ᠪᠠᠶᠠᠨᠨᠠᠭᠤᠷ ᠤᠨ ᠡᠨᠡ ᠤᠳᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠮᠡᠳᠡᠭᠡ ᠵᠠᠩᠭᠢ ᠶᠢᠨ ᠬᠡᠮᠵᠢᠶ᠎ᠡ ᠮᠠᠰᠢ ᠶᠡᠭᠡ ᠪᠠᠶᠢᠨ᠎ᠠ︕
ᠨᠡᠶᠢᠲᠡᠯᠡᠭᠰᠡᠨ ᠴᠠᠭ᠄
2023/9/7
      9 ᠰᠠᠷ᠎ᠠ ᠶᠢᠨ 3 ᠤ ᠡᠳᠦᠷ᠂ ᠠᠩᠬᠠᠳᠤᠭᠠᠷ ᠬᠤᠭᠤᠴᠠᠭᠠᠨ ᠤ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ ᠶᠠᠪᠤᠭᠳᠠᠪᠠ᠃      ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠴᠤᠭᠯᠠᠭᠠᠨ ᠨᠢ ︽ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠣᠯᠭᠤᠬᠤ · ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ︾ ᠪᠠᠷ ᠭᠤᠣᠯ ᠰᠡᠳᠦᠪ ᠪᠣᠯᠭᠠᠵᠤ᠂ 9 ᠰᠠᠷ᠎ᠠ ᠶᠢᠨ 12 ᠤᠨ ᠡᠳᠦᠷ ᠠᠴᠠ 16 ᠤ ᠡᠳᠦᠷ ᠪᠣᠯᠲᠠᠯ᠎ᠠ ᠪᠠᠶᠠᠨᠨᠠᠭᠤᠷ ᠲᠤ ᠶᠠᠪᠤᠭᠳᠠᠬᠤ ᠪᠣᠯᠣᠨ᠎ᠠ᠃ ᠡᠨᠡ ᠬᠤᠭᠤᠴᠠᠭᠠᠨ ᠳᠤ᠂ ᠤᠯᠤᠰ ᠤᠨ ᠬᠠᠮᠢᠶ᠎ᠠ ᠪᠦᠬᠦᠢ ᠶᠠᠮᠤᠨ ᠵᠥᠪᠯᠡᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ ᠵᠢᠴᠢ ᠠᠺᠠᠳᠧᠮᠢᠴᠢ ᠲᠤᠰᠬᠠᠢ ᠮᠡᠷᠭᠡᠵᠢᠯᠲᠡᠨ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠢᠩᠬᠢᠮ ᠲᠣᠪᠴᠢᠶ᠎ᠠ᠂ ᠤᠯᠤᠰ ᠤᠨ ᠳᠣᠲᠣᠭᠠᠳᠤ ᠶᠢᠨ ᠬᠡᠰᠡᠭ ᠬᠥᠷᠰᠢ ᠵᠡᠷᠭᠡᠯᠡᠳᠡᠭᠡ ᠲᠤᠰᠬᠠᠢ ᠣᠷᠣᠨ ᠬᠤᠲᠠ᠂ ᠪᠤᠰᠤᠳ ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ ᠲᠤᠰᠬᠠᠢ ᠣᠷᠣᠨ ᠤ ᠤᠳᠤᠷᠢᠳᠤᠯᠭ᠎ᠠ ᠵᠢᠴᠢ ᠲᠥᠯᠥᠭᠡᠯᠡᠭᠴᠢ ᠶᠢ ᠤᠷᠢᠵᠤ ᠬᠤᠷᠠᠯ ᠳᠤ ᠣᠷᠣᠯᠴᠠᠭᠤᠯᠤᠨ᠎ᠠ᠃      ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠴᠤᠭᠯᠠᠭᠠᠨ ᠳᠤ ᠲᠠᠪᠤᠨ ᠶᠡᠭᠡ ᠭᠤᠣᠯ ᠰᠡᠳᠦᠪᠲᠦ ᠦᠵᠡᠭᠦᠯᠦᠯᠭᠡ ᠡᠷᠭᠢᠯᠡᠬᠦ ᠪᠠᠷ ᠪᠠᠶᠢᠨ᠎ᠠ᠂ ᠲᠣᠰ ᠲᠣᠰ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠦᠯᠭᠡ᠂ ᠥᠪᠥᠷ ᠮᠣᠩᠭᠤᠯ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠦᠵᠡᠭᠦᠯᠦᠯᠭᠡ᠂ ᠣᠲᠣ ᠦᠶ᠎ᠡ ᠶᠢᠨ ᠦᠷ᠎ᠡ ᠶᠢᠨ ᠦᠢᠯᠡᠰ ᠤᠨ ᠦᠵᠡᠭᠦᠯᠦᠯᠭᠡ᠂ ᠣᠲᠣ ᠦᠶ᠎ᠡ ᠶᠢᠨ ᠲᠠᠷᠢᠶᠠᠯᠠᠩ ᠤᠨ ᠲᠣᠨᠤᠭ ᠲᠥᠬᠦᠭᠡᠷᠦᠮᠵᠢ ᠶᠢᠨ ᠦᠵᠡᠭᠦᠯᠦᠯᠭᠡ᠂ ᠪᠠᠶᠠᠨᠨᠠᠭᠤᠷ ᠤᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠵᠡᠭᠦᠯᠦᠯᠭᠡ ᠵᠡᠷᠭᠡ ᠪᠣᠯᠣᠨ᠎ᠠ᠃ ᠡᠭᠦᠨ ᠤ ᠵᠡᠷᠭᠡ ᠳᠤ ᠪᠠᠰᠠ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠬᠠᠢ ᠰᠤᠳᠤᠯᠤᠨ ᠶᠠᠷᠢᠯᠴᠠᠵᠤ ᠰᠣᠯᠢᠯᠴᠠᠬᠤ᠂ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠬᠠᠮᠲᠤᠷᠠᠨ ᠵᠥᠪᠳᠡᠯᠴᠡᠬᠦ᠂ ︽ᠲᠥᠷᠥᠯᠬᠢ ᠪᠣᠷᠣ ᠲᠣᠬᠤᠢ︾ ᠶᠢᠨ ᠨᠠᠷᠠᠲᠤ ᠲᠡᠮᠳᠡᠭᠲᠦ ᠶᠢᠨ ᠲᠠᠪᠤᠨ ᠵᠢᠯ ᠤᠨ ᠣᠶ ᠶᠢ ᠨᠡᠶᠢᠲᠡᠯᠡᠬᠦ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠪᠣᠷᠣ ᠲᠣᠬᠤᠢ ᠶᠢᠨ ᠠᠮᠲᠠᠲᠤ ᠢᠳᠡᠭᠡᠨ ᠤ ᠰᠣᠶᠣᠯ ᠤᠨ ᠨᠠᠶᠢᠷ᠂ ᠪᠣᠷᠣ ᠲᠣᠬᠤᠢ ᠶᠢᠨ ᠰᠣᠶᠣᠯ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ᠂ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠳᠡᠯᠭᠡᠨ ᠨᠡᠪᠲᠡᠷᠡᠭᠦᠯᠬᠦ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠦᠨ᠎ᠡ᠃      ᠲᠣᠰ ᠬᠤᠭᠤᠴᠠᠭᠠᠨ ᠳᠤ ᠴᠤᠭᠯᠠᠭᠠᠨ ᠨᠢ ᠪᠥᠬᠦ ᠤᠯᠤᠰ ᠤᠨ 9 ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ᠂ 12 ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠂ ᠣᠲᠣ ᠦᠶ᠎ᠡ ᠶᠢᠨ ᠲᠠᠷᠢᠮᠠᠯ ᠤᠨ ᠦᠢᠯᠡᠰ᠂ ᠣᠲᠣ ᠦᠶ᠎ᠡ ᠶᠢᠨ ᠲᠠᠷᠢᠶᠠᠯᠠᠩ ᠤᠨ ᠮᠠᠰᠢᠨ ᠲᠣᠨᠣᠭᠯᠠᠯ ᠵᠡᠷᠭᠡ ᠶᠢᠨ ᠲᠣᠭᠤᠷᠢᠨ ᠳᠤ ᠪᠥᠬᠦ ᠤᠯᠤᠰ ᠤᠨ ᠬᠠᠮᠢᠶ᠎ᠠ ᠪᠦᠬᠦᠢ ᠬᠥᠲᠥᠴᠢ ᠠᠵᠤ ᠠᠬᠤᠶᠢᠯᠠᠯ ᠢ ᠤᠷᠢᠵᠤ ᠦᠵᠡᠰᠬᠦᠯᠡᠩ ᠳᠤ ᠣᠷᠣᠯᠴᠠᠭᠤᠯᠤᠨ᠎ᠠ︔ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠰᠤᠳᠤᠯᠤᠨ ᠶᠠᠷᠢᠯᠴᠠᠬᠤ ᠰᠣᠯᠢᠯᠴᠠᠭ᠎ᠠ ᠳᠤ ᠤᠯᠤᠰ ᠤᠨ ᠳᠣᠲᠣᠭᠠᠳᠤ ᠶᠢᠨ ᠨᠠᠷᠠᠲᠤ ᠠᠺᠠᠳᠧᠮᠢᠴᠢ ᠲᠤᠰᠬᠠᠢ ᠮᠡᠷᠭᠡᠵᠢᠯᠲᠡᠨ ᠢ ᠤᠷᠢᠵᠤ ᠭᠤᠣᠯ ᠵᠣᠷᠢᠯᠲᠠ ᠶᠢᠨ ᠶᠠᠷᠢᠶ᠎ᠠ‌ᠠᠵᠤ ᠠᠬᠤᠢ ᠠᠷᠠᠯᠵᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠵᠥᠪᠳᠡᠯᠴᠡᠭᠡ ᠳᠤ ᠭᠤᠣᠯᠳᠠᠭᠤ ᠤᠯᠤᠰ ᠤᠨ ᠳᠣᠲᠣᠭᠠᠳᠤ ᠶᠢᠨ ᠬᠤᠯᠪᠣᠭᠳᠠᠯ ᠪᠦᠬᠦᠢ ᠠᠵᠢᠯ ᠲᠥᠷᠥᠯ ᠤᠨ ᠬᠦᠷᠢᠶᠡᠨ ᠳᠠᠬᠢ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠢ ᠤᠷᠢᠵᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠦᠷ᠎ᠡ ᠪᠦᠲᠦᠭᠡᠯ ᠢ ᠲᠠᠨᠢᠯᠴᠠᠭᠤᠯᠬᠤ ᠵᠡᠷᠭᠡ ᠠᠵᠢᠯᠯᠠᠭ᠎ᠠ ᠥᠷᠨᠢᠭᠦᠯᠪᠡ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠢᠨ ᠠᠰᠠᠭᠤᠯᠲᠠ᠄ ᠣᠶᠢᠯᠠᠭᠠᠭᠰᠠᠨ ᠢᠶᠠᠷ᠂ ᠲᠤᠰ ᠬᠤᠭᠤᠴᠠᠭᠠᠨ ᠤ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠳᠤ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠭᠤᠣᠯᠳᠠᠯᠭ᠎ᠠ ᠲᠠᠢ ᠤᠬᠠᠭᠤᠯᠤᠨ ᠳᠡᠯᠭᠡᠨ ᠦᠵᠡᠭᠦᠯᠬᠦ ᠪᠣᠯᠣᠨ᠎ᠠ᠃ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠥᠨᠳᠥᠷ ᠲᠦᠪᠰᠢᠨ ᠤ ᠣᠷᠣᠨ 2022 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠴᠣᠬᠤᠯᠠᠪᠤᠷᠢᠯᠠᠭᠰᠠᠨ ᠠᠴᠠ ᠨᠠᠰᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠦᠨ ᠬᠥᠭᠵᠢᠬᠦ ᠶᠢ ᠬᠡᠷᠬᠢᠨ ᠬᠥᠲᠥᠯᠥᠨ ᠳᠠᠭᠠᠭᠤᠯᠵᠤ᠂ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠶ︖ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠬᠡᠷᠬᠢᠨ ᠳᠡᠮᠵᠢᠯᠭᠡ ᠦᠵᠡᠭᠦᠯᠦᠭᠰᠡᠨ ᠪᠣᠶ︖      ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠥᠭᠦᠯᠡᠭᠴᠢ᠄ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠥᠨᠳᠥᠷ ᠵᠡᠷᠭᠡ ᠶᠢᠨ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠴᠢᠬᠤᠯᠠ ᠤᠯᠤᠰ ᠤᠨ ᠲᠡᠰ ᠤᠨ ᠲᠠᠪᠴᠠᠩ ᠪᠣᠯᠤᠭᠰᠠᠨ ᠤ ᠬᠤᠪᠢ ᠳᠤ᠂ 5 ᠵᠢᠯ ᠤᠨ ᠴᠢᠷᠮᠠᠶᠢᠯᠭ᠎ᠠ ᠪᠠᠷ᠂ ᠡᠭᠦᠳᠦᠨ ᠪᠠᠶᠢᠭᠤᠯᠬᠤ ᠠᠴᠠ ᠴᠣᠬᠤᠯᠠᠪᠤᠷᠢᠯᠠᠬᠤ ᠬᠦᠷᠲᠡᠯ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠪᠠ ᠳᠡᠮᠵᠢᠯᠭᠡ ᠶᠢ ᠣᠯᠪᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠲᠤᠭᠤᠷᠪᠢᠭᠰᠠᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠮᠣᠩᠭᠤᠯ ᠢ ᠬᠥᠭᠵᠢᠭᠦᠯᠬᠦ︾ ᠲᠥᠷᠥ ᠶᠢᠨ ᠪᠣᠳᠣᠯᠭ᠎ᠠ ᠨᠤᠭᠤᠳ᠂ ᠡᠨᠡᠬᠦ ᠲᠥᠷᠥ ᠶᠢᠨ ᠪᠣᠳᠣᠯᠭ᠎ᠠ ᠪᠠᠷ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ  ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠲᠣᠳᠣᠷᠬᠠᠢ ᠲᠡᠮᠵᠢᠵᠤ᠂ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠠᠴᠠ 5000 ᠲᠦᠮᠡᠨ ᠲᠥᠭᠦᠷᠢᠭ ᠢ ᠳᠡᠮᠵᠢᠬᠦ ᠶᠢᠨ ᠬᠠᠮᠲᠤ ᠠᠶᠢᠮᠠᠭ ᠬᠤᠳᠠ ᠶᠢ 1᠄ 1 ᠪᠠᠷ ᠢᠵᠢ ᠪᠦᠷᠢᠳᠦᠭᠦᠯᠬᠦ ᠶᠢ ᠱᠠᠭᠠᠷᠳᠠᠨ᠎ᠠ᠃      ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠥᠨᠳᠥᠷ ᠲᠦᠪᠰᠢᠨ ᠤ ᠣᠷᠣᠨ ᠨᠢ ᠭᠤᠣᠯᠳᠠᠭᠤ ᠠᠯᠠᠰᠢᠨ ᠬᠤᠨᠢ᠂ ᠬᠠᠲᠠᠭᠤ ᠪᠤᠭᠤᠳᠠᠢ ᠭᠡᠬᠦ ᠬᠤᠶᠠᠷ ᠶᠡᠭᠡ ᠭᠤᠣᠯ ᠰᠡᠳᠦᠪ ᠤᠨ ᠲᠣᠭᠤᠷᠢᠨ ᠳᠤ᠂ ᠪᠣᠷᠣᠳᠣᠬᠤᠢ ᠣᠷᠣᠨ ᠤ ᠠᠮᠢ ᠠᠬᠤᠢ ᠶᠢᠨ ᠲᠠᠷᠢᠶᠠᠯᠠᠩ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠢ ᠬᠡᠷᠡᠭᠵᠢᠭᠦᠯᠵᠦ᠂ ᠣᠳᠣᠬᠠᠨ ᠳᠤ ᠬᠡᠳᠦᠨ ᠭᠤᠣᠯᠳᠠᠯᠭ᠎ᠠ ᠲᠠᠢ ᠬᠦᠷᠢᠶᠡᠨ ᠤ ᠠᠵᠤ ᠦᠢᠯᠡᠰ ᠤᠨ ᠪᠦᠯᠦᠭᠯᠡᠯ ᠨᠢᠭᠡᠨᠲᠡ ᠪᠦᠷᠢᠯᠳᠦᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠭᠤᠣᠯᠳᠠᠭᠤ ᠭᠤᠷᠪᠠᠨ ᠲᠠᠯ᠎ᠠ ᠪᠠᠷ ᠬᠦᠴᠦᠯᠡᠨ ᠠᠵᠢᠯᠯᠠᠵᠤ ᠪᠤᠢ᠃      ᠨᠢᠭᠡᠳᠦᠭᠡᠷ ᠲᠤ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢᠨ ᠲᠠᠯ᠎ᠠ ᠪᠠᠷ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠳᠤ ᠲᠦᠰᠢᠭᠯᠡᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠵᠢᠶᠠᠩᠨᠠᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠰᠤᠳᠤᠯᠭᠠᠨ ᠤ ᠬᠦᠷᠢᠶᠡᠯᠡᠩ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠤᠳᠤ ᠦᠶ᠎ᠡ ᠶᠢᠨ ᠲᠠᠷᠢᠶᠠᠯᠠᠩ ᠤᠨ ᠰᠢᠨ᠎ᠡ ᠶᠢ ᠡᠭᠦᠳᠬᠦ ᠲᠥᠪ᠂ ᠵᠢᠶᠠᠩᠨᠠᠨ ᠶᠡᠭᠡ ᠰᠤᠷᠭᠠᠭᠤᠯᠢ ᠶᠢᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠬᠤᠪᠢᠶᠠᠷᠢ ᠲᠥᠪ ᠪᠣᠯᠣᠨ ᠬᠠᠲᠠᠭᠤ ᠪᠤᠭᠤᠳᠠᠢ᠂ ᠠᠯᠠᠰᠢᠨ ᠬᠤᠨᠢ᠂ ᠲᠠᠷᠢᠶᠠᠯᠠᠩ ᠤᠨ ᠥᠨᠳᠥᠷ ᠪᠦᠲᠦᠮᠵᠢᠲᠡᠢ ᠤᠰᠤ ᠬᠡᠷᠡᠭᠯᠡᠬᠦ᠂ ᠬᠥᠷᠥᠰᠥ ᠰᠢᠷᠣᠢ ᠭᠠᠵᠠᠷ ᠤᠨ ᠬᠦᠴᠦᠨ ᠢ ᠳᠡᠭᠡᠭᠰᠢᠯᠡᠭᠦᠯᠬᠦ ᠮᠡᠷᠭᠡᠵᠢᠯ ᠤᠨ ᠲᠥᠪ ᠵᠡᠷᠭᠡ ᠨᠢᠭᠡ ᠪᠦᠯᠦᠭ ᠳᠡᠭᠡᠳᠦ ᠲᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠪᠠ᠃ ᠷᠧᠨ ᠹᠠ ᠵᠧᠩ ᠠᠺᠠᠳᠧᠮᠢᠴᠢ᠂ ᠵᠠᠩ ᠹᠦ᠋ ᠰᠦᠥᠸ᠋ ᠠᠺᠠᠳᠧᠮᠢᠴᠢ᠂ ᠵᠠᠩ ᠵᠢᠶᠠ ᠪᠦᠦ ᠠᠺᠠᠳᠧᠮᠢᠴᠢ᠂ ᠬᠤᠸᠠᠩ ᠭᠤᠸᠠᠨ ᠬᠤᠸᠠ ᠫᠷᠤᠹᠧᠰᠰᠤᠷ᠂ ᠶᠠᠩ ᠶᠢᠨ ᠰᠥᠩ ᠰᠤᠳᠤᠯᠤᠭᠴᠢ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠠᠺᠠᠳᠧᠮᠢᠴᠢ ᠲᠤᠰᠬᠠᠢ ᠮᠡᠷᠭᠡᠵᠢᠯᠲᠡᠨ ᠤ ᠪᠦᠯᠬᠦᠮ  ᠢ ᠤᠶᠠᠨ ᠬᠠᠲᠠᠨ ᠴᠢᠨᠠᠷᠲᠠᠢ ᠪᠠᠷ ᠣᠷᠣᠭᠤᠯᠤᠨ ᠠᠪᠴᠢᠷᠠᠵᠠᠢ᠃ ᠣᠲᠣ ᠪᠣᠯᠲᠠᠯ᠎ᠠ᠂ ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ ᠣᠲᠣ ᠥᠪᠡᠷᠲᠡᠭᠡᠨ ᠵᠠᠰᠠᠬᠤ ᠣᠷᠣᠨ ᠤ ᠲᠠᠰ  ᠠᠴᠠ ᠳᠡᠭᠡᠭᠰᠢᠬᠢ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ 55 ᠪᠠᠶᠢᠵᠤ᠂ ᠠᠺᠠᠳᠧᠮᠢᠴᠢ ᠶᠢᠨ ᠠᠵᠢᠯ ᠤᠨ ᠥᠷᠲᠡᠭᠡ 2᠂ ᠳ᠋ᠣᠺᠲ᠋ᠣᠷᠠᠨᠲ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ 19᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ 5᠂ ᠰᠢᠨ᠎ᠡ ᠶᠢ ᠡᠭᠦᠳᠬᠦ ᠬᠤᠯᠪᠣᠭᠠᠲᠤ ᠴᠣᠭᠴᠠ 3 ᠶᠢ ᠪᠠᠶᠢᠭᠤᠯᠵᠤ ᠳᠠᠭᠤᠰᠬᠠᠪᠠ᠃      ᠬᠤᠶᠠᠳᠤᠭᠠᠷ ᠲᠤ ᠭᠤᠣᠯᠳᠠᠭᠤ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠲᠠᠯ᠎ᠠ ᠪᠠᠷ ᠭᠤᠣᠯᠳᠠᠭᠤᠯᠵᠤ᠂ 4 ᠵᠢᠯ ᠤᠨ ᠬᠤᠭᠤᠴᠠᠭᠠᠨ ᠳᠤ᠂ ᠬᠤᠶᠠᠷ ᠱᠠᠲᠤᠨ ᠤ ᠵᠠᠰᠠᠭ ᠤᠨ ᠣᠷᠳᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠪᠡᠯᠡ ᠮᠥᠩᠭᠦ  ᠶᠢ ᠨᠡᠶᠢᠲᠡ 4 ᠳ᠋ᠦᠩᠰᠢᠭᠤᠷ ᠲᠥᠭᠦᠷᠢᠭ ᠣᠷᠣᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ᠂ ᠬᠤᠵᠢᠷᠯᠢᠭ ᠭᠠᠵᠠᠷ ᠢ ᠰᠠᠶᠢᠵᠢᠷᠠᠭᠤᠯᠬᠤ ᠵᠡᠷᠭᠡ ᠭᠤᠣᠯᠳᠠᠯᠭ᠎ᠠ  ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ 60 ᠵᠦᠢᠯ ᠤᠨ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠯᠢ ᠤᠯᠠᠨ ᠰᠢᠯᠢᠳᠡᠭ ᠡᠭᠦᠯᠳᠡᠷ ᠢ ᠨᠢᠭᠡᠨᠲᠡ ᠱᠠᠲᠤ ᠦᠶ᠎ᠡ ᠶᠢᠨ ᠴᠢᠨᠠᠷᠲᠠᠢ ᠠᠬᠢᠯᠲᠠ ᠲᠠᠢ ᠪᠣᠯᠭᠠᠪᠠ ︵ᠪᠠᠮᠠᠢ 13 ᠳ᠋ᠤᠭᠠᠷ ᠨᠣᠮᠧᠷᠲᠤ ᠰᠢᠨ᠎ᠡ ᠡᠭᠦᠯᠳᠡᠷ᠂ ᠬᠤᠸᠠ ᠮᠧᠩ ᠤᠨ ᠤᠯᠠᠨ ᠬᠤᠷᠠᠭ᠎ᠠ ᠢᠳᠡᠰᠢᠨ ᠬᠤᠨᠢᠨ ᠤ ᠰᠢᠨ᠎ᠡ ᠡᠭᠦᠯᠳᠡᠷ᠂ ᠰᠠᠨ ᠷᠦᠢ ᠶᠢᠨ ᠨᠡᠷᠡᠨ ᠬᠤᠸᠠᠷ ᠤᠨ ᠰᠢᠷᠢᠰ ᠰᠢᠨ᠎ᠡ ᠡᠭᠦᠯᠳᠡᠷ᠂ ᠲᠥᠷᠥᠯᠬᠢ ᠪᠢᠯᠢᠭᠲᠦ ᠤᠯᠠᠭᠠᠨ ᠰᠢᠷᠢᠰ ᠯᠠᠵᠤᠤ ᠶᠢᠨ ᠰᠢᠨ᠎ᠡ ᠡᠭᠦᠯᠳᠡᠷ᠂ ᠦᠬᠡᠷ ᠬᠤᠨᠢᠨ ᠤ ᠬᠤᠳᠣᠭᠤᠳᠤᠨ ᠤ ᠴᠠᠬᠢᠯᠭᠠᠨ ᠬᠤᠮᠵᠢᠶ᠎ᠠ ᠶᠢᠨ ᠰᠢᠨ᠎ᠡ ᠲᠥᠬᠦᠭᠡᠷᠦᠮᠵᠢ ᠵᠡᠷᠭᠡ ᠨᠢᠭᠡ ᠪᠦᠯᠦᠭ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ︶᠃      ᠭᠤᠷᠪᠠᠳᠤᠭᠠᠷ ᠲᠤ᠂ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠪᠠᠶᠠᠨᠨᠠᠭᠤᠷ ᠲᠤ ᠨᠢᠭᠡ ᠪᠦᠯᠦᠭ ᠰᠢᠯᠢᠳᠡᠭ ᠠᠵᠤ ᠠᠬᠤᠶᠢᠯᠠᠯ ᠪᠣᠶ᠂ ᠵᠢᠱᠢᠶᠡᠯᠡᠪᠡᠯ ᠵᠣᠣ ᠹᠧᠩ ᠭᠤᠯᠢᠷ ᠤᠨ ᠦᠢᠯᠡᠰ᠂ ᠹᠦ᠋ ᠴᠤᠸᠠᠨ ᠰᠢᠨᠵᠢᠯᠡᠬᠦ ᠤᠬᠠᠭᠠᠨ ᠮᠡᠷᠭᠡᠵᠢᠯ᠂ ᠽᠣᠣ ᠶᠤᠸᠠᠨ ᠰᠢᠨ ᠾᠧ᠂ ᠭᠤᠸᠠᠨ ᠡᠯ ᠲᠠᠷᠢᠶᠠᠯᠠᠩ ᠵᠡᠷᠭᠡ ᠪᠤᠭᠤᠳᠠᠢ᠂ ᠠᠯᠠᠰᠢᠨ ᠬᠤᠨᠢ᠂ ᠨᠡᠷᠡᠨ ᠬᠤᠸᠠᠷ ᠵᠡᠷᠭᠡ ᠪᠠᠷ ᠭᠤᠣᠯᠯᠠᠭᠤᠯᠤᠭᠰᠠᠨ ᠠᠵᠤ ᠦᠢᠯᠡᠰ ᠤᠨ ᠬᠡᠯᠬᠢᠶᠡᠵᠢᠭᠰᠡᠨ ᠬᠥᠲᠥᠴᠢ ᠠᠵᠤ ᠠᠬᠤᠶᠢᠯᠠᠯ ᠨᠢᠭᠡᠨᠲᠡ ᠲᠠᠷᠢᠶᠠᠯᠠᠩ ᠤᠨ ᠥᠨᠳᠥᠷ ᠣᠷᠣᠨ ᠳᠤ ᠬᠥᠭᠵᠢᠨ ᠪᠤᠵᠠᠭᠠᠶᠢᠷᠠᠪᠠ᠃ ᠪᠢᠳᠡ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 26᠂ ᠥᠪᠡᠷᠲᠡᠭᠡᠨ ᠵᠠᠰᠠᠬᠤ ᠣᠷᠣᠨ ᠤ ᠲᠠᠰ  ᠠᠴᠠ ᠳᠡᠭᠡᠭᠰᠢᠬᠢ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ 9᠂ ᠥᠪᠡᠷᠲᠡᠭᠡᠨ ᠵᠠᠰᠠᠬᠤ ᠣᠷᠣᠨ ᠤ ᠲᠠᠰ  ᠠᠴᠠ ᠳᠡᠭᠡᠭᠰᠢᠬᠢ ᠠᠵᠤ ᠦᠶᠢᠯᠡᠰᠵᠢᠭᠰᠡᠨ ᠳᠠᠭᠠᠭᠤᠯᠤᠭᠴᠢ ᠠᠵᠤ ᠠᠬᠤᠶᠢᠯᠠᠯ 15 ᠶᠢ ᠪᠣᠶᠢᠵᠢᠭᠤᠯᠪᠠ᠃ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠨᠡᠶᠢᠲᠡ 245 ᠠᠵᠤ ᠠᠬᠤᠶᠢᠯᠠᠯ ᠳᠤ ᠣᠷᠣᠵᠤ᠂ 28 ᠡᠯ᠎ᠡ ᠲᠥᠷᠥᠯ ᠤᠨ ᠲᠥᠷᠥᠯ ᠵᠦᠢᠯ ᠢ ᠪᠣᠶᠢᠵᠢᠭᠤᠯᠤᠨ ᠨᠡᠪᠴᠢᠭᠦᠯᠪᠡ᠃ ᠠᠯᠠᠰᠢᠨ ᠬᠤᠨᠢᠨ ᠤ ᠠᠵᠤ ᠦᠢᠯᠡᠰ ᠤᠨ ᠪᠦᠯᠦᠭᠯᠡᠯ᠂ ᠨᠡᠷᠡᠨ ᠬᠤᠸᠠᠷ ᠤᠨ ᠠᠵᠤ ᠦᠢᠯᠡᠰ ᠤᠨ ᠪᠦᠯᠦᠭᠯᠡᠯ᠂ ᠬᠠᠲᠤᠨ ᠭᠤᠣᠯ ᠤᠨ ᠰᠠᠪᠠ ᠭᠠᠵᠠᠷ ᠤᠨ ᠪᠠᠷᠠᠭᠤᠨ ᠬᠤᠶᠢᠲᠤ ᠣᠷᠣᠨ ᠤ ᠦᠷ᠎ᠡ ᠡᠳ᠋ ᠤᠨ ᠭᠧᠨ ᠤ ᠬᠥᠮᠥᠷᠭᠡ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠵᠢᠯᠯᠠᠭᠤᠯᠪᠠ᠃ ᠲᠠᠷᠢᠶᠠᠯᠠᠩ ᠥᠨᠳᠥᠷ ᠣᠷᠣᠨ ᠳᠤ ᠣᠲᠣ ᠪᠠᠶᠢᠭ᠎ᠠ ᠠᠵᠤ ᠠᠬᠤᠶᠢᠯᠠᠯ ︵ᠦᠢᠯᠡᠳᠬᠦᠨ ᠤ ᠥᠷᠲᠡᠭ ᠨᠢ 500 ᠲᠦᠮᠡᠨ ᠲᠥᠭᠦᠷᠢᠭ ᠠᠴᠠ ᠳᠡᠭᠡᠭᠰᠢ︶ 78 ᠪᠠᠶᠢᠵᠤ᠂ 2022 ᠣᠨ ᠤ ᠦᠢᠯᠡᠳᠬᠦᠨ ᠤ ᠪᠥᠬᠦ ᠥᠷᠲᠡᠭ ᠨᠢ 130.8 ᠳ᠋ᠦᠩᠰᠢᠭᠤᠷ ᠲᠥᠭᠦᠷᠢᠭ ᠪᠣᠯᠣᠨ᠎ᠠ᠃      ᠲᠠᠷᠢᠶᠠᠴᠢᠨ ᠤ ᠡᠳᠦᠷ ᠤᠨ ᠰᠣᠨᠢᠨ ᠤ ᠰᠤᠷᠪᠤᠯᠵᠢᠯᠠᠭᠴᠢ᠄ ᠲᠣᠰ ᠬᠤᠭᠤᠴᠠᠭᠠᠨ ᠤ ᠶᠡᠭᠡ ᠬᠤᠷᠠᠯ ᠨᠢ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠲᠠᠯ᠎ᠠ ᠪᠠᠷ ᠭᠤᠣᠯᠳᠠᠭᠤ ᠶᠠᠮᠠᠷ ᠶᠠᠮᠠᠷ ᠠᠭᠤᠯᠭ᠎ᠠ ᠵᠢ‌‍ᠶᠠᠮᠠᠷ ᠠᠷᠭ᠎ᠠ ᠪᠠᠷ ᠳᠡᠯᠭᠡᠨ ᠦᠵᠡᠭᠦᠯᠬᠦ ᠪᠤᠢ︖      ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠥᠭᠦᠯᠡᠭᠴᠢ᠄ ᠲᠣᠰ ᠬᠤᠭᠤᠴᠠᠭᠠᠨ ᠤ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠤᠨ ᠴᠤᠭᠯᠠᠭᠠᠨ ᠤ ︽ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠣᠯᠭᠤᠬᠤ · ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ︾ ᠭᠡᠬᠦ ᠭᠤᠣᠯ ᠰᠡᠳᠦᠪ ᠤᠨ ᠲᠣᠭᠤᠷᠢᠨ ᠳᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠤᠣᠯᠳᠠᠭᠤ ᠣᠲᠣ ᠦᠶ᠎ᠡ ᠶᠢᠨ ᠲᠠᠷᠢᠮᠠᠯ ᠤᠨ ᠦᠢᠯᠡᠰ ᠪᠠ ᠣᠲᠣ ᠦᠶ᠎ᠡ ᠶᠢᠨ ᠲᠠᠷᠢᠶᠠᠯᠠᠩ ᠤᠨ ᠮᠠᠰᠢᠨ ᠲᠣᠨᠣᠭᠯᠠᠯ ᠭᠡᠬᠦ ᠬᠤᠶᠠᠷ ᠲᠤᠰᠬᠠᠢ ᠰᠡᠳᠦᠪᠲᠦ ᠦᠵᠡᠭᠦᠯᠦᠯᠭᠡ ᠶᠢᠨ ᠲᠣᠭᠤᠷᠢᠭ ᠢᠶᠠᠷ ᠲᠥᠪᠯᠡᠷᠡᠭᠦᠯᠦᠨ ᠳᠡᠯᠭᠡᠨ ᠦᠵᠡᠭᠦᠯᠦᠨ᠎ᠡ᠃      ᠨᠢᠭᠡ ᠨᠢ ᠦᠷ᠎ᠡ ᠶᠢᠨ ᠦᠢᠯᠡᠰ ᠤᠨ ᠦᠵᠡᠭᠦᠯᠦᠯᠭᠡ ᠶᠢᠨ ᠲᠣᠭᠤᠷᠢᠭ ᠪᠣᠯᠣᠨ᠎ᠠ᠂ ︽ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ︽ᠦᠷ᠎ᠡ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠳᠠᠪᠠᠭᠤᠯᠢᠭ ᠣᠨᠴᠠᠯᠢᠭᠲᠤ ᠡᠭᠦᠯᠳᠡᠷ ᠢ ᠪᠣᠶᠢᠵᠢᠭᠤᠯᠬᠤ ᠪᠠ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ︾ ᠭᠤᠷᠪᠠᠨ ᠲᠠᠯ᠎ᠠ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ ᠪᠠ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠵᠠᠭᠪᠤᠷ᠂ ᠰᠢᠨ᠎ᠡ ᠣᠨᠣᠯᠵᠢᠬᠤᠨ ᠢ ᠭᠤᠣᠯᠳᠠᠯᠭ᠎ᠠ ᠲᠠᠢ ᠳᠡᠯᠭᠡᠨ ᠦᠵᠡᠭᠦᠯᠦᠨ᠎ᠡ᠃      ᠦᠵᠡᠭᠦᠯᠦᠯᠭᠡ ᠶᠢᠨ ᠲᠣᠭᠤᠷᠢᠭ ᠨᠢ ᠭᠤᠣᠯ ᠬᠤᠷᠠᠯ ᠤᠨ ᠲᠠᠯᠠᠪᠠᠢ ᠶᠢᠨ ᠨᠢᠭᠡᠳᠦᠭᠡᠷ ᠳᠠᠪᠬᠤᠷᠯᠢᠭ ᠲᠤ ᠪᠠᠶᠢᠷᠢᠯᠠᠵᠤ᠂ 24 ᠦᠵᠡᠭᠦᠯᠦᠯᠭᠡ ᠶᠢᠨ ᠪᠠᠶᠢᠷᠢ ᠲᠠᠢ᠂ ᠣᠳᠣᠬᠠᠨ ᠳᠤ᠂ ᠤᠯᠤᠰ ᠤᠨ ᠳᠣᠲᠣᠭᠠᠳᠤ ᠶᠢᠨ 24 ᠦᠷ᠎ᠡ ᠶᠢᠨ ᠦᠢᠯᠡᠰ ᠤᠨ ᠠᠵᠤ ᠠᠬᠤᠶᠢᠯᠠᠯ ᠢ ᠤᠷᠢᠵᠤ ᠦᠵᠡᠭᠦᠯᠦᠯᠭᠡ ᠳᠤ ᠣᠷᠣᠯᠴᠠᠭᠤᠯᠵᠤ᠂ ᠥᠨᠳᠥᠷ ᠨᠢᠭᠲᠠ ᠳᠠᠷᠢᠭᠰᠠᠨ ᠡᠷᠳᠡᠨᠢ ᠰᠢᠰᠢ᠂ ᠰᠢᠬᠢᠷᠯᠢᠭ ᠰᠢᠯᠦᠬᠡᠢ ᠡᠷᠳᠡᠨᠢ ᠰᠢᠰᠢ᠂ ᠨᠡᠷᠡᠨ ᠬᠤᠸᠠᠷ᠂ ᠢᠳᠡᠰᠢᠨ ᠨᠣᠭᠤᠭ᠎ᠠ᠂ ᠢᠳᠡᠰᠢᠨ ᠬᠤᠨᠢ᠂ ᠨᠣᠯᠤᠤᠷ ᠤᠨ ᠢᠮᠠᠭ᠎ᠠ ᠵᠡᠷᠭᠡ ᠣᠨᠴᠠᠯᠢᠭᠲᠤ ᠠᠵᠤ ᠦᠢᠯᠡᠰ ᠢ ᠬᠠᠮᠤᠷᠴᠠᠢ᠃ 24 ᠦᠷ᠎ᠡ ᠶᠢᠨ ᠦᠢᠯᠡᠰ ᠤᠨ ᠠᠵᠤ ᠠᠬᠤᠶᠢᠯᠠᠯ ᠨᠢ ᠭᠡᠷᠡᠯ ᠵᠢᠷᠤᠭ᠂ ᠦᠰᠦᠭ ᠪᠢᠴᠢᠭ᠂ ᠪᠣᠳᠠᠲᠤ ᠪᠣᠳᠠᠰ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠦᠷ᠎ᠡ ᠶᠢᠨ ᠦᠢᠯᠡᠰ ᠤᠨ ᠲᠠᠯ᠎ᠠ ᠪᠠᠷ ᠬᠢ ᠬᠠᠮᠤᠭ ᠤᠨ ᠰᠢᠨ᠎ᠡ ᠪᠥᠭᠡᠳ ᠬᠠᠮᠤᠭ ᠤᠨ ᠡᠮᠦᠨ᠎ᠡ ᠵᠠᠬ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠪᠣᠯᠣᠨ᠎ᠠ᠃ ᠲᠠᠷᠢᠶᠠᠯᠠᠩ ᠳᠤ ᠬᠤᠯᠪᠣᠭᠳᠠᠬᠤ ᠡᠯ᠎ᠡ ᠠᠵᠤ ᠠᠬᠤᠶᠢᠯᠠᠯ᠂ ᠮᠠᠯᠴᠢᠨ ᠲᠠᠷᠢᠶᠠᠴᠢᠨ ᠨᠠᠶᠢᠵᠠ ᠨᠠᠷ᠂ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠬᠦᠷᠦᠯᠴᠡᠨ ᠢᠷᠡᠵᠦ ᠦᠵᠡᠭᠦᠯᠦᠯᠭᠡ ᠶᠢ ᠰᠣᠨᠢᠷᠬᠠᠬᠤ ᠶᠢᠨ ᠬᠠᠮᠲᠤ ᠠᠵᠢᠯ ᠢᠶᠠᠨ ᠵᠥᠪᠳᠡᠯᠴᠡᠬᠦ ᠶᠢ ᠬᠦᠰᠡᠵᠦ ᠪᠠᠶᠢᠨ᠎ᠠ᠃ 9 ᠰᠠᠷ᠎ᠠ ᠶᠢᠨ 13  ᠤ ᠦᠳᠡ ᠶᠢᠨ ᠡᠮᠦᠨ᠎ᠡ ᠤᠳᠤ ᠦᠶ᠎ᠡ ᠶᠢᠨ ᠦᠷ᠎ᠡ ᠶᠢᠨ ᠦᠢᠯᠡᠰ ᠤᠨ ᠶᠠᠷᠢᠶᠠᠨ ᠤ ᠲᠠᠪᠴᠠᠩ ᠢ ᠡᠷᠬᠢᠯᠡᠵᠦ᠂ 4 ᠲᠤᠰᠬᠠᠢ ᠮᠡᠷᠭᠡᠵᠢᠯᠲᠡᠨ ᠪᠣᠯᠣᠨ 2 ᠦᠷ᠎ᠡ ᠶᠢᠨ ᠦᠢᠯᠡᠰ ᠤᠨ ᠲᠣᠯᠣᠭᠠᠶᠢᠯᠠᠭᠴᠢ ᠠᠵᠤ ᠠᠬᠤᠶᠢᠯᠠᠯ ᠤᠨ ᠲᠥᠯᠥᠭᠡᠯᠡᠭᠴᠢ ᠶᠢ ᠤᠷᠢᠵᠤ᠂ ᠪᠤᠭᠤᠳᠠᠢ᠂ ᠡᠷᠳᠡᠨᠢ ᠰᠢᠰᠢ᠂ ᠨᠡᠷᠡᠨ ᠬᠤᠸᠠᠷ᠂ ᠠᠯᠠᠰᠢᠨ ᠬᠤᠨᠢ᠂ ᠭᠤᠸᠠ ᠨᠣᠭᠤᠭ᠎ᠠ᠂ ᠲᠡᠵᠢᠭᠡᠯ ᠡᠪᠡᠰᠦ ᠵᠡᠷᠭᠡ 6 ᠲᠠᠯ᠎ᠠ ᠶᠢᠨ ᠲᠣᠭᠤᠷᠢᠨ ᠳᠤ ᠭᠤᠣᠯ ᠰᠡᠳᠦᠪᠲᠦ ᠮᠡᠳᠡᠭᠦᠯᠦᠯᠲᠡ ᠬᠢᠯᠭᠡᠨ᠎ᠡ᠃ ᠠᠳᠡ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠪᠣᠯᠣᠨ ᠵᠠᠭᠤᠴᠢᠯᠠᠭᠤᠷ ᠤᠨ ᠨᠠᠶᠢᠵᠠ ᠨᠠᠷ ᠤᠨ ᠰᠣᠯᠢᠯᠴᠠᠭ᠎ᠠ ᠳᠤ ᠣᠷᠣᠯᠴᠠᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃      ᠬᠤᠶᠠᠳᠤᠭᠠᠷ ᠨᠢ ᠲᠠᠷᠢᠶᠠᠯᠠᠩ ᠤᠨ ᠮᠠᠰᠢᠨ ᠲᠣᠨᠣᠭᠯᠠᠯ ᠤᠨ ᠦᠵᠡᠭᠦᠯᠦᠯᠭᠡ ᠶᠢᠨ ᠲᠣᠭᠤᠷᠢᠭ ᠪᠣᠯᠣᠨ᠎ᠠ᠂ ︽ᠦᠷ᠎ᠡ ᠪᠦᠲᠦᠭᠡᠯ ᠢᠶᠠᠨ ᠳᠡᠯᠭᠡᠨ ᠦᠵᠡᠭᠦᠯᠬᠦ᠂ ᠰᠣᠯᠢᠯᠴᠠᠭ᠎ᠠ ᠪᠠᠨ ᠠᠬᠢᠭᠤᠯᠬᠤ᠂ ᠳᠡᠯᠭᠡᠷᠡᠭᠦᠯᠦᠯᠲᠡ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠭᠤᠣᠯᠳᠠᠭᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠮᠠᠰᠢᠨᠴᠢᠯᠠᠯᠲᠠ᠂ ᠣᠶᠤᠨᠴᠢᠯᠠᠯᠲᠠ ᠶᠢᠨ ᠲᠣᠨᠣᠭᠯᠠᠯ ᠢ ᠳᠡᠯᠭᠡᠨ ᠦᠵᠡᠭᠦᠯᠵᠦ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ᠂ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠯᠲᠠ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠂ ᠣᠶᠤᠨᠴᠢᠯᠠᠯᠲᠠ ᠵᠡᠷᠭᠡ ᠲᠠᠯ᠎ᠠ ᠶᠢᠨ ᠵᠠᠩᠭᠢᠯᠠᠭ᠎ᠠ ᠶᠢᠨ ᠮᠡᠷᠭᠡᠵᠢᠯ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠬᠡᠷᠡᠭᠯᠡᠭᠡᠨ ᠤ ᠲᠠᠷᠢᠶᠠᠯᠠᠩ ᠤᠨ ᠮᠠᠰᠢᠨ ᠲᠣᠨᠣᠭᠯᠠᠯ ᠢ ᠭᠤᠣᠯᠳᠠᠯᠭ᠎ᠠ ᠲᠠᠢ ᠳᠣᠪᠤᠶᠢᠯᠭᠠᠨ᠎ᠠ᠃      ᠦᠵᠡᠭᠦᠯᠦᠯᠭᠡ ᠶᠢᠨ ᠲᠣᠭᠤᠷᠢᠭ ᠨᠢ ᠲᠢᠶᠠᠨ ᠲᠢᠶᠠᠨ ᠾᠧ ᠲᠣᠬᠤᠢ ᠶᠢᠨ ᠶᠡᠷᠦᠩᠬᠡᠢ ᠭᠠᠵᠠᠷ ᠤᠨ ᠰᠠᠭᠤᠷᠢᠨ ᠭᠠᠵᠠᠷ ᠤᠨ ᠠᠭᠤᠳᠠᠮ ᠲᠠᠯᠠᠪᠠᠢ ᠳᠤ ᠪᠠᠶᠢᠷᠢᠯᠠᠵᠤ᠂ ᠲᠠᠯᠠᠪᠠᠢ ᠨᠢ 16000 ᠲᠥᠭᠦᠷᠢᠭ ᠲᠤ ᠬᠦᠷᠴᠦ᠂ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠲᠥᠬᠦᠭᠡᠷᠦᠮᠵᠢ ᠶᠢᠨ ᠦᠵᠡᠭᠦᠯᠦᠯᠭᠡ ᠶᠢᠨ ᠲᠣᠭᠤᠷᠢᠭ᠂ ᠣᠶᠤᠨᠲᠤ ᠲᠠᠷᠢᠶᠠᠯᠠᠩ ᠤᠨ ᠮᠠᠰᠢᠨ ᠤ ᠦᠵᠡᠭᠦᠯᠦᠯᠭᠡ ᠶᠢᠨ ᠲᠣᠭᠤᠷᠢᠭ᠂ ᠮᠠᠯ ᠠᠵᠤ ᠠᠬᠤᠢ ᠶᠢᠨ ᠲᠤᠨᠤᠭ ᠲᠥᠬᠦᠭᠡᠷᠦᠮᠵᠢ ᠶᠢᠨ ᠦᠵᠡᠭᠦᠯᠦᠯᠭᠡ ᠶᠢᠨ ᠲᠣᠭᠤᠷᠢᠭ᠂ ᠬᠥᠳᠡᠯᠭᠡᠬᠦ ᠬᠦᠴᠦᠨ ᠤ ᠮᠠᠰᠢᠨ ᠤ ᠦᠵᠡᠭᠦᠯᠦᠯᠭᠡ ᠶᠢᠨ ᠲᠣᠭᠤᠷᠢᠭ᠂ ᠨᠣᠭᠤᠭᠠᠨ ᠳᠠᠷᠤᠰᠢ ᠶᠢᠨ ᠮᠠᠰᠢᠨ ᠤ ᠦᠵᠡᠭᠦᠯᠦᠯᠭᠡ ᠶᠢᠨ ᠲᠣᠭᠤᠷᠢᠭ᠂ ᠬᠤᠷᠢᠶᠠᠯᠲᠠ ᠶᠢᠨ ᠮᠠᠰᠢᠨ ᠤ ᠦᠵᠡᠭᠦᠯᠦᠯᠭᠡ ᠶᠢᠨ ᠲᠣᠭᠤᠷᠢᠭ ᠪᠣᠯᠣᠨ ᠪᠠᠭ᠎ᠠ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠦᠵᠡᠭᠦᠯᠦᠯᠭᠡ ᠶᠢᠨ ᠲᠣᠭᠤᠷᠢᠭ ᠵᠡᠷᠭᠡ 7 ᠣᠷᠣᠨ ᠲᠣᠭᠤᠷᠢᠭ ᠲᠣᠬᠢᠷᠠᠭᠤᠯᠵᠠᠢ᠃ ᠣᠳᠣᠬᠠᠨ ᠳᠤ᠂ 55 ᠠᠵᠤ ᠠᠬᠤᠶᠢᠯᠠᠯ ᠦᠵᠡᠰᠬᠦᠯᠡᠩ ᠳᠤ ᠣᠷᠣᠯᠴᠠᠵᠤ᠂ ᠡᠯ᠎ᠡ ᠲᠦᠷᠦᠯ ᠤᠨ ᠲᠡᠷᠢᠭᠦᠨ ᠤ ᠬᠡᠷᠡᠭᠯᠡᠭᠡᠨ ᠤ ᠲᠠᠷᠢᠶᠠᠯᠠᠩ ᠤᠨ ᠲᠤᠨᠤᠭ ᠲᠥᠬᠦᠭᠡᠷᠦᠮᠵᠢ ᠶᠢ 200 ᠭᠠᠷᠤᠢ ᠵᠦᠢᠯ ᠳᠡᠯᠭᠡᠨ ᠦᠵᠡᠭᠦᠯᠵᠦ ᠪᠤᠢ᠃ ᠡᠭᠦᠨ ᠳᠤ᠂ ᠤᠯᠤᠰ ᠤᠨ ᠳᠣᠲᠣᠭᠠᠳᠤ ᠶᠢᠨ ᠲᠣᠮᠣ ᠬᠡᠯᠪᠡᠷᠢ ᠶᠢᠨ ᠲᠥᠪ ᠤᠨ ᠠᠵᠤ ᠠᠬᠤᠶᠢᠯᠠᠯ ᠤᠨ ᠤᠯᠤᠰ ᠤᠨ ᠮᠠᠰᠢᠨ ᠮᠧᠬᠠᠨᠢᠭ ᠤᠨ ᠪᠦᠯᠦᠭᠯᠡᠯ ᠤᠨ ᠬᠠᠷᠢᠶᠠᠨ ᠳᠠᠬᠢ ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨ ᠤ ᠬᠦᠷᠢᠶᠡᠯᠡᠩ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠤᠷᠢᠵᠤ᠂ ᠲᠣᠰ ᠪᠦᠯᠦᠭᠯᠡᠯ ᠤᠨ ᠬᠠᠷᠢᠶᠠᠨ ᠳᠠᠬᠢ ᠬᠤᠸᠠ ᠳ᠋ᠧ᠂ ᠮᠧᠶ ᠨᠦᠥᠸ᠋᠂ ᠵᠥᠩ ᠬᠤ ᠵᠡᠷᠭᠡ ᠨᠠᠷᠠᠲᠤ ᠲᠥᠷᠥᠯ ᠲᠡᠮᠳᠡᠭᠲᠦ ᠪᠠᠷ ᠡᠰᠢ ᠰᠦᠷᠡᠯ ᠢ ᠪᠣᠭᠤᠵᠢᠯᠠᠬᠤ ᠮᠠᠰᠢᠨ᠂ ᠨᠣᠭᠤᠭᠠᠨ ᠪᠣᠷᠳᠤᠭ᠎ᠠ ᠬᠤᠷᠢᠶᠠᠬᠤ ᠮᠠᠰᠢᠨ᠂ ᠠᠦ᠋ᠲ᠋ᠣ᠋ ᠯᠠᠵᠤᠤ ᠬᠤᠷᠢᠶᠠᠬᠤ ᠮᠠᠰᠢᠨ᠂ ᠲᠥᠪᠡᠳ ᠬᠠᠰᠢ ᠲᠡᠭᠦᠬᠦ ᠮᠠᠰᠢᠨ ᠬᠥᠮᠥᠨ ᠵᠡᠷᠭᠡ ᠬᠠᠮᠤᠭ ᠤᠨ ᠰᠢᠨ᠎ᠡ ᠣᠶᠤᠨᠴᠢᠯᠠᠭᠰᠠᠨ ᠲᠠᠷᠢᠶᠠᠯᠠᠩ ᠤᠨ ᠮᠠᠰᠢᠨ ᠤ ᠲᠣᠨᠣᠭᠯᠠᠯ ᠢ ᠳᠡᠯᠭᠡᠨ ᠦᠵᠡᠭᠦᠯᠬᠦ ᠪᠣᠯᠣᠨ᠎ᠠ᠃ ᠲᠤᠬᠠᠢ ᠶᠢᠨ ᠦᠶ᠎ᠡ ᠳᠤ᠂ ᠤᠯᠠᠨ ᠢᠶᠠᠷ ᠢᠶᠠᠨ ᠬᠦᠷᠦᠯᠴᠡᠨ ᠢᠷᠡᠵᠦ ᠦᠵᠡᠰᠬᠦᠯᠡᠩ ᠢ ᠲᠣᠭᠤᠷᠢᠨ ᠦᠵᠡᠵᠦ ᠬᠠᠮᠲᠤᠷᠠᠯᠴᠠᠭ᠎ᠠ ᠬᠢᠬᠦ ᠶᠢ ᠬᠦᠰᠡᠵᠦ ᠪᠠᠶᠢᠨ᠎ᠠ᠃      ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠤᠷᠪᠤᠯᠵᠢᠯᠠᠭᠴᠢ ᠶᠢᠨ ᠠᠰᠠᠭᠤᠯᠲᠠ᠄ ᠣᠶᠢᠯᠠᠭᠠᠭᠰᠠᠨ ᠢᠶᠠᠷ᠂ ᠲᠣᠰ ᠤᠳᠠᠭᠠᠨ ᠤ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠤᠨ ᠴᠤᠭᠯᠠᠭᠠᠨ ᠳᠤ ᠨᠢᠭᠡ ᠪᠦᠯᠦᠭ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠠᠺᠠᠳᠧᠮᠢᠴᠢ᠂ ᠲᠤᠰᠬᠠᠢ ᠮᠡᠷᠭᠡᠵᠢᠯᠲᠡᠨ ᠤ ᠪᠦᠯᠬᠦᠮ ᠪᠠᠶᠠᠨᠨᠠᠭᠤᠷ ᠲᠤ ᠴᠤᠭᠯᠠᠷᠠᠬᠤ ᠪᠠᠷ ᠪᠣᠶ᠂ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠤᠨ ᠴᠤᠭᠯᠠᠭᠠᠨ ᠳᠡᠭᠡᠷ᠎ᠡ ᠡᠲᠡᠭᠡᠷ ᠠᠺᠠᠳᠧᠮᠢᠴᠢ ᠲᠤᠰᠬᠠᠢ ᠮᠡᠷᠭᠡᠵᠢᠯᠲᠡᠳ ᠶᠠᠮᠠᠷ ᠶᠠᠮᠠᠷ ᠠᠵᠢᠯᠯᠠᠭ᠎ᠠ ᠥᠷᠨᠢᠭᠦᠯᠬᠦ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭᠠᠨ ᠤ ᠲᠠᠯ᠎ᠠ ᠪᠠᠷ ᠶᠠᠮᠠᠷ ᠶᠠᠮᠠᠷ ᠰᠢᠨ᠎ᠡ ᠦᠵᠡᠯᠲᠡ ᠲᠠᠢ ᠪᠣᠯᠬᠤ ᠪᠣᠶ︖      ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠥᠭᠦᠯᠡᠭᠴᠢ᠄ ᠮᠠᠨ ᠤ ᠡᠨᠡ ᠤᠳᠠᠭ᠎ᠠ ᠶᠢᠨ ᠪᠠᠶᠠᠨᠨᠠᠭᠤᠷ ᠤᠨ ᠬᠥᠳᠡᠭᠡ ᠠᠵᠤ ᠠᠬᠤᠢ ᠶᠢᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠳᠤ ᠭᠤᠣᠯ ᠵᠤᠷᠢᠯᠳᠠᠳᠤ ᠶᠠᠷᠢᠶᠠᠨ ᠤ ᠲᠠᠪᠴᠠᠩ᠂ ᠵᠣᠯᠭᠠᠭᠤᠯᠵᠤ ᠰᠣᠯᠢᠯᠴᠠᠬᠤ ᠠᠵᠢᠯᠯᠠᠭ᠎ᠠ ᠶᠢ ᠪᠠᠭᠲᠠᠭᠠᠵᠤ᠂ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠲᠤᠰᠬᠠᠢ ᠲᠠᠯᠠᠪᠤᠷ ᠤᠨ ᠰᠣᠯᠢᠯᠴᠠᠭ᠎ᠠ ᠶᠢ ᠲᠣᠬᠢᠷᠠᠭᠤᠯᠵᠤ᠂ ᠮᠠᠰᠢ ᠡᠯᠪᠡᠭ ᠪᠠᠶᠠᠯᠢᠭ ᠲᠣᠬᠢᠷᠠᠭᠤᠯᠵᠠᠢ᠃ ᠡᠭᠦᠨ ᠤ ᠳᠣᠲᠣᠷ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠢᠴᠢ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠶᠡᠭᠡ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠮᠠᠰᠢ ᠤᠯᠠᠨ ᠲᠡᠷᠢᠭᠦᠨ ᠵᠡᠷᠭᠡ ᠶᠢᠨ ᠠᠺᠠᠳᠧᠮᠢᠴᠢ᠂ ᠲᠤᠰᠬᠠᠢ ᠮᠡᠷᠭᠡᠵᠢᠯᠲᠡᠨ ᠢ ᠣᠨᠴᠠᠭᠠᠶᠢᠯᠠᠨ ᠤᠷᠢᠵᠤ᠂ ᠶᠠᠷᠢᠯᠴᠠᠭᠠᠨ ᠤ ᠲᠠᠪᠴᠠᠩ ᠤᠨ ᠡᠯ᠎ᠡ ᠵᠦᠢᠯ ᠤᠨ ᠠᠵᠢᠯᠯᠠᠭ᠎ᠠ ᠳᠤ ᠣᠷᠣᠯᠴᠠᠭᠤᠯᠵᠠᠢ᠃ ᠡᠭᠦᠨ ᠳᠤ ᠬᠠᠮᠤᠭ ᠤᠨ ᠴᠢᠬᠤᠯᠠ ᠨᠢᠭᠡ ᠠᠵᠢᠯᠯᠠᠭ᠎ᠠ ᠪᠣᠯ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ · ᠠᠮᠢ ᠠᠬᠤᠢ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ︾ ᠭᠡᠬᠦ ᠲᠦᠷᠦᠭᠦᠴᠦᠳ ᠤᠨ ᠶᠠᠷᠢᠶᠠᠨ ᠤ ᠲᠠᠪᠴᠠᠩ ᠪᠣᠯᠣᠨ᠎ᠠ᠃ ᠡᠨᠡᠬᠦ ᠲᠦᠷᠦᠭᠦᠴᠦᠳ ᠤᠨ ᠶᠠᠷᠢᠶᠠᠨ ᠤ ᠲᠠᠪᠴᠠᠩ ᠳᠡᠭᠡᠷ᠎ᠡ᠂ ᠡᠳᠡᠭᠡᠷ ᠲᠤᠰᠬᠠᠢ ᠮᠡᠷᠭᠡᠵᠢᠯᠲᠡᠨ᠂ ᠡᠷᠳᠡᠮᠲᠡᠳ ᠵᠢᠴᠢ ᠠᠺᠠᠳᠧᠮᠢᠴᠢ ᠨᠠᠷ ᠲᠤᠰ ᠤᠳᠠᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠲᠤᠷᠰᠢᠯᠭ᠎ᠠ ᠵᠢᠴᠢ ᠬᠠᠮᠢᠶ᠎ᠠ ᠪᠦᠬᠦᠢ ᠰᠤᠳᠤᠯᠭᠠᠨ ᠤ ᠦᠷ᠎ᠡ ᠪᠦᠲᠦᠭᠡᠯ ᠢ ᠬᠠᠩᠭᠠᠬᠤ ᠪᠣᠯᠣᠨ᠎ᠠ᠃      ᠬᠤᠶᠠᠷ ᠲᠤ᠂ ᠲᠣᠰ ᠤᠳᠠᠭᠠᠨ ᠤ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠴᠤᠭᠯᠠᠭᠠᠨ ᠳᠡᠭᠡᠷ᠎ᠡ ᠨᠢᠭᠡ ᠪᠦᠯᠦᠭ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭᠠᠨ ᠤ ᠲᠥᠷᠥᠯ ᠵᠦᠢᠯ ᠢ ᠲᠣᠬᠢᠷᠠᠯᠴᠠᠵᠤ᠂ ᠲᠠᠷᠢᠶᠠᠯᠠᠩ ᠤᠨ ᠶᠡᠭᠡ ᠰᠤᠷᠭᠠᠭᠤᠯᠢ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠠᠷᠢᠶᠠᠯᠠᠩ ᠣᠶ ᠰᠢᠭᠤᠢ ᠶᠢᠨ ᠶᠡᠭᠡ ᠰᠤᠷᠭᠠᠭᠤᠯᠢ᠂ ᠬᠤᠨᠠᠨ ᠤ ᠲᠠᠷᠢᠶᠠᠯᠠᠩ ᠤᠨ ᠶᠡᠭᠡ ᠰᠤᠷᠭᠠᠭᠤᠯᠢ᠂ ᠵᠢᠶᠠᠩᠨᠠᠨ ᠶᠡᠭᠡ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠢᠳᠡᠪᠬᠢᠲᠡᠢ ᠠᠬᠢᠭᠤᠯᠤᠨ᠎ᠠ᠃ ᠡᠭᠦᠨ ᠤ ᠬᠠᠮᠲᠤ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠥᠨᠳᠥᠷ ᠲᠦᠪᠰᠢᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠪᠣᠯᠣᠨ ᠠᠮᠢ ᠠᠬᠤᠢ ᠶᠢᠨ ᠲᠠᠷᠢᠶᠠᠯᠠᠩ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠪᠠᠶᠠᠨᠨᠠᠭᠤᠷ ᠬᠤᠳᠠ ᠶᠢᠨ ᠵᠠᠰᠠᠭ ᠤᠨ ᠣᠷᠳᠣᠨ ᠯᠤᠭ᠎ᠠ ᠰᠢᠷᠢᠰ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠬᠤ ᠶᠢ ᠠᠬᠢᠭᠤᠯᠤᠨ᠎ᠠ᠃      ᠭᠤᠷᠪᠠᠳᠤᠭᠠᠷ ᠲᠤ᠂ ᠲᠣᠰ ᠤᠳᠠᠭᠠᠨ ᠤ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠴᠤᠭᠯᠠᠭᠠᠨ ᠳᠡᠭᠡᠷ᠎ᠡ ᠦᠷ᠎ᠡ ᠪᠦᠲᠦᠭᠡᠯ ᠢ ᠵᠣᠯᠭᠠᠭᠤᠯᠤᠨ ᠲᠠᠨᠢᠯᠴᠠᠭᠤᠯᠬᠤ ᠰᠢᠷᠢᠰ ᠠᠵᠢᠯᠯᠠᠭ᠎ᠠ ᠥᠷᠨᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠤᠷᠢᠵᠤ ᠬᠤᠷᠠᠯ ᠤᠨ ᠲᠠᠯᠠᠪᠠᠶ ᠳᠤ ᠢᠷᠡᠭᠦᠯᠵᠦ ᠲᠡᠳᠡᠨ ᠤ ᠣᠲᠣ ᠶᠢᠨ ᠪᠠᠶᠢᠭ᠎ᠠ ᠵᠠᠷᠢᠮ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠡᠢ᠃      ᠪᠢᠳᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠤᠯᠠᠨ ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠡᠳᠡᠭᠡᠷ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯᠲᠠᠨ ᠤ ᠥᠪᠥᠷ ᠮᠣᠩᠭᠤᠯ ᠤᠨ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠲᠠᠢ ᠨᠢᠭᠤᠷᠳᠠᠨ ᠰᠣᠯᠢᠯᠴᠠᠭ᠎ᠠ ᠬᠢᠬᠦ ᠶᠢ ᠠᠬᠢᠭᠤᠯᠪᠠ᠃ ᠡᠲᠡᠭᠡᠷ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠵᠣᠯᠭᠠᠭᠤᠯᠤᠨ ᠰᠣᠯᠢᠯᠴᠠᠬᠤ ᠪᠠᠷ ᠳᠠᠮᠵᠢᠭᠤᠯᠤᠨ᠂ ᠨᠢᠭᠡ ᠪᠦᠯᠦᠭ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠠᠬᠢᠭᠤᠯᠵᠤ᠂ ᠨᠢᠭᠡ ᠪᠦᠯᠦᠭ ᠲᠡᠷᠢᠭᠦᠨ ᠤ ᠪᠥᠭᠡᠳ ᠬᠡᠷᠡᠭᠯᠡᠬᠦ ᠳᠤ ᠲᠣᠬᠢᠷᠠᠮᠵᠢᠲᠠᠢ ᠦᠷ᠎ᠡ ᠪᠦᠲᠦᠭᠡᠯ ᠢ ᠬᠤᠪᠢᠷᠠᠭᠤᠯᠬᠤ ᠬᠡᠷᠡᠭᠲᠡᠢ᠃ ᠡᠭᠦᠨ ᠤ ᠬᠠᠮᠲᠤ᠂ ᠲᠣᠰ ᠤᠳᠠᠭᠠᠨ ᠤ ᠦᠵᠡᠭᠦᠯᠦᠯᠭᠡ ᠶᠢᠨ ᠴᠤᠭᠯᠠᠭᠠᠨ ᠤ ᠦᠷ᠎ᠡ ᠪᠦᠲᠦᠭᠡᠯ ᠢ ᠴᠥᠮ ᠥᠪᠡᠷᠲᠡᠭᠡᠨ ᠵᠠᠰᠠᠬᠤ ᠣᠷᠣᠨ ᠤ ᠪᠥᠬᠦ ᠬᠦᠴᠦᠨ ᠢᠶᠠᠷ ᠢᠶᠠᠨ ᠪᠠᠶᠢᠭᠤᠯᠤᠭᠰᠠᠨ ᠲᠥᠪᠯᠡᠷᠡᠭᠦᠯᠦᠨ ᠵᠣᠯᠭᠠᠭᠤᠯᠬᠤ ᠦᠵᠡᠭᠦᠯᠦᠯᠭᠡ ᠵᠢᠴᠢ ᠰᠣᠯᠢᠯᠴᠠᠭᠠᠨ ᠤ ᠲᠠᠪᠴᠠᠩ ︱ ︽ᠮᠣᠩᠭᠤᠯ ᠰᠢᠨᠵᠢᠯᠡᠬᠦ ᠤᠬᠠᠭᠠᠨ ᠤ ᠴᠤᠭᠯᠠᠷᠠᠯ︾ ᠤᠨ ᠲᠠᠪᠴᠠᠩ ᠳᠤ ᠰᠦᠯᠵᠢᠶᠡᠨ ᠳᠤ ᠣᠷᠣᠭᠤᠯᠬᠤ ᠪᠣᠯᠣᠨ᠎ᠠ᠃ ᠡᠨᠡᠬᠦ ᠲᠠᠪᠴᠠᠩ ᠢᠶᠠᠷ ᠳᠠᠮᠵᠢᠭᠤᠯᠤᠨ ᠥᠷᠭᠡᠨ ᠤᠯᠠᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠵᠢᠴᠢ ᠣᠷᠣᠨ ᠤ ᠳᠣᠲᠣᠷ᠎ᠠ ᠭᠠᠳᠠᠨᠠᠬᠢ ᠲᠤᠰᠬᠠᠢ ᠮᠡᠷᠭᠡᠵᠢᠯᠲᠡᠳ ᠲᠤ ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠬᠤ ᠰᠣᠯᠢᠯᠴᠠᠭᠠᠨ ᠤ ᠣᠷᠴᠢᠨ ᠲᠣᠭᠤᠷᠢᠨ ᠢ ᠬᠠᠩᠭᠠᠵᠤ᠂ ᠦᠷ᠎ᠡ ᠪᠦᠲᠦᠭᠡᠯ ᠢ ᠥᠨᠳᠥᠷ ᠪᠦᠲᠦᠮᠵᠢᠲᠡᠢ ᠬᠤᠪᠢᠷᠠᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠠᠵᠤ ᠠᠬᠤᠢ ᠶᠢᠨ ᠨᠢᠭᠲᠠ ᠤᠶᠠᠯᠳᠤᠯ ᠢ ᠠᠬᠢᠭᠤᠯᠵᠤ᠂ ᠬᠠᠮᠤᠭ ᠡᠴᠦᠰ ᠲᠤ ᠤᠯᠠᠨ ᠲᠠᠯ᠎ᠠ ᠪᠠᠷ ᠲᠤᠯᠭᠠᠭᠤᠷᠢᠯᠠᠭᠰᠠᠨ᠂ ᠴᠡᠭ ᠪᠣᠯᠣᠨ ᠨᠡᠶᠢᠳᠡᠮ ᠢ ᠤᠶᠠᠯᠳᠤᠭᠤᠯᠤᠭᠰᠠᠨ᠂ ᠬᠠᠮᠵᠢᠯᠴᠠᠨ ᠬᠠᠮᠲᠤᠪᠠᠷ ᠤᠷᠤᠭᠰᠢᠯᠠᠭᠰᠠᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃ᠡᠷᠬᠢᠯᠡᠭᠰᠡᠨ ᠴᠠᠭ      2023 ᠣᠨ ᠤ 9 ᠰᠠᠷ᠎ᠠ ᠶᠢᠨ 12 ᠤᠨ ᠡᠳᠦᠷ - 9 ᠰᠠᠷ᠎ᠠ ᠶᠢᠨ      ᠭᠤᠣᠯ ᠰᠡᠳᠦᠪ      ︽ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠤᠷᠢ ᠣᠯᠭᠤᠬᠤ · ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ︾
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ