠢ ᠦᠵᠡᠵᠦ ᠪᠠᠷᠠᠭᠠᠳ᠂ ᠮᠠᠨ ᠤ ᠪᠠᠶᠠᠨᠨᠠᠭᠤᠷ ᠤᠨ ᠠᠮᠢ ᠠᠬᠤᠢ ᠶᠢᠨ ᠣᠷᠣᠨ ᠪᠠᠶᠢᠷᠢ ᠶᠢᠨ ᠳᠠᠪᠠᠭᠤᠯᠢᠭ ᠢᠯᠡᠳᠲᠡ ᠪᠠᠶᠢᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠲᠠᠯ᠎ᠠ ᠪᠠᠷ ᠴᠤ ᠲᠣᠪᠣᠶᠢᠮ᠎ᠠ ᠠᠮᠵᠢᠯᠲᠠ ᠣᠯᠣᠭᠰᠠᠨ ᠰᠢᠭ᠋ ᠰᠠᠨᠠᠭᠳᠠᠵᠤ ᠪᠠᠶᠢᠨ᠎ᠠ᠃ ᠵᠢᠯ ᠪᠦᠷᠢ ᠶᠢᠨ ᠡᠨᠡ ᠦᠶ᠎ᠡ ᠪᠣᠯ ᠶᠠᠭ ᠮᠣᠳᠣ ᠲᠠᠷᠢᠵᠤ ᠣᠶᠢᠵᠢᠭᠤᠯᠬᠤ ᠤᠯᠠᠷᠢᠯ ᠮᠥᠨ᠂ ᠡᠨᠡ ᠵᠢᠯ ᠤᠨ ᠡᠨᠡ ᠠᠵᠢᠯ ᠢ ᠬᠢᠷᠢ ᠵᠡᠷᠭᠡ ᠥᠷᠨᠢᠭᠦᠯᠵᠦ ᠪᠠᠶᠢᠬᠤ ᠪᠤᠢ︖      ᠴᠧᠨ ᠬᠠᠢ ᠸᠧᠢ᠄ ᠡᠨᠡ ᠵᠢᠯ᠂ ᠪᠢᠳᠡ ᠣᠶ ᠰᠢᠭᠤᠢ ᠡᠪᠡᠰᠦᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 55.45 ᠲᠦᠮᠡᠨ ᠮᠦ ᠪᠡᠶᠡᠯᠡᠭᠦᠯᠬᠦ ᠪᠠᠷ ᠲᠥᠯᠥᠪᠯᠡᠵᠦ ᠪᠣᠶ᠂ ᠡᠭᠦᠨ ᠳᠤ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 10 ᠲᠦᠮᠡᠨ ᠮᠦ ᠪᠡᠶᠡᠯᠡᠭᠦᠯᠦᠨ᠎ᠡ︔ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ 45.45 ᠲᠦᠮᠡᠨ ᠮᠦ ᠳᠤ ᠬᠦᠷᠴᠦ᠂ 9 ᠲᠦᠮᠡᠨ ᠮᠦ ᠶᠢᠨ ᠰᠢᠷᠭᠤᠯᠵᠢ ᠶᠢᠨ ᠣᠶ ᠰᠢᠭᠤᠢ᠂ 36.45 ᠲᠦᠮᠡᠨ ᠮᠦ ᠶᠢᠨ ᠭᠤᠣᠯᠳᠠᠯᠭ᠎ᠠ ᠲᠠᠢ ᠢᠨᠵᠧᠨᠧᠷᠢᠩ ᠢ ᠪᠠᠭᠲᠠᠭᠠᠨ᠎ᠠ᠃ 4 ᠳ᠋ᠦᠭᠡᠷ ᠰᠠᠷ᠎ᠠ ᠪᠣᠯ ᠬᠠᠪᠤᠷ ᠤᠨ ᠤᠯᠠᠷᠢᠯ ᠤᠨ ᠮᠣᠳᠣ ᠳᠠᠷᠢᠵᠤ ᠣᠶᠢᠵᠢᠭᠤᠯᠬᠤ ᠰᠢᠵᠢᠷ ᠠᠯᠲᠠᠨ ᠬᠤᠭᠤᠴᠠᠭ᠎ᠠ ᠪᠣᠯᠣᠨ᠎ᠠ᠂ 4 ᠳ᠋ᠦᠭᠡᠷ ᠰᠠᠷ᠎ᠠ ᠶᠢᠨ 12 ᠤᠨ ᠡᠳᠦᠷ᠂ ᠪᠢᠳᠡ ᠲᠤᠯᠤᠭᠠᠨ ᠬᠤᠰᠢᠭᠤ ᠰᠢᠶᠠᠨ ᠲᠣᠭᠤᠷᠢᠭ ᠲᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠵᠡᠷᠭᠡ ᠪᠠᠷ ᠶᠠᠪᠤᠭᠳᠠᠭᠤᠯᠵᠤ᠂ ᠪᠥᠬᠦ ᠬᠤᠲᠠ ᠶᠢᠨ ᠬᠡᠪᠴᠢᠶᠡᠨ ᠳᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠰᠢᠨ᠎ᠡ ᠥᠷᠨᠢᠯᠲᠡ ᠶᠢ ᠪᠣᠶ ᠪᠣᠯᠭᠠᠪᠠ᠃      ᠬᠥᠲᠥᠯᠥᠭᠴᠢ᠄ 55.45 ᠲᠦᠮᠡᠨ ᠮᠦ᠂ ᠡᠨᠡ ᠪᠣᠯ ᠦᠨᠡᠬᠡᠷ ᠪᠠᠭ᠎ᠠ ᠪᠤᠰᠤ ᠲᠤᠭ᠎ᠠ ᠪᠣᠯᠣᠨ᠎ᠠ᠃ ᠡᠭᠦᠨ ᠢ ᠪᠣᠳᠠᠲᠠᠢ ᠬᠢᠬᠦ ᠶᠠᠪᠤᠴᠠ ᠳᠤ ᠪᠡᠶᠡᠯᠡᠭᠦᠯᠬᠦ ᠳᠤ ᠠᠮᠠᠷᠬᠠᠨ ᠤᠤ ︖      ᠴᠧᠨ ᠬᠠᠢ ᠸᠧᠢ᠄ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠮᠣᠳᠣ ᠳᠠᠷᠢᠵᠤ ᠣᠶᠢᠵᠢᠭᠤᠯᠬᠤ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠪᠥᠬᠦ ᠶᠠᠪᠤᠴᠠ ᠳᠤ ᠰᠢᠨᠵᠢᠯᠡᠬᠦ ᠤᠬᠠᠭᠠᠨᠴᠢ ᠪᠠᠷ ᠲᠦᠯᠬᠢᠨ ᠠᠬᠢᠭᠤᠯᠤᠨ᠎ᠠ᠃      ᠴᠧᠨ ᠬᠠᠢ ᠸᠧᠢ᠄ ᠡᠩ ᠲᠡᠷᠢᠭᠦᠨ ᠳᠤ᠂ ᠪᠢᠳᠡ ︽ᠬᠠᠮᠢᠭ᠎ᠠ ᠣᠶᠢᠵᠢᠭᠤᠯᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠣᠳᠣᠬᠠᠨ ᠳᠤ᠂ ᠪᠠᠶᠠᠨᠨᠠᠭᠤᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ  ᠶᠢ  ᠬᠡᠷᠡᠭᠵᠢᠭᠦᠯᠬᠦ  ᠳᠤ  ᠬᠡᠷᠡᠭᠯᠡᠬᠦ  ᠣᠷᠣᠨ  ᠵᠠᠢ  ᠶᠠᠪᠤᠬᠤ  ᠲᠤᠲᠤᠮ  ᠴᠥᠭᠡᠷᠡᠵᠦ  ᠪᠠᠶᠢᠨ᠎ᠠ᠂  ᠪᠢᠳᠡ ︽ᠭᠤᠷᠪᠠᠨ ᠣᠷᠣᠨ ᠭᠤᠷᠪᠠᠨ ᠱᠤᠭᠤᠮ︾ ᠤᠨ ᠲᠣᠬᠢᠷᠠᠭᠤᠯᠤᠯᠲᠠ ᠶᠢᠨ ᠦᠷ᠎ᠡ ᠳ᠋ᠦᠩ ᠲᠠᠢ ᠤᠶᠠᠯᠳᠤᠭᠤᠯᠤᠨ᠂ ᠨᠢᠭᠡᠨᠲᠡ 280.8 ᠲᠦᠮᠡᠨ ᠮᠦ ᠶᠢᠨ ᠣᠶᠢᠵᠢᠭᠤᠯᠬᠤ ᠭᠠᠵᠠᠷ ᠢ ᠢᠯᠭᠠᠨ ᠲᠣᠳᠣᠯᠠᠵᠤ᠂ ᠲᠠᠷᠠᠭᠠᠴᠢ ᠶᠢᠨ ᠠᠯᠬᠤᠮ ᠤᠨ ᠣᠶ ᠰᠢᠭᠤᠢ ᠡᠪᠡᠰᠦᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠬᠦ ᠳᠤ ᠨᠥᠬᠦᠴᠡᠯ ᠬᠠᠩᠭᠠᠭᠰᠠᠨ ᠪᠠᠶᠢᠨ᠎ᠠ᠃ ᠲᠠᠷᠠᠭ᠎ᠠ ᠳᠤᠨᠢ᠂ ︽ᠶᠠᠮᠠᠷ ᠤᠢ ᠮᠣᠳᠣ ᠲᠠᠷᠢᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠠᠶᠠᠨᠨᠠᠭᠤᠷ ᠤᠨ ᠪᠠᠶᠢᠭᠠᠯᠢ ᠶᠢᠨ ᠨᠥᠬᠦᠴᠡᠯ ᠪᠣᠯᠣᠨ ᠤᠰᠤᠨ ᠤ ᠡᠬᠢ ᠪᠠᠶᠠᠯᠢᠭ  ᠤᠨ ᠳᠠᠭᠠᠭᠠᠬᠤ ᠴᠢᠳᠠᠪᠤᠷᠢ ᠶᠢ ᠭᠦᠢᠴᠡᠳ ᠪᠣᠳᠣᠯᠬᠢᠯᠠᠵᠤ᠂ ᠢᠯᠠᠩᠭᠤᠶ᠎ᠠ ᠤᠰᠤ ᠠᠷᠪᠢᠯᠠᠵᠤ ᠤᠰᠤ ᠡᠵᠡᠮᠳᠡᠬᠦ ᠪᠠᠶᠢᠳᠠᠯ ᠤᠨ ᠳᠣᠣᠷ᠎ᠠ᠂ ᠨᠢᠭᠡ ᠯᠡ ᠳᠡᠭᠡᠷ᠎ᠡ ᠳᠦᠷᠭᠢᠯᠳᠦᠨ ᠬᠢᠵᠦ ᠪᠣᠯᠬᠤ ᠦᠭᠡᠢ᠂ ᠣᠶᠢᠵᠢᠭᠤᠯᠬᠤ ᠳᠤ ᠲᠣᠬᠢᠷᠠᠮᠵᠢᠲᠠᠢ ᠪᠣᠯ ᠣᠶᠢᠵᠢᠭᠤᠯᠬᠤ᠂ ᠤᠰᠤᠯᠠᠬᠤ ᠳᠤ ᠲᠣᠬᠢᠷᠠᠮᠵᠢᠲᠠᠢ ᠪᠣᠯ ᠤᠰᠤᠯᠠᠬᠤ᠂ ᠡᠪᠡᠰᠦ ᠪᠡᠯᠴᠢᠭᠡᠷᠯᠡᠭᠦᠯᠬᠦ ᠳᠤ ᠲᠣᠬᠢᠷᠠᠮᠵᠢᠲᠠᠢ ᠪᠣᠯ ᠡᠪᠡᠰᠦ ᠪᠡᠯᠴᠢᠭᠡᠷ ᠲᠠᠢ ᠪᠠᠶᠢᠯᠭᠠᠬᠤ ᠶᠢ ᠪᠡᠶᠡᠯᠡᠭᠦᠯᠵᠦ᠂ ᠪᠠᠶᠢᠭᠠᠯᠢ ᠶᠢᠨ ᠵᠢᠮ᠎ᠡ ᠶᠣᠰᠣ ᠶᠢ ᠵᠢᠷᠤᠮᠯᠠᠨ᠂ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠵᠤ᠂ ᠠᠮᠢ ᠠᠬᠤᠢ ᠶᠢᠨ ᠵᠦᠢ ᠵᠣᠬᠢᠰᠲᠠᠢ ᠴᠢᠨᠠᠷ ᠪᠣᠯᠣᠨ ᠠᠵᠤ ᠠᠬᠤᠢ ᠶᠢᠨ ᠪᠣᠯᠣᠮᠵᠢᠲᠤ ᠴᠢᠨᠠᠷ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠠᠷᠪᠢᠴᠢ ᠭᠠᠮᠲᠠᠢ ᠪᠥᠭᠡᠳ ᠪᠣᠳᠠᠲᠠᠢ ᠶᠢ ᠡᠷᠬᠢᠮᠯᠡᠨ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠥᠷᠨᠢᠭᠦᠯᠬᠦ ᠬᠡᠷᠡᠭᠲᠡᠢ᠃ ᠪᠠᠰᠠ ︽ᠶᠠᠭᠠᠬᠢᠵᠤ ᠣᠶᠢᠵᠢᠭᠤᠯᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠪᠢᠳᠡ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠢ ᠬᠠᠮᠲᠤᠷᠠᠯᠴᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠲᠠᠷᠢᠶᠠᠨ ᠭᠠᠵᠠᠷ ᠤᠨ ᠬᠠᠯᠬᠠᠪᠴᠢ ᠤᠢ ᠶᠢᠨ ᠲᠣᠣᠷ ᠢ ᠪᠠᠶᠢᠭᠤᠯᠪᠠ︔ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠯᠦᠭᠡ ᠬᠠᠮᠲᠤᠷᠠᠯᠴᠠᠵᠤ᠂ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠥᠭᠡᠷᠡᠴᠢᠯᠡᠯᠲᠡ ᠲᠠᠢ ᠤᠶᠠᠯᠳᠤᠭᠤᠯᠤᠨ᠂ ᠤᠯᠤᠰ  ᠠᠴᠠ ᠬᠠᠮᠢᠶᠠᠷᠬᠤ ᠰᠤᠪᠠᠭ ᠤᠨ ᠨᠣᠭᠤᠭᠠᠷᠠᠭᠤᠯᠤᠯᠲᠠ ᠶᠢ ᠠᠬᠢᠭᠤᠯᠤᠨ᠎ᠠ︔ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ᠂ ᠬᠦᠷᠢᠶ᠎ᠡ ᠬᠠᠰᠢᠶ᠎ᠠ ᠶᠢᠨ ᠣᠶ ᠵᠢᠮᠢᠰ ᠢ ᠥᠷᠨᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︔ ᠣᠶ ᠰᠢᠭᠤᠢ ᠡᠪᠡᠰᠦ ᠡᠯᠡᠰᠦᠨ ᠤ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ᠂ ︽ᠣᠶᠢᠵᠢᠭᠤᠯᠬᠤ ᠳᠤ ᠰᠢᠭᠤᠳ ᠨᠥᠬᠦᠪᠦᠷᠢ ᠥᠭᠬᠦ᠂ ᠤᠷᠢᠳᠠᠪᠠᠷ ᠳᠠᠷᠢᠵᠤ ᠳᠠᠷᠠᠭ᠎ᠠ ᠨᠢ ᠨᠥᠬᠦᠪᠦᠷᠢ ᠥᠭᠬᠦ︾ ᠠᠷᠭ᠎ᠠ ᠮᠠᠶ᠋ᠢᠭ ᠢ ᠠᠪᠴᠤ ᠥᠨᠳᠥᠷ ᠪᠠᠷᠢᠮᠵᠢᠶᠠᠲᠤ ᠠᠵᠤ ᠠᠬᠤᠢ ᠶᠢᠨ ᠣᠶ ᠶᠢ ᠪᠦᠲᠦᠭᠡᠨ ᠪᠠᠶᠢᠭᠤᠯᠬᠤ ᠶᠢᠨ ᠬᠠᠮᠲᠤ᠂  ᠲᠠᠷᠢᠶᠠᠯᠠᠩ  ᠤᠨ ᠥᠨᠳᠥᠷ  ᠣᠷᠣᠨ  ᠳᠤ  ᠮᠢᠩᠭᠠᠨ  ᠮᠦ  ᠴᠢᠨᠠᠷ  ᠰᠠᠶᠢᠲᠠᠢ  ᠵᠢᠮᠢᠰ  ᠤᠨ ᠰᠠᠭᠤᠷᠢᠨ ᠭᠠᠵᠠᠷ  ᠢ  ᠪᠦᠲᠦᠭᠡᠨ  ᠪᠠᠶᠢᠭᠤᠯᠤᠨ᠎ᠠ᠃ ᠪᠢᠳᠡ ᠡᠨᠡ ᠬᠡᠳᠦᠨ ᠵᠦᠢᠯ ᠤᠨ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ︽ᠤᠢ ᠰᠢᠭᠤᠢ ᠶᠢ ᠬᠡᠷᠬᠢᠨ ᠬᠠᠮᠢᠶᠠᠷᠬᠤ︾ ᠠᠰᠠᠭᠤᠳᠠᠯ ᠢ ᠴᠤ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠢᠳᠡ ᠪᠦᠲᠦᠭᠡᠨ ᠪᠠᠶᠢᠭᠤᠯᠬᠤ ᠪᠠ ᠬᠠᠮᠢᠶᠠᠷᠴᠤ ᠬᠠᠮᠠᠭᠠᠯᠠᠬᠤ ᠶᠢ ᠵᠡᠷᠭᠡᠪᠡᠷ ᠴᠢᠬᠤᠯᠠᠴᠢᠯᠠᠬᠤ ᠰᠡᠳᠬᠢᠴᠡ ᠶᠢ ᠪᠤᠢ ᠪᠣᠯᠭᠠᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠬᠥᠮᠥᠨ ᠳᠤ ᠬᠦᠷᠲᠡᠯ᠎ᠡ ᠬᠤᠪᠢᠶᠠᠨ ᠨᠠᠶᠢᠳᠠᠪᠤᠷᠢᠵᠢᠭᠤᠯᠵᠤ᠂ ᠭᠠᠵᠠᠷ ᠲᠤ ᠬᠦᠷᠲᠡᠯ᠎ᠡ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠬᠦᠴᠦᠨ ᠢ ᠵᠣᠬᠢᠶᠠᠨ ᠪᠠᠶᠢᠭᠤᠯᠤᠨ ᠲᠠᠶᠢᠴᠢᠯᠠᠵᠤ᠂ ᠤᠰᠤᠯᠠᠬᠤ ᠪᠠᠷ ᠭᠤᠣᠯ ᠪᠣᠯᠭᠠᠭᠰᠠᠨ ᠠᠰᠠᠷᠠᠨ ᠪᠣᠶᠢᠵᠢᠭᠤᠯᠵᠤ ᠬᠠᠮᠢᠶᠠᠷᠴᠤ ᠬᠠᠮᠠᠭᠠᠯᠠᠬᠤ ᠶᠢ ᠠᠯᠬᠤᠮ ᠠᠯᠬᠤᠮ ᠢᠶᠠᠷ ᠪᠠᠶᠢᠩᠭᠤᠵᠢᠭᠤᠯᠪᠠ᠃ ᠪᠢᠳᠡ ᠣᠶ ᠰᠢᠭᠤᠢ ᠬᠠᠮᠠᠭᠠᠯᠠᠭᠴᠢ᠂ ᠡᠪᠡᠰᠦ ᠪᠡᠯᠴᠢᠭᠡᠷ ᠤᠨ ᠬᠠᠮᠢᠶᠠᠷᠤᠭᠴᠢ ᠶᠢᠨ ᠲᠣᠥᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠨ ᠰᠢᠯᠭᠠᠵᠤ ᠱᠠᠩᠨᠠᠵᠤ ᠲᠣᠷᠭᠠᠬᠤ ᠠᠷᠭ᠎ᠠ ᠶᠢ ᠲᠣᠭᠲᠠᠭᠠᠨ᠂ ᠬᠤᠲᠠ᠂ ᠬᠤᠰᠢᠭᠤ ᠰᠢᠶᠠᠨ ᠲᠣᠭᠤᠷᠢᠭ᠂ ᠰᠤᠮᠤ ᠰᠢᠶᠠᠩ ᠪᠠᠯᠭᠠᠰᠤ ᠭᠤᠷᠪᠠᠨ ᠱᠠᠲᠤᠨ ᠤ ᠣᠶ ᠰᠢᠭᠤᠢ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠲᠣᠣᠷ ᠰᠦᠯᠵᠢᠶ᠎ᠡ ᠶᠢᠨ ᠰᠢᠰᠲ᠋ᠧᠮᠵᠢ ᠶᠢ ᠪᠦᠷᠢᠯᠳᠦᠭᠦᠯᠪᠡ᠃      ᠬᠥᠲᠥᠯᠥᠭᠴᠢ᠄ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠦᠯᠬᠢᠨ ᠠᠬᠢᠭᠤᠯᠬᠤ ᠪᠣᠯ ᠲᠠᠨ  ᠢ ᠳᠠᠭᠠᠵᠤ ᠶᠠᠪᠤᠭᠰᠠᠨ ᠤ ᠬᠠᠮᠤᠭ ᠤᠨ ᠶᠡᠭᠡ ᠲᠥᠷᠥᠭᠳᠡᠯ ᠪᠣᠯᠣᠨ᠎ᠠ᠃      ᠴᠧᠨ ᠬᠠᠢ ᠸᠧᠢ᠂ ᠶᠤᠸᠠᠨ ᠰᠢᠶᠣᠣ ᠳ᠋ᠦᠩ᠄ ᠲᠣᠯᠣᠭᠠᠢ ᠳᠣᠬᠢᠨ᠎ᠠ᠃      ᠬᠥᠲᠥᠯᠥᠭᠴᠢ᠄ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯ ᠨᠢᠭᠡ ᠲᠠᠯ᠎ᠠ ᠮᠥᠨ᠂ ᠠᠮᠢ ᠠᠬᠤᠢ ᠶᠢᠨ ᠬᠠᠮᠠᠭᠠᠯᠠᠯᠲᠠ ᠠᠳᠠᠯᠢᠬᠠᠨ ᠴᠢᠬᠤᠯᠠ ᠪᠠᠶᠢᠳᠠᠭ᠃ ᠬᠥᠮᠥᠰ ᠦᠷᠭᠦᠯᠵᠢ ᠭᠠᠯ ᠤᠰᠤᠨ ᠤ ᠠᠶᠤᠯ ᠬᠠᠶᠢᠷ᠎ᠠ ᠨᠠᠶᠢᠷ ᠦᠭᠡᠢ᠂ ᠭᠠᠯ ᠤᠨ ᠠᠶᠤᠯ ᠮᠠᠨ ᠤ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠲᠤ ᠤᠴᠠᠷᠠᠭᠤᠯᠬᠤ ᠰᠦᠷᠳᠡᠭᠦᠯᠦᠯ ᠢ ᠣᠮᠲᠣᠭᠠᠶᠢᠯᠠᠵᠤ ᠪᠣᠯᠣᠰᠢ ᠦᠭᠡᠢ ᠭᠡᠵᠦ ᠬᠡᠯᠡᠳᠡᠭ᠃ ᠲᠡᠭᠡᠪᠡᠯ ᠠᠮᠢ ᠠᠬᠤᠢ ᠶᠢᠨ ᠬᠠᠮᠠᠭᠠᠯᠠᠯᠲᠠ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠠᠯ᠎ᠠ ᠪᠠᠷ ᠪᠢᠳᠡ ᠬᠡᠷᠬᠢᠨ ᠭᠠᠷᠳᠠᠵᠤ ᠬᠢᠭᠰᠡᠨ ᠪᠣᠶ︖ᠶᠤᠸᠠᠨ ᠰᠢᠶᠣᠣ ᠳ᠋ᠦᠩ᠄ ᠪᠢᠳᠡ ᠪᠠᠶᠢᠭᠠᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠵᠠᠭᠠᠭ ᠬᠢᠵᠠᠭᠠᠷ ᠢ ᠡᠷᠡᠰ ᠰᠠᠬᠢᠵᠤ᠂ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠣᠶ ᠰᠢᠭᠤᠢ ᠶᠢᠨ ᠰᠢᠪᠠᠳᠠᠨ ᠪᠠᠶᠢᠴᠠᠭᠠᠯᠲᠠ᠂ ᠣᠶ ᠰᠢᠭᠤᠢ ᠶᠢᠨ ᠴᠡᠴᠡᠷᠯᠢᠭ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠪᠢᠳᠡ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠴᠢᠩᠭ᠎ᠠ ᠠᠩᠬᠠᠷᠴᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠭᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠡᠬᠢᠯᠡᠭᠦᠯᠵᠦ᠂ ᠬᠤᠰᠢᠭᠤ ᠰᠢᠶᠠᠨ ᠲᠣᠭᠤᠷᠢᠭ ᠵᠢᠴᠢ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ᠳᠤ ᠬᠡᠰᠡᠭ ᠲᠠᠯ᠎ᠠ ᠶᠢ ᠳᠠᠭᠠᠭᠠᠴᠢᠯᠠᠨ ᠣᠷᠣᠵᠤ ᠰᠠᠭᠤᠭᠠᠳ ᠪᠦᠬᠦ ᠲᠠᠯ᠎ᠠ ᠪᠠᠷ ᠪᠠᠶᠢᠴᠠᠭᠠᠨ ᠵᠢᠯᠤᠭᠤᠳᠬᠤ ᠠᠵᠢᠯ ᠥᠷᠨᠢᠭᠦᠯᠪᠡ︔ ᠪᠦᠬᠦ ᠬᠤᠳᠠ ᠳᠤ 20 ᠤᠳᠠᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠵᠦ᠂ 3000 ᠭᠠᠷᠤᠢ ᠬᠥᠮᠥᠨ ᠰᠣᠷᠢᠯᠲᠠ ᠳᠤ ᠣᠷᠣᠯᠴᠠᠵᠤ᠂ ᠬᠠᠮᠵᠢᠯᠴᠠᠨ ᠪᠠᠶᠢᠯᠳᠤᠬᠤ ᠴᠢᠳᠠᠪᠤᠷᠢ ᠪᠠᠨ ᠳᠡᠭᠡᠭᠰᠢᠯᠡᠭᠦᠯᠵᠡᠢ︔ ᠬᠤᠲᠠ᠂ ᠬᠤᠰᠢᠭᠤ ᠰᠢᠶᠠᠨ ᠲᠣᠭᠤᠷᠢᠭ ᠲᠤ ᠴᠥᠮ ᠭᠠᠯ ᠰᠡᠷᠭᠡᠶᠢᠯᠡᠬᠦ ᠲᠤᠬᠠᠢ ᠶᠢᠨ ᠭᠠᠵᠠᠷ ᠤᠨ ᠲᠤᠰᠬᠠᠢ ᠵᠢᠯᠤᠭᠤᠳᠬᠤ ᠳᠠᠷᠤᠭ᠎ᠠ ᠭᠠᠷᠭᠠᠵᠤ᠂ AB ᠠᠵᠢᠯ ᠤᠨ ᠪᠠᠶᠢᠷᠢ ᠶᠢᠨ ᠳᠦᠷᠢᠮ ᠢ ᠬᠡᠷᠡᠭᠵᠢᠭᠦᠯᠦᠨ᠂ 500 ᠭᠠᠷᠤᠢ ᠬᠥᠮᠥᠨ ᠤ ᠭᠠᠯ ᠤᠨᠲᠠᠷᠠᠭᠠᠬᠤ ᠡᠩᠨᠡᠭᠡ ᠶᠢ 30 ᠪᠠᠶᠢᠭᠤᠯᠵᠤ᠂ ᠭᠠᠯ ᠰᠡᠷᠭᠡᠶᠢᠯᠡᠬᠦ ᠵᠢᠯᠣᠭᠤᠳᠤᠯᠭ᠎ᠠ ᠶᠢᠨ ᠲᠤᠰᠬᠠᠶᠢᠵᠢᠬᠤ᠂ ᠣᠷᠣ ᠳᠤᠲᠠᠭᠳᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ︔ ᠬᠤᠲᠠ᠂ ᠬᠤᠰᠢᠭᠤ ᠰᠢᠶᠠᠨ ᠨᠤᠭᠤᠳ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠵᠡᠷᠭᠡᠪᠡᠷ ᠡᠬᠢᠯᠡᠭᠦᠯᠵᠦ᠂ ᠪᠥᠬᠦ ᠬᠤᠲᠠ ᠳᠤ ᠲᠣᠭᠲᠠᠮᠠᠯ ᠤᠬᠠᠭᠤᠯᠭ᠎ᠠ ᠶᠢᠨ ᠫᠠᠶᠢᠰᠠ ᠶᠢ 1000 ᠰᠢᠨ᠎ᠡ ᠪᠠᠷ ᠨᠡᠮᠡᠵᠦ᠂ ᠡᠯᠭᠦᠭᠡ ᠪᠢᠴᠢᠭᠡᠰᠦ 2000 ᠭᠠᠷᠤᠢ᠂ ᠭᠠᠯ ᠰᠡᠷᠭᠡᠶᠢᠯᠡᠬᠦ ᠬᠤᠰᠢᠭᠤ ᠶᠢ 3000 ᠭᠠᠷᠤᠢ ᠡᠯᠭᠦᠵᠦ᠂ ᠤᠬᠠᠭᠤᠯᠭ᠎ᠠ ᠶᠢᠨ ᠬᠠᠭᠤᠳᠠᠰᠤ ᠶᠢ 5 ᠲᠦᠮᠡ ᠲᠠᠷᠬᠠᠭᠠᠵᠠᠢ᠃ ᠣᠲᠣ ᠪᠣᠯᠲᠠᠯ᠎ᠠ᠂ ᠪᠥᠬᠦ ᠬᠤᠲᠠ ᠶᠢᠨ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠬᠠᠩᠰᠢ ᠶᠢᠨ ᠬᠤᠭᠤᠴᠠᠭᠠᠨ ᠳᠤ ᠭᠠᠯ ᠠᠯᠳᠠᠭᠰᠠᠨ ᠦᠭᠡᠢ᠂ ᠠᠳᠡᠯ ᠭᠠᠷᠤᠭᠰᠠᠨ ᠦᠭᠡᠢ᠃      ᠬᠥᠲᠥᠯᠥᠭᠴᠢ᠄ ᠡᠩ ᠲᠡᠷᠢᠭᠦᠨ ᠳᠤ ︽ᠰᠡᠷᠭᠡᠶᠢᠯᠡᠬᠦ︾ ᠠᠵᠢᠯ ᠢ ᠰᠠᠶᠢᠲᠤᠷ ᠬᠢᠨ᠎ᠡ᠃      ᠴᠧᠨ ᠬᠠᠢ ᠸᠧᠢ᠄ ᠲᠡᠶᠢᠮᠦ ᠠ᠋᠃      ᠬᠥᠲᠥᠯᠥᠭᠴᠢ᠄ ᠮᠢᠨᠤ ᠣᠶᠢᠯᠠᠭᠠᠭᠰᠠᠨ ᠢᠶᠠᠷ᠂ 2022 ᠣᠨ ᠳᠤ ᠮᠠᠨ ᠤ ᠣᠯᠣᠭᠰᠠᠨ ᠪᠡᠯᠡ ᠮᠥᠩᠭᠦ 5.8 ᠳ᠋ᠦᠩᠰᠢᠭᠤᠷ ᠲᠥᠭᠦᠷᠢᠭ ᠪᠣᠯᠣᠨ᠎ᠠ᠃ ᠲᠡᠭᠡᠪᠡᠯ ᠡᠨᠡ ᠵᠢᠯ ᠤᠨ ᠮᠠᠨ ᠤ ᠴᠢᠬᠤᠯᠠ ᠶᠡᠭᠡ ᠵᠦᠢᠯᠡᠰ ᠢ ᠲᠡᠮᠡᠴᠡᠨ ᠣᠯᠬᠤ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠶᠢᠳᠠᠯ ᠶᠠᠮᠠᠷ ᠪᠤᠢ︖      ᠴᠧᠨ ᠬᠠᠢ ᠸᠧᠢ᠄ ᠡᠩ ᠲᠡᠷᠢᠭᠦᠨ ᠳᠤ ᠤᠯᠤᠰ ᠤᠨ ᠲᠥᠷᠥᠯ ᠵᠦᠢᠯ ᠢ ᠣᠯᠬᠤ ᠪᠠᠷ ᠢᠳᠡᠪᠬᠢᠲᠡᠢ ᠴᠢᠷᠮᠠᠶᠢᠨ᠎ᠠ᠃ ᠣᠳᠣᠬᠠᠨ ᠳᠤ᠂ ᠪᠢᠳᠡ ᠮᠤᠨᠢ ᠠᠭᠤᠯᠠ ᠶᠢᠨ ᠠᠷᠤ ᠬᠤᠷᠮᠣᠢ ᠶᠢᠨ ᠠᠮᠢ ᠠᠬᠤᠢ ᠶᠢᠨ ᠵᠠᠰᠠᠯᠲᠠ᠂ ᠪᠠᠷᠠᠭᠤᠨ ᠬᠡᠰᠡᠭ ᠤᠨ ᠡᠯᠡᠰᠦᠨ ᠴᠥᠯ ᠢ ᠶᠡᠷᠦᠩᠬᠡᠶᠢᠯᠡᠨ ᠵᠠᠰᠠᠬᠤ᠂ ᠡᠸᠦ᠋ᠷᠦᠫᠡ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠲᠥᠷᠥᠯ ᠵᠦᠢᠯ ᠢ ᠴᠢᠷᠮᠠᠶᠢᠨ ᠪᠡᠶᠡᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 10 ᠳ᠋ᠦᠩᠰᠢᠭᠤᠷ ᠲᠥᠭᠦᠷᠢᠭ ᠪᠣᠯᠣᠨ᠎ᠠ᠃ ᠡᠭᠦᠨ ᠤ ᠬᠠᠮᠲᠤ᠂ ᠮᠠᠨ ᠤ ᠬᠤᠲᠠ ᠶᠢᠨ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠵᠦ᠂ ᠨᠡᠶᠢᠭᠡᠮ ᠤᠨ ᠬᠥᠷᠥᠩᠭᠡ ᠪᠠ ᠠᠵᠤ ᠠᠬᠤᠶᠢᠯᠠᠯ ᠤᠨ ᠣᠶ ᠰᠢᠭᠤᠢ ᠡᠪᠡᠰᠦᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ᠂ ᠣᠶ ᠰᠢᠭᠤᠢ ᠡᠪᠡᠰᠦ ᠡᠯᠡᠰᠦᠨ ᠤ ᠠᠵᠤ ᠦᠢᠯᠡᠰ ᠤᠨ ᠬᠡᠯᠬᠢᠶᠡᠨ ᠤ ᠪᠡᠯᠡ ᠣᠷᠣᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠨ᠎ᠡ᠃ ᠡᠨᠡ ᠵᠢᠯ ᠠᠴᠠ ᠨᠠᠰᠢ᠂ 30 ᠬᠥᠮᠥᠨ ᠤᠳᠠᠭ᠎ᠠ ᠪᠡᠭᠡᠵᠢᠩ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠵᠦ᠂ ᠡᠯ᠎ᠡ ᠲᠥᠷᠥᠯ ᠤᠨ 32 ᠠᠵᠤ ᠠᠬᠤᠶᠢᠯᠠᠯ ᠲᠠᠢ ᠵᠣᠯᠭᠠᠭᠤᠯᠵᠤ᠂ ᠬᠠᠮᠲᠤᠷᠠᠯᠴᠠᠭᠠᠨ ᠤ ᠰᠠᠨᠠᠮᠵᠢ ᠶᠢᠨ 10 ᠲᠥᠷᠥᠯ ᠵᠦᠢᠯ ᠲᠠᠢ ᠲᠣᠬᠢᠷᠠᠯᠴᠠᠵᠤ᠂ ᠠᠩᠬ᠎ᠠ ᠠᠯᠬᠤᠮ ᠤᠨ ᠪᠡᠯᠡ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠲᠤ ᠬᠦᠷᠴᠡᠢ᠃      ᠬᠥᠲᠥᠯᠥᠭᠴᠢ᠄ ᠤᠯᠤᠰ ᠤᠨ ᠲᠥᠷᠥᠯ ᠵᠦᠢᠯ ᠤᠨ ᠳᠡᠮᠵᠢᠯᠭᠡ ᠪᠠ ᠨᠡᠶᠢᠭᠡᠮ ᠤᠨ ᠬᠥᠷᠥᠩᠭᠡ ᠶᠢᠨ ᠣᠷᠣᠯᠴᠠᠭ᠎ᠠ ᠪᠠᠶᠢᠭᠰᠠᠨ ᠠᠴᠠ ᠮᠠᠨ ᠤ ᠠᠮᠢ ᠠᠬᠤᠢ ᠶᠢᠨ ᠰᠠᠶᠢᠵᠢᠷᠠᠯᠲᠠ ᠶᠢ ᠤᠯᠠᠮ ᠲᠦᠷᠭᠡᠳᠬᠡᠵᠡᠢ᠃ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠪᠠᠲᠤᠯᠠᠬᠤ ᠲᠠᠯ᠎ᠠ ᠪᠠᠷ ᠪᠢᠳᠡᠨ ᠳᠤ ᠶᠠᠮᠠᠷ ᠶᠠᠮᠠᠷ ᠰᠠᠶᠢᠨ ᠠᠷᠭ᠎ᠠ ᠪᠠᠶᠢᠬᠤ ᠪᠣᠶ︖      ᠶᠤᠸᠠᠨ ᠰᠢᠶᠣᠣ ᠳ᠋ᠦᠩ ᠄ ᠪᠢᠳᠡ ᠴᠢᠬᠤᠯᠠ ᠶᠡᠭᠡ ᠲᠦᠷᠦᠯ ᠵᠦᠢᠯ ᠤᠨ ᠤᠢ ᠰᠢᠭᠤᠢ ᠡᠪᠡᠰᠦ ᠪᠡᠯᠴᠢᠭᠡᠷ ᠤᠨ ᠭᠠᠷᠳᠠᠮ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠪᠦᠬᠦ ᠶᠠᠪᠤᠴᠠ ᠶᠢᠨ ᠵᠢᠯᠣᠭᠤᠳᠤᠯᠭ᠎ᠠ ᠬᠠᠪᠰᠤᠷᠤᠯᠭ᠎ᠠ ᠲᠠᠢ ᠪᠠᠷ ᠤᠭᠰᠠᠷᠠᠭ᠎ᠠ ᠲᠤᠨᠤᠭ᠂ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠲᠥᠯᠦᠪᠵᠢᠭᠦᠯᠭᠡ ᠶᠢᠨ ᠭᠠᠵᠠᠷ ᠢ ᠰᠣᠩᠭᠤᠬᠤ ᠶᠢ ᠰᠠᠶᠢᠲᠤᠷ ᠬᠢᠵᠦ᠂ ᠲᠤᠬᠠᠢ ᠶᠢᠨ ᠡᠳᠦᠷ ᠲᠤᠨᠢ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠪᠠᠶᠢᠴᠠᠭᠠᠨ ᠰᠢᠯᠭᠠᠬᠤ ᠶᠢ ᠡᠷᠡᠰ ᠪᠡᠶᠡᠯᠡᠭᠦᠯᠵᠦ᠂ ᠪᠠᠶᠢᠴᠠᠭᠠᠨ ᠰᠢᠯᠭᠠᠬᠤ ᠳᠤ ᠨᠥᠬᠦᠴᠡᠯ ᠪᠦᠷᠢᠳᠦᠭᠰᠡᠨ 24 ᠴᠠᠭ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠳᠤ ᠮᠡᠳᠡᠭᠦᠯᠬᠦ ᠶᠢᠨ ᠬᠠᠮᠲᠤ ᠦᠷᠭᠦᠯᠵᠢᠯᠡᠨ ᠪᠠᠶᠢᠴᠠᠭᠠᠨ ᠭᠦᠢᠴᠡᠳᠬᠡᠵᠦ᠂ ᠬᠢᠨᠠᠨ ᠵᠥᠪᠰᠢᠶᠡᠷᠡᠭᠦᠯᠬᠦ ᠭᠠᠷᠳᠠᠮ ᠢ ᠬᠦᠷᠲᠡᠯ᠎ᠡ᠂ ᠪᠦᠬᠦ ᠬᠤᠳᠠ ᠶᠢᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠬᠤᠷᠳᠤᠴᠠ︾ ᠶᠢ ᠲᠦᠷᠭᠡᠳᠬᠡᠬᠦ ᠶᠢ ᠠᠬᠢᠭᠤᠯᠬᠤ ᠬᠡᠷᠡᠭᠲᠡᠢ᠃      ᠬᠥᠲᠥᠯᠥᠭᠴᠢ᠄ ᠣᠶ ᠰᠢᠭᠤᠢ ᠡᠪᠡᠰᠦ ᠪᠡᠯᠴᠢᠭᠡᠷ ᠤᠨ ᠲᠥᠯᠦᠪᠵᠢᠭᠦᠯᠭᠡ ᠨᠢ ᠪᠣᠳᠠᠲᠠᠢ ᠲᠠᠢ ᠨᠡᠶᠢᠴᠡᠵᠦ ᠪᠠᠶᠢᠬᠤ ᠡᠰᠡᠬᠦ᠂ ᠪᠣᠳᠠᠲᠠᠢ ᠠᠵᠢᠯ ᠢ ᠪᠣᠳᠠᠲᠠᠢ ᠨᠠᠶᠢᠳᠠᠪᠤᠷᠢᠵᠢᠭᠤᠯᠤᠭᠰᠠᠨ ᠡᠰᠡᠬᠦ ᠶᠢᠨ ᠲᠤᠬᠠᠢ ᠬᠠᠮᠤᠭ ᠤᠨ ᠭᠦᠨ ᠲᠥᠷᠥᠭᠳᠡᠯ ᠲᠠᠢ ᠨᠢ ᠬᠠᠰᠢ ᠯᠠ ᠮᠠᠨ ᠤ ᠠᠷᠠᠳ ᠲᠦᠮᠡᠨ ᠪᠣᠯᠣᠨ᠎ᠠ᠂ ᠪᠢᠳᠡ ᠬᠤᠲᠠ ᠶᠢᠨ ᠠᠷᠠᠳ ᠤᠨ ᠮᠠᠨ ᠳᠤ ᠥᠭᠭᠦᠭᠰᠡᠨ ᠰᠠᠨᠠᠭᠤᠯᠭ᠎ᠠ ᠪᠠ ᠬᠦᠰᠡᠯ ᠡᠷᠡᠮᠡᠯᠵᠡᠯ ᠢ ᠰᠣᠨᠣᠰᠤᠶ᠎ᠠ᠃      ᠲᠣᠰᠬᠤᠨ ᠤ ᠠᠷᠠᠳ᠄ ᠪᠢ ᠪᠣᠯ ᠬᠠᠩᠵᠧᠦ ᠶᠢᠨ ᠬᠤᠶᠢᠲᠤ ᠬᠡᠰᠡᠭ ᠤᠨ ᠡᠯᠡᠰᠦᠨ ᠲᠠᠩᠭᠢᠰ ᠤᠨ ᠬᠢ᠂ ᠳᠠᠷᠢᠭᠰᠠᠨ ᠠᠯᠢᠮ᠎ᠠ ᠪᠠᠨ ᠪᠥᠬᠦ ᠤᠯᠤᠰ ᠲᠤ ᠬᠤᠳᠠᠯᠳᠤᠴᠢᠬᠠᠵᠠᠢ᠃ ᠡᠨᠡ ᠬᠡᠳᠦᠨ ᠵᠢᠯ ᠳᠤ ᠮᠠᠨ ᠤ ᠵᠢᠮᠢᠰ ᠤᠨ ᠮᠣᠳᠣ ᠰᠠᠶᠢᠨ ᠳᠠᠷᠢᠭᠰᠠᠨ ᠨᠢ ᠮᠡᠷᠭᠡᠵᠢᠯᠲᠡᠢ ᠬᠥᠮᠥᠰ ᠤᠨ ᠵᠢᠯᠣᠭᠤᠳᠤᠯᠭ᠎ᠠ ᠶᠢᠨ ᠠᠴᠢ ᠪᠠᠷ ᠪᠣᠯᠵᠠᠢ᠃ᠪᠢᠳᠡᠨ ᠤ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ ᠤᠨ ᠲᠠᠯ᠎ᠠ ᠪᠠᠷ ᠪᠠᠰᠠ ᠪᠠᠭ᠋ᠠᠨ ᠢᠯᠡᠭᠦᠦ ᠪᠠᠶᠢᠬᠤ ᠶᠢ ᠬᠦᠰᠡᠵᠦ ᠪᠠᠢᠨ᠎ᠠ᠃      ᠶᠤᠸᠠᠨ ᠰᠢᠶᠣᠣ ᠳ᠋ᠦᠩ᠄ ᠡᠨᠡ ᠬᠤᠲᠠ ᠶᠢᠨ ᠠᠷᠠᠳ ᠤᠨ ᠨᠠᠶᠢᠵᠠ ᠶᠢᠨ ᠮᠠᠨ ᠤ ᠠᠵᠢᠯ ᠢ ᠨᠤᠲᠠᠯᠠᠭᠰᠠᠨ ᠳᠤ ᠲᠠᠯᠠᠷᠬᠠᠵᠤ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠪᠢᠳᠡ ᠠᠵᠤ ᠦᠢᠯᠡᠰ ᠤᠨ ᠠᠮᠢ ᠠᠬᠤᠶᠢᠵᠢᠯᠲᠠ᠂ ᠠᠮᠢ ᠠᠬᠤᠢ ᠶᠢᠨ ᠠᠵᠤ ᠦᠶᠢᠯᠡᠰᠵᠢᠯᠲᠡ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠪᠣᠷᠣᠳᠣᠬᠤᠢ ᠣᠷᠣᠨ ᠤ ᠪᠠᠶᠢᠭᠠᠯᠢ ᠶᠢᠨ ᠨᠥᠬᠦᠴᠡᠯ ᠲᠠᠢ ᠤᠶᠠᠯᠳᠤᠭᠤᠯᠤᠨ᠂ ︽ᠪᠠᠷᠠᠭᠤᠨ ᠣᠷᠣᠨ ᠤ ᠲᠠᠷᠢᠶᠠᠯᠠᠩ ᠢ ᠳᠠᠷᠢᠵᠤ ᠪᠣᠶᠢᠵᠢᠭᠤᠯᠬᠤ ᠵᠠᠭᠪᠤᠷ︾ ᠢ ᠪᠥᠬᠦ ᠬᠦᠴᠦᠨ ᠢᠶᠠᠷ ᠢᠶᠠᠨ ᠳᠡᠯᠭᠡᠷᠡᠭᠦᠯᠵᠦ᠂ ᠥᠨᠳᠥᠷ ᠪᠠᠷᠢᠮᠵᠢᠶᠠᠲᠤ ᠠᠵᠤ ᠠᠬᠤᠢ ᠶᠢᠨ ᠣᠶ ᠶᠢᠨ ᠵᠢᠱᠢᠶ᠎ᠡ ᠦᠵᠡᠭᠦᠯᠬᠦ ᠬᠦᠷᠢᠶᠡᠯᠡᠩ ᠢ 50 ᠪᠠᠶᠢᠭᠤᠯᠪᠠ᠃ ᠪᠢᠳᠡ ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠲᠠᠢ ᠬᠠᠮᠲᠤᠷᠠᠨ ᠬᠠᠩᠭᠢᠨ ᠬᠤᠶᠢᠲᠤ ᠬᠤᠰᠢᠭᠤ᠂ ᠦᠶᠤᠸᠠᠨ ᠰᠢᠶᠠᠨ ᠤ ᠠᠵᠤ ᠠᠬᠤᠢ ᠶᠢᠨ ᠣᠶ ᠶᠢᠨ ᠲᠤᠷᠰᠢᠯᠲᠠ ᠶᠢᠨ ᠥᠷᠲᠡᠭᠡ ᠪᠠᠶᠢᠭᠤᠯᠵᠤ᠂ ᠰᠢᠨ᠎ᠡ ᠰᠡᠳᠬᠢᠴᠡ᠂ ᠰᠢᠨ᠎ᠡ ᠵᠠᠭᠪᠤᠷ᠂ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ ᠢ ᠪᠣᠷᠣᠳᠣᠬᠤᠢ ᠣᠷᠣᠨ ᠳᠤ ᠲᠠᠰᠤᠷᠠᠯᠲᠠ ᠦᠭᠡᠢ ᠴᠡᠴᠡᠭᠯᠡᠭᠦᠯᠦᠨ ᠵᠢᠮᠢᠰᠯᠡᠭᠦᠯᠵᠦ᠂ ᠥᠷᠭᠡᠨ ᠣᠯᠠᠨ ᠵᠢᠮᠢᠰ ᠤᠨ ᠲᠠᠷᠢᠶᠠᠴᠢᠨ ᠨᠠᠶᠢᠵᠠ ᠨᠠᠷ ᠤᠨ ᠨᠢᠳᠦ ᠪᠠᠨ ᠠᠷᠴᠢᠨ ᠬᠦᠯᠢᠶᠡᠵᠦ ᠪᠠᠶᠢᠬᠤ ᠶᠢ ᠬᠦᠰᠡᠵᠦ ᠪᠠᠶᠢᠨ᠎ᠠ᠃  ᠢ ᠪᠢᠳᠡ ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠲᠠᠢ ᠬᠠᠮᠲᠤᠷᠠᠵᠤ ᠪᠠᠶᠢᠭᠠᠳ ᠬᠠᠩᠭᠢᠨ ᠬᠤᠶᠢᠲᠤ ᠬᠤᠰᠢᠭᠤ᠂ ᠦᠶᠤᠸᠠᠨ ᠰᠢᠶᠠᠨ ᠤ ᠠᠵᠤ ᠠᠬᠤᠢ ᠶᠢᠨ ᠣᠶ ᠶᠢᠨ ᠲᠤᠷᠰᠢᠯᠲᠠ ᠶᠢᠨ ᠥᠷᠲᠡᠭᠡ ᠪᠠᠶᠢᠭᠤᠯᠵᠤ ᠪᠠᠶᠢᠨ᠎ᠠ᠃      ᠬᠥᠲᠥᠯᠥᠭᠴᠢ᠄ ᠮᠢᠨᠤ ᠴᠡᠭᠡᠵᠢᠯᠡᠵᠦ ᠪᠠᠶᠢᠬᠤ ᠪᠠᠷ ᠪᠠᠭ᠎ᠠ ᠳᠠᠭᠠᠨ ᠨᠢᠭᠡ ᠵᠦᠢᠯ ᠤᠨ ᠠᠯᠮᠤᠷᠠᠳ ᠠᠯᠢᠮ᠎ᠠ ᠪᠠᠶᠢᠭᠰᠠᠨ᠂ ᠮᠠᠰᠢ ᠠᠮᠲᠠᠲᠠᠢ ᠪᠠᠶᠢᠭᠰᠠᠨ᠂ ᠰᠡᠭᠦᠯᠡᠷ  ᠨᠢ ᠬᠤᠳᠠᠯᠳᠤᠨ ᠠᠪᠴᠤ ᠳᠡᠶᠢᠯᠬᠦ ᠦᠭᠡᠢ ᠪᠣᠯᠤᠭᠰᠠᠨ᠂ ᠭᠡᠪᠡᠴᠦ ᠡᠨᠡ ᠬᠡᠳᠦᠨ ᠵᠢᠯ ᠳᠤ ᠵᠠᠬ᠎ᠠ ᠳᠡᠯᠭᠡᠭᠦᠷ ᠳᠡᠭᠡᠷ᠎ᠡ ᠪᠠᠰᠠ ᠡᠶᠢᠮᠦ ᠠᠯᠢᠮ᠎ᠠ ᠪᠠᠶᠢᠨ᠎ᠠ᠃      ᠶᠤᠸᠠᠨ ᠰᠢᠶᠣᠣ ᠳ᠋ᠦᠩ᠄ ᠨᠡᠬᠡᠷᠡᠨ᠃ ᠠᠯᠮᠤᠷᠠᠳ ᠠᠯᠢᠮ᠎ᠠ ᠪᠣᠯ ᠮᠠᠨ ᠤ ᠣᠷᠴᠢᠮ ᠤᠨ ᠬᠡᠳᠦᠨ ᠵᠢᠯ ᠳᠤ ᠳᠡᠯᠭᠡᠷᠡᠭᠦᠯᠦᠭᠰᠡᠨ ᠡᠭᠦᠯᠳᠡᠷ ᠤᠨ ᠨᠢᠭᠡ ᠮᠥᠨ᠃ ᠪᠣᠷᠣᠳᠣᠬᠤᠢ ᠣᠷᠣᠨ ᠳᠤ ᠠᠯᠢᠮ᠎ᠠ ᠵᠢᠮᠢᠰ ᠤᠨ ᠲᠥᠷᠥᠯ ᠢ ᠳᠠᠷᠢᠬᠤ ᠤᠯᠠᠮᠵᠢᠯᠠᠯ ᠲᠠᠢ ᠪᠥᠭᠡᠳ ᠪᠥᠬᠦ ᠤᠯᠤᠰ ᠤᠨ 200 ᠭᠠᠷᠤᠢ ᠠᠯᠢᠮ᠎ᠠ ᠶᠢᠨ ᠲᠥᠷᠥᠯ ᠤᠨ 70 ᠭᠠᠷᠤᠢ ᠨᠢ ᠮᠠᠨ ᠤ ᠤᠮᠠᠷᠠᠲᠤ ᠣᠷᠣᠨ ᠳᠤ ᠲᠣᠬᠢᠷᠠᠨ᠎ᠠ᠃ ᠭᠡᠪᠡᠴᠦ ᠶᠠᠭ ᠠᠯᠮᠤᠷᠠᠳ ᠠᠯᠢᠮ᠎ᠠ ᠰᠢᠭ᠋᠂ ᠥᠩᠭᠡᠷᠡᠭᠰᠡᠨ ᠳᠤ ᠬᠠᠮᠢᠶᠠᠷᠤᠯᠲᠠ ᠪᠦᠳᠦᠭᠦᠯᠢᠭ ᠠᠴᠠ ᠪᠣᠯᠵᠤ ᠴᠢᠨᠠᠷ ᠴᠢᠨᠰᠠᠭ᠎ᠠ ᠶᠢ ᠨᠢ ᠮᠠᠭᠤᠳᠠᠭᠤᠯᠵᠤ ᠪᠠᠶᠢᠵᠠᠢ᠃ ᠠᠮᠲᠠ ᠦᠭᠡᠢ᠂ ᠬᠤᠳᠠᠯᠳᠤᠨ ᠠᠪᠬᠤ ᠬᠥᠮᠥᠨ ᠦᠭᠡᠢ ᠪᠣᠯ ᠵᠠᠬ᠎ᠠ ᠳᠡᠯᠭᠡᠭᠦᠷ ᠳᠡᠭᠡᠷ᠎ᠡ ᠣᠯᠵᠤ ᠦᠵᠡᠬᠦ ᠦᠭᠡᠢ ᠪᠣᠯᠣᠨ᠎ᠠ᠃ ᠣᠶᠢᠷ᠎ᠠ ᠶᠢᠨ ᠬᠡᠳᠦᠨ ᠵᠢᠯ ᠳᠤ᠂ ᠪᠢᠳᠡ ᠲᠤᠷᠰᠢᠯᠲᠠ ᠶᠢᠨ ᠥᠷᠲᠡᠭᠡ ᠶᠢ ᠠᠰᠢᠭᠯᠠᠨ᠂ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ᠂ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ᠂ ᠲᠤᠬᠠᠢ ᠶᠢᠨ ᠭᠠᠵᠠᠷ ᠲᠤ ᠲᠣᠬᠢᠷᠠᠬᠤ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠪᠣᠯᠪᠠᠰᠤᠷᠠᠭᠤᠯᠤᠯ᠂ ᠵᠢᠱᠢᠶ᠎ᠡ ᠦᠵᠡᠭᠦᠯᠬᠦ᠂ ᠳᠡᠯᠭᠡᠷᠡᠭᠦᠯᠬᠦ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠨᠣᠷᠮ᠎ᠠ ᠶᠢ ᠨᠡᠮᠡᠭᠳᠡᠭᠦᠯᠵᠦ᠂ ᠮᠠᠨ ᠤ ᠬᠤᠲᠠ ᠶᠢᠨ ᠣᠨᠴᠠᠯᠢᠭᠲᠤ ᠠᠯᠢᠮ᠎ᠠ ᠶᠢᠨ ᠠᠵᠤ ᠦᠢᠯᠡᠰ ᠤᠨ ᠰᠢᠪᠲᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃      ᠬᠥᠲᠥᠯᠥᠭᠴᠢ᠄ ᠠᠯᠢᠮ᠎ᠠ ᠶᠢᠨ ᠠᠵᠤ ᠦᠢᠯᠡᠰ ᠠᠴᠠ ᠭᠠᠳᠠᠨ᠎ᠠ᠂ ᠪᠢᠳᠡᠨ ᠳᠤ ᠪᠠᠰᠠ ᠶᠠᠮᠠᠷ ᠪᠠᠶᠢᠷᠢᠯᠠᠭᠤᠯᠤᠯᠲᠠ ᠪᠠᠶᠢᠬᠤ ᠪᠣᠶ︖      ᠴᠧᠨ ᠬᠠᠢ ᠸᠧᠢ᠄ ᠪᠢᠳᠡ ᠡᠯ᠎ᠡ ᠬᠤᠰᠢᠭᠤ ᠰᠢᠶᠠᠨ ᠲᠣᠭᠤᠷᠢᠭ ᠤᠨ ᠣᠶ ᠰᠢᠭᠤᠢ ᠡᠪᠡᠰᠦ ᠡᠯᠡᠰᠦᠨ ᠤ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠤᠨ᠂ ᠬᠦᠴᠦᠨ ᠢᠶᠠᠨ ᠲᠥᠪᠯᠡᠷᠡᠭᠦᠯᠦᠨ ︽ᠭᠤᠷᠪᠠᠨ ᠠᠵᠤ ᠦᠢᠯᠡᠰ ᠤᠨ ᠬᠡᠯᠬᠢᠶ᠎ᠡ︾ ᠶᠢ ᠪᠣᠶ ᠪᠣᠯᠭᠠᠨ᠎ᠠ᠃ ᠤᠷᠠᠳ ᠤᠨ ᠬᠤᠶᠢᠲᠤ ᠬᠤᠰᠢᠭᠤ᠂ ᠳ᠋ᠧᠩᠺᠸᠤ ᠰᠢᠶᠠᠨ ᠤ ᠡᠯᠡᠰᠦᠷᠬᠡᠭ ᠣᠷᠣᠨ ᠳᠤ ᠣᠷᠬᠢᠴᠠ ᠣᠶ ᠳᠤ ᠴᠠᠭᠠᠨ ᠭᠤᠶᠣᠣ ᠳᠠᠷᠢᠬᠤ ᠠᠵᠤ ᠦᠢᠯᠡᠰ ᠢ ᠶᠡᠭᠡ ᠪᠠᠷ ᠳᠡᠯᠭᠡᠷᠡᠭᠦᠯᠦᠨ᠎ᠡ︔ ᠯᠢᠨ ᠾᠧ ᠲᠣᠭᠤᠷᠢᠭ᠂ ᠬᠠᠩᠭᠢᠨ ᠬᠤᠶᠢᠲᠤ ᠬᠤᠰᠢᠭᠤ᠂ ᠦᠶᠤᠸᠠᠨ ᠰᠢᠶᠠᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠳᠤ ᠪᠠᠶᠢᠷᠢᠯᠠᠵᠤ᠂ ᠬᠦᠴᠦᠨ ᠢᠶᠠᠨ ᠲᠥᠪᠯᠡᠷᠡᠭᠦᠯᠦᠨ ᠥᠨᠳᠥᠷ ᠪᠠᠷᠢᠮᠵᠢᠶ᠎ᠠ ᠪᠠᠷ ᠠᠯᠢᠮ᠎ᠠ᠂ ᠲᠠᠬᠢᠶᠠᠨ ᠤ ᠭᠤᠣᠯ ᠵᠢᠮᠢᠰ ᠤᠨ ᠠᠵᠤ ᠦᠢᠯᠡᠰ ᠢ ᠪᠠᠶᠢᠭᠤᠯᠬᠤ ᠬᠡᠷᠡᠭᠲᠡᠢ︔ ᠮᠤᠨᠢ ᠠᠭᠤᠯᠠ ᠶᠢᠨ ᠭᠠᠩ ᠬᠠᠭᠤᠷᠠᠢ ᠣᠷᠣᠨ ᠳᠤ ᠡᠮ ᠳᠤ ᠬᠡᠷᠡᠭᠯᠡᠬᠦ ᠢᠰᠬᠦᠯᠡᠩ ᠴᠢᠪᠠᠭ᠎ᠠ ᠶᠢᠨ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠎ᠡ᠃ ᠡᠭᠦᠨ ᠤ ᠬᠠᠮᠲᠤ᠂ ᠪᠢᠳᠡ ᠮᠡᠷᠭᠡᠵᠢᠯ ᠢᠶᠠᠷ ᠴᠠᠭᠠᠷᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠡᠩᠨᠡᠭᠡ ᠶᠢ ᠬᠦᠴᠦᠯᠡᠨ ᠪᠠᠶᠢᠭᠤᠯᠵᠤ᠂ ᠰᠣᠬᠤᠷ ᠪᠠᠯᠠᠢ ᠶᠢᠨ ᠴᠡᠭ ᠦᠭᠡᠢ ᠮᠡᠷᠭᠡᠵᠢᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠤᠨ᠂ ᠵᠢᠱᠢᠶ᠎ᠡ ᠦᠵᠡᠭᠦᠯᠬᠦ ᠬᠦᠷᠢᠶᠡᠯᠡᠩ ᠨᠢᠭᠡᠪᠦᠷᠢ ᠳᠤ ᠴᠥᠮ ᠲᠤᠰᠬᠠᠢ ᠬᠥᠮᠥᠨ ᠢᠶᠠᠷ ᠪᠦᠬᠦᠨ ᠢ ᠳᠠᠭᠠᠭᠠᠴᠢᠯᠠᠭᠤᠯᠬᠤ ᠪᠠᠷ ᠴᠢᠷᠮᠠᠶᠢᠨ᠎ᠠ᠃      ᠬᠥᠲᠥᠯᠥᠭᠴᠢ᠄ ᠡᠨᠡ ᠴᠢᠨᠢ ᠦᠨᠡᠬᠡᠷ ᠭᠤᠸᠠ ᠵᠢᠮᠢᠰ ᠤᠨ ᠦᠨᠦᠷ ᠠᠮᠲᠠ ᠪᠠᠷ ᠳᠦᠭᠦᠷᠡᠩ ᠬᠠᠷᠢᠭᠤᠯᠲᠠ ᠳ᠋ᠠ᠃ ᠬᠤᠶᠠᠳᠤᠭᠠᠷ ᠬᠤᠲᠠ ᠶᠢᠨ ᠠᠷᠠᠳ ᠪᠣᠯ ᠤᠲᠠᠰᠤ ᠪᠠᠷ ᠦᠭᠡ ᠦᠯᠡᠳᠡᠭᠡᠪᠡ᠃      ᠮᠠᠯᠴᠢᠨ᠄ ᠪᠢ ᠪᠣᠯ ᠤᠷᠠᠳ ᠤᠨ ᠬᠤᠶᠢᠲᠤ ᠬᠤᠰᠢᠭᠤᠨ ᠤ ᠮᠠᠯᠴᠢᠨ᠂ ᠡᠨᠡ ᠬᠡᠳᠦᠨ ᠵᠢᠯ ᠳᠤ ᠮᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠨᠤᠲᠤᠭ ᠪᠡᠯᠴᠢᠭᠡᠷ ᠢ ᠦᠨᠡᠬᠡᠷ ᠬᠠᠮᠠᠭᠠᠯᠠᠭᠰᠠᠨ᠂ ᠵᠠᠯᠭᠠᠭᠠᠳ ᠪᠢᠳᠡ ᠪᠠᠰᠠ ᠶᠠᠮᠠᠷ ᠲᠥᠯᠥᠪᠯᠡᠭᠡ ᠲᠠᠢ ᠪᠣᠯᠤᠭᠰᠠᠨ ᠪᠣᠶ︖      ᠶᠤᠸᠠᠨ ᠰᠢᠶᠣᠣ ᠳ᠋ᠦᠩ᠄ ᠪᠠᠶᠠᠨᠨᠠᠭᠤᠷ ᠤᠨ ᠨᠤᠲᠤᠭ ᠪᠡᠯᠴᠢᠭᠡᠷ ᠤᠨ ᠲᠠᠯᠠᠪᠠᠶ 5824.86 ᠲᠦᠮᠡᠨ ᠮᠦ ᠪᠠᠶᠢᠵᠤ᠂ 2019 ᠣᠨ ᠳᠤ ᠣᠶ ᠰᠢᠭᠤᠢ ᠡᠪᠡᠰᠦ ᠪᠡᠯᠴᠢᠭᠡᠷ ᠢ ᠠᠭᠤᠰᠤᠯᠴᠠᠭᠤᠯᠤᠨ ᠬᠥᠭᠵᠢᠭᠦᠯᠦᠭᠰᠡᠨ ᠠᠴᠠ ᠨᠠᠰᠢ᠂ ᠪᠢᠳᠡ 96.64 ᠲᠦᠮᠡᠨ ᠮᠦ ᠮᠠᠭᠤᠳᠠᠭᠰᠠᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠶᠢᠨ ᠬᠠᠮᠲᠤ 4317 ᠲᠦᠮᠡᠨ ᠮᠦ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠠᠭᠠᠯᠠᠯᠲᠠ ᠶᠠᠪᠤᠭᠤᠯᠵᠤ᠂ 2605.1 ᠲᠦᠮᠡᠨ ᠮᠦ ᠳᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠶᠢ ᠬᠡᠷᠡᠭᠵᠢᠭᠦᠯᠪᠡ᠃2022 ᠣᠨ ᠳᠤ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 26.61% ᠳᠤ ᠬᠦᠷᠴᠦ᠂ 2015 ᠣᠨ ᠤ ᠬᠢ ᠠᠴᠠ 5.56 ᠵᠠᠭᠤᠨ ᠤ ᠨᠢᠭᠡᠴᠢ ᠳᠡᠭᠡᠭᠰᠢᠯᠡᠵᠡᠢ᠃ ᠵᠠᠯᠭᠠᠭᠠᠳ ᠪᠢᠳᠡ ᠨᠤᠲᠤᠭ ᠪᠡᠯᠴᠢᠭᠡᠷ  ᠢ ᠦᠷᠭᠦᠯᠵᠢᠯᠡᠨ ᠰᠡᠷᠭᠦᠭᠡᠨ ᠵᠠᠰᠠᠵᠤ᠂ ᠨᠤᠲᠤᠭ ᠪᠡᠯᠴᠢᠭᠡᠷ ᠤᠨ ᠠᠮᠢ ᠠᠬᠤᠢ  ᠶᠢᠨ ᠴᠢᠳᠠᠮᠵᠢ  ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠦᠷᠭᠦᠯᠵᠢᠯᠡᠬᠦ ᠬᠥᠭᠵᠢᠯᠲᠡ  ᠶᠢ ᠪᠡᠶᠡᠯᠡᠭᠦᠯᠦᠨ᠎ᠡ᠃      ᠬᠥᠲᠥᠯᠥᠭᠴᠢ᠄ ᠪᠢᠳᠡ ᠳᠠᠬᠢᠭᠠᠳ ᠣᠯᠠᠨ ᠢᠶᠠᠷ ᠢᠶᠠᠨ ᠪᠣᠷᠣᠳᠣᠬᠤᠢ ᠶᠢᠨ ᠪᠢᠴᠢᠯ ᠵᠠᠭᠤᠴᠢᠯᠠᠭᠤᠷ ᠤᠨ ᠳᠡᠭᠡᠷ᠎ᠡ ᠦᠯᠡᠳᠡᠭᠡᠭᠰᠡᠨ ᠦᠭᠡ ᠶᠢ ᠦᠵᠡᠶ᠎ᠡ᠂ ᠣᠯᠠᠩᠬᠢ ᠨᠢ ᠤᠯᠠᠭᠠᠨᠰᠤᠬᠠᠢ ᠪᠣᠯᠣᠨ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠲᠤᠬᠠᠢ ᠠᠰᠠᠭᠤᠯᠲᠠ ᠪᠣᠯᠣᠨ᠎ᠠ᠃      ᠴᠧᠨ ᠬᠠᠢ ᠸᠧᠢ᠄ ᠪᠢᠳᠡ ᠤᠯᠠᠭᠠᠨᠰᠤᠬᠠᠢ ᠨᠠᠭᠤᠷ ᠢ ᠤᠯᠤᠰ ᠤᠨ ᠴᠢᠬᠤᠯᠠ ᠨᠤᠭᠤ ᠭᠠᠵᠠᠷ ᠢᠶᠠᠷ ᠭᠤᠶᠤᠴᠢᠯᠠᠨ ᠮᠡᠳᠡᠭᠦᠯᠬᠦ ᠶᠢ ᠢᠳᠡᠪᠬᠢᠲᠡᠢ ᠠᠬᠢᠭᠤᠯᠵᠤ᠂ ᠡᠯ᠎ᠡ ᠳᠡᠰ ᠳᠠᠪᠬᠤᠷᠭ᠎ᠠ ᠶᠢ ᠪᠠᠭᠲᠠᠭᠠᠭᠰᠠᠨ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠬᠤ ᠪᠠᠷ ᠴᠢᠷᠮᠠᠶᠢᠵᠤ᠂ ᠨᠤᠭᠤ ᠭᠠᠵᠠᠷ ᠤᠨ ᠪᠣᠷᠣᠳᠣᠬᠤᠢ ᠶᠢᠨ ᠲᠠᠯ᠎ᠠ ᠭᠠᠵᠠᠷ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠡᠭᠦᠨ ᠤ ᠬᠠᠮᠲᠤ᠂ ᠪᠢᠳᠡ ᠬᠠᠮᠠᠭᠠᠯᠠᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠦᠨᠡᠨ ᠬᠦ ᠬᠠᠮᠠᠭᠠᠯᠠᠪᠠ᠃ ᠣᠳᠣᠬᠠᠨ ᠳᠤ ᠪᠠᠶᠠᠨᠨᠠᠭᠤᠷ ᠲᠤ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠠᠮᠢᠲᠠᠨ 84 ᠵᠦᠢᠯ᠂ ᠭᠤᠣᠯᠳᠠᠯᠭ᠎ᠠ ᠲᠠᠢ ᠬᠠᠮᠠᠭᠠᠯᠠᠬᠤ ᠤᠷᠭᠤᠮᠠᠯ 11 ᠵᠦᠢᠯ ᠪᠣᠶ᠂ ᠵᠢᠱᠢᠶᠡᠯᠡᠪᠡᠯ᠂ ᠣᠯᠠᠨ ᠤ ᠰᠠᠶᠢᠨ ᠮᠡᠳᠡᠳᠡᠭ ᠮᠣᠩᠭᠤᠯ ᠡᠯᠵᠢᠭᠡ᠂ ᠪᠠᠭ᠎ᠠ ᠬᠠᠮᠠᠷᠲᠤ ᠬᠤᠨ ᠭᠠᠯᠠᠭᠤ᠂ ᠭᠡᠵᠢᠭᠡ ᠡᠪᠡᠰᠦ ᠵᠡᠷᠭᠡ ᠪᠣᠶ᠃      ᠬᠥᠲᠥᠯᠥᠭᠴᠢ᠄ ᠲᠠ ᠬᠤᠶᠠᠭᠤᠯᠠ ᠶᠢᠨ ᠬᠤᠪᠢᠶᠠᠯᠴᠠᠬᠤ ᠶᠢ ᠰᠣᠨᠣᠰᠤᠭᠠᠳ᠂  ᠣᠶᠢᠲᠤ  ᠭᠠᠵᠠᠷ᠂  ᠡᠪᠡᠰᠦᠲᠦ  ᠭᠠᠵᠠᠷ᠂  ᠡᠯᠡᠰᠦᠨ ᠴᠥᠯ ᠂  ᠴᠢᠭᠢᠭᠯᠢᠭ  ᠭᠠᠵᠠᠷ ᠁ ᠲᠡᠳᠡᠭᠡᠷ ᠤᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠠᠵᠢᠯ ᠤᠨ ᠬᠡᠮᠵᠢᠶ᠎ᠡ ᠮᠠᠰᠢ ᠶᠡᠭᠡ ᠪᠠᠶᠢᠬᠤ ᠶᠣᠰᠣᠲᠠᠢ᠂ ᠪᠣᠳᠠᠲᠠᠢ ᠠᠵᠢᠯ ᠤᠨ ᠠᠬᠢᠴᠠ ᠳᠤ ᠪᠢᠳᠡᠨ ᠳᠤ ᠶᠠᠮᠠᠷ ᠰᠠᠶᠢᠨ ᠠᠷᠭ᠎ᠠ ᠪᠠᠶᠢᠬᠤ ᠪᠣᠶ︖      ᠴᠧᠨ ᠬᠠᠢ ᠸᠧᠢ᠄ ᠪᠥᠬᠦ ᠨᠡᠶᠢᠭᠡᠮ ᠢᠶᠠᠷ ᠢᠶᠠᠨ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠪᠠᠶᠢᠳᠠᠯ ᠢ ᠪᠣᠶ ᠪᠣᠯᠭᠠᠬᠤ ᠶᠢᠨ ᠲᠥᠯᠥᠭᠡ᠂ ᠪᠢᠳᠡ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ 2101 ᠣᠶ ᠰᠢᠭᠤᠢ ᠶᠢᠨ ᠳᠠᠷᠤᠭ᠎ᠠ ᠶᠢ ᠲᠣᠭᠲᠠᠭᠠᠨ᠂ 1009 ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠵᠤ᠂ ᠣᠯᠠᠨ ᠢᠶᠠᠷ ᠢᠶᠠᠨ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠭᠰᠡᠨ ᠪᠠᠶᠢᠨ᠎ᠠ᠃ ᠪᠢᠳᠡ ᠪᠠᠰᠠ ᠠᠯᠢ ᠣᠯᠠᠨ ᠳᠦᠷᠢᠮ ᠢ ᠲᠡᠭᠦᠯᠳᠡᠷᠵᠢᠭᠦᠯᠦᠨ ᠨᠠᠷᠢᠯᠢᠭᠵᠢᠭᠤᠯᠵᠤ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠨᠡᠷ᠎ᠡ ᠲᠠᠢ ᠪᠠᠶᠢᠭᠰᠠᠨ  ᠠᠴᠠ ᠪᠠᠨ ᠪᠣᠳᠠᠲᠠᠢ᠂ ᠬᠠᠷᠢᠭᠤᠴᠠᠯᠭ᠎ᠠ ᠲᠠᠢ᠂ ᠪᠦᠲᠦᠮᠵᠢᠲᠡᠶ ᠪᠣᠯᠬᠤ ᠶᠢ ᠬᠦᠴᠦᠯᠡᠨ ᠠᠬᠢᠭᠤᠯᠪᠠ᠃ ᠳᠥᠷᠪᠡᠳᠦᠭᠡᠷ ᠳᠡᠰ ᠤᠨ ᠤᠢ ᠰᠢᠭᠤᠢ ᠶᠢᠨ ᠳᠠᠷᠤᠭ᠎ᠠ ᠶᠢᠨ ᠬᠠᠮᠲᠤ ᠶᠢᠨ ᠴᠥᠬᠦᠷᠡᠰᠢ ᠦᠭᠡᠢ ᠴᠢᠷᠮᠠᠶᠢᠯᠭ᠎ᠠ ᠪᠠᠷ ᠪᠠᠶᠠᠨᠨᠠᠭᠤᠷ ᠤᠨ ᠮᠣᠳᠣ ᠨᠡᠩ ᠢᠭᠴᠤ ᠰᠠᠬᠤᠯᠢᠭ ᠪᠣᠯᠵᠤ᠂ ᠤᠰᠤ ᠨᠡᠩ ᠲᠤᠩᠭᠠᠯᠠᠭ᠂ ᠡᠪᠡᠰᠦ ᠨᠡᠩ ᠨᠣᠭᠤᠭᠠᠷᠠᠨ᠎ᠠ ᠭᠡᠳᠡᠭ ᠢ ᠪᠢ ᠢᠲᠡᠭᠡᠵᠦ ᠪᠠᠶᠢᠨ᠎ᠠ︕ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ