ᠠᠩᠬᠠᠳᠤᠭᠠᠷ ᠬᠤᠭᠤᠴᠠᠭᠠᠨ ᠤ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠳᠤ  ᠪᠡᠯᠡᠳᠬᠡᠨ᠎ᠡ᠂ ᠲᠦᠭᠦᠬᠡᠢ ᠮᠠᠲ᠋ᠧᠷᠢᠶᠠᠯ + ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠮᠵᠢᠯᠲᠠ ᠪᠦᠲᠦᠮᠵᠢ ᠰᠠᠶᠢᠲᠠᠢ ᠭᠤᠯᠢᠷ
ᠨᠡᠶᠢᠲᠡᠯᠡᠭᠰᠡᠨ ᠴᠠᠭ᠄
2023/9/7
      9 ᠰᠠᠷ᠎ᠠ ᠶᠢᠨ 12 ᠤᠨ ᠡᠳᠦᠷ᠂ ᠠᠩᠬᠠᠳᠤᠭᠠᠷ ᠬᠤᠭᠤᠴᠠᠭᠠᠨ ᠤ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠴᠤᠭᠯᠠᠭᠠᠨ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ ᠳᠤ ᠡᠬᠢᠯᠡᠬᠦ ᠪᠣᠯᠣᠨ᠎ᠠ᠃ ᠪᠠᠶᠠᠨᠨᠠᠭᠤᠷ ᠤᠨ ᠡᠳᠦᠷ ᠤᠨ ᠰᠣᠨᠢᠨ ︽ᠠᠩᠬᠠᠳᠤᠭᠠᠷ ᠬᠤᠭᠤᠴᠠᠭᠠᠨ ᠤ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠳᠤ ᠪᠡᠯᠡᠳᠬᠡᠬᠦ︾ ᠪᠤᠯᠤᠩ ᠭᠠᠷᠭᠠᠵᠤ᠂ ᠪᠠᠶᠠᠨᠨᠠᠭᠤᠷ ᠤᠨ ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠳᠡᠯᠭᠡᠨ ᠦᠵᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠪᠤᠶᠢᠵᠢᠯᠲᠠ ᠶᠢ ᠲᠦᠷᠭᠡᠳᠬᠡᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠷᠭ᠎ᠠ ᠬᠡᠮᠵᠢᠶ᠎ᠡ᠂ ᠰᠢᠨ᠎ᠡ ᠦᠷ᠎ᠡ ᠪᠦᠲᠦᠮᠵᠢ ᠶᠢ ᠠᠬᠢᠭᠤᠯᠤᠨ᠎ᠠ᠃       ᠰᠠᠶᠢᠨ ᠲᠦᠭᠦᠬᠡᠢ ᠡᠳ᠋ + ᠳᠡᠭᠡᠳᠦ ᠰᠢᠨᠵᠢᠯᠡᠬᠦ ᠤᠬᠠᠭᠠᠨ ᠮᠡᠷᠭᠡᠵᠢᠯ      ᠰᠠᠶᠢᠨ ᠭᠤᠯᠢᠷ ᠢ ᠪᠦᠲᠦᠭᠡᠬᠦ      ᠡᠨᠡ ᠵᠢᠯ ᠤᠨ ᠮᠠᠨ ᠤ ᠬᠤᠲᠠ ᠶᠢᠨ ᠪᠤᠭᠤᠳᠠᠢ ᠶᠢᠨ ᠥᠨᠳᠥᠷ ᠤᠨᠠᠯᠲᠠ ᠶᠢᠨ ᠤᠷᠤᠯᠳᠤᠭᠠᠨ ᠤ ᠤᠨᠠᠯᠲᠠ ᠶᠢ ᠬᠡᠮᠵᠢᠬᠦ ᠠᠵᠢᠯᠯᠠᠭ᠎ᠠ ᠳᠤᠮᠳᠠ᠂ ᠯᠢᠨ ᠾᠧ ᠲᠣᠭᠤᠷᠢᠭ ᠤᠨ ᠯᠠᠩᠱᠠᠨ ᠪᠠᠯᠭᠠᠰᠤᠨ ᠤ ᠭᠤᠸᠠᠩ ᠮᠢᠩ ᠲᠣᠰᠬᠤᠨ ᠤ ᠵᠢᠷᠭᠤᠳᠤᠭᠠᠷ ᠳᠤᠭᠤᠶᠢᠯᠠᠩ ᠤᠨ ᠠᠷᠠᠳ ᠯᠢ ᠭᠤᠸᠠᠩ ᠷᠦᠩ ᠤᠨ ᠭᠡᠷ ᠤᠨ ᠪᠤᠭᠤᠳᠠᠢ ᠶᠢᠨ ᠮᠦ ᠪᠦᠷᠢ ᠶᠢᠨ ᠤᠨᠠᠯᠲᠠ 1366.92 ᠵᠢᠩ ᠳᠤ ᠬᠦᠷᠴᠦ᠂ ᠨᠢᠭᠡ ᠯᠡ ᠳᠡᠭᠡᠷ᠎ᠡ ᠮᠠᠩᠯᠠᠶᠢᠯᠠᠪᠠ᠃ ᠯᠢ ᠭᠤᠸᠠᠩ ᠷᠦᠩ ᠤᠨ ᠳᠠᠷᠢᠭᠰᠠᠨ ᠨᠢ ︽ᠪᠠᠮᠠᠢ 13 ᠨᠣᠮᠧᠷᠲᠤ︾ ᠪᠣᠯᠣᠨ᠎ᠠ᠃      ︽ᠪᠠᠮᠠᠢ 13 ᠳ᠋ᠤᠭᠠᠷ︾ ᠪᠣᠯ ᠵᠤᠤ ᠹᠧᠩ ᠪᠤᠭᠤᠳᠠᠢ ᠶᠢᠨ ᠠᠵᠤ ᠦᠢᠯᠡᠰᠵᠢᠯᠲᠡ ᠶᠢᠨ ᠰᠤᠳᠤᠯᠭᠠᠨ ᠤ ᠬᠦᠷᠢᠶᠡᠯᠡᠩ ᠪᠣᠯᠣᠨ ᠬᠤᠳᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠬᠠᠮᠲᠤᠷᠠᠨ ᠰᠣᠩᠭᠤᠨ ᠪᠣᠶᠢᠵᠢᠭᠤᠯᠤᠭᠰᠠᠨ ᠴᠢᠨᠠᠷ ᠰᠠᠶᠢᠲᠠᠢ ᠵᠢᠩᠨᠡᠵᠦ ᠴᠢᠨᠠᠬᠤ ᠲᠦᠷᠦᠯ ᠤᠨ ᠲᠤᠰᠬᠠᠢ ᠬᠡᠷᠡᠭᠯᠡᠭᠡᠨ ᠤ ᠪᠤᠭᠤᠳᠠᠢ ᠶᠢᠨ ᠲᠦᠷᠦᠯ ᠵᠦᠢᠯ ᠪᠣᠯᠣᠨ᠎ᠠ᠂ ︽ᠠᠷᠪᠠᠨ ᠭᠤᠷᠪᠠᠳᠤᠭᠠᠷ ᠲᠠᠪᠤᠨ ᠵᠢᠯ︾  ᠤᠨ ᠬᠤᠭᠤᠴᠠᠭᠠᠨ ᠳᠤ ᠪᠠᠷᠠᠭᠤᠨ ᠬᠤᠶᠢᠲᠤ ᠶᠢᠨ ᠬᠠᠪᠤᠷ ᠤᠨ ᠪᠤᠭᠤᠳᠠᠢ ᠶᠢᠨ ᠲᠣᠭᠤᠷᠢᠭ ᠤᠨ ᠤᠯᠤᠰ ᠠᠴᠠ ᠬᠢᠨᠠᠨ ᠪᠠᠶᠢᠴᠠᠭᠠᠬᠤ ᠭᠤᠷᠪᠠᠭ᠋ᠠᠨ ᠲᠦᠷᠦᠯ ᠵᠦᠢᠯ ᠤᠨ ᠨᠢᠭᠡ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠷᠪᠠᠨ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠳᠤ ᠰᠣᠩᠭᠤᠭᠳᠠᠵᠠᠢ᠃ ᠲᠡᠭᠦᠨ ᠤ ᠭᠠᠷᠤᠯᠲᠠ᠂ ᠵᠣᠬᠢᠴᠠᠬᠤ ᠴᠢᠨᠠᠷ᠂ ᠡᠪᠡᠳᠴᠢᠨ ᠢ ᠡᠰᠡᠷᠭᠦᠴᠡᠬᠦ ᠴᠢᠨᠠᠷ ᠪᠣᠯᠣᠨ ᠡᠳ᠋ᠰᠢᠭᠦᠯᠬᠦ ᠴᠢᠨᠠᠷ ᠴᠢᠨᠰᠠᠭ᠎ᠠ  ᠵᠢᠴᠢ  ᠰᠢᠮ᠎ᠡ  ᠲᠡᠵᠢᠭᠡᠯ  ᠤᠨ  ᠴᠢᠨᠠᠷ  ᠴᠢᠨᠰᠠᠭ᠎ᠠ  ᠶᠢᠨ  ᠲᠠᠯ᠎ᠠ  ᠪᠠᠷ  ᠪᠣᠷᠣᠳᠣᠬᠤᠢ  ᠶᠢᠨ  ᠪᠤᠭᠤᠳᠠᠢ ᠶᠢᠨ ᠤᠯᠠᠮᠵᠢᠯᠠᠯᠲᠤ ᠡᠭᠦᠯᠳᠡᠷ ︽ᠶᠦᠩ ᠯᠢᠶᠠᠩ ᠳᠥᠷᠪᠡᠳᠦᠭᠡᠷ ᠨᠣᠮᠧᠷᠲᠤ︾ ᠠᠴᠠ ᠪᠦᠬᠦ ᠲᠠᠯ᠎ᠠ ᠪᠠᠷ ᠳᠠᠪᠠᠵᠤ᠂ ᠰᠢᠨ᠎ᠡ ᠨᠢᠭᠡ ᠦᠶ᠎ᠡ ᠶᠢᠨ ᠪᠣᠷᠣᠳᠣᠬᠤᠢ ᠶᠢᠨ ᠪᠤᠭᠤᠳᠠᠢ ᠶᠢᠨ ᠡᠭᠦᠯᠳᠡᠷ ᠤᠨ ᠳᠠᠭᠠᠭᠤᠯᠤᠭᠴᠢ ᠪᠣᠯᠤᠭᠰᠠᠨ ᠤ ᠬᠤᠪᠢ ᠳᠤ᠂ ᠡᠨᠡ ᠵᠢᠯ ᠪᠠᠷᠠᠭᠤᠨ ᠬᠤᠶᠢᠲᠤ ᠣᠷᠣᠨ ᠳᠤ ᠭᠤᠣᠯᠳᠠᠯᠭ᠎ᠠ ᠲᠠᠢ ᠳᠡᠯᠭᠡᠷᠡᠭᠦᠯᠦᠨ᠎ᠡ᠃      ︽ᠰᠢᠨ᠎ᠡ  ᠶᠢ ᠡᠭᠦᠳᠬᠦ ᠪᠣᠯ ᠵᠣᠣ ᠹᠧᠩ ᠤᠨ ᠭᠧᠨ ᠮᠥᠨ︾᠃ 8 ᠰᠠᠷ᠎ᠠ ᠶᠢᠨ 30 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠵᠣᠣ ᠹᠧᠩ ᠪᠣᠷᠣᠳᠣᠬᠤᠢ ᠶᠢᠨ ᠭᠤᠯᠢᠷ ᠤᠨ ᠦᠢᠯᠡᠰ ᠤᠨ ᠬᠢᠵᠠᠭᠠᠷᠲᠤ ᠺᠣᠮᠫᠠᠨᠢ ᠳᠤ ᠰᠤᠷᠪᠤᠯᠵᠢᠯᠠᠭᠰᠠᠨ ᠳᠤ᠂ ᠬᠠᠷᠢᠭᠤᠴᠠᠯᠭᠠᠲᠠᠨ᠄ ︽ᠰᠠᠶᠢᠨ ᠦᠢᠯᠡᠳᠬᠦᠨ ᠨᠢ ᠰᠠᠶᠢᠨ ᠲᠦᠭᠦᠬᠡᠢ ᠮᠠᠲ᠋ᠧᠷᠢᠶᠠᠯ ᠠᠴᠠ ᠢᠷᠡᠯᠲᠡ ᠲᠠᠢ᠂ ᠰᠠᠶᠢᠨ ᠲᠦᠭᠦᠬᠡᠢ ᠮᠠᠲ᠋ᠧᠷᠢᠶᠠᠯ ᠨᠢ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠠᠴᠠ ᠢᠷᠡᠯᠲᠡ ᠲᠠᠢ ᠶᠤᠮ᠂ ᠳᠡᠭᠡᠳᠦ ᠲᠠᠰ ᠤᠨ ᠭᠤᠯᠢᠷ ᠵᠢᠴᠢ ᠭᠤᠯᠢᠷ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠠᠵᠤ ᠠᠬᠤᠶᠢᠯᠠᠯ ᠪᠣᠯᠤᠭᠰᠠᠨ ᠤ ᠬᠤᠪᠢ ᠳᠤ ᠵᠣᠣ ᠹᠧᠩ ᠪᠤᠭᠤᠳᠠᠢ ᠶᠢᠨ ᠰᠢᠨ᠎ᠡ ᠡᠭᠦᠯᠳᠡᠷ ᠢ ᠰᠤᠳᠤᠯᠤᠨ ᠨᠡᠭᠡᠭᠡᠬᠦ ᠪᠠᠷ ᠴᠢᠷᠮᠠᠶᠢᠭᠰᠠᠭᠠᠷ ᠢᠷᠡᠵᠡᠶ︾ ᠭᠡᠵᠡᠢ᠃      ᠵᠣᠣ ᠹᠧᠩ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠱᠠᠨᠳᠦ᠋ᠩ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠨᠡᠷᠡᠲᠦ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ  ᠶᠢ ᠪᠦᠷᠢᠯᠳᠦᠭᠦᠯᠵᠦ᠂ ᠡᠭᠦᠨ ᠤ ᠬᠠᠮᠲᠤ ᠪᠣᠷᠣᠳᠣᠬᠤᠢ ᠶᠢᠨ ᠪᠤᠭᠤᠳᠠᠢ ᠶᠢᠨ ᠡᠭᠦᠯᠳᠡᠷ ᠢ ᠰᠠᠶᠢᠵᠢᠷᠠᠭᠤᠯᠬᠤ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ᠂ ᠳ᠋ᠣᠺᠲ᠋ᠣᠷᠠᠨᠲ ᠤᠨ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ᠂ ᠥᠪᠥᠷ ᠮᠣᠩᠭᠤᠯ ᠤᠨ ᠬᠠᠲᠠᠭᠤ ᠪᠤᠭᠤᠳᠠᠢ ᠶᠢᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠪᠠᠶᠢᠵᠤ᠂ ᠣᠳᠣᠬᠠᠨ ᠳᠤ 86 ᠵᠦᠢᠯ ᠤᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠲᠠᠢ᠂ 10 ᠵᠦᠢᠯ ᠤᠨ ᠤᠯᠤᠰ ᠤᠨ ᠲᠤᠰᠬᠠᠢ ᠠᠰᠢᠭ ᠲᠠᠢ᠂ 9 ᠵᠦᠢᠯ ᠤᠨ ᠪᠤᠭᠤᠳᠠᠢ ᠶᠢᠨ ᠰᠢᠨ᠎ᠡ ᠡᠭᠦᠯᠳᠡᠷ ᠲᠠᠢ᠂ 19 ᠵᠦᠢᠯ ᠤᠨ ᠠᠵᠤ ᠠᠬᠤᠶᠢᠯᠠᠯ ᠤᠨ ᠪᠠᠷᠢᠮᠵᠢᠶ᠎ᠠ ᠲᠠᠢ᠃      ᠵᠣᠣ ᠹᠧᠩ ᠤᠨ ᠰᠢᠨ᠎ᠡ ᠡᠭᠦᠳᠦᠯᠲᠡ ᠨᠢ ᠪᠠᠰᠠ ᠨᠤᠨᠳᠠᠭ ᠬᠢᠬᠦ ᠤᠷᠠᠯᠠᠯ ᠳᠡᠭᠡᠷ᠎ᠡ ᠢᠯᠡᠷᠡᠵᠦ ᠪᠠᠶᠢᠨ᠎ᠠ᠃ ᠣᠯᠠᠨ ᠵᠢᠯ ᠤᠨ ᠲᠤᠷᠰᠢ᠂ ᠵᠣᠣ ᠹᠧᠩ ᠪᠣᠯᠪᠠᠰᠤᠷᠠᠭᠤᠯᠬᠤ ᠮᠡᠷᠭᠡᠵᠢᠯ ᠪᠠ ᠤᠷᠠᠯᠠᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠵᠠᠭᠤ ᠭᠠᠷᠤᠢ ᠤᠳᠠᠭᠠᠨ ᠤ ᠲᠤᠷᠰᠢᠯᠲᠠ ᠪᠠᠷ ᠳᠡᠮᠵᠢᠨ᠂ ᠣᠶᠤᠨᠴᠢᠯᠠᠭᠰᠠᠨ ᠬᠦᠢᠲᠡᠨ ᠨᠤᠨᠳᠠᠭ ᠢ ᠲᠡᠭᠡᠷᠮᠡᠳᠡᠬᠦ ᠲᠤᠰᠬᠠᠢ ᠠᠰᠢᠭ ᠤᠨ ᠮᠡᠷᠭᠡᠵᠢᠯ ᠪᠠ ᠤᠷᠠᠯᠠᠯ ᠢ ᠰᠤᠳᠤᠯᠤᠨ ᠦᠢᠯᠡᠳᠦᠭᠰᠡᠨ ᠪᠠᠶᠢᠨ᠎ᠠ᠃      ︽ᠬᠦᠢᠲᠡᠨ ᠨᠤᠨᠳᠠᠭ ᠢ ᠲᠠᠯᠬᠠᠳᠠᠬᠤ ᠣᠶᠤᠨᠴᠢᠯᠠᠭᠰᠠᠨ ᠲᠤᠰᠬᠠᠢ ᠠᠰᠢᠭ ᠤᠨ ᠮᠡᠷᠭᠡᠵᠢᠯ ᠪᠣᠯᠣᠨ ᠭᠠᠷ ᠤᠷᠠᠯᠠᠯ ᠳᠤ ᠪᠤᠭᠤᠳᠠᠢ ᠶᠢᠨ ᠤᠭᠤᠷᠠᠭ᠂ ᠨᠡᠭᠦᠷᠡᠰᠦ ᠤᠰᠤᠨ ᠤ ᠨᠢᠭᠡᠳᠪᠦᠷᠢ᠂ ᠣᠯᠠᠨ ᠵᠦᠢᠯ ᠤᠨ ᠪᠢᠴᠢᠯ ᠡᠯᠧᠮᠧᠨ᠋ᠲ ᠵᠡᠷᠭᠡ ᠰᠢᠮ᠎ᠡ ᠲᠡᠵᠢᠭᠡᠯ ᠤᠨ ᠪᠦᠷᠢᠯᠳᠦᠭᠦᠨ ᠪᠣᠯᠣᠨ ᠪᠤᠭᠤᠳᠠᠢ ᠶᠢᠨ ᠦᠨᠦᠷ ᠢ ᠬᠠᠮᠤᠭ ᠤᠨ ᠶᠡᠭᠡ ᠬᠡᠮᠵᠢᠶ᠎ᠡ ᠪᠠᠷ ᠬᠠᠳᠠᠭᠠᠯᠠᠵᠠᠢ᠂ ᠡᠭᠦᠨ ᠳᠤ ᠬᠤᠯᠤᠤᠪᠠᠩ ᠤᠨ ᠡᠳ᠋᠂ ᠸᠢᠲ᠋ᠠᠮᠢᠨE ᠵᠡᠷᠭᠡ ᠪᠢᠴᠢᠯ ᠡᠯᠧᠮᠧᠨ᠋ᠲ ᠤᠨ ᠠᠭᠤᠯᠤᠭᠳᠠᠴᠠ ᠨᠢ ᠪᠤᠰᠤᠳ ᠡᠩ ᠤᠨ ᠭᠤᠯᠢᠷ ᠠᠴᠠ ᠬᠤᠯᠠ ᠥᠨᠳᠥᠷ ᠪᠠᠶᠢᠳᠠᠭ᠂ ᠡᠶᠢᠮᠦ ᠭᠤᠯᠢᠷ ᠨᠢ ᠬᠥᠮᠥᠨ ᠳᠤ ᠪᠠᠭᠠ ᠶᠢᠨ ᠦᠶ᠎ᠡ ᠶᠢᠨ ᠠᠮᠲᠠ ᠶᠢ ᠡᠳ᠋ᠯᠡᠭᠦᠯᠳᠡᠭ︾ ᠭᠡᠵᠦ ᠲᠤᠰ ᠬᠠᠷᠢᠭᠤᠴᠠᠯᠭᠠᠲᠠᠨ ᠬᠡᠯᠡᠪᠡ᠃      ᠣᠶᠤᠨᠴᠢᠯᠠᠭᠰᠠᠨ ᠬᠦᠢᠲᠡᠨ ᠨᠤᠨᠳᠠᠭ ᠢ ᠲᠡᠭᠡᠷᠮᠡᠳᠡᠬᠦ ᠲᠤᠰᠬᠠᠢ ᠠᠰᠢᠭ ᠤᠨ ᠮᠡᠷᠭᠡᠵᠢᠯ ᠪᠣᠯᠣᠨ ᠭᠠᠷ ᠤᠷᠠᠯᠠᠯ ᠪᠣᠯ ᠵᠤᠤ ᠹᠧᠩ ᠤᠨ 9 ᠵᠦᠢᠯ ᠤᠨ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠢ ᠠᠰᠢᠭ ᠤᠨ ᠨᠢᠭᠡ ᠪᠣᠯᠣᠨ᠎ᠠ᠃      ᠣᠳᠣᠬᠠᠨ ᠳᠤ᠂ ᠵᠤᠤ  ᠹᠧᠩ ᠺᠣᠮᠫᠠᠨᠢ ᠣᠨᠴᠠᠯᠢᠭᠲᠤ ᠴᠢᠳᠠᠮᠵᠢᠲᠤ ᠢᠳᠡᠭᠡᠨ ᠢ ᠰᠤᠳᠤᠯᠤᠨ ᠨᠡᠭᠡᠭᠡᠵᠦ᠂ ᠭᠠᠰᠢᠭᠤᠨ ᠬᠡᠮᠬᠡ ᠶᠢᠨ ᠨᠤᠨᠳᠠᠭ ᠵᠡᠷᠭᠡ ᠲᠦᠭᠦᠬᠡᠢ ᠮᠠᠲ᠋ᠧᠷᠢᠶᠠᠯ ᠨᠡᠮᠡᠭᠰᠡᠨ ᠰᠢᠬᠢᠷ ᠪᠠᠭ᠎ᠠ ᠪᠢᠩᠭᠠᠨ᠂ ᠮᠢᠨᠲᠤᠤᠷ᠂ ᠬᠡᠪᠡᠭ ᠢ ᠢᠰᠬᠡᠬᠦ᠂ ᠪᠤᠯᠭᠤᠬᠤ᠂ ᠬᠥᠭᠡᠯᠭᠡᠬᠦ᠂ ᠨᠠᠷᠢᠯᠢᠭᠵᠢᠭᠤᠯᠬᠤ ᠵᠡᠷᠭᠡ ᠠᠵᠢᠯ ᠤᠨ ᠳᠠᠷᠠᠭᠠᠯᠠᠯ ᠢ ᠳᠠᠮᠵᠢᠭᠰᠠᠨ ᠪᠦᠬᠦᠯᠢ ᠪᠤᠭᠤᠳᠠᠢ ᠶᠢᠨ ᠲᠠᠯᠬ᠎ᠠ ᠵᠡᠷᠭᠡ ᠨᠠᠷᠢᠯᠢᠭ ᠡᠳ᠋ᠰᠢᠭᠦᠯᠦᠭᠰᠡᠨ ᠪᠦᠲᠦᠭᠡᠭᠳᠡᠬᠦᠨ ᠢ ᠲᠤᠷᠰᠢᠨ ᠰᠢᠯᠭᠠᠬᠤ ᠱᠠᠲᠤᠨ ᠳᠤ ᠪᠤᠢ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ