ᠮᠣᠩᠭᠤᠯᠴᠤᠳ ᠤᠨ ᠵᠠᠰᠠᠯ ᠴᠢᠮᠡᠭᠯᠡᠯ ᠤᠨ ᠡᠷᠡᠭᠦᠯᠵᠢᠯ ᠤᠨ ᠤᠬᠠᠭᠠᠨ ︵  ᠵᠢᠷᠭᠤᠭ᠎ᠠ︶
ᠨᠡᠶᠢᠲᠡᠯᠡᠭᠰᠡᠨ ᠴᠠᠭ᠄
2023/9/7
      ᠵᠠᠰᠠᠯ ᠴᠢᠮᠡᠭᠯᠡᠯ ᠪᠣᠯ ᠨᠢᠭᠡ ᠦᠨᠳᠦᠰᠦᠲᠡᠨ ᠤ ᠣᠨᠴᠠᠯᠢᠭ᠂ ᠵᠠᠩ ᠳᠠᠳᠬᠠᠯ᠂ ᠶᠣᠰᠣ ᠰᠤᠷᠲᠠᠬᠤᠨ᠂ ᠡᠷᠡᠭᠦᠯ ᠬᠠᠮᠠᠭᠠᠯᠠᠯ ᠤᠨ ᠲᠤᠰᠬᠠᠯ ᠶᠤᠮ᠃ ᠮᠣᠩᠭᠤᠯᠴᠤᠳ ᠤᠨ ᠵᠠᠰᠠᠯ ᠴᠢᠮᠡᠭᠯᠡᠯ ᠨᠢ ᠥᠪᠡᠷᠮᠢᠴᠡ ᠣᠨᠴᠠᠯᠢᠭ ᠲᠠᠢ᠂ ᠮᠣᠩᠭᠤᠯ ᠠᠨᠠᠭᠠᠬᠤ ᠤᠬᠠᠭᠠᠨ ᠤ ᠵᠠᠰᠠᠯᠭ᠎ᠠ ᠠᠴᠠ ᠤᠯᠠᠷᠢᠨ ᠬᠤᠪᠢᠷᠠᠵᠤ ᠢᠷᠡᠭᠰᠡᠨ ᠤᠯᠠ ᠮᠥᠷ ᠲᠠᠢ᠃      ᠪᠠᠭᠤᠪᠴᠢ᠄ ᠮᠣᠩᠭᠤᠯᠴᠤᠳ ᠪᠠᠭᠤᠪᠴᠢ ᠵᠡᠭᠦᠬᠦ ᠵᠠᠩᠰᠢᠯ ᠲᠠᠢ᠃ ᠣᠯᠠᠨ ᠵᠦᠢᠯ ᠤᠨ ᠪᠣᠳᠠᠰ ᠢᠶᠠᠷ ᠬᠢᠭᠰᠡᠨ ᠪᠠᠭᠤᠪᠴᠢ ᠨᠢ ᠵᠠᠰᠠᠯ ᠴᠢᠮᠡᠭᠯᠡᠯ ᠢᠶᠠᠷ ᠪᠠᠷᠠᠬᠤ ᠦᠭᠡᠢ ᠬᠤᠪᠢ ᠬᠤᠪᠢᠨ ᠤ ᠬᠢᠨᠢ ᠦᠢᠯᠡᠳᠦᠯ ᠲᠠᠢ᠃ ᠪᠠᠭᠤᠪᠴᠢ ᠨᠢ ᠶᠠᠰᠤ ᠬᠤᠭᠤᠷᠠᠬᠤ ᠶᠢ ᠰᠡᠷᠭᠡᠶᠢᠯᠡᠳᠡᠭ᠃ ᠠᠯᠲᠠ᠂ ᠮᠥᠩᠭᠦ᠂ ᠵᠡᠰ᠂ ᠭᠠᠤᠯᠢ᠂ ᠲᠡᠮᠦᠷ ᠪᠠᠭᠤᠪᠴᠢ ᠨᠢ ᠦᠶ᠎ᠡ ᠭᠡᠰᠢᠭᠦᠨ ᠤ ᠰᠢᠷ᠎ᠠ ᠤᠰᠤ ᠶᠢ ᠬᠠᠲᠠᠭᠠᠵᠤ ᠬᠤᠶᠠᠩ ᠢ ᠠᠷᠢᠯᠭᠠᠳᠠᠭ᠃ ᠣᠭ᠍ᠶᠤ᠂ ᠬᠠᠰ ᠤᠨ ᠪᠠᠭᠤᠪᠴᠢ ᠨᠢ ᠴᠢᠰᠤᠨ ᠰᠤᠳᠠᠯ ᠢ ᠰᠠᠶᠢᠵᠢᠷᠠᠭᠤᠯᠤᠨ ᠡᠯᠢᠭᠡ ᠰᠥᠰᠥᠨ ᠤ ᠡᠪᠡᠳᠴᠢᠨ ᠢ ᠵᠠᠰᠠᠬᠤ ᠳᠤ ᠲᠤᠰᠠᠲᠠᠢ᠃
ᠢᠷᠡᠯᠲᠡ᠄ ᠪᠠᠶᠠᠨ ᠨᠠᠭᠤᠷ ᠤᠨ ᠡᠳᠦᠷ ᠤᠨ ᠰᠣᠨᠢᠨ