ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ  ︽  ᠳᠣᠣᠷ᠎ᠠ  ᠤᠳᠠᠭᠠᠨ  ᠪᠠᠭ᠎ᠠ ︾ ᠠᠭᠠᠷ ᠤᠨ ᠨᠢᠰᠦᠭᠦᠷ ᠤᠨ ᠨᠢᠰᠦᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2023/9/7
      ᠪᠠᠶᠠᠨᠨᠠᠭᠤᠷ ᠣᠷᠣᠨ ᠤ ᠠᠭᠠᠷ ᠤᠨ ᠠᠮᠤᠷ ᠲᠦᠪᠰᠢᠨ ᠢ ᠬᠠᠮᠠᠭᠠᠯᠠᠵᠤ᠂ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠡᠷᠭᠡᠨ ᠥᠷᠲᠡᠭᠡ ᠪᠣᠯᠣᠨ ᠬᠥᠮᠥᠨ ᠨᠢᠭᠲᠠᠷᠠᠨ ᠴᠤᠭᠯᠠᠷᠠᠭᠰᠠᠨ ᠲᠠᠯᠠᠪᠤᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠨᠢᠰᠦᠯᠲᠡ ᠶᠢᠨ ᠠᠵᠢᠯᠯᠠᠭ᠎ᠠ ᠶᠢ ᠬᠤᠷᠢᠭᠯᠠᠬᠤ ᠶᠢᠨ ᠲᠤᠰᠠᠳᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠡᠳᠦᠭᠡ ᠪᠠᠶᠠᠨᠨᠠᠭᠤᠷ ᠬᠤᠲᠠ ᠶᠢᠨ ︽ᠳᠣᠣᠷ᠎ᠠ ᠤᠳᠠᠭᠠᠨ ᠪᠠᠭ᠎ᠠ︾ ᠠᠭᠠᠷ ᠤᠨ ᠨᠢᠰᠦᠭᠦᠷ ᠤᠨ ᠨᠢᠰᠦᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠬᠠᠮᠢᠶᠠᠷᠤᠨ ᠡᠵᠡᠮᠳᠡᠬᠦ ᠣᠷᠣᠨ ᠪᠦᠰᠡ ᠪᠠ ᠴᠠᠭ ᠬᠤᠭᠤᠴᠠᠭ᠎ᠠ      ︵ᠨᠢᠭᠡ︶ ᠬᠠᠮᠢᠶᠠᠷᠤᠨ ᠡᠵᠡᠮᠳᠡᠬᠦ ᠣᠷᠣᠨ ᠪᠦᠰᠡ      ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ  ᠤ ᠣᠷᠣᠨ  ᠤ ᠪᠥᠬᠦ ᠴᠠᠷᠠᠭ᠎ᠠ᠂ ᠵᠢᠩᠬᠢᠨᠢ ᠥᠨᠳᠥᠷ ᠨᠢ 1000 ᠮᠧᠲᠷ ︵1000 ᠮᠧᠲᠷ ᠢ ᠪᠠᠭᠲᠠᠭᠠᠨ᠎ᠠ︶ ᠠᠴᠠ ᠳᠣᠷᠣᠭᠰᠢ ᠬᠡᠪᠴᠢᠶᠡᠨ ᠳᠣᠲᠣᠷ᠎ᠠ᠃      ︵ᠬᠤᠶᠠᠷ︶ ᠬᠠᠮᠢᠶᠠᠷᠤᠨ ᠡᠵᠡᠮᠳᠡᠬᠦ ᠴᠠᠭ ᠬᠤᠭᠤᠴᠠᠭ᠎ᠠ      2023 ᠣᠨ ᠤ 6 ᠰᠠᠷ᠎ᠠ ᠶᠢᠨ 2 ᠤᠨ ᠡᠳᠦᠷ ᠤᠨ 0 ᠴᠠᠭ ᠠᠴᠠ 6 ᠰᠠᠷ᠎ᠠ ᠶᠢᠨ 30 ᠤ ᠡᠳᠦᠷ ᠤᠨ 24 ᠴᠠᠭ ᠪᠣᠯᠲᠠᠯ᠎ᠠ᠃      ᠬᠤᠶᠠᠷ᠂ ᠬᠠᠮᠢᠶᠠᠷᠤᠨ ᠡᠵᠡᠮᠳᠡᠬᠦ ᠡᠲᠡᠭᠡᠳ      ︽ᠳᠣᠣᠷ᠎ᠠ ᠤᠳᠠᠭᠠᠨ ᠪᠠᠭ᠎ᠠ︾ ᠠᠭᠠᠷ ᠤᠨ ᠨᠢᠰᠦᠭᠦᠷ ᠭᠡᠳᠡᠭ ᠪᠣᠯ ᠨᠢᠰᠦᠯᠲᠡ ᠶᠢᠨ ᠥᠨᠳᠥᠷ ᠨᠢ ᠳᠣᠣᠷ᠎ᠠ᠂ ᠨᠢᠰᠬᠦ ᠬᠤᠷᠳᠤᠴᠠ ᠨᠢ ᠤᠳᠠᠭᠠᠨ᠂ ᠷᠠᠳᠠᠷ ᠤᠨ ᠣᠶᠢᠯᠲᠠ ᠶᠢᠨ ᠲᠡᠯᠡᠪᠡᠢ ᠨᠢ ᠪᠠᠭ᠎ᠠ ᠠᠭᠠᠷ ᠤᠨ ᠨᠢᠰᠦᠭᠦᠷ ᠢ ᠵᠢᠭᠠᠵᠤ ᠪᠠᠶᠢᠨ᠎ᠠ᠂ ᠡᠭᠦᠨ ᠳᠤ ᠭᠤᠣᠯᠳᠠᠭᠤ᠄ ᠵᠢᠯᠣᠭᠤᠴᠢ ᠦᠭᠡᠢ ᠨᠢᠰᠬᠡᠯ᠂ ᠬᠥᠩᠭᠡᠨ ᠬᠡᠯᠪᠡᠷᠢ ᠪᠠ ᠭᠡᠳᠦ ᠬᠥᠩᠭᠡᠨ ᠬᠡᠯᠪᠡᠷᠢ ᠶᠢᠨ ᠨᠢᠰᠬᠡᠯ᠂ ᠬᠥᠩᠭᠡᠨ ᠬᠡᠯᠪᠡᠷᠢ ᠶᠢᠨ ᠡᠭᠴᠡ ᠨᠢᠰᠬᠡᠯ᠂ ᠬᠠᠯᠢᠬᠤ ᠨᠢᠰᠬᠡᠯ᠂ ᠭᠤᠷᠪᠠᠯᠵᠢᠨ ᠳᠠᠯᠠᠪᠴᠢᠲᠤ ᠨᠢᠰᠦᠭᠦᠷ᠂ ᠬᠠᠯᠢᠬᠤ ᠰᠢᠬᠦᠷ᠂ ᠬᠥᠳᠡᠯᠭᠡᠭᠦᠷᠲᠦ ᠰᠢᠬᠦᠷ᠂ ᠬᠠᠯᠠᠭᠤᠨ ᠬᠡᠶᠢᠲᠦ ᠪᠥᠮᠪᠦᠭᠡ᠂ ᠬᠡᠶᠢᠲᠦ ᠣᠩᠭᠤᠴᠠ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠵᠠᠭᠪᠤᠷ᠂ ᠠᠭᠠᠷ ᠲᠤ ᠬᠥᠪᠬᠦ ᠬᠡᠢ ᠪᠥᠮᠪᠦᠭᠡ ᠵᠢᠴᠢ ᠳᠡᠭᠳᠡᠭᠦᠷ ᠳ᠋ᠧᠩᠯᠦ  ᠪᠣᠯᠤᠨ  ᠪᠤᠰᠤᠳ ᠠᠭᠠᠷ ᠲᠤ ᠬᠥᠪᠬᠦ ᠪᠣᠳᠠᠰ ᠪᠠᠭᠲᠠᠨ᠎ᠠ᠃      ᠭᠤᠷᠪᠠ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ      ︵ᠨᠢᠭᠡ︶ ᠳᠡᠭᠡᠷ᠎ᠡ ᠳᠤᠷᠠᠳᠤᠭᠰᠠᠨ ᠬᠠᠮᠢᠶᠠᠷᠤᠨ ᠡᠵᠡᠮᠳᠡᠬᠦ ᠣᠷᠣᠨ ᠪᠦᠰᠡ ᠪᠠ ᠴᠠᠭ ᠤᠨ ᠳᠣᠲᠣᠷ᠎ᠠ᠂ ᠠᠭᠠᠷ ᠤᠨ ᠴᠡᠷᠢᠭ ᠪᠤᠶᠤ ᠠᠷᠠᠳ ᠤᠨ ᠠᠭᠠᠷ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠦᠭᠡᠢ ︽ᠳᠣᠣᠷ᠎ᠠ ᠤᠳᠠᠭᠠᠨ ᠪᠠᠭ᠎ᠠ︾ ᠠᠭᠠᠷ ᠤᠨ ᠨᠢᠰᠦᠭᠦᠷ ᠤᠨ ᠨᠢᠰᠬᠦ᠂ ᠲᠠᠯᠪᠢᠬᠤ ᠶᠢ ᠴᠠᠭᠠᠵᠠᠯᠠᠨ᠎ᠠ᠃      ︵ᠬᠤᠶᠠᠷ︶ ᠬᠠᠤᠯᠢ ᠲᠣᠭᠲᠠᠭᠠᠯ ᠠᠴᠠ ᠵᠥᠷᠢᠴᠡᠭᠰᠡᠨ ᠨᠢᠰᠦᠯᠲᠡ ᠶᠢᠨ ᠦᠢᠯᠡ ᠠᠵᠢᠯᠯᠠᠭ᠎ᠠ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠬᠤᠷᠢᠭᠯᠠᠨ ᠵᠣᠭᠰᠤᠭᠠᠬᠤ ᠶᠢᠨ ᠬᠠᠮᠲᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠢᠳᠬᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠵᠤ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃      ︵ᠭᠤᠷᠪᠠ︶ ᠣᠯᠠᠨ ᠲᠦᠮᠡᠨ ᠲᠣᠰ ᠵᠠᠷᠯᠠᠯ ᠤᠨ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠣᠯᠵᠤ ᠮᠡᠳᠡᠪᠡᠯ  110 ᠴᠠᠭᠳᠠᠭ᠎ᠠ ᠳᠤ ᠮᠡᠳᠡᠭᠦᠯᠬᠦ ᠤᠲᠠᠰᠤ ᠪᠠᠷ ᠢᠯᠡᠴᠢᠯᠡᠨ ᠮᠡᠳᠡᠭᠦᠯᠵᠦ ᠪᠣᠯᠣᠨ᠎ᠠ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃                                  ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ                                      2023 ᠣᠨ ᠤ 6 ᠰᠠᠷ᠎ᠠ ᠶᠢᠨ 2 ᠤᠨ ᠡᠳᠦᠷ  
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ