ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 28 ᠤ ᠴᠠᠭᠢᠯᠭᠠᠨ ᠮᠡᠳᠡᠭᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ ᠬᠢᠴᠢᠶᠡᠯ ᠤᠨ ᠲᠠᠩᠬᠢᠮ ᠳᠤ ᠣᠷᠣᠭᠤᠯᠬᠤ ᠲᠠᠷᠢᠬᠢ ᠪᠤᠳᠤᠯ ᠳᠤ | ᠬᠠᠳᠠᠩᠰᠢᠭᠤᠯᠬᠤ ᠶᠢ ᠴᠢᠨᠠᠭᠰᠢᠳᠠ ᠠᠬᠢᠭᠤᠯᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠡᠩ ᠰᠠᠶᠢᠲᠤᠷ | ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠪ ᠤᠨ ᠤᠬᠠᠭᠤᠯᠬᠤ ᠬᠡᠯᠲᠡᠰ ᠰᠤᠷᠭᠠᠨ ᠬᠥᠮᠦᠵᠢᠯ ᠤᠨ ᠶᠠᠮᠤᠨ ᠲᠠᠢ ᠬᠠᠮᠲᠤᠷᠠᠨ ︽ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠦᠢᠮᠣᠴᠢᠯᠠᠯ︾ ︵ᠳᠣᠷᠣᠭᠰᠢ ︽ᠲᠦᠢᠮᠣᠴᠢᠯᠠᠯ︾ ᠭᠡᠵᠦ | ᠳᠥᠭᠦᠮᠴᠢᠯᠡᠨ᠎ᠡ︶ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠪᠢᠴᠢᠪᠡ᠃ ᠲᠤᠰ ᠵᠢᠭᠠᠬᠤ ᠮᠠᠲ᠋ᠧᠷᠢᠶᠠᠯ ᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠡᠪᠯᠡᠯ ᠤᠨ | ᠬᠤᠷᠢᠶ᠎ᠠ᠂ ᠠᠷᠠᠳ ᠤᠨ ᠬᠡᠪᠯᠡᠯ ᠤᠨ ᠬᠤᠷᠢᠶ᠎ᠠ ᠠᠴᠠ ᠬᠠᠮᠲᠤᠷᠠᠨ ᠬᠡᠪᠯᠡᠭᠦᠯᠵᠦ᠂ ᠲᠤᠰ ᠡᠳᠦᠷ ᠠᠴᠠ ᠡᠬᠢᠯᠡᠨ ᠪᠦᠭᠦ ᠤᠯᠤᠰ ᠲᠤ ᠲᠠᠷᠬᠠᠭᠠᠵᠠᠢ᠃ | ︽ᠲᠦᠢᠮᠣᠴᠢᠯᠠᠯ︾ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠪᠦᠭᠦ ᠲᠠᠯ᠎ᠠ ᠪᠠᠷ ᠰᠢᠰᠲ᠋ᠧᠮ ᠲᠠᠢ ᠲᠣᠳᠣᠷᠬᠠᠶᠢᠯᠠᠨ ᠥᠭᠦᠯᠡᠭᠰᠡᠨ ᠠᠩᠬᠠᠳᠠᠭᠴᠢ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠮᠥᠨ᠂ ᠶᠡᠭᠡ ᠳᠡᠭᠡᠳᠦ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠤᠨ ᠡᠷᠬᠡ ᠰᠦᠷᠲᠦ ᠬᠡᠷᠡᠭᠯᠡᠭᠡᠨ ᠤ ᠨᠣᠮ ᠮᠥᠨ᠂ ᠳᠤᠮᠳᠠᠳᠤ ᠤᠯᠤᠰ ᠤᠨ | ᠣᠨᠴᠠᠯᠢᠭ ᠲᠠᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠢᠭᠠᠬᠤ ᠮᠠᠲ᠋ᠧᠷᠢᠶᠠᠯ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠭᠰᠠᠨ ᠴᠢᠬᠤᠯᠠ | ᠦᠷ᠎ᠡ ᠪᠦᠲᠦᠭᠡᠯ ᠮᠥᠨ᠃ | ︽ᠲᠦᠢᠮᠣᠴᠢᠯᠠᠯ︾ ᠢ ᠨᠠᠶᠢᠷᠠᠭᠤᠯᠤᠨ ᠪᠢᠴᠢᠵᠦ ᠬᠡᠪᠯᠡᠭᠦᠯᠦᠭᠰᠡᠨ ᠪᠠ ᠬᠡᠷᠡᠭᠯᠡᠭᠰᠡᠨ ᠨᠢ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠨᠡᠩ ᠰᠠᠶᠢᠨ ᠰᠦᠭ | ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ᠂ ᠵᠠᠯᠠᠭᠤ ᠰᠤᠷᠤᠬᠴᠢᠳ ᠢ ᠬᠥᠲᠥᠯᠥᠨ ᠵᠢᠯᠤᠭᠤᠳᠴᠤ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ | ᠦᠵᠡᠯᠲᠡ᠂ ᠦᠷᠳᠡᠭ ᠤᠨ ᠦᠵᠡᠯᠲᠡ ᠲᠠᠢ ᠪᠤᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ | ᠬᠥᠮᠥᠨ ᠪᠤᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ︽ᠲᠦᠢᠮᠣᠴᠢᠯᠠᠯ︾ ᠨᠢ ᠤᠳᠤᠷᠢᠳᠬᠠᠯ᠂ 17 ᠪᠦᠯᠦᠭ ᠭᠤᠣᠯ ᠠᠭᠤᠯᠭ᠎ᠠ ᠪᠣᠯᠣᠨ ᠲᠡᠭᠦᠰᠬᠡᠯ ᠢᠶᠠᠷ ᠪᠦᠷᠢᠯᠳᠦᠵᠦ᠂ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠭᠰᠠᠨ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠢ ᠪᠦᠭᠦ ᠲᠠᠯ᠎ᠠ ᠪᠠᠷ ᠲᠤᠰᠬᠠᠵᠤ᠂ ᠰᠢᠨ᠎ᠡ ᠴᠠᠭ ᠦᠶ᠎ᠡ ᠶᠢᠨ ᠠᠭᠤᠤ ᠶᠡᠭᠡ | ᠦᠢᠯᠡᠳᠦᠯᠭᠡ ᠪᠣᠯᠣᠨ ᠠᠭᠤᠤ ᠶᠡᠭᠡ ᠬᠤᠪᠢᠰᠤᠯᠲᠠ ᠶᠢ ᠲᠤᠰᠬᠠᠵᠤ᠂ ᠡᠷᠳᠡᠮ ᠰᠢᠨᠵᠢᠯᠡᠭᠡᠨ ᠤ ᠡᠲᠡᠭᠡᠳ ᠤᠨ ᠬᠠᠮᠲᠤ ᠶᠢᠨ ᠲᠠᠨᠢᠯᠲᠠ ᠶᠢᠨ ᠴᠢᠨᠠᠷᠲᠠᠢ ᠰᠤᠳᠤᠯᠭᠠᠨ ᠤ | ᠦᠷ᠎ᠡ ᠪᠦᠲᠦᠭᠡᠯ ᠢ ᠲᠤᠰᠬᠠᠪᠠ᠃ ︽ᠲᠦᠢᠮᠣᠴᠢᠯᠠᠯ︾ ᠨᠢ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠬᠤ ᠶᠢ ᠪᠠᠷᠢᠮᠲᠠᠯᠠᠵᠤ᠂ ᠵᠢᠭᠠᠨ ᠰᠤᠷᠭᠠᠯᠲᠠ ᠶᠢᠨ | ᠤᠳᠤᠷᠢᠳᠤᠮᠵᠢ ᠶᠢ ᠳᠣᠪᠤᠶᠢᠯᠭᠠᠵᠤ᠂ ᠵᠠᠯᠠᠭᠤ ᠰᠤᠷᠤᠬᠴᠢᠳ ᠤᠨ ᠲᠠᠨᠢᠨ ᠮᠡᠳᠡᠬᠦᠢ ᠶᠢᠨ ᠣᠨᠴᠠᠯᠢᠭ ᠪᠠ ᠭᠥᠯᠢᠶᠡᠨ ᠠᠪᠬᠤ ᠳᠠᠳᠬᠠᠯ ᠳᠤ ᠣᠶᠢᠷᠠᠲᠤᠬᠤ ᠶᠢ | ᠴᠢᠬᠤᠯᠠᠴᠢᠯᠠᠵᠤ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠤᠨ ᠬᠥᠮᠥᠨ ᠬᠥᠮᠥᠵᠢᠭᠦᠯᠬᠦ | ᠱᠠᠭᠠᠷᠳᠠᠯᠭ᠎ᠠ ᠶᠢ ᠢᠯᠡᠷᠡᠭᠦᠯᠪᠡ᠃ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠶᠠᠪᠤᠴᠠ ᠳᠤ᠂ ᠤᠨᠤᠯ ᠤᠨ ᠬᠦᠷᠢᠶ᠎ᠡ ᠶᠢᠨ ᠲᠤᠰᠬᠠᠢ ᠮᠡᠷᠭᠡᠵᠢᠯᠲᠡᠨ ᠡᠷᠳᠡᠮᠲᠡᠨ | ᠪᠣᠯᠣᠨ ᠨᠢᠭᠡᠳᠦᠭᠡᠷ ᠹᠷᠣᠨᠲ ᠤᠨ ᠢᠳᠡᠷ ᠵᠠᠯᠠᠭᠤ ᠭᠤᠣᠯᠯᠠᠭᠴᠢ ᠪᠠᠭᠰᠢ ᠨᠠᠷ ᠥᠷᠭᠡᠨ ᠢᠶᠠᠷ ᠣᠷᠣᠯᠴᠠᠵᠤ᠂ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠣᠯᠣᠨ | ᠪᠠᠶᠢᠭᠤᠯᠤᠯᠲᠠ ᠶᠢᠨ ᠢᠨᠵᠧᠨᠧᠷᠢᠩ ᠤᠨ ᠠᠯᠪᠠᠨ ᠭᠡᠷ ᠪᠣᠳᠠᠲᠠᠢ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠪᠠ᠃ | | | |