ᠮᠣᠩᠭᠤᠯᠴᠤᠳ ᠤᠨ ᠵᠠᠰᠠᠯ ᠴᠢᠮᠡᠭᠯᠡᠯ ᠤᠨ ᠡᠷᠡᠭᠦᠯᠵᠢᠯ ᠤᠨ ᠤᠬᠠᠭᠠᠨ ︵ᠨᠢᠭᠡ︶
ᠨᠡᠶᠢᠲᠡᠯᠡᠭᠰᠡᠨ ᠴᠠᠭ᠄
2023/9/7
      ᠵᠠᠰᠠᠯ ᠴᠢᠮᠡᠭᠯᠡᠯ ᠪᠣᠯ ᠨᠢᠭᠡ ᠦᠨᠳᠦᠰᠦᠲᠡᠨ ᠤ ᠣᠨᠴᠠᠯᠢᠭ᠂ ᠵᠠᠩ ᠳᠠᠳᠬᠠᠯ᠂ ᠶᠣᠰᠣ ᠰᠤᠷᠲᠠᠬᠤᠨ᠂ ᠡᠷᠡᠭᠦᠯ ᠬᠠᠮᠠᠭᠠᠯᠠᠯ ᠤᠨ ᠲᠤᠰᠬᠠᠯ ᠶᠤᠮ᠃ ᠮᠣᠩᠭᠤᠯᠴᠤᠳ ᠤᠨ ᠵᠠᠰᠠᠯ ᠴᠢᠮᠡᠭᠯᠡᠯ ᠨᠢ ᠥᠪᠡᠷᠮᠢᠴᠡ ᠣᠨᠴᠠᠯᠢᠭ ᠲᠠᠢ᠂ ᠮᠣᠩᠭᠤᠯ ᠠᠨᠠᠭᠠᠬᠤ ᠤᠬᠠᠭᠠᠨ ᠤ ᠵᠠᠰᠠᠯᠭ᠎ᠠ ᠠᠴᠠ ᠤᠯᠠᠷᠢᠨ ᠬᠤᠪᠢᠷᠠᠵᠤ ᠢᠷᠡᠭᠰᠡᠨ ᠤᠯᠠ ᠮᠥᠷ ᠲᠠᠢ᠃      ᠮᠥᠩᠭᠦᠨ ᠠᠶᠠᠭ᠎ᠠ᠄ ᠨᠢᠭᠡ ᠠᠶᠠᠭ᠎ᠠ ᠶᠢ ᠣᠯᠠᠨ ᠬᠥᠮᠦᠨ ᠬᠡᠷᠡᠭᠯᠡᠪᠡᠯ ᠡᠪᠡᠳᠴᠢᠨ ᠪᠠᠺᠲ᠋ᠧᠷᠢ ᠠᠶᠠᠭ᠎ᠠ ᠪᠠᠷ ᠳᠠᠮᠵᠢᠵᠤ  ᠬᠠᠯᠳᠠᠪᠤᠷᠢᠯᠠᠬᠤ ᠶᠣᠰᠣ ᠶᠢ ᠮᠣᠩᠭᠤᠯᠴᠤᠳ ᠠᠯᠢ ᠡᠷᠲᠡ ᠠᠴᠠ ᠣᠯᠵᠤ ᠮᠡᠳᠡᠭᠰᠡᠨ ᠤᠴᠢᠷ ᠠᠴᠠ ᠥᠪᠡᠷ ᠢᠶᠠᠨ ᠠᠶᠠᠭ᠎ᠠ ᠰᠠᠪᠬ᠎ᠠ ᠪᠠᠨ ᠠᠪᠴᠤ ᠶᠠᠪᠤᠭᠠᠳ ᠬᠡᠷᠡᠭᠯᠡᠳᠡᠭ ᠵᠠᠩᠰᠢᠯ ᠲᠠᠢ ᠶᠤᠮ᠃ ᠢᠯᠠᠩᠭᠤᠶ᠎ᠠ ᠮᠥᠩᠭᠦᠨ ᠠᠶᠠᠭ᠎ᠠ ᠨᠢ  ᠵᠠᠰᠠᠯ  ᠴᠢᠮᠡᠭᠯᠡᠯ  ᠪᠣᠯᠳᠠᠭ  ᠪᠥᠭᠡᠳ  ᠪᠤᠵᠠᠷ ᠢ  ᠰᠡᠷᠭᠡᠶᠢᠯᠡᠭᠴᠢ  ᠪᠡᠶ᠎ᠡ ᠶᠢᠨ  ᠬᠠᠨᠢ᠂  ᠪᠤᠶᠠᠨ  ᠢ  ᠡᠳ᠋ᠯᠡᠭᠴᠢ  ᠨᠠᠰᠤᠨ ᠤ ᠬᠡᠷᠡᠭᠰᠡᠯ  ᠶᠤᠮ᠃ ᠮᠥᠩᠭᠦ ᠪᠣᠯ ᠬᠠᠯᠠᠭᠤᠨ ᠢ ᠲᠦᠷᠭᠡᠨ ᠳᠠᠮᠵᠢᠭᠤᠯᠬᠤ ᠨᠢᠭᠡ ᠵᠦᠢᠯ ᠤᠨ ᠲᠡᠮᠦᠷᠯᠢᠭ ᠪᠣᠯᠬᠤ ᠶᠤᠮ᠃ ᠮᠥᠩᠭᠦᠨ ᠠᠶᠠᠭᠠᠨ ᠳᠤ ᠦᠷᠭᠦᠯᠵᠢ ᠴᠠᠢ ᠤᠰᠤ ᠤᠤᠭᠤᠪᠠᠯ ᠤᠷᠤᠭᠤᠯ ᠤᠨ ᠡᠪᠡᠳᠴᠢᠨ ᠳᠤ ᠨᠡᠷᠪᠡᠭᠳᠡᠬᠦ ᠶᠢ ᠰᠡᠷᠭᠡᠶᠢᠯᠡᠨ᠎ᠡ᠃
ᠢᠷᠡᠯᠲᠡ᠄ ᠪᠠᠶᠠᠨ ᠨᠠᠭᠤᠷ ᠤᠨ ᠡᠳᠦᠷ ᠤᠨ ᠰᠣᠨᠢᠨ