ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠰᠠᠯᠠᠭ᠎ᠠ ᠮᠥᠴᠢᠷ ᠬᠠᠮᠲᠤᠷᠠᠨ ︽  ᠤᠯᠤᠰ  ᠤᠨ  ᠦᠳᠡᠯᠦᠭᠡ  ᠨᠠᠰᠤᠨ  ᠤ  ᠪᠠᠭᠰᠢ ᠨᠠᠷ  ᠤᠨ  ᠠᠵᠢᠯᠯᠠᠭ᠎ᠠ  ᠶᠢᠨ  ᠲᠥᠯᠥᠪᠯᠡᠭᠡ ︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/9/7
      ᠲᠦᠷᠦᠭᠦᠬᠡᠨ᠂ ᠰᠤᠷᠭᠠᠨ ᠬᠥᠮᠦᠵᠢᠯ ᠤᠨ ᠶᠠᠮᠤᠨ  ᠵᠡᠷᠭᠡ  ᠠᠷᠪᠠᠨ  ᠰᠠᠯᠠᠭ᠎ᠠ  ᠮᠥᠴᠢᠷ  ᠬᠠᠮᠲᠤᠷᠠᠨ  ︽ᠤᠯᠤᠰ ᠤᠨ ᠦᠳᠡᠯᠦᠭᠡ ᠨᠠᠰᠤᠨ ᠤ ᠪᠠᠭᠰᠢ ᠨᠠᠷ  ᠤᠨ ᠠᠵᠢᠯᠯᠠᠭ᠎ᠠ ᠶᠢᠨ ᠲᠥᠯᠥᠪᠯᠡᠭᠡ︾ ᠶᠢ ᠳᠠᠷᠤᠮᠠᠯᠯᠠᠨ  ᠲᠠᠷᠬᠠᠭᠠᠵᠤ᠂  ᠤᠯᠤᠰ ᠤᠨ  ᠲᠠᠯ᠎ᠠ ᠠᠴᠠ ᠦᠲᠡᠯᠦᠭᠰᠡᠨ ᠪᠣᠯᠪᠠᠴᠤ ᠶᠠᠭᠤᠮ᠎ᠠ ᠬᠢᠬᠦ ᠲᠠᠪᠴᠠᠩ ᠢ ᠪᠠᠶᠢᠭᠤᠯᠵᠤ᠂ ᠠᠵᠢᠯ ᠠᠴᠠ ᠪᠠᠨ ᠠᠮᠠᠷᠠᠭᠰᠠᠨ  ᠳᠠᠯᠳᠠ  ᠬᠦᠴᠦᠨ ᠢ ᠠᠭᠤᠳᠠᠯᠤᠨ ᠪᠠᠭᠰᠢ ᠶᠢᠨ ᠡᠬᠢ ᠪᠠᠶᠠᠯᠢᠭ ᠤᠨ ᠳᠠᠪᠠᠭᠤᠯᠢᠭ ᠢ  ᠪᠠᠳᠠᠷᠠᠭᠤᠯᠵᠤ᠂  ᠲᠡᠭᠦᠨ ᠤ  ᠠᠰᠢᠭᠲᠠᠶ  ᠪᠠᠷ  ᠨᠥᠬᠦᠪᠥᠷᠢᠯᠡᠬᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠪᠥᠬᠦ  ᠠᠷᠠᠳ ᠢᠶᠠᠷ ᠢᠶᠠᠨ  ᠨᠠᠰᠤᠨ  ᠲᠤᠷᠰᠢᠳᠠ ᠰᠤᠷᠤᠯᠴᠠᠬᠤ ᠰᠤᠷᠤᠯᠴᠠᠬᠤ ᠬᠡᠯᠪᠡᠷᠢ ᠶᠢᠨ ᠨᠡᠶᠢᠭᠡᠮ᠂ ᠰᠤᠷᠤᠯᠴᠠᠬᠤ ᠬᠡᠯᠪᠡᠷᠢ ᠶᠢᠨ ᠲᠣᠮᠣ ᠤᠯᠤᠰ ᠢ  ᠪᠥᠲᠥᠭᠡᠨ  ᠪᠠᠶᠢᠭᠤᠯᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠥᠲᠥᠭᠡᠨ ᠪᠠᠶᠢᠭᠤᠯᠬᠤ ᠪᠠᠷ ᠪᠠᠶᠢᠨ᠎ᠠ᠃              ︽ᠲᠥᠯᠥᠪᠯᠡᠭᠡ︾  ᠨᠢ  ︽ ᠳᠤᠮᠳᠠᠳᠤ ᠪᠠᠭ᠎ᠠ ᠰᠤᠷᠭᠠᠭᠤᠯᠢ ᠶᠢᠨ ᠦᠳᠡᠯᠦᠭᠡ  ᠨᠠᠰᠤᠨ ᠤ  ᠪᠠᠭᠰᠢ  ᠨᠠᠷ  ᠤᠨ  ᠬᠢᠴᠢᠶᠡᠯ  ᠣᠷᠣᠬᠤ ᠲᠥᠯᠥᠪᠯᠡᠭᠡ  ︾᠂  ︽ᠶᠡᠭᠡ ᠳᠡᠭᠡᠳᠦ ᠰᠤᠷᠭᠠᠭᠤᠯᠢ ᠶᠢᠨ ᠦᠳᠡᠯᠦᠭᠡ ᠨᠠᠰᠤᠨ ᠤ ᠪᠠᠭᠰᠢ ᠨᠠᠷ ᠤᠨ  ᠪᠠᠷᠠᠭᠤᠨ  ᠣᠷᠣᠨ ᠢ ᠲᠤᠰᠠᠯᠠᠬᠤ ᠲᠥᠯᠥᠪᠯᠡᠭᠡ︾ ᠶᠢᠨ ᠲᠤᠷᠰᠢᠯᠲᠠ ᠶᠢᠨ  ᠴᠡᠭ ᠤᠨ ᠲᠤᠷᠰᠢᠯᠭ᠎ᠠ ᠶᠢ ᠳ᠋ᠦᠩᠨᠡᠵᠦ᠂ ᠰᠢᠨ᠎ᠡ ᠪᠠᠶᠢᠳᠠᠯ ᠰᠢᠨ᠎ᠡ ᠡᠭᠦᠷᠭᠡ ᠪᠠᠷ ᠪᠠᠷᠢᠮᠵᠢᠶᠠᠯᠠᠵᠤ᠂ ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ  ᠵᠡᠷᠭᠡ  ᠲᠠᠯ᠎ᠠ ᠪᠠᠷ ᠦᠵᠦ ᠲᠥᠯᠥᠪᠯᠡᠭᠡ ᠶᠢ ᠴᠢᠩᠭᠠᠳᠬᠠᠪᠠ᠃              ᠤᠯᠤᠰ ᠤᠨ ᠦᠳᠡᠯᠦᠭᠡ ᠨᠠᠰᠤᠨ ᠤ ᠪᠠᠭᠰᠢ ᠨᠠᠷ ᠤᠨ ᠠᠵᠢᠯᠯᠠᠭ᠎ᠠ ᠶᠢᠨ ᠲᠥᠯᠥᠪᠯᠡᠭᠡ ᠳᠤ ᠲᠠᠪᠤᠨ  ᠶᠡᠭᠡ  ᠠᠵᠢᠯᠯᠠᠭ᠎ᠠ ᠪᠠᠭᠲᠠᠨ᠎ᠠ᠃              ᠡᠭᠦᠨ ᠳᠤ᠂ ᠦᠳᠡᠯᠦᠭᠡ ᠨᠠᠰᠤᠨ ᠤ ᠪᠠᠭᠰᠢ ᠨᠠᠷ ᠤᠨ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ  ᠲᠡᠮᠵᠢᠬᠦ ᠠᠵᠢᠯᠯᠠᠭ᠎ᠠ  ᠨᠢ  ᠤᠯᠤᠰ ᠤᠨ  ᠪᠠᠶᠢᠯᠳᠤᠬᠤ  ᠪᠣᠳᠣᠯᠭ᠎ᠠ ᠶᠢᠨ  ᠬᠡᠷᠡᠭᠴᠡᠭᠡ ᠳᠤ   ᠦᠢᠯᠡᠴᠢᠯᠡᠬᠦ   ᠳᠡᠭᠡᠷ᠎ᠡ   ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠳᠠᠯᠳᠠ ᠬᠦᠴᠦᠨ ᠲᠠᠢ᠂ ᠳᠠᠪᠠᠭᠤᠯᠢᠭ  ᠣᠨᠴᠠᠯᠢᠭᠲᠤ  ᠬᠢᠴᠢᠶᠡᠯ  ᠲᠥᠷᠥᠯ ᠲᠠᠢ  ᠡᠩ ᠤᠨ ᠳᠡᠭᠡᠳᠦ  ᠵᠡᠷᠭᠡ ᠶᠢᠨ  ᠰᠤᠷᠭᠠᠭᠤᠯᠢ  ᠪᠠ  ᠦᠨᠳᠦᠰᠦᠲᠡᠨ ᠤ  ᠭᠠᠵᠠᠷ   ᠣᠷᠣᠨ ᠤ   ᠬᠥᠭᠵᠢᠯᠲᠡ ᠶᠢᠨ   ᠲᠦᠪᠰᠢᠨ   ᠢᠶᠠᠨ ᠳᠡᠭᠡᠭᠰᠢᠯᠡᠭᠦᠯᠬᠦ ᠪᠠᠷ  ᠪᠠᠴᠢᠮ  ᠱᠠᠭᠠᠷᠳᠠᠵᠤ  ᠪᠠᠶᠢᠭ᠎ᠠ  ᠡᠩ ᠤᠨ  ᠳᠡᠭᠡᠳᠦ  ᠵᠡᠷᠭᠡ ᠶᠢᠨ  ᠰᠤᠷᠭᠠᠭᠤᠯᠢ ᠶᠢ   ᠭᠤᠤᠯᠳᠠᠯᠭ᠎ᠠ ᠲᠠᠢ ᠳᠡᠮᠵᠢᠨ᠎ᠡ᠃              ᠦᠳᠡᠯᠦᠭᠡ ᠨᠠᠰᠤᠨ ᠤ ᠪᠠᠭᠰᠢ ᠨᠠᠷ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠡᠮᠵᠢᠬᠦ ᠠᠵᠢᠯᠯᠠᠭ᠎ᠠ ᠨᠢ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠢ  ᠭᠦᠨᠵᠡᠭᠡᠶᠢᠷᠡᠭᠦᠯᠬᠦ ᠳᠤ  ᠠᠩᠬᠠᠷᠤᠯ ᠢᠶᠠᠨ  ᠲᠥᠪᠯᠡᠷᠡᠭᠦᠯᠵᠦ᠂  ᠣᠷᠣᠨ ᠨᠤᠲᠤᠭ ᠤᠨ ᠠᠵᠤ ᠦᠢᠯᠡᠰ ᠤᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠲᠠᠢ᠂ ᠰᠤᠷᠭᠠᠭᠤᠯᠢ ᠡᠷᠭᠢᠯᠡᠬᠦ ᠨᠥᠬᠦᠴᠡᠯ ᠲᠠᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠤᠯᠠᠮ ᠴᠢᠨᠠᠬᠰᠢᠳᠠ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃              ᠦᠳᠡᠯᠦᠭᠡ ᠨᠠᠰᠤᠨ ᠤ ᠪᠠᠭᠰᠢ ᠨᠠᠷ ᠤᠨ ᠰᠠᠭᠤᠷᠢ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠨᠢ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ ᠶᠢᠨ  ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠦᠳᠡᠯᠦᠭᠡ ᠨᠠᠰᠤᠨ ᠤ ᠪᠠᠭᠰᠢ ᠨᠠᠷ ᠤᠨ ᠬᠢᠴᠢᠶᠡᠯ ᠣᠷᠣᠬᠤ  ᠲᠥᠯᠥᠪᠯᠡᠭᠡ ᠶᠢᠨ  ᠰᠠᠭᠤᠷᠢᠨ ᠳᠡᠭᠡᠷ᠎ᠡ ᠰᠢᠯᠢᠳᠡᠭᠵᠢᠭᠦᠯᠦᠨ ᠲᠠᠰ ᠳᠡᠪᠰᠢᠭᠦᠯᠦᠨ᠎ᠡ᠃              ᠦᠳᠡᠯᠦᠭᠡ ᠨᠠᠰᠤᠨ ᠤ ᠪᠠᠭᠰᠢ ᠨᠠᠷ ᠤᠨ ᠨᠠᠰᠤᠨ ᠲᠤᠷᠰᠢᠳᠠ ᠶᠢᠨ ᠰᠤᠷᠭᠠᠨ  ᠬᠥᠮᠦᠵᠢᠯ ᠢ  ᠳᠡᠮᠵᠢᠬᠦ  ᠠᠵᠢᠯᠯᠠᠭ᠎ᠠ ᠨᠢ ᠪᠠᠭᠰᠢ ᠶᠢᠨ  ᠡᠩᠨᠡᠭᠡ ᠶᠢ  ᠪᠠᠶᠢᠭᠤᠯᠤᠨ  ᠬᠦᠴᠦᠷᠬᠡᠭᠵᠢᠭᠦᠯᠬᠦ ᠳᠤ  ᠠᠩᠬᠠᠷᠤᠯ ᠢᠶᠠᠨ   ᠲᠥᠪᠯᠡᠷᠡᠭᠦᠯᠵᠦ᠂   ᠡᠯ᠎ᠡ   ᠱᠠᠲᠤᠨ ᠤ ᠨᠠᠰᠤᠲᠠᠶᠢᠴᠤᠳ ᠤᠨ  ᠰᠤᠷᠭᠠᠨ  ᠬᠥᠮᠦᠵᠢᠯ ᠤᠨ  ᠪᠠᠶᠢᠭᠤᠯᠤᠮᠵᠢ᠂   ᠨᠡᠶᠢᠭᠡᠮ   ᠲᠣᠭᠤᠷᠢᠭ ᠤᠨ   ᠰᠤᠷᠭᠠᠨ   ᠬᠥᠮᠦᠵᠢᠯ ᠤᠨ ᠪᠠᠶᠢᠭᠤᠯᠤᠮᠵᠢ᠂   ᠨᠡᠭᠡᠭᠡᠯᠲᠡᠲᠦ   ᠰᠤᠷᠭᠠᠨ   ᠬᠥᠮᠦᠵᠢᠯ ᠤᠨ   ᠪᠠᠶᠢᠭᠤᠯᠤᠮᠵᠢ ᠶᠢᠨ   ᠬᠥᠭᠵᠢᠯᠲᠡ ᠶᠢᠨ    ᠲᠦᠪᠰᠢᠨ ᠢᠶᠠᠨ ᠳᠡᠭᠡᠭᠰᠢᠯᠡᠭᠦᠯᠬᠦ ᠶᠢ ᠳᠡᠮᠵᠢᠨ᠎ᠡ᠃             ᠦᠳᠡᠯᠦᠭᠡ ᠨᠠᠰᠤᠨ ᠤ ᠪᠠᠭᠰᠢ ᠨᠠᠷ ᠤᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠲᠡᠮᠵᠢᠬᠦ ᠠᠵᠢᠯᠯᠠᠭ᠎ᠠ  ᠨᠢ ᠡᠯ᠎ᠡ  ᠱᠠᠲᠤᠨ ᠤ  ᠡᠯ᠎ᠡ  ᠲᠥᠷᠥᠯ ᠤᠨ  ᠠᠷᠠᠳ ᠠᠴᠠ  ᠡᠷᠭᠢᠯᠡᠭᠰᠡᠨ  ᠰᠤᠷᠭᠠᠭᠤᠯᠢ ᠶᠢᠨ  ᠬᠥᠭᠵᠢᠯᠲᠡ ᠳᠤ   ᠠᠩᠬᠠᠷᠤᠯ ᠢᠶᠠᠨ ᠲᠥᠪᠯᠡᠷᠡᠭᠦᠯᠵᠦ᠂ ᠪᠠᠴᠢᠮ ᠬᠡᠷᠡᠭᠰᠡᠬᠦ ᠥᠨᠳᠥᠷ ᠬᠡᠪ ᠪᠤᠯᠪᠠᠰᠤᠷᠠᠯ ᠪᠥᠬᠦᠶ ᠪᠠᠭᠰᠢ ᠶᠢᠨ ᠪᠠᠭᠰᠢᠯᠠᠬᠤ  ᠠᠷᠠᠳ ᠠᠴᠠ  ᠡᠷᠭᠢᠯᠡᠭᠰᠡᠨ ᠡᠩ ᠤᠨ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠪᠠ ᠳᠡᠭᠡᠳᠦ  ᠵᠡᠷᠭᠡ ᠶᠢᠨ  ᠠᠵᠢᠯ  ᠮᠡᠷᠭᠡᠵᠢᠯ ᠤᠨ  ᠰᠤᠷᠭᠠᠭᠤᠯᠢ ᠶᠢ ᠭᠤᠤᠯᠳᠠᠯᠭ᠎ᠠ ᠲᠠᠢ ᠳᠡᠮᠵᠢᠨ᠎ᠡ᠃              ︽ᠲᠥᠯᠥᠪᠯᠡᠭᠡ︾ ᠳᠤ᠂ ᠭᠤᠷᠪᠠᠨ ᠵᠢᠯ ᠣᠷᠴᠢᠮ ᠤᠨ  ᠬᠤᠭᠤᠴᠠᠭ᠎ᠠ ᠶᠢ  ᠥᠩᠭᠡᠷᠡᠭᠡᠪᠡᠯ᠂  ᠦᠳᠡᠯᠦᠭᠡ  ᠨᠠᠰᠤᠨ ᠤ ᠪᠠᠭᠰᠢ ᠨᠠᠷ ᠤᠨ  ᠡᠯ᠎ᠡ  ᠱᠠᠲᠤᠨ ᠤ  ᠡᠯ᠎ᠡ  ᠲᠥᠷᠥᠯ ᠤᠨ  ᠰᠤᠷᠭᠠᠨ  ᠬᠥᠮᠦᠵᠢᠯ ᠳᠤ  ᠦᠢᠯᠡᠴᠢᠯᠡᠬᠦ  ᠠᠵᠢᠯ ᠤᠨ  ᠰᠢᠰᠲ᠋ᠧᠮ ᠦᠨᠳᠦᠰᠦᠨ ᠳᠡᠭᠡᠨ  ᠪᠦᠷᠢᠨᠰᠢᠵᠦ᠂  ᠦᠢᠯᠡᠴᠢᠯᠡᠭᠡᠨ ᠤ  ᠴᠢᠳᠠᠪᠤᠷᠢ  ᠲᠠᠰᠤᠷᠠᠯᠲᠠ   ᠦᠭᠡᠢ   ᠳᠡᠭᠡᠭᠰᠢᠯᠡᠵᠦ᠂   ᠵᠠᠰᠠᠭ ᠤᠨ ᠣᠷᠳᠣᠨ ᠢᠶᠠᠷ ᠭᠤᠣᠯᠯᠠᠭᠤᠯᠤᠬᠰᠠᠨ᠂ ᠨᠡᠶᠢᠭᠡᠮ ᠨᠡᠶᠢᠳᠡ ᠪᠠᠷ ᠢᠶᠠᠨ ᠣᠷᠣᠯᠴᠠᠭᠰᠠᠨ ᠦᠳᠡᠯᠦᠭᠡ  ᠨᠠᠰᠤᠨ ᠤ  ᠪᠠᠭᠰᠢ  ᠨᠠᠷ  ᠤᠨ ᠬᠥᠭᠵᠢᠯᠲᠡ ᠶᠢᠨ ᠪᠠᠶᠢᠷᠢᠰᠢᠯ ᠦᠨᠳᠦᠰᠦᠨ ᠳᠡᠭᠡᠨ ᠪᠦᠷᠢᠯᠳᠦᠵᠦ᠂  ᠲᠣᠭᠠᠴᠢᠯᠠᠭᠰᠠᠨ  ᠴᠢᠳᠠᠮᠵᠢ  ᠲᠠᠢ  ᠦᠳᠡᠯᠦᠭᠡ  ᠨᠠᠰᠤᠨ ᠤ ᠪᠠᠭᠰᠢ ᠨᠠᠷ ᠤᠨ ᠠᠵᠢᠯ ᠤᠨ ᠬᠢᠷᠢ ᠲᠦᠪᠰᠢᠨ ᠲᠠᠰᠤᠷᠠᠯᠲᠠ ᠥᠬᠡᠶ  ᠴᠢᠩᠭᠠᠷᠠᠵᠦ᠂  ᠨᠡᠭᠡᠭᠡᠯᠲᠡ ᠲᠠᠢ  ᠠᠮᠢᠳᠤᠯᠢᠭ  ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠤᠷᠭᠠᠨ ᠬᠥᠮᠦᠵᠢᠯ ᠢ ᠳᠡᠮᠵᠢᠬᠦ ᠠᠷᠭ᠎ᠠ ᠬᠡᠯᠪᠡᠷᠢ ᠲᠠᠰᠤᠷᠠᠯᠲᠠ  ᠦᠭᠡᠢ  ᠲᠡᠭᠦᠯᠳᠡᠷᠵᠢᠵᠦ᠂ ᠪᠦᠬᠦ ᠤᠯᠤᠰ ᠤᠨ ᠦᠳᠡᠯᠦᠭᠡ ᠨᠠᠰᠤᠨ ᠤ ᠪᠠᠭᠰᠢ ᠨᠠᠷ ᠤᠨ ᠡᠩᠨᠡᠭᠡ  ᠶᠢᠨ  ᠶᠡᠷᠦᠩᠬᠡᠶ  ᠲᠤᠭ᠎ᠠ  12  ᠲᠦᠮᠡ  ᠣᠷᠴᠢᠮ ᠳᠤ ᠬᠦᠷᠴᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ  ᠪᠦᠲᠦᠭᠡᠨ  ᠪᠠᠶᠢᠭᠤᠯᠬᠤ ᠶᠢ  ᠠᠬᠢᠭᠤᠯᠵᠤ᠂  ᠬᠥᠮᠦᠨ  ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠵᠤ᠂ ᠪᠦᠬᠦ ᠠᠷᠠᠳ ᠢᠶᠠᠷ ᠢᠶᠠᠨ ᠨᠠᠰᠤᠨ ᠲᠤᠷᠰᠢᠳᠠ ᠰᠤᠷᠤᠯᠴᠠᠬᠤ ᠰᠤᠷᠤᠯᠴᠠᠬᠤ  ᠬᠡᠯᠪᠡᠷᠢ ᠶᠢᠨ ᠨᠡᠶᠢᠭᠡᠮ᠂ ᠰᠤᠷᠤᠯᠴᠠᠬᠤ ᠮᠠᠶ᠋ᠢᠭ ᠤᠨ ᠲᠣᠮᠣ ᠤᠯᠤᠰ  ᠢ  ᠪᠦᠲᠦᠭᠡᠨ  ᠪᠠᠶᠢᠭᠤᠯᠬᠤ  ᠳᠤ  ᠢᠯᠡᠳᠲᠡ  ᠦᠢᠯᠡᠳᠦᠯ  ᠦᠵᠡᠬᠦᠯᠬᠦ ᠪᠤᠯᠤᠨ᠎ᠠ᠃
ᠢᠷᠡᠯᠲᠡ᠄ ᠠᠷᠠᠳ ᠤᠨ ᠰᠦᠯᠵᠢᠶ᠎ᠡ