ᠮᠣᠩᠭᠤᠯᠴᠤᠳ ᠤᠨ ᠵᠠᠰᠠᠯ ᠴᠢᠮᠡᠭᠯᠡᠯ ᠤᠨ ᠡᠷᠡᠭᠦᠯᠵᠢᠯ ᠤᠨ ᠤᠬᠠᠭᠠᠨ ︵  ᠬᠤᠶᠠᠷ︶
ᠨᠡᠶᠢᠲᠡᠯᠡᠭᠰᠡᠨ ᠴᠠᠭ᠄
2023/9/7
      ᠵᠠᠰᠠᠯ ᠴᠢᠮᠡᠭᠯᠡᠯ ᠪᠣᠯ ᠨᠢᠭᠡ ᠦᠨᠳᠦᠰᠦᠲᠡᠨ ᠤ ᠣᠨᠴᠠᠯᠢᠭ᠂ ᠵᠠᠩ ᠳᠠᠳᠬᠠᠯ᠂ ᠶᠣᠰᠣ ᠰᠤᠷᠲᠠᠬᠤᠨ᠂ ᠡᠷᠡᠭᠦᠯ ᠬᠠᠮᠠᠭᠠᠯᠠᠯ ᠤᠨ ᠲᠤᠰᠬᠠᠯ ᠶᠤᠮ᠃ ᠮᠣᠩᠭᠤᠯᠴᠤᠳ ᠤᠨ ᠵᠠᠰᠠᠯ ᠴᠢᠮᠡᠭᠯᠡᠯ ᠨᠢ ᠥᠪᠡᠷᠮᠢᠴᠡ ᠣᠨᠴᠠᠯᠢᠭ ᠲᠠᠢ᠂ ᠮᠣᠩᠭᠤᠯ ᠠᠨᠠᠭᠠᠬᠤ ᠤᠬᠠᠭᠠᠨ ᠤ ᠵᠠᠰᠠᠯᠭ᠎ᠠ ᠠᠴᠠ ᠤᠯᠠᠷᠢᠨ ᠬᠤᠪᠢᠷᠠᠵᠤ ᠢᠷᠡᠭᠰᠡᠨ ᠤᠯᠠ ᠮᠥᠷ ᠲᠠᠢ᠃      ᠵᠠᠭᠠᠨ ᠤ ᠶᠠᠰᠤᠨ ᠰᠠᠪᠬ᠎ᠠ᠄ ᠮᠣᠩᠭᠤᠯᠴᠤᠳ ᠵᠠᠭᠠᠨ ᠤ ᠶᠠᠰᠤᠨ ᠰᠠᠪᠬ᠎ᠠ ᠬᠡᠷᠡᠭᠯᠡᠳᠡᠭ ᠨᠢ ᠨᠢᠭᠡ ᠲᠠᠯ᠎ᠠ ᠪᠠᠷ ᠵᠠᠰᠠᠯ ᠴᠢᠮᠡᠭᠯᠡᠯ ᠪᠣᠯᠬᠤ ᠪᠥᠭᠡᠳ ᠨᠥᠭᠦᠭᠡ ᠲᠠᠯ᠎ᠠ ᠪᠠᠷ ᠬᠤᠣᠷ ᠢ ᠰᠡᠷᠭᠡᠶᠢᠯᠡᠬᠦ ᠴᠢᠳᠠᠯ ᠲᠠᠢ᠃ ᠵᠠᠭᠠᠨ ᠤ ᠶᠠᠰᠤᠨ ᠰᠠᠪᠬ᠎ᠠ ᠨᠢ ᠬᠤᠣᠷᠲᠤ ᠢᠳᠡᠭᠡᠨ ᠲᠠᠢ ᠤᠴᠠᠷᠠᠪᠠᠯ ᠬᠠᠷᠠᠯᠠᠬᠤ ᠣᠨᠴᠠᠯᠢᠭ ᠲᠠᠢ᠃ ᠡᠶᠢᠮᠦ ᠠᠴᠠ ᠮᠣᠩᠭᠤᠯᠴᠤᠳ ᠵᠠᠭᠠᠨ  ᠤ ᠶᠠᠰᠤᠨ ᠰᠠᠪᠬ᠎ᠠ ᠶᠢ ᠡᠭᠦᠳᠦᠭᠰᠡᠨ ᠨᠢ ᠮᠥᠨ ᠠᠤᠭ᠎ᠠ ᠶᠡᠭᠡ ᠨᠡᠭᠡᠭᠡᠯᠲᠡ ᠪᠦᠲᠦᠭᠡᠯ ᠪᠣᠯᠬᠤ ᠶᠤᠮ᠃
ᠢᠷᠡᠯᠲᠡ᠄ ᠪᠠᠶᠠᠨ ᠨᠠᠭᠤᠷ ᠤᠨ ᠡᠳᠦᠷ ᠤᠨ ᠰᠣᠨᠢᠨ