ᠮᠣᠩᠭᠤᠯᠴᠤᠳ ᠤᠨ ᠵᠠᠰᠠᠯ ᠴᠢᠮᠡᠭᠯᠡᠯ ᠤᠨ ᠡᠷᠡᠭᠦᠯᠵᠢᠯ ᠤᠨ ᠤᠬᠠᠭᠠᠨ ︵  ᠭᠤᠷᠪᠠ︶
ᠨᠡᠶᠢᠲᠡᠯᠡᠭᠰᠡᠨ ᠴᠠᠭ᠄
2023/9/7
      ᠵᠠᠰᠠᠯ ᠴᠢᠮᠡᠭᠯᠡᠯ ᠪᠣᠯ ᠨᠢᠭᠡ ᠦᠨᠳᠦᠰᠦᠲᠡᠨ ᠤ ᠣᠨᠴᠠᠯᠢᠭ᠂ ᠵᠠᠩ ᠳᠠᠳᠬᠠᠯ᠂ ᠶᠣᠰᠣ ᠰᠤᠷᠲᠠᠬᠤᠨ᠂ ᠡᠷᠡᠭᠦᠯ ᠬᠠᠮᠠᠭᠠᠯᠠᠯ ᠤᠨ ᠲᠤᠰᠬᠠᠯ ᠶᠤᠮ᠃ ᠮᠣᠩᠭᠤᠯᠴᠤᠳ ᠤᠨ ᠵᠠᠰᠠᠯ ᠴᠢᠮᠡᠭᠯᠡᠯ ᠨᠢ ᠥᠪᠡᠷᠮᠢᠴᠡ ᠣᠨᠴᠠᠯᠢᠭ ᠲᠠᠢ᠂ ᠮᠣᠩᠭᠤᠯ ᠠᠨᠠᠭᠠᠬᠤ ᠤᠬᠠᠭᠠᠨ ᠤ ᠵᠠᠰᠠᠯᠭ᠎ᠠ ᠠᠴᠠ ᠤᠯᠠᠷᠢᠨ ᠬᠤᠪᠢᠷᠠᠵᠤ ᠢᠷᠡᠭᠰᠡᠨ ᠤᠯᠠ ᠮᠥᠷ ᠲᠠᠢ᠃      ᠬᠦᠵᠦᠭᠦᠪᠴᠢ᠄ ᠮᠣᠩᠭᠤᠯᠴᠤᠳ ᠤᠨ ᠡᠷᠲᠡ ᠤᠵᠠᠭᠤᠷ ᠤᠨ ᠵᠡᠭᠦᠳᠡᠭ ᠬᠦᠵᠦᠭᠦᠪᠴᠢ ᠨᠢ ᠡᠪᠡᠳᠴᠢᠨ ᠬᠢᠵᠢᠭ ᠢ ᠡᠰᠡᠷᠭᠦᠴᠡᠨ ᠰᠡᠷᠭᠡᠶᠢᠯᠡᠬᠦ ᠲᠤᠰᠬᠠᠢ ᠡᠮ ᠲᠠᠢ ᠪᠠᠶᠢᠵᠤ᠂ ᠲᠡᠷᠡ ᠨᠢ ᠠᠮᠢᠰᠬᠤᠯ ᠢᠶᠠᠷ ᠬᠠᠯᠳᠠᠪᠤᠷᠢᠯᠠᠬᠤ ᠡᠯ᠎ᠡ ᠵᠦᠢᠯ ᠤᠨ ᠡᠪᠡᠳᠴᠢᠨ ᠢ ᠰᠡᠷᠭᠡᠶᠢᠯᠡᠳᠡᠭ᠃ ᠮᠣᠩᠭᠤᠯ ᠤᠨ ᠠᠯᠳᠠᠷᠲᠤ ᠡᠮᠴᠢ ᠵᠠᠮᠪᠠᠯ ︽ᠮᠣᠩᠭᠤᠯ ᠡᠮᠨᠡᠯᠭᠡ ᠶᠢᠨ ᠡᠷᠳᠡᠨᠢ ᠶᠢᠨ ᠰᠠᠩ︾ ᠭᠡᠬᠦ ᠵᠣᠬᠢᠶᠠᠯ ᠳᠠᠭᠠᠨ ᠶᠢᠰᠦᠨ ᠬᠠᠷ᠎ᠠ ᠶᠢᠨ ᠨᠠᠶᠢᠷᠠᠯᠲᠠ ᠵᠡᠷᠭᠡ ᠶᠢ ᠲᠤᠰᠬᠠᠢ ᠲᠠᠨᠢᠯᠴᠠᠭᠤᠯᠵᠠᠢ᠃ ᠡᠭᠦᠨ ᠳᠤ ᠵᠠᠭᠠᠷ᠂ ᠬᠠᠷ᠎ᠠ ᠬᠦᠵᠢᠰ᠂ ᠵᠦᠯᠭᠡᠨ ᠬᠦᠵᠢᠰ  ᠵᠡᠷᠭᠡ ᠦᠨᠦᠷᠲᠦ ᠪᠣᠳᠠᠰ ᠪᠠᠶᠢᠨ᠎ᠠ᠃ ᠸᠴᠢᠷ ᠠᠯᠮᠠᠰ ᠪᠣᠯ ᠨᠢᠭᠡ ᠵᠦᠢᠯ ᠤᠨ ᠡᠷᠦᠳᠡᠰᠦ ᠪᠥᠭᠡᠳ ᠠᠶᠤᠩᠭ᠎ᠠ ᠠᠴᠠ ᠰᠡᠷᠭᠡᠶᠢᠯᠡᠬᠦ ᠦᠢᠯᠡᠳᠦᠯ ᠲᠠᠢ ᠲᠤᠯᠠ ᠮᠣᠩᠭᠤᠯᠴᠤᠳ ᠬᠦᠵᠦᠭᠦᠪᠴᠢ ᠳᠣᠲᠣᠷ᠎ᠠ ᠪᠠᠨ ᠬᠢᠵᠦ ᠵᠡᠭᠦᠳᠡᠭ ᠪᠠᠶᠢᠨ᠎ᠠ᠃
ᠢᠷᠡᠯᠲᠡ᠄ ᠪᠠᠶᠠᠨ ᠨᠠᠭᠤᠷ ᠤᠨ ᠡᠳᠦᠷ ᠤᠨ ᠰᠣᠨᠢᠨ