ᠴᠢᠨᠠᠷ ᠰᠠᠶᠢᠲᠠᠢ ᠬᠥᠭᠵᠢᠯᠲᠡ ᠶᠢ ᠣᠯᠠᠨ ᠢᠶᠠᠷ ᠢᠶᠠᠨ ᠶᠠᠷᠢᠬᠤ᠂  ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ᠄ ᠥᠨᠳᠥᠷ ᠪᠠᠷᠢᠮᠵᠢᠶᠠᠲᠤ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠪᠠᠷ ᠪᠠᠶᠠᠨᠨᠠᠭᠤᠷ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠪᠠᠲᠤ ᠴᠢᠩᠭ᠎ᠠ ᠪᠠᠲᠤᠯᠠᠭ᠎ᠠ  ᠬᠠᠩᠭᠠᠨ᠎ᠠ
ᠨᠡᠶᠢᠲᠡᠯᠡᠭᠰᠡᠨ ᠴᠠᠭ᠄
2023/9/7
      ᠬᠥᠲᠥᠯᠥᠭᠴᠢ᠄ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠦᠵᠡᠬᠦ᠂ ᠪᠠᠶᠠᠨᠨᠠᠭᠤᠷ ᠬᠡᠷᠬᠢᠨ ᠠᠵᠢᠯᠯᠠᠬᠤ᠂ ︽ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠣᠯᠠᠨ ᠤ ᠶᠠᠷᠢᠯᠴᠠᠭ᠎ᠠ︾ ᠶᠢ ᠭᠥᠯᠢᠶᠡᠨ ᠠᠪᠴᠤ ᠦᠵᠡᠬᠦ  ᠶᠢ  ᠪᠠᠶᠠᠷᠯᠠᠨ  ᠤᠭᠲᠤᠵᠤ  ᠪᠠᠶᠢᠨ᠎ᠠ᠃  ᠶᠡᠷᠦᠩᠬᠡᠢ  ᠱᠦᠵᠢ  ᠰᠢ ᠶᠢᠨ  ᠫᠢᠩ  ᠵᠢᠭᠠᠵᠤ  ᠭᠠᠷᠭᠠᠬᠤ   ᠳᠠᠭᠠᠨ᠄ ︽ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠪᠣᠯ ᠪᠠᠶᠢᠭᠤᠯᠭ᠎ᠠ ᠶᠢᠨ ᠪᠠᠶᠢᠭᠤᠯᠤᠯᠲᠠ ᠶᠢᠨ ᠦᠨᠳᠦᠰᠦᠨ ᠪᠠᠲᠤᠯᠠᠭ᠎ᠠ ᠮᠥᠨ︾ ᠭᠡᠵᠡᠢ᠃ ᠲᠡᠭᠡᠪᠡᠯ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠮᠠᠨ ᠤ ᠬᠤᠲᠠ ᠬᠡᠷᠬᠢᠨ ᠬᠢᠭᠰᠡᠨ ᠪᠣᠢ︖ ᠥᠨᠥᠳᠥᠷ᠂ ᠪᠢᠳᠡ ᠪᠠᠶᠠᠨᠨᠠᠭᠤᠷ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠰᠦ᠋ ᠮᠣᠣ ᠷᠦᠩ ᠪᠣᠯᠣᠨ ᠳᠡᠳ᠋ ᠱᠦᠵᠢ ᠭᠤᠸ ᠴᠦᠨ ᠯᠧᠢ ᠶᠢ ᠤᠷᠢᠵᠤ ᠲᠣᠭᠯᠠᠯᠲᠠ ᠶᠢᠨ ᠲᠠᠰᠤᠭ ᠲᠤ ᠣᠷᠣᠯᠴᠠᠭᠤᠯᠪᠠ᠃ ᠬᠤᠶᠠᠷ ᠵᠣᠴᠢᠨ ᠢ ᠪᠠᠶᠠᠷᠯᠠᠨ ᠤᠭᠲᠤᠵᠤ ᠪᠠᠶᠢᠨ᠎ᠠ᠃      ᠵᠣᠴᠢᠨ᠄ ᠬᠥᠲᠥᠯᠥᠭᠴᠢ ᠰᠠᠶᠢᠨ ᠤᠤ︕ ᠦᠵᠡᠭᠴᠢᠳ ᠨᠠᠶᠢᠵᠠ ᠨᠠᠷ ᠰᠠᠶᠢᠨ ᠪᠠᠶᠢᠵᠠᠭᠠᠨ᠎ᠠ  ᠤᠤ︕      ᠬᠥᠲᠥᠯᠥᠭᠴᠢ᠄  ᠰᠦ᠋ ᠱᠦᠵᠢ ᠠ᠋᠂ ᠮᠠᠨ ᠤ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠭᠤᠣᠯᠳᠠᠭᠤ ᠶᠠᠮᠠᠷ ᠠᠵᠢᠯ ᠢ ᠬᠠᠷᠢᠭᠤᠴᠠᠳᠠᠭ ᠶᠤᠮ︖      ᠵᠣᠴᠢᠨ᠄ ᠮᠠᠨ ᠤ ᠪᠦᠬᠦᠯᠢ ᠨᠡᠷ᠎ᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠠᠨᠨᠠᠭᠤᠷ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠵᠥᠪᠯᠡᠯ᠂ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ ᠶᠢᠨ ᠲᠣᠮᠢᠯᠠᠭᠰᠠᠨ ᠪᠠᠶᠢᠭᠤᠯᠤᠮᠵᠢ ᠪᠣᠯᠣᠨ᠎ᠠ᠂ ᠭᠤᠣᠯ ᠡᠭᠦᠷᠭᠡ ᠬᠠᠷᠢᠭᠤᠴᠠᠯᠭ᠎ᠠ ᠪᠣᠯ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠠᠵᠢᠯ ᠢ ᠤᠳᠤᠷᠢᠳᠬᠤ ᠰᠠᠯᠠᠭ᠎ᠠ ᠮᠥᠴᠢᠷ ᠪᠣᠯᠣᠨ᠎ᠠ᠂ ᠲᠦᠭᠦᠮ ᠢᠶᠠᠷ ᠬᠡᠯᠡᠪᠡᠯ᠂ ᠬᠤᠳᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠰᠠᠶᠢᠲᠤᠷ ᠠᠳᠬᠤᠬᠤ ᠪᠠ ᠬᠤᠳᠠ ᠶᠢᠨ ᠨᠠᠮ ᠤᠨ ᠬᠤᠷᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠵᠢᠯᠤᠭᠤᠳᠴᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠡᠯ᠎ᠡ ᠵᠦᠢᠯ ᠤᠨ ᠠᠵᠢᠯ ᠢ ᠭᠦᠨᠵᠡᠭᠡᠢ ᠲᠦᠯᠬᠢᠨ ᠠᠬᠢᠭᠤᠯᠤᠨ᠎ᠠ᠃ ᠬᠤᠳᠠ ᠶᠢᠨ ᠰᠢᠭᠤᠳ ᠬᠠᠷᠢᠶ᠎ᠠ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ ᠢ ᠡᠯᠰᠡᠬᠦ᠂  ᠬᠥᠮᠥᠵᠢᠭᠦᠯᠬᠦ ᠪᠠ ᠬᠠᠮᠢᠶᠠᠷᠬᠤ ᠠᠵᠢᠯ ᠢ ᠰᠠᠶᠢᠲᠤᠷ ᠬᠢᠨ᠎ᠡ᠃      ᠬᠥᠲᠥᠯᠥᠭᠴᠢ᠄ ᠨᠠᠮ ᠤᠨ ᠠᠵᠢᠯ ᠤᠨ ᠲᠤᠬᠠᠢ ᠶᠠᠷᠢᠪᠠᠯ᠂ ᠲᠡᠷᠡ ᠨᠢ ᠪᠠᠶᠢᠭᠤᠯᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠪᠣᠳᠠᠲᠤ ᠦᠷ᠎ᠡ ᠪᠦᠲᠦᠮᠵᠢ ᠳᠡᠭᠡᠷ᠎ᠡ ᠢᠯᠡᠷᠡᠵᠦ᠂ ᠨᠠᠮ ᠤᠨ ᠭᠡᠰᠢᠭᠦᠨ ᠺᠠᠳ᠋ᠷᠴᠤᠳ ᠤᠨ ᠡᠳᠦᠷ ᠲᠤᠲᠤᠮ ᠤᠨ ᠦᠭᠡ ᠶᠠᠷᠢᠶ᠎ᠠ ᠦᠶᠯᠡ ᠠᠵᠢᠯᠯᠠᠭ᠎ᠠ ᠳᠤ ᠢᠯᠡᠷᠡᠬᠦ ᠶᠣᠰᠣᠲᠠᠢ᠃ ᠲᠡᠭᠡᠪᠡᠯ ᠪᠢᠳᠡ ᠲᠡᠭᠦᠨ ᠢ ᠬᠡᠷᠬᠢᠨ ᠡᠳᠦᠷ ᠲᠤᠲᠤᠮ ᠤᠨ ᠠᠮᠢᠳᠤᠷᠠᠯ ᠳᠤ ᠠᠭᠤᠰᠬᠠᠵᠤ ᠪᠠᠶᠢᠩᠭᠤ ᠠᠳᠬᠤᠬᠤ ᠪᠣᠶ︖      ᠵᠣᠴᠢᠨ᠄ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠪᠣᠯ ᠪᠠᠶᠢᠭᠤᠯᠤᠯᠭ᠎ᠠ ᠶᠢᠨ ᠪᠠᠶᠢᠭᠤᠯᠤᠯᠲᠠ ᠶᠢᠨ ᠦᠨᠳᠦᠰᠦᠨ ᠪᠠᠲᠤᠯᠠᠭ᠎ᠠ ᠮᠥᠨ᠃ ᠪᠢᠳᠡ ᠤᠯᠤᠰ ᠲᠦᠷᠦ ᠶᠢᠨ ᠪᠠᠶᠢᠭᠤᠯᠤᠯᠲᠠ ᠶᠢ ᠪᠠᠶᠢᠭᠤᠯᠭ᠎ᠠ ᠶᠢᠨ ᠪᠠᠶᠢᠭᠤᠯᠤᠯᠲᠠ ᠶᠢᠨ ᠲᠡᠷᠢᠭᠦᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ᠂ ᠨᠠᠮ ᠤᠨ ᠡᠳᠦᠷ ᠤᠨ ᠠᠵᠢᠯᠯᠠᠭ᠎ᠠ᠂ ᠨᠠᠮ ᠳᠤ ᠣᠷᠣᠬᠤ ᠲᠠᠩᠭᠠᠷᠢᠭᠯᠠᠯ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠤᠯᠤᠰ ᠲᠦᠷᠦ ᠶᠢᠨ ᠪᠠᠶᠢᠭᠤᠯᠭ᠎ᠠ ᠶᠢᠨ ᠦᠵᠡᠯ ᠤᠬᠠᠮᠰᠠᠷ ᠤᠨ ᠬᠥᠮᠦᠵᠢᠯ ᠢ ᠲᠠᠰᠤᠷᠠᠯᠳᠠ ᠦᠭᠡᠢ ᠴᠢᠩᠭᠠᠳᠬᠠᠵᠤ᠂ ᠵᠢᠯ ᠤᠨ ᠳᠣᠲᠣᠷ᠎ᠠ ᠨᠡᠶᠢᠳᠡ 170 ᠭᠠᠷᠤᠢ ᠤᠳᠠᠭ᠎ᠠ ᠲᠤᠰᠬᠠᠢ ᠰᠡᠳᠦᠪᠲᠦ ᠰᠤᠷᠤᠯᠴᠠᠯᠭ᠎ᠠ ᠶᠢ ᠡᠷᠬᠢᠯᠡᠵᠦ᠂ 398 ᠳᠦᠷᠢᠮ ᠲᠣᠭᠲᠠᠭᠠᠯ ᠲᠣᠭᠲᠠᠭᠠᠪᠠ᠃ ᠨᠠᠮ ᠳᠠᠭᠠᠨ ᠦᠨᠡᠨᠴᠢ ᠰᠢᠳᠤᠷᠭᠤ ᠪᠠᠶᠢᠬᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠬᠤᠪᠢᠰᠬᠠᠯᠲᠤ ᠭᠡᠷ ᠤᠨ ᠨᠣᠮ ᠢ ᠤᠩᠰᠢᠭᠤᠯᠵᠤ᠂ ᠭᠡᠷ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠦᠯᠢᠭᠡᠷ ᠢ ᠬᠤᠪᠢᠶᠠᠯᠴᠠᠵᠤ᠂ ᠰᠣᠩᠭᠤᠳᠠᠭ ᠬᠤᠪᠢᠰᠬᠠᠯᠲᠤ ᠵᠦᠴᠦᠭᠡ ᠶᠢᠨ ᠪᠦᠲᠦᠭᠡᠯ ᠢ ᠰᠣᠨᠢᠷᠬᠠᠬᠤ ᠪᠠᠷ ᠳᠠᠮᠵᠢᠭᠤᠯᠤᠨ᠂ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠦᠨ ᠬᠢᠴᠢᠶᠡᠯ ᠤᠨ ᠲᠠᠩᠬᠢᠮ᠂ ᠵᠠᠯᠠᠭᠤ ᠨᠠᠮ ᠤᠨ ᠭᠡᠰᠢᠭᠦᠨ ᠤ ︽ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠬᠥᠯ ᠳᠣᠣᠷ᠎ᠠ ᠠᠴᠠ ᠡᠬᠢᠯᠡᠬᠦ︾ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠢ ᠥᠷᠨᠢᠭᠦᠯᠵᠦ᠂ ᠳᠤᠷᠠᠰᠬᠠᠬᠤ ᠠᠵᠢᠯᠯᠠᠭ᠎ᠠ ᠶᠢ ᠦᠪᠡᠳᠡᠭᠰᠢ ᠶᠡᠭᠡ ᠪᠠᠷ ᠥᠷᠨᠢᠭᠦᠯᠦᠨ᠂ ︽ᠨᠠᠮ ᠤᠨ 50 ᠵᠢᠯ ᠳᠤ ᠢᠷᠠᠭᠤ ᠠᠯᠳᠠᠷᠲᠠᠢ︾ ᠳᠤᠷᠠᠰᠬᠠᠯ ᠤᠨ ᠲᠡᠮᠳᠡᠭ ᠢ ᠲᠠᠷᠬᠠᠭᠠᠬᠤ ᠵᠡᠷᠭᠡ ᠨᠠᠮᠴᠢ ᠴᠢᠨᠠᠷ ᠢᠶᠠᠷ ᠴᠢᠩᠭ᠎ᠠ ᠨᠠᠮ ᠤᠨ ᠦᠨᠦᠷ ᠠᠮᠲᠠ ᠥᠳᠬᠡᠨ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠨᠠᠮ ᠳᠤ ᠦᠨᠡᠨᠴᠢ ᠰᠢᠳᠤᠷᠭᠤ ᠪᠠᠶᠢᠬᠤ ᠬᠥᠮᠦᠵᠢᠯ ᠢ ᠨᠠᠮᠴᠢ ᠴᠢᠨᠠᠷ ᠤᠨ ᠪᠣᠯᠪᠠᠰᠤᠷᠠᠯ ᠢ ᠳᠠᠪᠲᠠᠨ ᠪᠣᠯᠪᠠᠰᠤᠷᠠᠭᠤᠯᠬᠤ ᠪᠦᠬᠦ ᠶᠠᠪᠤᠴᠠ ᠳᠤ ᠠᠭᠤᠰᠬᠠᠵᠤ᠂ ᠰᠤᠷᠤᠯᠴᠠᠯᠭ᠎ᠠ ᠠᠵᠢᠯ ᠤᠨ ᠡᠯ᠎ᠡ ᠲᠠᠯ᠎ᠠ ᠳᠤ ᠲᠤᠭᠤᠰᠢᠯᠠᠭᠤᠯᠪᠠ᠃ ᠪᠦᠬᠦ ᠵᠢᠯ ᠳᠤ ᠡᠯ᠎ᠡ ᠲᠦᠷᠦᠯ ᠤᠨ ᠨᠠᠮᠴᠢ ᠴᠢᠨᠠᠷ ᠤᠨ ᠬᠥᠮᠦᠵᠢᠯ ᠢ ᠨᠡᠶᠢᠳᠡ 280 ᠭᠠᠷᠤᠢ ᠤᠳᠠᠭ᠎ᠠ ᠥᠷᠨᠢᠭᠦᠯᠵᠦ᠂  ᠬᠦᠯᠢᠶᠡᠨ  ᠠᠪᠤᠭᠴᠢᠳ  ᠤᠨ  ᠲᠤᠭ᠎ᠠ  2  ᠲᠦᠮᠡ  ᠰᠢᠬᠠᠮ  ᠬᠥᠮᠥᠨ  ᠤᠳᠠᠭ᠎ᠠ  ᠳᠤ  ᠬᠦᠷᠴᠡᠢ᠃ ᠡᠭᠦᠨ ᠤ ᠬᠠᠮᠲᠤ᠂ ᠪᠢᠳᠡ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠨᠠᠢᠮᠠ ᠳᠤ ᠣᠷᠣᠭᠤᠯᠬᠤ︾ ᠶᠢ ᠪᠠᠷᠢᠮᠲᠠᠯᠠᠵᠤ᠂ ︽ᠬᠤᠶᠠᠷ ᠢ ᠵᠠᠪᠠᠯ ᠰᠢᠯᠭᠠᠬᠤ︾ ᠶᠢ ᠪᠡᠶᠡᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠳᠠᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠬᠠᠨᠳᠤᠯᠭᠠᠲᠤ ᠴᠢᠨᠠᠷ᠂ ᠦᠷ᠎ᠡ ᠪᠦᠲᠦᠮᠵᠢᠲᠦ ᠴᠢᠨᠠᠷ ᠢ ᠦᠨᠡᠨᠬᠦ ᠴᠢᠩᠭᠠᠳᠬᠠᠪᠠ᠃ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠭᠦᠨᠵᠡᠭᠡᠶᠢᠷᠡᠭᠦᠯᠵᠦ᠂ ᠪᠠᠶᠢᠭᠤᠯᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ︽ᠤᠯᠤᠰ ᠤᠨ ᠲᠤᠭ ᠲᠠᠢ ᠬᠠᠮᠲᠤ ᠪᠠᠷ ᠰᠡᠭᠦᠳᠡᠷ ᠲᠠᠲᠠᠭᠤᠯᠵᠤ᠂ ᠡᠬᠡ ᠤᠯᠤᠰ ᠲᠠᠭᠠᠨ ᠰᠡᠳᠬᠢᠯ ᠢᠶᠠᠨ ᠢᠯᠡᠳᠬᠡᠵᠦ᠂ ᠪᠠᠶᠠᠨᠨᠠᠭᠤᠷ ᠲᠤ ᠡᠷᠴᠢ ᠵᠣᠷᠢᠭ ᠢᠶᠠᠨ ᠬᠥᠪᠴᠢᠯᠡᠬᠦ︾ ᠰᠢᠷᠢᠰ ᠭᠤᠣᠯ ᠰᠡᠳᠦᠪᠲᠦ ᠠᠵᠢᠯᠯᠠᠭ᠎ᠠ᠂ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠶᠢ ᠥᠷᠨᠢᠭᠦᠯᠵᠦ᠂ ᠪᠠᠶᠢᠭᠤᠯᠤᠯᠭ᠎ᠠ ᠶᠢᠨ ᠣᠨᠴᠠᠯᠢᠭ ᠲᠠᠢ ᠨᠠᠮ ᠤᠨ ᠳᠣᠲᠣᠭᠠᠳᠤ ᠶᠢᠨ ᠤᠯᠤᠰ ᠲᠥᠷᠥ ᠰᠣᠶᠣᠯ ᠤᠨ ᠠᠭᠤᠷ ᠠᠮᠢᠰᠬᠤᠯ ᠪᠠ ᠥᠭᠡᠳᠡᠯᠡᠨ ᠲᠠᠪᠰᠢᠬᠤ ᠪᠠᠷ ᠪᠦᠯᠬᠦᠮᠳᠡᠨ ᠲᠡᠮᠡᠴᠡᠬᠦ ᠠᠵᠢᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ︽ᠬᠤᠶᠠᠷ ᠢ ᠲᠣᠭᠲᠠᠭᠠᠬᠤ︾ ᠶᠢ ᠢᠳᠡᠪᠬᠢᠲᠡᠢ ᠪᠣᠳᠠᠲᠤ ᠠᠵᠢᠯᠯᠠᠭ᠎ᠠ ᠪᠠᠷ ᠢᠶᠠᠨ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠭᠦᠢᠴᠡᠳᠬᠡᠪᠡ᠃      ᠬᠥᠲᠥᠯᠥᠭᠴᠢ᠄ ᠡᠶᠢᠮᠦᠷᠬᠦ ᠣᠯᠠᠨ ᠶᠠᠩᠵᠤ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠤᠯᠤᠰ ᠲᠥᠷᠥ ᠶᠢᠨ ᠬᠥᠮᠦᠵᠢᠯ ᠢ ᠠᠮᠢᠳᠤᠯᠢᠭ ᠰᠠᠶᠢᠬᠠᠨ ᠪᠣᠯᠭᠠᠨ᠎ᠠ᠃ ᠡᠭᠦᠨ ᠲᠠᠢ ᠠᠳᠠᠯᠢ ᠪᠠᠷ᠂ ᠣᠨᠣᠯ ᠤᠨ ᠰᠠᠭᠤᠷᠢ ᠶᠢ ᠪᠠᠲᠤᠳᠬᠠᠬᠤ ᠪᠣᠯ ᠪᠠᠰᠠ ᠴᠤ ᠮᠠᠰᠢ ᠵᠠᠩᠭᠢᠯᠠᠭ᠎ᠠ ᠪᠣᠯᠣᠨ᠎ᠠ᠂ ᠡᠨᠡ ᠲᠠᠯ᠎ᠠ ᠪᠠᠷ ᠪᠢᠳᠡ ᠶᠠᠭᠠᠬᠢᠵᠤ ᠬᠢᠭᠰᠡᠨ ᠪᠤᠶ︖      ᠵᠣᠴᠢᠨ᠄ ᠮᠠᠨ ᠤ ᠨᠠᠮ ᠪᠣᠯ ᠮᠠᠷᠺᠰ ᠤᠨ ᠦᠵᠡᠯ ᠢᠶᠠᠷ ᠵᠡᠪᠰᠡᠭᠯᠡᠭᠰᠡᠨ ᠲᠦᠷᠦ ᠶᠢᠨ ᠨᠠᠮ ᠪᠣᠯᠣᠨ᠎ᠠ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠪᠦᠯᠬᠦᠮᠳᠡᠨ ᠲᠡᠮᠡᠴᠡᠬᠦ ᠤᠯᠤᠰ ᠲᠦᠷᠦ ᠶᠢᠨ ᠰᠠᠭᠤᠷᠢ᠂ ᠦᠵᠡᠯ ᠰᠠᠨᠠᠭᠠᠨ ᠤ ᠰᠠᠭᠤᠷᠢ᠂ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠦᠨ᠎ᠡ᠃ ᠪᠣᠳᠠᠲᠠᠢ ᠠᠵᠢᠯ ᠤᠨ ᠳᠤᠮᠳᠠ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠨᠢᠭᠡᠳᠦᠭᠡᠷ ᠵᠥᠪᠯᠡᠬᠦ ᠰᠡᠳᠦᠪ︾  ᠤᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂  ︽ᠤᠨᠤᠯ  ᠰᠤᠷᠤᠯᠴᠠᠬᠤ  ᠭᠤᠣᠯ  ᠳᠤᠭᠤᠶᠢᠯᠠᠩ︾ ᠂  ︽ᠭᠤᠷᠪᠠᠨ ᠬᠤᠷᠠᠯ ᠨᠢᠭᠡ ᠬᠢᠴᠢᠶᠡᠯ︾ ᠂  ︽ᠵᠠᠯᠠᠭᠤᠴᠤᠳ ᠤᠨ ᠤᠨᠤᠯ ᠰᠤᠷᠤᠯᠴᠠᠬᠤ ᠳᠤᠭᠤᠶᠢᠯᠠᠩ︾᠂ ︽ᠭᠤᠷᠪᠠᠨ ᠱᠠᠲᠤ ᠪᠠᠷ ᠬᠤᠯᠪᠤᠭᠠᠯᠠᠨ ᠬᠥᠳᠡᠯᠦᠯᠴᠡᠬᠦ︾ ᠶᠢ ᠭᠦᠢᠴᠡᠳ ᠠᠰᠢᠭᠯᠠᠨ ᠱᠠᠲᠤ ᠱᠠᠲᠤ ᠪᠠᠷ ᠰᠤᠷᠤᠯᠴᠠᠨ ᠤᠯᠠᠮᠵᠢᠯᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠭᠰᠠᠨ ᠤ ᠳᠠᠷᠠᠭ᠎ᠠ᠂ ᠬᠤᠲᠠ ᠶᠢᠨ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ ︽ᠬᠤᠷᠢᠳᠤᠭᠠᠷ  ᠶᠡᠭᠡ  ᠬᠤᠷᠠᠯ  ᠢ  ᠪᠠᠶᠠᠷᠯᠠᠨ ᠤᠭᠲᠤᠬᠤ ·  ᠰᠢᠨ᠎ᠡ  ᠠᠶᠠᠨ  ᠳᠤ  ᠡᠷᠡᠯᠬᠡᠭᠯᠡᠨ  ᠤᠷᠤᠭᠰᠢᠯᠠᠬᠤ︾ ᠰᠢᠷᠢᠰ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠢᠳᠡ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠨᠠᠮ ᠤᠨ ᠬᠢᠴᠢᠶᠡᠯ ᠣᠷᠣᠬᠤ᠂ ᠲᠥᠪ ᠤᠨ ᠨᠠᠮ ᠤᠨ ᠰᠤᠷᠭᠠᠭᠤᠯᠢ ᠶᠢᠨ ᠫᠷᠣᠹᠧᠰᠰᠣᠷ ᠢ ᠤᠷᠢᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠠᠶᠢᠯᠪᠤᠷᠢᠯᠠᠬᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠶᠢ ᠥᠷᠨᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠵᠤ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠰᠢᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠪᠠ᠃ ᠰᠤᠷᠤᠯᠴᠠᠯᠭ᠎ᠠ ᠶᠢᠨ  ᠮᠠᠲ᠋ᠧᠷᠢᠶᠠᠯ ᠢ ᠨᠠᠶᠢᠳᠠ 1.5 ᠲᠦᠮᠡ ᠭᠠᠷᠤᠢ ᠳᠡᠪᠲᠡᠷ ᠵᠠᠬᠢᠶᠠᠯᠠᠨ ᠲᠠᠷᠬᠠᠭᠠᠵᠤ᠂ ᠨᠠᠮ ᠤᠨ ᠭᠡᠰᠢᠭᠦᠨ ᠢ 4.5 ᠲᠦᠮᠡ ᠭᠠᠷᠤᠢ ᠬᠥᠮᠥᠨ ᠤᠳᠠᠭ᠎ᠠ ᠰᠢᠭᠤᠳ ᠨᠡᠪᠲᠡᠷᠡᠭᠦᠯᠦᠨ ᠪᠣᠯᠪᠠᠰᠤᠷᠠᠭᠤᠯᠵᠤ᠂ ᠲᠦᠮᠡ ᠰᠢᠬᠠᠮ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠰᠦᠯᠵᠢᠶᠡᠨ ᠳᠡᠭᠡᠷᠡᠬᠢ ᠥᠷᠢᠰᠦᠯᠳᠦᠭᠡᠨ ᠤ ᠤᠷᠤᠯᠳᠤᠭᠠᠨ ᠢ ᠥᠷᠨᠢᠭᠦᠯᠵᠦ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠵᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠪᠠ᠃ ᠡᠭᠦᠨ ᠤ ᠬᠠᠮᠲᠤ᠂ ᠪᠢᠳᠡ ᠠᠳᠠᠯᠢ ᠪᠤᠰᠤ ᠱᠠᠲᠤ ᠳᠠᠪᠬᠤᠷᠭ᠎ᠠ᠂ ᠠᠳᠠᠯᠢ ᠪᠤᠰᠤ ᠲᠡᠰ ᠳᠠᠪᠬᠤᠷᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠪᠣᠳᠠᠲᠠᠢ ᠪᠠᠶᠢᠳᠠᠯ ᠢ ᠭᠦᠢᠴᠡᠳ ᠪᠣᠳᠣᠯᠬᠢᠯᠠᠵᠤ᠂ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠡᠭᠦᠯᠡᠨ ᠪᠣᠳᠣᠯᠲᠠ᠂ ᠲᠤᠰᠬᠠᠢ ᠰᠡᠳᠦᠪᠲᠦ ᠨᠠᠮ ᠤᠨ ᠬᠢᠴᠢᠶᠡᠯ ᠤᠨ ᠰᠢᠨ᠎ᠡ ᠶᠢ ᠡᠭᠦᠳᠴᠦ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠰᠤᠷᠤᠯᠴᠠᠯᠭ᠎ᠠ ᠬᠥᠮᠦᠵᠢᠯ ᠤᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠪᠣᠳᠠᠰᠵᠢᠭᠤᠯᠬᠤ᠂ ᠤᠯᠠᠨ ᠲᠦᠮᠡᠨᠴᠢᠯᠡᠬᠦ᠂ ᠬᠠᠷᠢᠯᠴᠠᠨ ᠦᠢᠯᠡᠳᠦᠯᠴᠡᠬᠦ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠪᠡ᠃ ᠵᠢᠯ ᠤᠨ ᠳᠣᠲᠣᠷ᠎ᠠ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢ ᠨᠡᠶᠢᠳᠡ 126 ᠤᠳᠠᠭ᠎ᠠ ᠥᠷᠨᠢᠭᠦᠯᠵᠡᠢ᠃ ᠡᠭᠦᠨ ᠤ ᠬᠠᠮᠲᠤ ᠪᠢᠳᠡ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ︽1+1+N︾ ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠦᠵᠢᠯ ᠪᠣᠯᠪᠠᠰᠤᠷᠠᠯ ᠤᠨ ᠰᠢᠰᠲ᠋ᠧᠮ ᠢ ᠪᠠᠶᠢᠭᠤᠯᠵᠤ᠂  ︽ᠲᠤᠰᠬᠠᠢ  ᠰᠡᠳᠦᠪᠲᠦ  ᠬᠢᠴᠢᠶᠡᠯ  ᠤᠨ  ᠲᠠᠩᠬᠢᠮ︾  ︽ᠬᠤᠷᠤᠭᠤᠨ  ᠦᠵᠦᠭᠦᠷ  ᠤᠨ  ᠬᠢᠴᠢᠶᠡᠯ  ᠤᠨ  ᠲᠠᠩᠬᠢᠮ︾  ︽ᠬᠤᠪᠢᠰᠬᠠᠯᠲᠤ ᠬᠢᠴᠢᠶᠡᠯ ᠤᠨ ᠲᠠᠩᠬᠢᠮ︾ ᠵᠡᠷᠭᠡ ᠰᠦᠯᠵᠢᠶᠡᠨ ᠳᠡᠭᠡᠷᠡᠬᠢ ᠤᠨᠤᠯ ᠰᠤᠷᠤᠯᠴᠠᠬᠤ ᠲᠠᠪᠴᠠᠩ ᠢ ᠦᠷᠭᠦᠯᠵᠢᠯᠡᠨ ᠥᠷᠭᠡᠳᠬᠡᠨ ᠰᠠᠶᠢᠲᠤᠷ ᠠᠰᠢᠭᠯᠠᠵᠤ᠂ ᠨᠠᠮ ᠤᠨ ᠭᠡᠰᠢᠭᠦᠨ ᠤ ᠬᠥᠮᠦᠵᠢᠯ ᠢ ᠪᠦᠬᠦᠨ ᠢ ᠬᠠᠮᠤᠷᠤᠭᠰᠠᠨ ᠪᠣᠯᠪᠠᠰᠤᠷᠠᠯ᠂ ᠪᠦᠬᠦ ᠬᠦᠷᠢᠶᠡᠨ ᠤ ᠰᠤᠷᠤᠯᠴᠠᠯᠭ᠎ᠠ᠂ ᠪᠦᠬᠦ ᠲᠠᠯ᠎ᠠ ᠶᠢᠨ ᠦᠢᠯᠡᠳᠦᠯᠭᠡ ᠶᠢ ᠪᠦᠷᠢᠯᠳᠦᠭᠦᠯᠵᠦ᠂ ᠨᠠᠮ ᠤᠨ ᠤᠨᠤᠯ ᠤᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠬᠦ᠂ ᠪᠣᠳᠠᠲᠠᠶᠢᠵᠢᠭᠤᠯᠬᠤ᠂ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃ ᠪᠠᠶᠢᠭᠤᠯᠤᠯᠭ᠎ᠠ ᠶᠢᠨ ᠠᠵᠢᠯ ᠤᠨ ᠵᠥᠪᠯᠡᠯ ᠤᠨ ᠬᠢᠨ 2022 ᠣᠨ ᠤ ᠪᠦᠬᠦ ᠬᠤᠳᠠ ᠶᠢᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠤ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠬᠦᠷᠲᠡᠵᠡᠢ᠃      ᠬᠥᠲᠥᠯᠥᠭᠴᠢ᠄ ᠪᠠᠶᠢᠭᠤᠯᠤᠯᠭ᠎ᠠ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠣᠯ ᠬᠠᠭᠤᠴᠢᠨ ᠰᠡᠳᠦᠪ ᠮᠥᠨ᠂ ᠪᠠᠰᠠ ᠴᠤ ᠰᠢᠨ᠎ᠡ ᠰᠡᠳᠦᠪ ᠮᠥᠨ᠃ ᠰᠢᠨ᠎ᠡ ᠴᠠᠭ ᠦᠶ᠎ᠡ ᠳᠤ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠶᠠᠰᠤ ᠴᠢᠨᠠᠷ ᠢ ᠬᠡᠷᠬᠢᠨ ᠳᠡᠭᠡᠭᠰᠢᠯᠡᠭᠦᠯᠬᠦ ᠲᠤᠬᠠᠢ ᠪᠢᠳᠡᠨ ᠳᠤ ᠶᠠᠮᠠᠷ ᠰᠠᠶᠢᠨ ᠠᠷᠭ᠎ᠠ ᠬᠡᠮᠵᠢᠶ᠎ᠡ ᠪᠠᠶᠢᠬᠤ ᠪᠤᠢ︖ ︵  ᠭᠤᠣ ᠱᠦᠵᠢ︶      ᠵᠣᠴᠢᠳ᠄ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠣᠯ ᠨᠠᠮ ᠤᠨ ᠪᠦᠬᠦ ᠠᠵᠢᠯ ᠪᠠ ᠲᠠᠶᠢᠴᠢᠨ ᠬᠦᠴᠦᠨ ᠤ ᠰᠠᠭᠤᠷᠢ ᠮᠥᠨ᠂ ᠲᠦᠷᠦ ᠪᠠᠷᠢᠬᠤ ᠶᠢᠨ ᠰᠠᠭᠤᠷᠢ ᠬᠦᠴᠦᠨ ᠴᠢᠳᠠᠯ ᠤᠨ ᠡᠬᠢ ᠰᠤᠷᠪᠤᠯᠵᠢ ᠮᠥᠨ᠃ ᠣᠶᠢᠷ᠎ᠠ ᠶᠢᠨ ᠬᠡᠳᠦᠨ ᠵᠢᠯ ᠳᠤ᠂ ᠪᠢᠳᠡ ︽ᠲᠠᠪᠤᠨ ᠲᠠᠯ᠎ᠠ ᠶᠢ ᠬᠠᠮᠵᠢᠯᠴᠠᠭᠤᠯᠤᠨ᠂ ᠦᠨᠳᠦᠰᠦᠨ ᠱᠠᠲᠤ ᠶᠢ ᠶᠡᠬᠡᠪᠡᠷ ᠠᠳᠬᠤᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠬᠤᠶᠠᠷ ᠬᠦᠴᠦᠷᠬᠡᠭ ᠢ ᠡᠭᠦᠳᠦᠨ ᠪᠠᠶᠢᠭᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢ ᠤᠯᠤᠰ ᠲᠥᠷᠥ ᠶᠢᠨ ᠴᠢᠳᠠᠮᠵᠢ ᠪᠠᠷ ᠴᠢᠩᠭ᠎ᠠ᠂ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠪᠠᠷ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠪᠠᠷ ᠴᠢᠷᠮᠠᠶᠢᠪᠠ᠃ ᠨᠢᠭᠡ ᠳᠤ᠂ ᠨᠠᠮ ᠤᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯᠯᠠᠭᠠᠨ ᠤ ᠪᠣᠳᠠᠲᠤ ᠶᠠᠪᠤᠳᠠᠯ︾ ︽ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠤᠪᠤᠷᠠᠯ ᠤᠨ ᠵᠢᠯᠤᠭᠤᠳᠬᠤ ᠭᠠᠷ ᠳᠡᠪᠲᠡᠷ︾ ︽ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠬᠠᠤᠯᠢ ᠲᠣᠭᠲᠠᠭᠠᠯ ᠳᠦᠷᠢᠮ ᠤᠨ ᠰᠣᠩᠭᠤᠮᠠᠯ ᠨᠠᠶᠢᠷᠠᠭᠤᠯᠤᠯ︾ ᠵᠡᠷᠭᠡ ᠶᠢ ᠨᠠᠶᠢᠷᠠᠭᠤᠯᠤᠨ ᠵᠣᠬᠢᠶᠠᠵᠤ᠂ ᠨᠠᠮ ᠤᠨ ᠡᠭᠦᠷ ᠤᠨ ᠡᠭᠦᠷᠭᠡ ᠬᠠᠷᠢᠭᠤᠴᠠᠯᠭ᠎ᠠ᠂ ᠭᠤᠷᠪᠠᠨ ᠬᠤᠷᠠᠯ ᠨᠢᠭᠡ ᠬᠢᠴᠢᠶᠡᠯ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠵᠡᠷᠭᠡ ᠡᠯ᠎ᠡ ᠭᠤᠭᠴᠣᠭᠠᠨ ᠤ ᠠᠵᠢᠯᠯᠠᠭᠠᠨ ᠤ ᠵᠢᠷᠤᠮᠵᠢᠯ ᠤᠨ 99 ᠵᠦᠢᠯ ᠢ ᠤᠯᠠᠮ ᠨᠢᠭᠡ ᠠᠯᠬᠤᠮ ᠲᠣᠳᠣᠷᠬᠠᠢ ᠨᠠᠷᠢᠯᠢᠭᠵᠢᠭᠤᠯᠵᠤ᠂ ᠪᠠᠷᠢᠮᠵᠢᠶᠠᠵᠢᠭᠤᠯᠬᠤ ᠵᠢᠷᠤᠮᠵᠢᠭᠤᠯᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃ ᠨᠠᠮ ᠤᠨ ᠪᠠᠶᠢᠭᠤᠯᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠡᠭᠦᠯᠡᠨ ᠲᠠᠪᠴᠠᠩ ᠢ ᠠᠮᠵᠢᠯᠲᠠ ᠲᠠᠢ ᠪᠠᠷ ᠰᠦᠯᠵᠢᠶᠡᠨ ᠳᠤ ᠬᠤᠯᠪᠣᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢ ᠴᠠᠭ ᠲᠤᠬᠠᠢ ᠳᠤᠨᠢ ᠲᠡᠮᠳᠡᠭᠯᠡᠬᠦ᠂ ᠵᠢᠱᠢᠶ᠎ᠡ ᠦᠵᠡᠭᠦᠯᠬᠦ ᠴᠡᠭ ᠢ ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ᠂ ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠦᠵᠢᠯ ᠪᠣᠯᠪᠠᠰᠤᠷᠠᠭᠤᠯᠤᠯ ᠵᠡᠷᠭᠡ ᠨᠠᠮ ᠤᠨ ᠠᠵᠢᠯ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠬᠤ ᠶᠢ ᠪᠡᠶᠡᠯᠡᠭᠦᠯᠵᠦ᠂ ᠳᠥᠭᠦᠮ ᠳᠥᠲᠡ ᠥᠨᠳᠥᠷ ᠪᠦᠲᠦᠮᠵᠢᠲᠡᠶ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠵᠠᠭᠪᠤᠷ ᠢ ᠨᠡᠭᠡᠭᠡᠪᠡ᠃ ᠬᠤᠶᠠᠷ ᠲᠤ᠂ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢ ᠪᠠᠶᠢᠭᠤᠯᠤᠨ ᠴᠢᠩᠭᠠᠳᠬᠠᠵᠤ᠂ ᠲᠣᠭᠤᠷᠢᠨ ᠦᠵᠡᠵᠦ ᠬᠠᠮᠲᠤᠷᠠᠨ ᠦᠨᠡᠯᠡᠬᠦ ᠬᠡᠯᠪᠡᠷᠢ ᠪᠠᠷ ︽ᠵᠢᠱᠢᠶᠡᠴᠢ ᠨᠠᠮ ᠤᠨ ᠡᠭᠦᠷ︾ ᠢ ᠡᠭᠦᠳᠦᠨ ᠪᠠᠶᠢᠭᠤᠯᠬᠤ ᠮᠥᠷᠥᠶᠢᠴᠡᠭᠡᠨ ᠢ ᠵᠣᠬᠢᠶᠠᠨ ᠪᠠᠶᠢᠭᠤᠯᠤᠨ ᠥᠷᠨᠢᠭᠦᠯᠵᠦ᠂ 58% ᠠᠴᠠ ᠳᠡᠭᠡᠭᠰᠢᠬᠢ ᠨᠠᠮ ᠤᠨ ᠡᠭᠦᠷ ᠨᠢ ︽ᠵᠢᠱᠢᠶᠡᠴᠢ ᠨᠠᠮ ᠤᠨ ᠡᠭᠦᠷ︾ ᠢ ᠡᠭᠦᠳᠦᠨ ᠪᠠᠶᠢᠭᠤᠯᠬᠤ ᠪᠠᠷᠢᠮᠵᠢᠶ᠎ᠠ ᠳᠤ ᠬᠦᠷᠴᠡᠢ᠃ ᠨᠢᠭᠡ ᠪᠦᠯᠦᠭ ︽ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠱᠢᠶ᠎ᠡ ᠦᠵᠡᠭᠦᠯᠬᠦ ᠴᠡᠭ︾ ᠪᠣᠯᠣᠨ ︽ᠬᠠᠮᠤᠭ ᠤᠨ ᠬᠦᠴᠦᠷᠬᠡᠭ ᠨᠠᠮ ᠤᠨ ᠡᠭᠦᠷ ᠤᠨ ᠵᠢᠱᠢᠶ᠎ᠡ ᠦᠵᠡᠭᠦᠯᠬᠦ ᠴᠡᠭ︾ ᠢ ᠰᠣᠩᠭᠤᠨ ᠭᠠᠷᠭᠠᠵᠤ᠂ ︽ᠨᠠᠮ ᠤᠨ ᠪᠠᠶᠢᠭᠤᠯᠤᠯᠲᠠ ᠶᠢᠨ ᠤᠯᠠᠭᠠᠨ + ᠭᠠᠶᠢᠯᠢ ᠶᠢᠨ ᠶᠠᠪᠤᠳᠠᠯ ᠤᠨ ᠬᠥᠬᠡᠷᠡᠭᠡᠢ︾᠂ ︽ᠡᠮᠨᠡᠯᠭᠡ ᠶᠢᠨ ᠰᠡᠳᠬᠢᠯ ᠨᠠᠮ ᠤᠨ ᠡᠮᠨᠡᠯᠭᠡ ᠶᠢᠨ ᠰᠡᠳᠬᠢᠯ ᠠᠷᠠᠳ ᠤᠨ ᠲᠥᠯᠥᠭᠡ ᠵᠢᠳᠬᠦᠬᠦ︾ ᠵᠡᠷᠭᠡ 100 ᠭᠠᠷᠤᠢ ᠣᠨᠴᠠᠯᠢᠭᠲᠤ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠪᠣᠶᠢᠵᠢᠭᠤᠯᠵᠤ᠂ 42 ᠲᠦᠮᠡᠨ ᠲᠥᠭᠦᠷᠢᠭ ᠤᠨ ᠨᠠᠮ ᠤᠨ ᠰᠦᠢᠳᠬᠡᠯ ᠢ ᠱᠠᠩᠨᠠᠬᠤ ᠪᠠᠷ ᠨᠥᠬᠦᠪᠦᠷᠢ ᠶᠢᠨ ᠵᠢᠱᠢᠶ᠎ᠡ ᠦᠵᠡᠭᠦᠯᠬᠦ ᠶᠢ ᠣᠷᠣᠯᠠᠭᠤᠯᠵᠤ᠂ ᠬᠤᠴᠣᠷᠤᠩᠭᠤᠢ ᠨᠢ ᠲᠡᠷᠢᠭᠦᠨ ᠤ ᠬᠢ ᠶᠢ ᠭᠦᠢᠴᠡᠬᠦ ᠶᠢ ᠠᠬᠢᠭᠤᠯᠵᠤ᠂ ᠲᠡᠷᠢᠭᠦᠨ ᠤ ᠬᠢ ᠶᠢ ᠲᠡᠮᠡᠴᠡᠨ ᠰᠢᠯᠢᠳᠡᠭ  ᠢ ᠡᠭᠦᠳᠬᠦ ᠠᠭᠤᠷ ᠠᠮᠢᠰᠬᠤᠯ ᠢ ᠪᠤᠢ ᠪᠣᠯᠭᠠᠪᠠ᠃ ᠭᠤᠷᠪᠠ ᠳᠤ᠂ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ 2000 ᠲᠡᠭᠰᠢ ᠳᠥᠷᠪᠡᠯᠵᠢᠨ ᠮᠧᠲᠷ ᠤᠨ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ + ᠲᠤᠬᠠᠢ ᠶᠢᠨ ᠲᠠᠯᠠᠪᠤᠷ ᠤᠨ ᠰᠤᠷᠭᠠᠨ ᠬᠥᠮᠦᠵᠢᠯ + ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠳᠠᠳᠤᠯᠭ᠎ᠠ ᠪᠣᠯᠪᠠᠰᠤᠷᠠᠯ ᠤᠨ ︽ᠭᠤᠷᠪᠠ ᠶᠢ ᠨᠢᠭᠡ ᠴᠣᠭᠴᠠᠵᠢᠭᠤᠯᠬᠤ︾ ᠵᠢᠭᠠᠨ ᠰᠤᠷᠭᠠᠯᠲᠠ ᠶᠢᠨ ᠵᠠᠭᠪᠤᠷ ᠢᠶᠠᠷ ᠳᠠᠮᠵᠢᠭᠤᠯᠵᠤ᠂ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠯ ᠢ ᠪᠠᠶᠢᠩᠭᠤᠵᠢᠭᠤᠯᠬᠤ᠂ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠨᠠᠮ ᠤᠨ ᠭᠡᠰᠢᠭᠦᠨ ᠤ ᠪᠡᠶ᠎ᠡ ᠶᠢᠨ ᠭᠠᠷᠤᠯ ᠢᠶᠠᠨ ᠬᠠᠷᠠᠭᠤᠯᠬᠤ᠂ ᠬᠤᠰᠢᠭᠤᠴᠢ ᠪᠣᠯᠬᠤ᠂ ᠳᠦᠷᠢ ᠲᠥᠷᠬᠦ ᠪᠠᠨ ᠪᠣᠰᠬᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠢ ᠬᠥᠮᠥᠵᠢᠭᠦᠯᠦᠨ ᠬᠥᠮᠥᠵᠢᠭᠦᠯᠬᠦ ᠶᠢ ᠵᠠᠩᠭᠢᠯᠠᠭ᠎ᠠ ᠶᠢᠨ ᠴᠠᠭ ᠦᠶ᠎ᠡ ᠳᠤ ᠰᠢᠪᠲᠤᠯᠤᠨ ᠭᠠᠷᠴᠤ ᠳᠡᠶᠢᠯᠬᠦ᠂ ᠰᠢᠪᠲᠤᠯᠤᠨ ᠭᠠᠷᠴᠤ ᠳᠡᠶᠢᠯᠬᠦ ᠬᠤᠰᠢᠭᠤᠴᠢ ᠵᠢᠱᠢᠶᠡᠴᠢ ᠪᠣᠯᠭᠠᠬᠤ ᠬᠡᠷᠡᠭᠲᠡᠢ᠃      ᠬᠥᠲᠥᠯᠥᠭᠴᠢ᠄ ᠫᠷᠣᠭ᠍ᠷᠠᠮ ᠰᠢᠩᠭᠡᠭᠡᠬᠦ ᠠᠴᠠ ᠡᠮᠦᠨ᠎ᠡ᠂ ᠪᠢᠳᠡ ᠨᠠᠮ ᠤᠨ ᠭᠡᠰᠢᠭᠦᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢᠶᠠᠷ ᠲᠣᠭᠤᠷᠢᠵᠤ ᠦᠵᠡᠪᠡ᠃      ᠬᠥᠲᠥᠯᠥᠭᠴᠢ᠄ ᠨᠢᠭᠡ ᠲᠣᠭᠤᠷᠢᠨ ᠶᠠᠪᠤᠭᠠᠳ᠂ ᠮᠠᠨ ᠤ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠲᠥᠬᠦᠭᠡᠷᠦᠮᠵᠢ ᠪᠦᠷᠢᠨ᠂ ᠴᠢᠳᠠᠮᠵᠢ ᠪᠦᠷᠢᠨ᠂ ᠦᠨᠡᠬᠡᠷ ᠵᠦᠭᠡᠷ ᠰᠢᠭ ᠰᠠᠨᠠᠭᠳᠠᠵᠤ ᠪᠠᠶᠢᠨ᠎ᠠ᠃ ᠨᠠᠮ ᠤᠨ ᠡᠭᠦᠷ ᠤᠨ ᠪᠠᠶᠢᠭᠤᠯᠤᠯᠲᠠ ᠶᠢ ᠬᠦᠴᠦᠷᠬᠡᠭᠵᠢᠭᠦᠯᠵᠦ᠂ ᠨᠠᠮ ᠤᠨ ᠭᠡᠰᠢᠭᠦᠨ ᠤ ᠳᠦᠷᠢ ᠲᠥᠷᠬᠦ ᠶᠢ ᠪᠤᠢ ᠪᠣᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠨᠠᠮ ᠤᠨ ᠭᠡᠰᠢᠭᠦᠨ ᠤ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠂ ᠡᠨᠡ ᠲᠠᠯ᠎ᠠ ᠪᠠᠷ ᠪᠢᠳᠡᠨ ᠳᠤ ᠶᠠᠮᠠᠷ ᠰᠠᠶᠢᠨ ᠠᠷᠭ᠎ᠠ ᠪᠠᠶᠢᠬᠤ ᠪᠤᠢ︖      ᠵᠣᠴᠢᠨ᠄ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠪᠣᠯ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠡᠭᠦᠷᠢᠳᠡ ᠬᠤᠪᠢᠷᠠᠰᠢ ᠦᠭᠡᠢ ᠭᠤᠣᠯ ᠰᠡᠳᠦᠪ ᠪᠣᠯᠣᠨ᠎ᠠ᠂ ᠣᠶᠢᠷ᠎ᠠ ᠶᠢᠨ ᠵᠢᠯ ᠠᠴᠠ ᠪᠢᠳᠡ ᠭᠤᠣᠯᠳᠠᠯᠭ᠎ᠠ ᠶᠢᠨ ᠲᠣᠭᠤᠷᠢᠨ ᠳᠤ ᠨᠠᠮ ᠤᠨ ᠪᠠᠶᠢᠭᠤᠯᠤᠯᠲᠠ ᠶᠢ ᠠᠳᠬᠤᠬᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠬᠥᠭᠵᠢᠯᠲᠡ ᠶᠢ ᠠᠬᠢᠭᠤᠯᠬᠤ ᠠᠵᠢᠯ ᠤᠨ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯ ᠢ ᠨᠡᠩ ᠶᠡᠭᠡ ᠦᠷ᠎ᠡ ᠪᠦᠲᠦᠮᠵᠢ ᠲᠠᠢ ᠪᠣᠯᠭᠠᠪᠠ᠃ ᠪᠢᠳᠡ ᠨᠠᠮ ᠤᠨ ᠪᠠᠶᠢᠭᠤᠯᠤᠯᠲᠠ + ᠠᠮᠢ ᠠᠬᠤᠢ ᠶᠢᠨ ᠵᠠᠰᠠᠯᠲᠠ᠂ ᠨᠠᠮ ᠤᠨ ᠪᠠᠶᠢᠭᠤᠯᠤᠯᠲᠠ + ᠦᠨᠳᠦᠰᠦᠲᠡᠨ ᠤ ᠪᠦᠯᠬᠦᠮᠳᠡᠯ ᠵᠡᠷᠭᠡ ︽ᠨᠠᠮ ᠤᠨ ᠪᠠᠶᠢᠭᠤᠯᠤᠯᠲᠠ +︾ ᠶᠢᠨ ᠵᠠᠭᠪᠤᠷ ᠢ ᠰᠢᠨ᠎ᠡ ᠪᠠᠷ ᠡᠭᠦᠳᠴᠦ᠂ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ 100 ᠭᠠᠷᠤᠢ ᠥᠪᠡᠷᠮᠢᠴᠡ ᠣᠨᠴᠠᠯᠢᠭ ᠲᠠᠢ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠪᠣᠶᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠤᠨ ᠳᠦᠷᠢ ᠲᠥᠷᠬᠦ ᠶᠢ ᠳᠡᠯᠭᠡᠨ ᠦᠵᠡᠭᠦᠯᠬᠦ᠂ ᠬᠥᠭᠵᠢᠯᠲᠡ ᠶᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ ᠠᠵᠢᠯᠯᠠᠵᠤ᠂ ︽ᠰᠠᠮᠪᠠᠷ᠎ᠠ ᠨᠡᠶᠢᠲᠡᠯᠡᠬᠦ ᠰᠡᠳᠦᠪ ᠳᠠᠭᠠᠭᠤᠯᠬᠤ︾ ᠡᠭᠦᠷᠭᠡ ᠶᠢᠨ ᠪᠢᠴᠢᠭ ᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ︽ᠲᠠᠪᠤᠨ ᠶᠡᠭᠡ ᠠᠵᠢᠯᠯᠠᠭ᠎ᠠ︾ ᠶᠢ ᠠᠬᠢᠭᠤᠯᠬᠤ ᠵᠢᠱᠢᠶᠡᠴᠢ ᠪᠠᠶᠢᠭᠤᠯᠤᠯᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 10 ᠰᠢᠯᠢᠳᠡᠭ ᠬᠡᠷᠡᠭ ᠤᠨ ᠵᠢᠱᠢᠶ᠎ᠡ ᠶᠢ ᠰᠣᠩᠭᠤᠨ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠳᠠ ᠶᠢᠨ ᠨᠠᠮ ᠤᠨ ᠬᠤᠷᠢᠶ᠎ᠠ ᠶᠢᠨ ︽ᠲᠠᠪᠤᠨ ᠶᠡᠭᠡ ᠠᠵᠢᠯᠯᠠᠭ᠎ᠠ︾ ᠪᠣᠯᠣᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠲᠦᠷᠦᠭᠦᠯᠡᠵᠦ ᠦᠯᠢᠭᠡᠷ ᠳᠠᠭᠤᠷᠢᠶᠠᠯ ᠪᠣᠯᠬᠤ ᠶᠢ ᠬᠦᠴᠦᠲᠡᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷᠴᠤᠳ ᠤᠨ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠳᠠᠬᠢ ᠲᠠᠶᠢᠴᠢᠨ ᠪᠠᠬᠢᠯᠡᠯᠲᠡ ᠪᠣᠯᠣᠨ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠰᠢᠯᠢᠳᠡᠭ ᠡᠪ ᠬᠠᠮᠲᠤ ᠨᠠᠮ ᠤᠨ ᠭᠡᠰᠢᠭᠦᠨ 125 ᠬᠥᠮᠥᠨ᠂ ᠰᠢᠯᠢᠳᠡᠭ ᠨᠠᠮ ᠤᠨ ᠠᠵᠢᠯᠲᠠᠨ 94 ᠬᠥᠮᠥᠨ᠂ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ 94 ᠶᠢ ᠰᠣᠩᠭᠤᠪᠠ᠃ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠶᠢᠨ ︽ᠥᠨᠳᠥᠷ ᠪᠠᠷᠢᠮᠵᠢᠶᠠᠲᠤ ᠨᠠᠮ ᠤᠨ ᠪᠠᠶᠢᠭᠤᠯᠤᠯᠲᠠ ᠶᠢ ᠪᠠᠷᠢᠮᠲᠠᠯᠠᠵᠤ ᠤᠯᠠᠭᠠᠨᠰᠤᠬᠠᠢ ᠲᠠᠩᠭᠢᠰ ᠤᠨ ᠰᠠᠪᠠ ᠭᠠᠵᠠᠷ ᠤᠨ ᠠᠮᠢ ᠠᠬᠤᠢ ᠶᠢᠨ ᠵᠠᠰᠠᠯᠲᠠ ᠬᠠᠮᠠᠭᠠᠯᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠶᠢ ᠬᠥᠲᠥᠯᠥᠨ ᠳᠠᠭᠠᠭᠤᠯᠤᠭᠰᠠᠨ︾ ᠬᠡᠷᠡᠭ ᠤᠨ ᠵᠢᠱᠢᠶ᠎ᠡ ᠨᠢ ᠲᠥᠪ ᠤᠨ ᠪᠠ ᠲᠦᠷᠦ ᠶᠢᠨ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠶᠢᠨ ᠡᠷᠬᠢᠯᠡᠭᠰᠡᠨ ︽ᠨᠠᠮ ᠤᠨ ᠪᠠᠶᠢᠭᠤᠯᠤᠯᠲᠠ ᠪᠠᠷ ᠬᠠᠳᠤᠨ ᠭᠤᠣᠯ ᠢ ᠬᠥᠲᠥᠯᠥᠨ ᠳᠠᠭᠠᠭᠤᠯᠵᠤ ᠪᠠᠲᠤᠯᠠᠭᠰᠠᠨ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠶᠢ ᠴᠤᠭᠯᠠᠭᠤᠯᠬᠤ ᠠᠵᠢᠯᠯᠠᠭ᠎ᠠ︾ ᠶᠢᠨ ᠠᠯᠳᠠᠨ ᠱᠠᠩᠨᠠᠯ ᠢ ᠬᠦᠷᠲᠡᠵᠡᠢ᠃ᠬᠥᠲᠥᠯᠥᠭᠴᠢ᠄ ᠪᠥᠬᠦ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠳᠤ᠂ ᠨᠢᠭᠡᠨ ᠮᠠᠰᠢ ᠴᠢᠬᠤᠯᠠ ᠲᠠᠯ᠎ᠠ ᠪᠣᠶ᠂ ᠳᠠᠷᠤᠢ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠶᠢᠨ ᠬᠠᠮᠲᠤ ᠣᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠨ᠎ᠡ᠂ ᠡᠨᠡ ᠲᠠᠯ᠎ᠠ ᠶᠢᠨ ᠠᠵᠢᠯ ᠢ ᠪᠢᠳᠡ ᠬᠡᠷᠬᠢᠨ ᠪᠣᠳᠠᠲᠠᠢ ᠪᠠᠷ ᠨᠠᠶᠢᠳᠠᠪᠤᠷᠢᠵᠢᠭᠤᠯᠬᠤ ᠪᠣᠶ︖ ︵  ᠭᠤᠣ ᠱᠦᠵᠢ︶      ᠵᠣᠴᠢᠨ᠄ ᠪᠢᠳᠡ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠠᠮᠠᠯᠠᠯᠲᠠ ᠪᠠᠨ ᠪᠡᠶᠡᠯᠡᠭᠦᠯᠬᠦ︾ ᠠᠵᠢᠯᠯᠠᠭ᠎ᠠ ᠶᠢ ᠥᠷᠨᠢᠭᠦᠯᠵᠦ᠂ ︽ᠬᠥᠮᠥᠨ ᠪᠦᠬᠦᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ᠂ ᠬᠥᠮᠥᠨ ᠪᠦᠬᠦᠨ ᠨᠡᠭᠡᠭᠡᠯᠲᠡᠲᠤ ᠳᠦᠷᠢ ᠲᠥᠷᠬᠦ︾ ᠰᠠᠨᠠᠭᠠᠴᠢᠯᠠᠭ᠎ᠠ ᠶᠢ ᠡᠭᠦᠰᠬᠡᠵᠡᠢ︔ ᠴᠣᠩᠬᠤᠪᠴᠢ ᠨᠢᠭᠡᠴᠡ ᠳᠤ ︽ᠨᠠᠮ ᠤᠨ ᠭᠡᠰᠢᠭᠦᠨ ᠤ ᠵᠢᠱᠢᠶᠡᠴᠢ ᠠᠵᠢᠯ ᠤᠨ ᠪᠠᠶᠢᠷᠢ︾ ︽ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠴᠣᠩᠬᠤ︾ ᠶᠢ ᠡᠭᠦᠳᠦᠨ ᠪᠠᠶᠢᠭᠤᠯᠵᠤ᠂ ︽ᠵᠢᠵᠢᠭ ᠴᠣᠩᠬᠤ︾ ᠪᠠᠷ ᠡᠵᠡᠩᠨᠡᠯᠲᠡ ᠶᠢᠨ ᠣᠷᠴᠢᠨ ᠲᠣᠭᠤᠷᠢᠨ ᠤ ︽ᠶᠡᠭᠡ ᠳᠦᠷᠢ ᠲᠥᠷᠬᠦ︾ ᠶᠢ ᠳᠡᠯᠭᠡᠨ ᠦᠵᠡᠭᠦᠯᠵᠦ᠂ ᠤᠳᠤᠷᠢᠳᠬᠤ ᠺᠠᠳ᠋ᠷ ᠲᠦᠷᠦᠭᠦᠯᠡᠨ ︽ᠨᠠᠮ ᠤᠨ ᠭᠡᠰᠢᠭᠦᠨ ᠠᠮᠠᠯᠳᠠᠬᠤ ᠳᠦᠷᠢᠮ᠂ ᠤᠷᠢᠳᠠᠪᠠᠷ ᠠᠰᠠᠭᠤᠬᠤ ᠬᠠᠷᠢᠭᠤᠴᠠᠯᠭ᠎ᠠ ᠶᠢᠨ ᠳᠦᠷᠢᠮ᠂ ᠴᠠᠭ ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠳᠦᠷᠢᠮ︾ ᠵᠡᠷᠭᠡ ᠦᠢᠯᠡᠴᠢᠯᠡᠭᠡᠨ ᠤ ᠳᠦᠷᠢᠮ ᠢ ᠦᠢᠯᠡᠳᠦᠯᠭᠡᠵᠢᠭᠦᠯᠵᠦ᠂ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠨ᠎ᠠ︔ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠰᠢᠯᠭᠠᠬᠤ ︽ᠰᠢᠯᠭᠠᠭᠤᠷ︾ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠢ᠃ ︽ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠰᠢᠭᠤᠴᠢ ᠠᠩᠭᠢ︾᠂ ︽ᠨᠠᠮ ᠤᠨ ᠭᠡᠰᠢᠭᠦᠨ ᠤ ᠭᠠᠪᠰᠢᠭᠠᠢ ᠠᠩᠭᠢ︾ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠠᠵᠢᠯ ᠳᠤ ᠪᠠᠶᠢᠭ᠎ᠠ 9500 ᠭᠠᠷᠤᠢ ᠨᠠᠮ ᠤᠨ ᠭᠡᠰᠢᠭᠦᠨ 276 ᠲᠣᠰᠬᠤᠨ ᠭᠠᠴᠠᠭ᠎ᠠ᠂ ᠨᠡᠶᠢᠭᠡᠮ ᠲᠣᠭᠤᠷᠢᠭ ᠲᠠᠢ ᠬᠤᠣᠰᠯᠠᠨ ᠪᠠᠶᠢᠭᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠷᠠᠳ ᠤᠨ ᠠᠮᠢᠳᠤᠷᠠᠯ ᠤᠨ 308 ᠵᠦᠢᠯ ᠤᠨ ᠪᠣᠳᠠᠲᠤ ᠶᠠᠪᠤᠳᠠᠯ ᠢ ᠳᠠᠭᠠᠭᠤᠯᠤᠨ ᠭᠦᠢᠴᠡᠳᠬᠡᠪᠡ᠃ ᠪᠢᠳᠡ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ ᠠᠭᠤᠰᠤᠯᠴᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ︽ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠤᠬᠠᠬᠤ ᠬᠤᠷᠢᠳᠤᠭᠠᠷ ᠶᠡᠭᠡ ᠬᠤᠷᠠᠯ ᠠᠴᠠ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠵᠦ ᠬᠥᠭᠵᠢᠯᠲᠡ ᠶᠢ ᠠᠬᠢᠭᠤᠯᠬᠤ︾ ᠭᠤᠣᠯ ᠰᠡᠳᠦᠪᠲᠦ ᠠᠵᠢᠯᠯᠠᠭ᠎ᠠ  ᠶᠢ ᠥᠷᠨᠢᠭᠦᠯᠵᠦ᠂ ᠬᠤᠳᠠ ᠶᠢᠨ ᠰᠢᠭᠤᠳ ᠬᠠᠷᠢᠶ᠎ᠠ 33 ᠨᠠᠮ ᠵᠠᠰᠠᠭ ᠤᠨ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠬᠠᠮᠲᠤᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠡᠷᠡᠭ ᠶᠠᠪᠤᠳᠠᠯ ᠢ ᠬᠠᠮᠲᠤᠪᠠᠷ ᠵᠥᠪᠯᠡᠬᠦ ᠪᠠᠷ ᠳᠠᠮᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠨᠡᠩ ᠶᠡᠭᠡ ᠬᠠᠷᠢᠭᠤᠴᠠᠯᠭ᠎ᠠ ᠡᠭᠦᠷᠭᠡᠯᠡᠵᠦ᠂ ᠨᠡᠩ ᠶᠡᠭᠡ ᠬᠤᠪᠢ ᠨᠡᠮᠡᠷᠢ ᠦᠵᠡᠭᠦᠯᠪᠡ᠃ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠠᠷᠢᠮᠵᠢᠶ᠎ᠠ ᠳᠤ ᠵᠣᠬᠢᠴᠠᠭᠤᠯᠤᠨ ᠵᠥᠷᠢᠶ᠎ᠡ ᠶᠢ ᠡᠷᠢᠬᠦ᠂ ᠬᠤᠣᠰᠯᠠᠯ ᠪᠠᠶᠢᠭᠤᠯᠵᠤ ᠬᠠᠮᠲᠤ ᠪᠠᠷ ᠪᠠᠶᠢᠭᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠰᠡᠭ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠮᠠᠨ ᠤ ᠬᠤᠲᠠ ᠶᠢᠨ ᠠᠵᠢᠯ ᠲᠥᠷᠥᠯ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠬᠠᠮᠲᠤ ᠪᠠᠷ ᠪᠠᠶᠢᠭᠤᠯᠬᠤ᠂ ᠣᠨᠣᠯ ᠢ ᠬᠠᠮᠲᠤ ᠪᠠᠷ ᠰᠤᠷᠤᠯᠴᠠᠬᠤ᠂ ᠠᠵᠢᠯ ᠢ ᠬᠠᠮᠲᠤ ᠪᠠᠷ ᠠᠬᠢᠭᠤᠯᠬᠤ᠂ ᠠᠵᠢᠯᠯᠠᠭ᠎ᠠ ᠶᠢ ᠬᠠᠮᠲᠤ ᠪᠠᠷ ᠡᠷᠭᠢᠯᠡᠬᠦ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠬᠤᠣᠰ ᠴᠢᠭᠯᠡᠯ ᠢᠶᠠᠷ ᠬᠠᠷᠢᠯᠴᠠᠨ ᠬᠥᠳᠡᠯᠦᠯᠴᠡᠬᠦ᠂ ᠬᠠᠷᠢᠯᠴᠠᠨ ᠠᠭᠤᠰᠤᠯᠴᠠᠵᠤ ᠬᠠᠮᠲᠤ ᠪᠠᠷ ᠠᠬᠢᠭᠤᠯᠬᠤ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠪᠢᠳᠡ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠂ ᠰᠤᠷᠲᠠᠯ ᠤᠨ ᠬᠤᠪᠢᠷᠠᠭᠤᠯᠤᠯᠲᠠ ᠶᠢ ᠠᠬᠢᠭᠤᠯᠵᠤ᠂ 2022 ᠣᠨ ᠳᠤ 12 ᠬᠡᠷᠡᠭ ᠢ ᠰᠢᠭᠦᠨ ᠰᠢᠢᠳᠪᠦᠷᠢᠯᠡᠵᠦ᠂ 3 ᠬᠡᠷᠡᠭ ᠢ ᠬᠡᠷᠡᠭ ᠪᠣᠯᠭᠠᠨ ᠳᠡᠩᠰᠡᠯᠡᠵᠦ᠂ 1 ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠵᠦ᠂ ᠵᠠᠰᠠᠭ ᠤᠨ ᠣᠷᠳᠣᠨ ᠪᠠ ᠬᠤᠳᠠᠯᠳᠤᠭᠠᠨ ᠤ ᠠᠷᠢᠭᠤᠨ ᠴᠡᠪᠡᠷ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠪᠠ᠃      ᠬᠥᠲᠥᠯᠥᠭᠴᠢ᠄ ᠨᠠᠮ ᠤᠨ ᠭᠡᠰᠢᠭᠦᠨ ᠪᠣᠯ ᠨᠢᠭᠡᠨ ᠲᠤᠭ ᠲᠡᠮᠳᠡᠭ ᠮᠥᠨ᠂ ᠲᠠᠳᠠ ᠣᠯᠠᠨ ᠲᠦᠮᠡᠨ ᠳᠤ ᠬᠠᠯᠠᠭᠤᠨ ᠰᠡᠳᠬᠢᠯ ᠲᠠᠢ  ᠤᠤ ᠦᠭᠡᠢ ᠤᠤ᠂ ᠪᠢᠳᠡ ᠬᠤᠲᠠ ᠶᠢᠨ ᠠᠷᠠᠳ ᠤᠨ ᠶᠠᠭᠤ ᠬᠡᠯᠡᠬᠦ ᠶᠢ ᠰᠣᠨᠣᠰᠤᠶ᠎ᠠ᠃      ᠬᠤᠲᠠ ᠶᠢᠨ ᠠᠷᠠᠳ᠄ ︵ᠴᠣᠩᠬᠤ︶ ᠶᠡᠭᠡ ᠲᠢᠩᠬᠢᠮ ᠤᠨ ᠦᠢᠯᠡᠴᠢᠯᠡᠭᠡ ᠮᠠᠰᠢ ᠰᠠᠶᠢᠨ᠂ ᠢᠯᠠᠩᠭᠤᠶ᠎ᠠ ︽ᠨᠠᠮ ᠤᠨ ᠭᠡᠰᠢᠭᠦᠨ ᠤ ᠵᠢᠱᠢᠶᠡᠴᠢ ᠠᠵᠢᠯ ᠤᠨ ᠪᠠᠶᠢᠷᠢ︾᠂ ︽ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠴᠣᠩᠬᠤ︾ ᠵᠡᠷᠭᠡ ᠶᠢᠨ ᠣᠪᠣᠷ ᠨᠢ ᠮᠠᠰᠢ ᠰᠠᠶᠢᠨ᠃      ᠬᠤᠳᠠ ᠶᠢᠨ ᠠᠷᠠᠳ᠄ ︵ᠨᠡᠶᠢᠭᠡᠮ ᠲᠣᠭᠤᠷᠢᠭ︶ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠵᠥᠪᠯᠡᠯ ᠮᠠᠨ ᠤ ᠨᠡᠶᠢᠭᠡᠮ ᠲᠣᠭᠤᠷᠢᠭ ᠢ ᠣᠨᠴᠠᠭᠠᠢ ᠬᠠᠯᠠᠮᠵᠢᠯᠠᠵᠤ᠂ ᠦᠷᠭᠦᠯᠵᠢ ᠪᠢᠳᠡᠨ ᠲᠠᠢ ᠬᠠᠮᠲᠤᠷᠠᠨ ᠵᠠᠷᠢᠮ ᠠᠵᠢᠯᠯᠠᠭ᠎ᠠ ᠥᠷᠨᠢᠭᠦᠯᠵᠦ᠂ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠳᠤ ᠬᠦᠴᠦ ᠨᠡᠮᠡᠷᠢᠯᠡᠵᠦ᠂ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠵᠤ ᠪᠠᠶᠢᠨ᠎ᠠ᠂ ᠮᠠᠰᠢ ᠰᠠᠶᠢᠨ ᠪᠠᠶᠢᠨ᠎ᠠ᠃      ᠵᠣᠴᠢᠨ᠄ ᠮᠠᠨ ᠤ ᠠᠵᠢᠯ ᠢ ᠬᠤᠲᠠ ᠶᠢᠨ ᠠᠷᠠᠳ ᠨᠠᠶᠢᠵᠠ ᠨᠠᠷ ᠤᠨ ᠨᠤᠲᠠᠯᠠᠭᠰᠠᠨ ᠳᠤ ᠲᠠᠯᠠᠷᠬᠠᠵᠤ ᠪᠠᠶᠢᠨ᠎ᠠ᠂ ᠪᠢᠳᠡ ᠦᠷᠭᠦᠯᠵᠢᠯᠡᠨ ᠴᠢᠷᠮᠠᠶᠢᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ