ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠨᠢᠭᠡᠴᠡ ᠳᠤ᠄ | ︽ᠪᠠᠶᠠᠨᠨᠠᠭᠤᠷ ᠬᠤᠲᠠ ᠶᠢᠨ ᠠᠵᠤ ᠦᠢᠯᠡᠳᠪᠦᠷᠢ ᠶᠢᠨ ᠣᠶᠤᠨᠴᠢᠯᠠᠭᠰᠠᠨ ᠬᠥᠭᠵᠢᠯᠲᠡ ᠶᠢᠨ ᠬᠡᠷᠡᠭᠵᠢᠭᠦᠯᠬᠦ ᠲᠥᠰᠥᠯ ︵2023 ᠠᠴᠠ 2025 ᠣᠨ︶︾ | ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ | 2023 ᠣᠨ ᠤ 5 ᠰᠠᠷ᠎ᠠ ᠶᠢᠨ 11 ᠤ ᠡᠳᠦᠷ | ᠪᠠᠶᠠᠨᠨᠠᠭᠤᠷ ᠬᠤᠲᠠ ᠶᠢᠨ ᠠᠵᠤ ᠦᠢᠯᠡᠳᠪᠦᠷᠢ ᠶᠢᠨ ᠣᠶᠤᠨᠴᠢᠯᠠᠭᠰᠠᠨ ᠬᠥᠭᠵᠢᠯᠲᠡ ᠶᠢᠨ ᠬᠡᠷᠡᠭᠵᠢᠭᠦᠯᠬᠦ ᠲᠥᠰᠥᠯ | ︵2023-2025 ᠣᠨ︶ | ︽ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠥᠷᠥ ᠶᠢᠨ ᠪᠣᠳᠣᠯᠭ᠎ᠠ ᠨᠤᠭᠤᠳ ᠤᠨ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢᠨ ᠬᠡᠷᠡᠭᠵᠢᠭᠦᠯᠬᠦ ᠲᠥᠰᠥᠯ ︵2021 ᠠᠴᠠ 2025︶︾ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠣᠶᠤᠨᠴᠢᠯᠠᠨ ᠲᠠᠰ ᠳᠡᠪᠰᠢᠭᠦᠯᠬᠦ᠂ ᠲᠣᠭᠠᠴᠢᠯᠠᠭᠰᠠᠨ ᠴᠢᠳᠠᠪᠤᠷᠢ ᠣᠯᠭᠤᠬᠤ ᠶᠢ ᠠᠬᠢᠭᠤᠯᠬᠤ ᠶᠢᠨ | ᠲᠤᠰᠠᠳᠠ᠂ ᠪᠠᠶᠠᠨᠨᠠᠭᠤᠷ ᠤᠨ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠶᠡᠷᠦᠩᠬᠡᠢ ᠱᠦᠵᠢ ᠶᠢᠨ ︽ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨᠯᠢᠭ ᠢ | ᠪᠣᠳᠠᠲᠤ ᠴᠣᠭᠴᠠ ᠶᠢᠨ ᠠᠵᠤ ᠠᠬᠤᠢ ᠲᠠᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢ ᠲᠦᠷᠭᠡᠪᠴᠢᠯᠡᠨ ᠲᠡᠭᠦᠯᠳᠡᠷᠵᠢᠭᠦᠯᠵᠦ᠂ 5G ᠮᠡᠷᠭᠡᠵᠢᠯ᠂ ᠲᠣᠮᠣ ᠳ᠋ᠠᠶᠢᠲ᠋ᠠ ᠵᠡᠷᠭᠡ ᠰᠢᠨ᠎ᠡ ᠨᠢᠭᠡ ᠦᠶ᠎ᠡ ᠶᠢᠨ | ᠮᠡᠳᠡᠭᠡ ᠵᠠᠩᠭᠢ ᠶᠢᠨ ᠮᠡᠷᠭᠡᠵᠢᠯ ᠢ ᠣᠶᠤᠨᠲᠤ ᠬᠦᠷᠢᠶᠡᠯᠡᠩ ᠲᠣᠭᠤᠷᠢᠭ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠣᠶᠤᠨᠲᠤ ᠦᠢᠯᠡᠳᠪᠦᠷᠢ᠂ ᠣᠶᠤᠨᠲᠤ | ᠠᠭᠤᠷᠬᠠᠢ ᠵᠡᠷᠭᠡ ᠲᠠᠯ᠎ᠠ ᠳᠤ ᠬᠡᠷᠡᠭᠯᠡᠬᠦ ᠶᠢ ᠶᠡᠭᠡ ᠪᠠᠷ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠲᠣᠭᠠᠵᠢᠭᠤᠯᠤᠭᠰᠠᠨ ᠥᠭᠡᠷᠡᠴᠢᠯᠡᠯᠲᠡ ᠶᠢᠨ | ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠬᠢᠭᠡᠳ ᠠᠵᠤ ᠦᠢᠯᠡᠳᠪᠦᠷᠢ ᠶᠢᠨ ᠭᠦᠨᠵᠡᠭᠡᠢ ᠠᠭᠤᠰᠤᠯᠴᠠᠯ ᠢ | ᠠᠬᠢᠭᠤᠯᠤᠨ᠎ᠠ᠃ | ︵ᠬᠤᠶᠠᠷ︶ ᠭᠤᠣᠯ ᠬᠠᠷᠠᠯᠲᠠ᠃ 2025 ᠣᠨ ᠪᠣᠯᠬᠤ ᠳᠤ᠂ ᠠᠵᠤ ᠦᠢᠯᠡᠳᠪᠦᠷᠢ ᠶᠢᠨ ᠲᠣᠭᠠᠴᠢᠯᠠᠯᠲᠠ ᠶᠢᠨ ᠶᠡᠷᠦᠩᠬᠡᠢ ᠲᠦᠪᠰᠢᠨ ᠢ ᠥᠪᠡᠷᠲᠡᠭᠡᠨ | ᠵᠠᠰᠠᠬᠤ ᠣᠷᠣᠨ ᠤ ᠳᠤᠮᠳᠠᠴᠢ ᠲᠦᠪᠰᠢᠨ ᠳᠤ ᠬᠦᠷᠭᠡᠵᠦ᠂ ᠪᠦᠬᠦ ᠬᠤᠳᠠ ᠶᠢᠨ ᠠᠵᠤ ᠦᠢᠯᠡᠳᠪᠦᠷᠢ ᠶᠢᠨ ᠲᠣᠭᠠᠴᠢᠯᠠᠯᠲᠠ ᠶᠢᠨ ᠰᠢᠨ᠎ᠡ ᠵᠠᠭᠪᠤᠷ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠡᠷᠡᠭᠯᠡᠯᠲᠡ ᠳᠤ ᠢᠯᠡᠳᠲᠡ ᠦᠷ᠎ᠡ ᠪᠦᠲᠦᠮᠵᠢ ᠣᠯᠵᠤ᠂ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠳᠤ | ᠦᠵᠡᠭᠦᠯᠬᠦ ᠲᠤᠯᠭᠠᠭᠤᠷᠢᠯᠠᠬᠤ ᠦᠢᠯᠡᠳᠦᠯ᠂ ᠳᠠᠶᠢᠴᠢᠯᠠᠬᠤ ᠦᠢᠯᠡᠳᠦᠯ ᠢ ᠤᠯᠠᠮ ᠴᠢᠨᠠᠭᠰᠢᠳᠠ ᠴᠢᠩᠭᠠᠳᠬᠠᠨ᠎ᠠ᠃ | ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢ ᠦᠨᠳᠦᠰᠦᠨ ᠳᠡᠭᠡᠨ ᠲᠡᠭᠦᠯᠳᠡᠷᠵᠢᠭᠦᠯᠦᠨ᠎ᠡ᠃ ︽ᠬᠤᠣᠰ ᠮᠢᠩᠭᠠᠨ ᠮᠧᠭ᠎ᠠ︾ ᠶᠢᠨ ᠲᠣᠣᠷ ᠰᠦᠯᠵᠢᠶ᠎ᠡ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 5G ᠰᠠᠭᠤᠷᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠠ ︽ᠮᠢᠩᠭᠠᠨ ᠮᠧᠭ᠎ᠠ ᠬᠡᠷᠡᠯ ᠤᠨ ᠲᠣᠣᠷ︾ ᠤᠨ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 2025 ᠣᠨ ᠪᠣᠯᠬᠤ ᠳᠤ᠂ ᠪᠥᠬᠦ ᠬᠤᠲᠠ ᠳᠤ 5G ᠰᠠᠭᠤᠷᠢ ᠥᠷᠲᠡᠭᠡ ᠶᠢ 4000 | ᠰᠠᠭᠤᠷᠢ ᠠᠴᠠ ᠳᠡᠭᠡᠭᠰᠢ ᠪᠠᠶᠢᠭᠤᠯᠵᠤ᠂ ᠬᠤᠰᠢᠭᠤ ᠰᠢᠶᠠᠨ ᠲᠣᠭᠤᠷᠢᠭ᠂ ᠰᠤᠮᠤ ᠰᠢᠶᠠᠩ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠣᠮᠣ | ᠬᠡᠯᠪᠡᠷᠢ ᠶᠢᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ 5G ᠳᠣᠬᠢᠶ᠎ᠠ ᠶᠢ ᠪᠦᠲᠦᠮᠵᠢᠲᠡᠶ ᠪᠦᠷᠬᠦᠭᠦᠯᠬᠦ ᠶᠢ ᠪᠡᠶᠡᠯᠡᠭᠦᠯᠦᠨ᠎ᠡ᠃ IPv6 ᠬᠥᠭᠵᠢᠶᠡᠨᠲᠡᠢ | ᠬᠡᠷᠡᠭᠯᠡᠭᠴᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠬᠦᠷᠢᠶ᠎ᠡ ᠴᠠᠷᠠᠭ᠎ᠠ ᠶᠢᠨ ᠰᠦᠯᠵᠢᠶ᠎ᠡ᠂ ᠬᠡᠷᠡᠭᠯᠡᠯᠲᠡ᠂ ᠦᠵᠦᠭᠦᠷ ᠤᠨ ᠳᠡᠮᠵᠢᠯᠭᠡ | IPv6 ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠢᠰᠲ᠋ᠧᠮᠵᠢᠭᠰᠡᠨ᠂ ᠰᠢᠰᠲ᠋ᠧᠮᠵᠢᠭᠰᠡᠨ ᠣᠷᠣᠨ ᠪᠦᠰᠡ ᠶᠢᠨ ᠲᠣᠭᠠᠴᠢᠯᠠᠭᠰᠠᠨ ᠰᠠᠭᠤᠷᠢ ᠪᠡᠯᠡᠳᠬᠡᠮᠵᠢ ᠶᠢᠨ | ᠰᠢᠰᠲ᠋ᠧᠮᠵᠢ ᠶᠢ ᠲᠦᠷᠭᠡᠳᠬᠡᠨ ᠪᠦᠷᠢᠯᠳᠦᠭᠦᠯᠵᠦ᠂ ᠠᠵᠤ ᠦᠢᠯᠡᠰ ᠤᠨ ᠰᠠᠭᠤᠷᠢ ᠴᠢᠳᠠᠪᠤᠷᠢ ᠶᠢ ᠢᠯᠡᠳᠲᠡ ᠴᠢᠩᠭᠠᠷᠠᠭᠤᠯᠤᠨ᠎ᠠ᠃ | ᠠᠭᠤᠰᠤᠯᠴᠠᠭᠤᠯᠤᠨ ᠬᠡᠷᠡᠭᠯᠡᠭᠰᠡᠨ ᠦᠷ᠎ᠡ ᠪᠦᠲᠦᠮᠵᠢ ᠶᠢ ᠠᠩᠬ᠎ᠠ ᠠᠯᠬᠤᠮ ᠢᠯᠡᠷᠡᠭᠦᠯᠪᠡ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠡᠳ᠋ | ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ᠂ ᠣᠷᠣᠨ ᠬᠡᠰᠡᠭ ᠤᠨ ᠬᠡᠯᠬᠢᠶ᠎ᠡ ᠵᠡᠷᠭᠡ ᠰᠢᠨ᠎ᠡ ᠨᠢᠭᠡ ᠦᠶ᠎ᠡ ᠶᠢᠨ | ᠮᠡᠳᠡᠭᠡ ᠵᠠᠩᠭᠢ ᠶᠢᠨ ᠮᠡᠷᠭᠡᠵᠢᠯ ᠢ ᠠᠵᠤ ᠦᠢᠯᠡᠳᠪᠦᠷᠢ ᠯᠦᠭᠡ ᠭᠦᠨᠵᠡᠭᠡᠢ ᠠᠭᠤᠰᠤᠯᠴᠠᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ 2025 ᠣᠨ | ᠪᠣᠯᠬᠤ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠣᠨᠣᠰᠢᠯᠠᠯᠲᠠ ᠶᠢ ᠪᠦᠬᠦᠨ ᠢ ᠪᠦᠷᠬᠦᠭᠦᠯᠬᠦ᠂ | ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢᠨ ᠠᠭᠤᠰᠤᠯᠴᠠᠯ ᠤᠨ ᠪᠠᠷᠢᠮᠵᠢᠶ᠎ᠠ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠶᠠᠮᠤᠨ ᠤ ᠪᠠᠷᠢᠮᠵᠢᠶ᠎ᠠ ᠳᠤ ᠨᠡᠶᠢᠴᠡᠭᠦᠯᠦᠨ ᠦᠨᠡᠯᠡᠨ ᠲᠣᠭᠲᠠᠭᠠᠬᠤ ᠪᠠᠷ ᠳᠠᠮᠵᠢᠨ ᠠᠵᠤ ᠠᠬᠤᠶᠢᠯᠠᠯ ᠢ 20 ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ | ᠲᠣᠭᠠᠴᠢᠯᠠᠯᠲᠠ ᠶᠢᠨ ᠨᠣᠷᠮ᠎ᠠ ᠶᠢ 55% ᠠᠴᠠ ᠳᠡᠭᠡᠭᠰᠢ ᠳᠤ ᠬᠦᠷᠦᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠭ᠎ᠠ ᠶᠢ ᠪᠡᠶᠡᠯᠡᠭᠦᠯᠦᠭᠰᠡᠨ ᠠᠵᠤ | ᠠᠬᠤᠶᠢᠯᠠᠯ ᠤᠨ ᠬᠠᠷᠢᠴᠠᠯ ᠢ 25% ᠳᠡᠭᠡᠭᠰᠢ ᠬᠦᠷᠭᠡᠨ᠎ᠡ᠃ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠲᠣᠭᠠᠵᠢᠭᠤᠯᠬᠤ ᠬᠦᠷᠢᠶ᠎ᠡ | ᠴᠠᠷᠠᠭ᠎ᠠ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠤᠨ ᠠᠵᠤ ᠦᠶᠢᠯᠡᠰᠵᠢᠯᠲᠡ ᠶᠢᠨ | ᠰᠢᠪᠲᠤᠯᠤᠯᠲᠠ ᠶᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠵᠥᠭᠡᠯᠡᠨ ᠲᠣᠨᠤᠭ᠂ ᠠᠵᠤ ᠦᠢᠯᠡᠳᠪᠦᠷᠢ ᠶᠢᠨ ᠡᠵᠡᠮᠳᠡᠬᠦ ᠰᠢᠰᠲ᠋ᠧᠮ ᠵᠡᠷᠭᠡ ᠶᠢᠨ ᠰᠤᠳᠤᠯᠤᠨ ᠨᠡᠭᠡᠭᠡᠬᠦ᠂ | ᠬᠤᠷᠠᠭᠤᠯᠬᠤ ᠪᠠ ᠬᠡᠷᠡᠭᠯᠡᠬᠦ ᠴᠢᠳᠠᠪᠤᠷᠢ ᠶᠢ ᠢᠯᠡᠳᠲᠡ ᠴᠢᠩᠭᠠᠷᠠᠭᠤᠯᠤᠨ᠂ ᠭᠤᠣᠯᠳᠠᠯᠭ᠎ᠠ ᠲᠠᠢ ᠪᠠ ᠳᠠᠪᠠᠭᠤᠯᠢᠭ ᠠᠵᠤ ᠦᠢᠯᠡᠰ ᠤᠨ ᠵᠠᠩᠭᠢᠯᠠᠭ᠎ᠠ ᠶᠢᠨ ᠬᠦᠷᠢᠶ᠎ᠡ | ᠴᠠᠷᠠᠭ᠎ᠠ ᠶᠢᠨ ᠪᠠᠷᠢᠮᠵᠢᠶᠠᠵᠢᠭᠤᠯᠬᠤ ᠰᠤᠳᠤᠯᠭᠠᠨ ᠢ ᠰᠢᠪᠲᠤᠯᠤᠯᠲᠠ ᠲᠠᠢ ᠪᠣᠯᠭᠠᠵᠤ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠠᠵᠢᠭᠤᠯᠬᠤ | ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠠᠴᠠ ᠡᠭᠦᠰᠦᠭᠰᠡᠨ ᠰᠢᠨ᠎ᠡ ᠬᠡᠪ ᠵᠠᠭᠪᠤᠷ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠥᠷᠨᠢᠭᠦᠨ ᠬᠥᠭᠵᠢᠪᠡ᠃ 2025 ᠣᠨ ᠪᠣᠯᠬᠤ ᠳᠤ ᠣᠶᠤᠨᠴᠢᠯᠠᠭᠰᠠᠨ ᠦᠢᠯᠡᠳᠪᠦᠷᠢ ︵ᠲᠣᠭᠠᠴᠢᠯᠠᠭᠰᠠᠨ ᠦᠢᠯᠡᠳᠪᠦᠷᠢ ᠶᠢᠨ | ᠲᠠᠰᠤᠭ ᠪᠠᠭᠲᠠᠨ᠎ᠠ︶ ᠶᠢ 15 ᠠᠴᠠ ᠳᠡᠭᠡᠭᠰᠢ ᠪᠠᠶᠢᠭᠤᠯᠤᠨ᠎ᠠ᠃ | ᠲᠣᠭᠠᠴᠢᠯᠠᠭᠰᠠᠨ ᠡᠵᠡᠩᠨᠡᠯᠲᠡ ᠶᠢᠨ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠪᠠ᠃ ᠦᠢᠯᠡᠳᠪᠦᠷᠢᠯᠡᠯ᠂ ᠬᠠᠮᠢᠶᠠᠷᠤᠯᠲᠠ᠂ ᠦᠢᠯᠡᠴᠢᠯᠡᠭᠡ᠂ | ᠪᠣᠷᠤᠯᠠᠭᠤᠯᠭ᠎ᠠ᠂ ᠬᠠᠩᠭᠠᠯᠭ᠎ᠠ ᠶᠢᠨ ᠬᠡᠯᠬᠢᠶ᠎ᠡ ᠳᠤ ᠰᠠᠭᠤᠷᠢᠯᠠᠭᠰᠠᠨ ᠲᠣᠭᠠᠴᠢᠯᠠᠭᠰᠠᠨ ᠡᠵᠡᠩᠨᠡᠯᠲᠡ ᠶᠢᠨ ᠴᠢᠳᠠᠪᠤᠷᠢ ᠶᠢ ᠪᠤᠢ ᠪᠣᠯᠭᠠᠵᠤ᠂ ᠭᠤᠣᠯᠳᠠᠯᠭ᠎ᠠ ᠲᠠᠢ ᠬᠦᠷᠢᠶ᠎ᠡ᠂ | ᠭᠤᠣᠯᠳᠠᠯᠭ᠎ᠠ ᠲᠠᠢ ᠠᠵᠢᠯ ᠲᠦᠷᠦᠯ ᠤᠨ ᠠᠵᠤ ᠠᠬᠤᠶᠢᠯᠠᠯ ᠤᠨ ᠲᠣᠭᠠᠴᠢᠯᠠᠭᠰᠠᠨ ᠡᠵᠡᠩᠨᠡᠯᠲᠡ ᠶᠢᠨ ᠴᠢᠳᠠᠪᠤᠷᠢ ᠶᠢ ᠪᠣᠶᠢᠵᠢᠭᠤᠯᠬᠤ ᠪᠠᠷ ᠳᠠᠮᠵᠢᠨ᠂ ᠮᠠᠨ ᠤ | ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠡᠵᠡᠩᠨᠡᠯᠲᠡ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠬᠥᠲᠥᠯᠥᠨ | ᠳᠠᠭᠠᠭᠤᠯᠤᠨ᠎ᠠ᠃2025 ᠣᠨ ᠪᠣᠯᠬᠤ ᠳᠤ᠂ 3 ᠠᠴᠠ ᠳᠡᠭᠡᠭᠰᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠪᠠᠶᠢᠭᠤᠯᠵᠤ᠂ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠤᠨ ᠲᠦᠭᠡᠮᠡᠯᠵᠢᠯᠲᠡ ᠶᠢᠨ ᠨᠣᠷᠮ᠎ᠠ ᠶᠢ 30% ᠠᠴᠠ ᠳᠡᠭᠡᠭᠰᠢ ᠳᠤ ᠬᠦᠷᠦᠭᠦᠯᠦᠨ᠎ᠡ︔ ᠢᠯᠡᠳᠬᠡᠭᠴᠢ | ᠲᠡᠮᠳᠡᠭ ᠤᠨ ᠬᠡᠷᠡᠭᠯᠡᠭᠡᠨ ᠤ ᠠᠵᠤ ᠠᠬᠤᠶᠢᠯᠠᠯ ᠨᠢ ᠲᠣᠭᠲᠠᠭᠠᠯ ᠠᠴᠠ ᠳᠡᠭᠡᠭᠰᠢᠬᠢ ᠠᠵᠤ ᠠᠬᠤᠶᠢᠯᠠᠯ ᠤᠨ 20% ᠶᠢ ᠡᠵᠡᠯᠡᠵᠦ᠂ ᠢᠯᠡᠳᠬᠡᠭᠴᠢ ᠲᠡᠮᠳᠡᠭ ᠤᠨ | ᠵᠠᠳᠠᠯᠤᠯᠲᠠ ᠶᠢᠨ ᠨᠡᠶᠢᠲᠡᠯᠢᠭ ᠬᠡᠷᠡᠭᠯᠡᠭᠡᠨ ᠤ ᠬᠡᠷᠡᠭ ᠤᠨ ᠵᠢᠱᠢᠶ᠎ᠡ ᠶᠢ 5 ᠳᠡᠯᠭᠡᠷᠡᠭᠦᠯᠦᠨ᠎ᠡ︔ ᠡᠭᠦᠯᠡᠨ ᠳᠤ ᠭᠠᠷᠬᠤ 3 ᠠᠴᠠ ᠳᠡᠭᠡᠭᠰᠢ ᠬᠡᠪ ᠳᠠᠭᠤᠷᠢᠶᠠᠯ ᠪᠣᠯᠬᠤ | ᠠᠵᠤ ᠠᠬᠤᠶᠢᠯᠠᠯ ᠢ ᠪᠠᠶᠢᠭᠤᠯᠤᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠰᠣᠳᠣᠨ ᠪᠦᠲᠦᠭᠡᠯ 5G ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠃ ᠪᠠᠶᠠᠨᠨᠠᠭᠤᠷ ᠬᠤᠲᠠ ᠶᠢᠨ 5G ᠶᠢᠨ ᠲᠣᠣᠷ | ᠰᠦᠯᠵᠢᠶ᠎ᠡ ᠶᠢᠨ ᠪᠦᠷᠬᠦᠴᠡ ᠶᠢ ᠭᠦᠨᠵᠡᠭᠡᠶᠢᠷᠡᠭᠦᠯᠬᠦ ᠪᠠ ᠬᠡᠪᠴᠢᠶᠡᠵᠢᠭᠦᠯᠦᠨ ᠬᠡᠷᠡᠭᠯᠡᠬᠦ ᠶᠢ ᠵᠣᠬᠢᠴᠠᠭᠤᠯᠤᠨ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠬᠤᠲᠠ ᠶᠢᠨ | ᠴᠢᠮᠡᠭᠡ ᠬᠤᠯᠪᠣᠭᠠᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠨᠢ ᠲᠡᠮᠦᠷ ᠰᠤᠪᠤᠷᠭᠠᠲᠤ ᠺᠣᠮᠫᠠᠨᠢ ᠵᠡᠷᠭᠡ ᠡᠯ᠎ᠡ ᠰᠠᠭᠤᠷᠢ ᠡᠵᠡᠩᠨᠡᠯᠲᠡ ᠶᠢᠨ | ᠬᠤᠳᠠᠯᠳᠤᠭᠠᠴᠢᠨ ᠤ ᠡᠯ᠎ᠡ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠪᠦᠷᠬᠦᠴᠡ ᠵᠢᠴᠢ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠡᠮᠬᠢᠯᠡᠨ ᠳᠢᠭᠯᠡᠬᠦ ᠶᠢ | ᠨᠢᠭᠡᠳᠦᠯᠲᠡᠢ ᠲᠥᠯᠥᠪᠯᠡᠨ᠂ ᠰᠢᠯᠢᠳᠡᠭ ᠢ ᠨᠢ ᠰᠣᠩᠭᠤᠨ ᠪᠠᠷᠢᠯᠭ᠎ᠠ ᠶᠢᠨ ᠲᠥᠯᠥᠪᠯᠡᠭᠡ ᠳᠤ ᠲᠦᠷᠭᠡᠬᠡᠨ ᠣᠷᠣᠭᠤᠯᠵᠤ᠂ ᠡᠬᠡ ᠲᠠᠩᠰᠠ ᠪᠠᠶᠢᠭᠤᠯᠤᠨ᠂ ᠲᠥᠰᠥᠯ | ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠱᠠᠲᠤᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ︽ᠥᠪᠡᠷᠲᠡᠭᠡᠨ ᠵᠠᠰᠠᠬᠤ ᠣᠷᠣᠨ ᠤ 5G ᠰᠦᠯᠵᠢᠶ᠎ᠡ ᠶᠢᠨ ᠬᠠᠮᠤᠷᠬᠤ ᠪᠠ ᠬᠡᠪᠴᠢᠶᠡᠵᠢᠭᠦᠯᠦᠨ ᠬᠡᠷᠡᠭᠯᠡᠬᠦ ᠶᠢ ᠭᠦᠨᠵᠡᠭᠡᠶᠢᠷᠡᠭᠦᠯᠬᠦ | ᠠᠵᠢᠯᠯᠠᠭᠠᠨ ᠤ ᠲᠥᠰᠥᠯ︾ ᠪᠠ ᠮᠠᠨ ᠤ ᠬᠤᠲᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠨᠡᠶᠢᠭᠡᠮ ᠤᠨ ᠡᠬᠢ ᠪᠠᠶᠠᠯᠢᠭ᠂ ᠣᠯᠠᠨ ᠨᠡᠶᠢᠲᠡ ᠶᠢᠨ ᠡᠬᠢ ᠪᠠᠶᠠᠯᠢᠭ᠂ ᠭᠤᠣᠯᠳᠠᠯᠭ᠎ᠠ ᠲᠠᠢ ᠲᠠᠯᠠᠪᠤᠷ ᠭᠠᠵᠠᠷ ᠢ ᠪᠥᠬᠦ ᠲᠠᠯ᠎ᠠ ᠪᠠᠷ ᠨᠡᠭᠡᠭᠡᠵᠦ᠂ 5G ᠰᠦᠯᠵᠢᠶ᠎ᠡ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ 2025 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠠᠯᠠᠭᠤᠨ ᠴᠡᠭ ᠤᠨ ᠭᠠᠵᠠᠷ | ᠣᠷᠣᠨ ᠳᠤ ᠣᠯᠠᠨ ᠰᠦᠯᠵᠢᠶ᠎ᠡ ᠵᠡᠷᠭᠡᠪᠡᠷ ᠣᠷᠣᠰᠢᠬᠤ᠂ ᠵᠠᠬ᠎ᠠ ᠬᠢᠵᠠᠭᠠᠷ ᠣᠷᠣᠨ ᠳᠤ ᠨᠢᠭᠡ ᠰᠦᠯᠵᠢᠶ᠎ᠡ ᠪᠠᠷ ᠰᠠᠭᠤᠷᠢ ᠶᠢ ᠪᠠᠲᠤᠯᠠᠬᠤ ᠰᠦᠯᠵᠢᠶᠡᠨ ᠤ ᠪᠠᠶᠢᠷᠢᠰᠢᠯ ᠢ | ᠪᠣᠶ ᠪᠣᠯᠭᠠᠵᠤ᠂ ᠡᠬᠢ ᠪᠠᠶᠠᠯᠢᠭ ᠡᠷᠴᠢᠮᠵᠢᠭᠰᠡᠨ᠂ ᠠᠵᠢᠯᠯᠠᠭᠠᠨ ᠨᠢ ᠥᠨᠳᠥᠷ ᠪᠦᠲᠦᠮᠵᠢᠲᠡᠶ 5G ᠶᠢᠨ ᠰᠣᠳᠣᠨ ᠰᠦᠯᠵᠢᠶ᠎ᠡ ᠶᠢ ᠪᠣᠶ ᠪᠣᠯᠭᠠᠨ᠎ᠠ᠃ | ︵ᠬᠤᠶᠠᠷ︶ ᠲᠣᠣᠷ ᠰᠦᠯᠵᠢᠶ᠎ᠡ ᠶᠢ ᠥᠭᠡᠷᠡᠴᠢᠯᠡᠨ ᠲᠠᠰ ᠳᠡᠪᠰᠢᠭᠦᠯᠬᠦ ᠢᠨᠵᠧᠨᠧᠷᠢᠩ᠃ ᠠᠵᠤ ᠦᠢᠯᠡᠳᠪᠦᠷᠢ ᠶᠢᠨ ᠴᠠᠭ ᠬᠤᠭᠤᠴᠠᠭ᠎ᠠ ᠨᠢ ᠤᠳᠠᠭᠠᠨ᠂ | ᠥᠨᠳᠥᠷ ᠨᠠᠶᠢᠳᠠᠪᠤᠷᠢᠲᠠᠢ᠂ ᠥᠷᠭᠡᠨ ᠢᠶᠠᠷ ᠬᠠᠮᠤᠷᠬᠤ ᠲᠣᠣᠷ ᠰᠦᠯᠵᠢᠶ᠎ᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠵᠢᠴᠢ ᠬᠦᠷᠢᠶᠡᠯᠡᠩ ᠲᠣᠭᠤᠷᠢᠭ ᠤᠨ ᠲᠣᠣᠷ ᠰᠦᠯᠵᠢᠶ᠎ᠡ ᠶᠢ ᠥᠭᠡᠷᠡᠴᠢᠯᠡᠬᠦ ᠪᠠ ᠢᠵᠢ ᠪᠦᠷᠢᠳᠦᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠶᠡᠬᠡᠪᠡᠷ | ᠠᠬᠢᠭᠤᠯᠵᠤ᠂ ᠲᠣᠣᠷ ᠰᠦᠯᠵᠢᠶ᠎ᠡ ᠶᠢᠨ ᠬᠤᠷᠳᠤᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠠᠷᠤᠳᠠᠯ ᠤᠨ ᠬᠢᠷᠢ ᠬᠡᠮᠵᠢᠶ᠎ᠡ ᠶᠢ ᠪᠠᠭᠤᠷᠠᠭᠤᠯᠵᠤ᠂ ᠦᠢᠯᠡᠳᠬᠦ | ᠦᠢᠯᠡᠰ ᠤᠨ ᠲᠣᠭᠠᠵᠢᠭᠤᠯᠬᠤ᠂ ᠰᠦᠯᠵᠢᠶᠡᠵᠢᠭᠦᠯᠬᠦ᠂ ᠣᠶᠤᠨᠴᠢᠯᠠᠬᠤ ᠳᠤ ᠲᠣᠣᠷ ᠰᠦᠯᠵᠢᠶ᠎ᠡ ᠶᠢᠨ ᠲᠤᠯᠭᠠᠭᠤᠷᠢᠯᠠᠯ ᠬᠠᠩᠭᠠᠨ᠎ᠠ᠃ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ 5G᠂ ᠴᠠᠭ ᠬᠤᠭᠤᠴᠠᠭᠠᠨ ᠤ ᠰᠡᠷᠭᠡᠭ ᠲᠣᠣᠷ ᠰᠦᠯᠵᠢᠶ᠎ᠡ ︵TSN︶᠂ ᠵᠠᠬ᠎ᠠ ᠬᠢᠵᠠᠭᠠᠷ ᠤᠨ ᠪᠣᠳᠣᠯᠭ᠎ᠠ ᠵᠡᠷᠭᠡ ᠮᠡᠷᠭᠡᠵᠢᠯ ᠢ ᠶᠡᠷᠦᠩᠬᠡᠶᠢᠯᠡᠨ | ᠬᠡᠷᠡᠭᠯᠡᠵᠦ ᠠᠵᠤ ᠠᠬᠤᠶᠢᠯᠠᠯ ᠤᠨ ᠡᠯ᠎ᠡ ᠭᠤᠭᠴᠤᠭ᠎ᠠ ᠶᠢᠨ ᠰᠦᠯᠵᠢᠶᠡᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠳᠡᠮᠵᠢᠵᠦ᠂ ᠠᠵᠤ ᠦᠢᠯᠡᠳᠪᠦᠷᠢ ᠶᠢᠨ | ᠬᠦᠷᠢᠶ᠎ᠡ ᠴᠠᠷᠠᠭ᠎ᠠ ᠶᠢᠨ ᠭᠤᠣᠯᠳᠠᠯᠭ᠎ᠠ ᠲᠠᠢ ᠠᠵᠢᠯ ᠲᠥᠷᠥᠯ ᠳᠤ ᠲᠣᠭᠲᠠᠭᠠᠭᠰᠠᠨ ᠠᠵᠤ ᠠᠬᠤᠶᠢᠯᠠᠯ ᠤᠨ ᠲᠣᠣᠷ ᠰᠦᠯᠵᠢᠶ᠎ᠡ ᠶᠢᠨ ᠲᠠᠰ ᠳᠡᠪᠰᠢᠬᠦ ᠶᠢ ᠪᠡᠶᠡᠯᠡᠭᠦᠯᠵᠦ᠂ | ᠨᠢᠭᠡ ᠪᠦᠯᠦᠭ ᠲᠣᠣᠷ ᠰᠦᠯᠵᠢᠶ᠎ᠡ ᠶᠢᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠣᠶᠢᠵᠢᠭᠤᠯᠤᠨ᠎ᠠ᠃ 2025 ᠣᠨ ᠪᠣᠯᠬᠤ ᠳᠤ᠂ ᠪᠥᠬᠦ | ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ 5G ᠶᠢᠨ ᠰᠦᠯᠵᠢᠶ᠎ᠡ ᠶᠢ ᠬᠡᠪᠴᠢᠶᠡᠵᠢᠭᠦᠯᠦᠨ ᠰᠦᠯᠵᠢᠶ᠎ᠡ ᠶᠢ ᠪᠠᠶᠢᠭᠤᠯᠵᠤ᠂ ᠴᠢᠨᠠᠷ ᠰᠠᠶᠢᠲᠠᠢ | ᠭᠠᠳᠠᠭᠠᠳᠤ ᠰᠦᠯᠵᠢᠶ᠎ᠡ ᠶᠢ ᠪᠣᠶ ᠪᠦᠬᠦᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠪᠦᠲᠦᠮᠵᠢᠲᠡᠶ ᠪᠠᠷ ᠪᠦᠷᠬᠦᠭᠦᠯᠦᠨ᠎ᠡ᠃ | ︵ᠭᠤᠷᠪᠠ︶ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠤᠨ ᠬᠥᠭᠵᠢᠯᠲᠡ ᠶᠢᠨ ᠢᠨᠵᠧᠨᠧᠷᠢᠩ᠃ ᠠᠵᠤ ᠦᠢᠯᠡᠳᠪᠦᠷᠢ ᠶᠢᠨ ᠢᠨᠲ᠋ᠧᠷ | ᠰᠦᠯᠵᠢᠶ᠎ᠡ ᠶᠢᠨ ᠦᠢᠯᠡᠴᠢᠯᠡᠭᠡᠨ ᠤ ᠬᠤᠳᠠᠯᠳᠤᠭᠠᠴᠢᠨ ᠢ ᠠᠵᠢᠯ ᠲᠥᠷᠥᠯ ᠤᠨ ᠨᠡᠶᠢᠭᠡᠮᠯᠢᠭ᠂ ᠬᠥᠲᠥᠴᠢ ᠠᠵᠤ ᠠᠬᠤᠶᠢᠯᠠᠯ ᠯᠤᠭ᠎ᠠ ᠬᠠᠮᠵᠢᠯᠴᠠᠨ ᠪᠦᠲᠦᠭᠡᠨ | ᠪᠠᠶᠢᠭᠤᠯᠬᠤ ᠶᠢ ᠳᠡᠮᠵᠢᠵᠦ᠂ ︽ᠬᠡᠯᠬᠢᠶᠡᠵᠢᠯ ᠤᠨ ᠡᠵᠡᠨ︾ ᠠᠵᠤ ᠠᠬᠤᠶᠢᠯᠠᠯ ᠪᠠ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠨᠢ ᠠᠵᠤ ᠦᠢᠯᠡᠰ ᠤᠨ | ᠬᠡᠯᠬᠢᠶ᠎ᠡ ᠪᠠ ᠠᠵᠤ ᠦᠢᠯᠡᠰ ᠤᠨ ᠪᠥᠭᠡᠮᠨᠡᠷᠡᠯ ᠳᠤ ᠰᠠᠭᠤᠷᠢᠯᠠᠭᠰᠠᠨ ᠣᠷᠣᠨ ᠪᠦᠰᠡ ᠶᠢᠨ ᠲᠠᠰ᠂ ᠠᠵᠢᠯ ᠲᠥᠷᠥᠯ ᠤᠨ ᠲᠠᠰ᠂ ᠠᠵᠤ ᠠᠬᠤᠶᠢᠯᠠᠯ ᠤᠨ ᠲᠠᠰ ᠤᠨ | ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠲᠠᠪᠴᠠᠩ ᠢ ᠲᠦᠷᠦᠭᠦᠯᠡᠨ ᠪᠦᠲᠦᠭᠡᠨ ᠪᠠᠶᠢᠭᠤᠯᠤᠨ᠎ᠠ᠃ ᠴᠠᠭᠠᠨ ᠢᠳᠡᠭᠡᠨ ᠢ ᠡᠳ᠋ᠰᠢᠭᠦᠯᠬᠦ᠂ ᠬᠤᠨᠢᠨ ᠤ ᠠᠵᠤ | ᠦᠢᠯᠡᠰ ᠤᠨ ᠬᠡᠯᠬᠢᠶ᠎ᠡ᠂ ᠮᠢᠬᠠᠨ ᠤ ᠠᠵᠤ ᠦᠢᠯᠡᠰ ᠤᠨ ᠬᠡᠯᠬᠢᠶ᠎ᠡ᠂ ᠰᠢᠨ᠎ᠡ ᠡᠨᠧᠷᠭᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂ ᠡᠮ | ᠡᠮᠨᠡᠯᠭᠡ ᠵᠡᠷᠭᠡ ᠪᠠᠶᠠᠨᠨᠠᠭᠤᠷ ᠤᠨ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ᠂ ᠡᠳᠦᠢ ᠲᠡᠳᠦᠢ ᠭᠡᠷ ᠤᠨ ᠬᠡᠷᠡᠭᠰᠡᠯ ᠤᠨ ᠥᠷᠢᠰᠦᠯᠳᠦᠬᠦ ᠬᠦᠴᠦᠨ ᠲᠠᠢ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠳᠡᠯᠭᠡᠷᠡᠭᠦᠯᠦᠨ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ | ᠡᠬᠢ ᠪᠠᠶᠠᠯᠢᠭ ᠢ ᠪᠦᠲᠦᠮᠵᠢᠲᠡᠶ ᠬᠤᠷᠠᠮᠳᠤᠭᠤᠯᠤᠨ᠂ ᠠᠵᠤ ᠦᠢᠯᠡᠰ ᠤᠨ ᠬᠡᠯᠬᠢᠶ᠎ᠡ ᠶᠢᠨ ᠲᠣᠭᠠᠵᠢᠭᠤᠯᠬᠤ᠂ ᠰᠦᠯᠵᠢᠶᠡᠵᠢᠭᠦᠯᠬᠦ᠂ ᠤᠶᠤᠨᠵᠢᠭᠤᠯᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ︵ᠳᠥᠷᠪᠡ︶ ᠠᠵᠤ ᠠᠬᠤᠶᠢᠯᠠᠯ ᠤᠨ ᠡᠭᠦᠯᠡᠨ ᠲᠠᠪᠴᠠᠩ ᠤᠨ ᠢᠨᠵᠧᠨᠧᠷᠢᠩ᠃ ︽ᠡᠭᠦᠯᠡᠨ ᠪᠣᠳᠣᠯᠲᠠ ᠳᠤ ᠬᠡᠷᠡᠭᠯᠡᠬᠦ ᠲᠤᠭ᠎ᠠ ᠬᠡᠮᠵᠢᠶ᠎ᠡ ᠪᠠᠷ ᠡᠨᠧᠷᠭᠢ | ᠣᠯᠭᠤᠬᠤ︾ ᠠᠯᠬᠤᠴᠠ ᠶᠢ ᠲᠦᠷᠭᠡᠳᠬᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ | ᠪᠠᠶᠢᠭᠠᠳ ᠮᠠᠨ ᠤ ᠬᠤᠲᠠ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ᠠᠵᠤ ᠠᠬᠤᠶᠢᠯᠠᠯ ᠤᠨ ᠡᠭᠦᠯᠡᠨ ᠪᠣᠳᠣᠯᠲᠠ ᠳᠤ ᠭᠠᠷᠬᠤ︾ ᠤᠬᠠᠭᠤᠯᠤᠨ | ᠨᠡᠪᠲᠡᠷᠡᠭᠦᠯᠬᠦ᠂ ᠬᠠᠪᠰᠤᠷᠤᠨ ᠵᠢᠯᠤᠭᠤᠳᠬᠤ ᠰᠢᠷᠢᠰ ᠠᠵᠢᠯᠯᠠᠭ᠎ᠠ ᠳᠤ ᠣᠷᠣᠯᠴᠠᠭᠤᠯᠬᠤ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠦᠮᠡᠨ ᠡᠷᠦᠬᠡ ᠠᠵᠤ ᠠᠬᠤᠶᠢᠯᠠᠯ ᠤᠨ ᠡᠭᠦᠯᠡᠨ ᠪᠣᠳᠣᠯᠲᠠ ᠳᠤ ᠭᠠᠷᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ︾ ᠳᠤ ᠲᠦᠰᠢᠭᠯᠡᠨ ᠦᠢᠯᠡᠴᠢᠯᠡᠭᠡᠨ ᠤ | ᠠᠵᠤ ᠠᠬᠤᠶᠢᠯᠠᠯ ᠤᠨ ᠠᠵᠢᠯ ᠢ ᠲᠤᠯᠭᠠᠭᠤᠷᠢᠯᠠᠭᠤᠯᠤᠨ᠎ᠠ᠃ ᠠᠵᠤ ᠦᠢᠯᠡᠳᠪᠦᠷᠢ ᠶᠢᠨ ᠨᠦᠬᠡᠨ ᠵᠤᠤᠬ᠎ᠠ᠂ ᠠᠵᠤ ᠦᠢᠯᠡᠳᠪᠦᠷᠢ ᠶᠢᠨ ᠭᠦᠸᠧᠯᠦ᠂ ᠴᠢᠯᠠᠭᠤᠨ | ᠲᠣᠰᠣ ᠬᠢᠮᠢ ᠶᠢᠨ ᠠᠵᠤ ᠦᠢᠯᠡᠳᠪᠦᠷᠢ ᠶᠢᠨ ᠲᠥᠬᠦᠭᠡᠷᠦᠮᠵᠢ ᠵᠡᠷᠭᠡ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠴᠤᠪᠤᠷᠠᠯ ᠤᠨ ᠠᠵᠢᠯ ᠲᠦᠷᠦᠯ ᠤᠨ ᠲᠥᠬᠦᠭᠡᠷᠦᠮᠵᠢ᠂ | ᠴᠠᠶᠢᠶ᠋ᠢᠦᠵᠢ ᠬᠥᠳᠡᠯᠭᠡᠭᠦᠷ᠂ ᠲᠣᠮᠣ ᠳᠤᠮᠳᠠ ᠬᠡᠯᠪᠡᠷᠢ ᠶᠢᠨ ᠴᠠᠬᠢᠯᠭᠠᠨ ᠮᠠᠰᠢᠨ ᠵᠡᠷᠭᠡ ᠨᠡᠶᠢᠳᠡᠮ ᠬᠡᠷᠡᠭᠯᠡᠬᠦ ᠬᠥᠳᠡᠯᠭᠡᠭᠴᠢ ᠬᠦᠴᠦᠨ ᠤ ᠲᠥᠬᠦᠭᠡᠷᠦᠮᠵᠢ᠂ ᠰᠠᠯᠬᠢᠨ | ᠬᠦᠴᠦᠨ ᠤ ᠴᠠᠬᠢᠯᠭᠠᠨ᠂ ᠭᠡᠷᠡᠯ ᠸᠣᠯᠲ ᠵᠡᠷᠭᠡ ᠰᠢᠨ᠎ᠡ ᠡᠨᠧᠷᠭᠢ ᠶᠢᠨ ᠰᠤᠷᠪᠤᠯᠵᠢ ᠶᠢᠨ ᠲᠥᠬᠦᠭᠡᠷᠦᠮᠵᠢ᠂ ᠪᠠᠷᠢᠯᠭ᠎ᠠ ᠶᠢᠨ ᠮᠧᠬᠠᠨᠢᠭ᠂ ᠲᠣᠭᠠᠨ ᠡᠵᠡᠮᠰᠢᠯᠲᠦ ᠰᠠᠤᠷᠢ | ᠮᠠᠰᠢᠨ ᠵᠡᠷᠭᠡ ᠣᠶᠤᠨᠴᠢᠯᠠᠭᠰᠠᠨ ᠲᠥᠬᠦᠭᠡᠷᠦᠮᠵᠢ ᠶᠢ ᠡᠭᠦᠯᠡᠨ ᠲᠠᠪᠴᠠᠩ ᠳᠤ ᠭᠠᠷᠭᠠᠬᠤ ᠶᠢ ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠵᠤ᠂ ᠲᠥᠬᠦᠭᠡᠷᠦᠮᠵᠢ ᠶᠢᠨ | ᠠᠵᠢᠯᠯᠠᠭᠠᠨ ᠤ ᠦᠷ᠎ᠡ ᠪᠦᠲᠦᠮᠵᠢ ᠪᠠ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠵᠦ᠂ ᠡᠬᠢ ᠪᠠᠶᠠᠯᠢᠭ ᠡᠨᠧᠷᠭᠢ ᠶᠢᠨ ᠰᠤᠷᠪᠤᠯᠵᠢ ᠶᠢᠨ ᠬᠤᠷᠣᠭᠳᠠᠭᠤᠯᠤᠯ ᠪᠠ ᠰᠡᠯᠪᠢᠨ | ᠵᠠᠰᠠᠬᠤ ᠥᠪᠡᠷ ᠤᠨ ᠦᠷᠳᠡᠭ ᠢ ᠪᠠᠭᠤᠷᠠᠭᠤᠯᠤᠨ᠎ᠠ᠃ | ︵ᠲᠠᠪᠤ︶ ᠢᠯᠭᠠᠬᠤ ᠲᠡᠮᠳᠡᠭ ᠤᠨ ᠵᠠᠳᠠᠯᠤᠯᠲᠠ ᠶᠢᠨ ᠵᠠᠩᠭᠢᠶᠠᠰᠤ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠃ ᠭᠤᠣᠯᠳᠠᠯᠭ᠎ᠠ ᠲᠠᠢ ᠠᠵᠢᠯ ᠲᠥᠷᠥᠯ᠂ | ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠡᠳᠬᠡᠮᠵᠢ ᠶᠢᠨ ᠠᠵᠤ ᠠᠬᠤᠶᠢᠯᠠᠯ ᠤᠨ ᠵᠠᠳᠠᠯᠤᠯᠲᠠ ᠶᠢᠨ ᠵᠠᠩᠭᠢᠯᠠᠭ᠎ᠠ ᠶᠢᠨ ᠴᠡᠭ ᠢ | ᠪᠠᠶᠢᠭᠤᠯᠬᠤ ᠶᠢ ᠠᠬᠢᠭᠤᠯᠵᠤ᠂ ᠳ᠋ᠠ ᠹᠠ ᠨᠡᠶᠢᠲᠡ ᠶᠢᠨ ᠭᠤᠯᠢᠷ ᠤᠨ ᠠᠵᠤ ᠠᠬᠤᠶᠢᠯᠠᠯ ᠤᠨ ᠵᠠᠩᠭᠢᠯᠠᠭ᠎ᠠ ᠶᠢᠨ ᠴᠡᠭ᠂ ᠾᠧᠩ ᠰᠢᠨ ᠲᠦᠩ ᠬᠤᠶ ᠨᠡᠷᠡᠨ ᠬᠤᠸᠠᠷ | ᠡᠳ᠋ᠰᠢᠭᠦᠯᠬᠦ ᠵᠠᠩᠭᠢᠯᠠᠭ᠎ᠠ ᠶᠢᠨ ᠴᠡᠭ ᠤᠨ ᠲᠥᠷᠥᠯ ᠵᠦᠢᠯ ᠢᠶᠠᠷ ᠵᠢᠯᠣᠭᠤᠳᠤᠯᠭ᠎ᠠ ᠪᠣᠯᠭᠠᠵᠤ᠂ ᠬᠤᠨᠢ᠂ ᠲᠠᠬᠢᠶ᠎ᠠ᠂ ᠦᠬᠡᠷ ᠵᠡᠷᠭᠡ ᠮᠢᠬᠠᠨ ᠤ ᠪᠦᠲᠦᠭᠡᠭᠳᠡᠬᠦᠨ ᠤ ᠪᠥᠬᠦ | ᠠᠵᠤ ᠦᠢᠯᠡᠰ ᠤᠨ ᠬᠡᠯᠬᠢᠶᠡᠵᠢᠭᠰᠡᠨ ᠠᠵᠤ ᠠᠬᠤᠶᠢᠯᠠᠯ ᠤᠨ ᠵᠠᠩᠭᠢᠯᠠᠭ᠎ᠠ ᠶᠢᠨ ᠴᠡᠭ ᠢ ᠬᠦᠴᠦᠯᠡᠨ ᠪᠣᠶᠢᠵᠢᠭᠤᠯᠤᠨ᠎ᠠ︔ ᠪᠣᠷᠣᠳᠣᠬᠤᠢ ᠶᠢᠨ ᠭᠤᠯᠢᠷ ᠦᠢᠯᠡᠳᠪᠦᠷᠢᠯᠡᠬᠦ | ᠠᠵᠤ ᠠᠬᠤᠶᠢᠯᠠᠯ ᠤᠨ ᠵᠠᠩᠭᠢᠯᠠᠭ᠎ᠠ ᠶᠢᠨ ᠴᠡᠭ︔ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠦᠢᠯᠡᠳᠪᠦᠷᠢᠯᠡᠬᠦ ᠠᠵᠤ ᠠᠬᠤᠶᠢᠯᠠᠯ ᠤᠨ ᠵᠠᠩᠭᠢᠯᠠᠭ᠎ᠠ ᠴᠡᠭ | ᠬᠠᠲᠠᠭᠠᠮᠠᠯ ᠵᠢᠮᠢᠰ ᠰᠠᠷᠢᠭᠠᠯᠠᠬᠤ ᠠᠵᠤ ᠠᠬᠤᠶᠢᠯᠠᠯ ᠤᠨ ᠵᠠᠩᠭᠢᠯᠠᠭ᠎ᠠ ᠶᠢᠨ ᠴᠡᠭ︔ ᠬᠠᠷ᠎ᠠ ᠠᠷᠢᠬᠢ ᠦᠢᠯᠡᠳᠪᠦᠷᠢᠯᠡᠬᠦ ᠠᠵᠤ ᠠᠬᠤᠶᠢᠯᠠᠯ ᠤᠨ ᠵᠠᠩᠭᠢᠯᠠᠭ᠎ᠠ ᠶᠢᠨ ᠴᠢᠭ᠋ | ᠵᠡᠷᠭᠡ ᠨᠢᠭᠡ ᠪᠦᠯᠦᠭ ᠳᠠᠪᠠᠭᠤᠯᠢᠭ ᠠᠵᠢᠯ ᠲᠥᠷᠥᠯ ᠤᠨ ᠬᠦᠷᠢᠶᠡᠨ ᠳᠤ ᠢᠯᠭᠠᠬᠤ ᠲᠡᠮᠳᠡᠭ ᠤᠨ ᠦᠢᠯᠡᠴᠢᠯᠡᠭᠡᠨ ᠳᠤ ᠰᠠᠭᠤᠷᠢᠯᠠᠭᠰᠠᠨ ᠵᠠᠩᠭᠢᠯᠠᠭ᠎ᠠ ᠶᠢᠨ | ᠦᠢᠯᠡᠳᠬᠦᠨ ᠢ ᠮᠥᠷᠳᠡᠬᠦ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠭ᠎ᠠ ᠵᠡᠷᠭᠡ | ᠬᠡᠷᠡᠭᠯᠡᠭᠡᠨ ᠤ ᠰᠢᠨ᠎ᠡ ᠶᠢ ᠡᠭᠦᠳᠦᠨ᠎ᠡ᠃ | ︵ᠵᠢᠷᠭᠤᠭ᠎ᠠ︶ 5G ᠶᠢᠨ ᠠᠬᠤᠢ ᠲᠠᠯᠠᠪᠠᠶ ᠶᠢᠨ ᠬᠡᠷᠡᠭᠯᠡᠭᠡᠨ ᠤ ᠢᠨᠵᠧᠨᠧᠷᠢᠩ᠃ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠬᠦ᠂ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ ᠶᠢᠨ ᠪᠠᠷᠢᠯᠭ᠎ᠠ ᠶᠢᠨ ᠮᠠᠲ᠋ᠧᠷᠢᠶᠠᠯ ︵ᠱᠦᠢᠨᠢ︶᠂ ᠲᠣᠨᠤᠭ | ᠲᠥᠬᠦᠭᠡᠷᠦᠮᠵᠢ ᠦᠢᠯᠡᠳᠬᠦ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠵᠡᠷᠭᠡ ᠠᠵᠢᠯ ᠲᠥᠷᠥᠯ ᠳᠤ ᠠᠵᠤ ᠠᠬᠤᠶᠢᠯᠠᠯ ᠤᠨ ᠣᠶᠤᠨᠴᠢ ᠲᠥᠬᠦᠭᠡᠷᠦᠮᠵᠢ᠂ ᠲᠣᠭᠠᠨ ᠤ | ᠡᠵᠡᠮᠰᠢᠯᠲᠦ ᠰᠠᠤᠷᠢ ᠮᠠᠰᠢᠨ᠂ ᠠᠦ᠋ᠲ᠋ᠣᠴᠢᠯᠠᠬᠤ ᠮᠡᠷᠭᠡᠵᠢᠯ᠂ ᠠᠦ᠋ᠲ᠋ᠣ᠋ ᠢᠯᠭᠠᠨ ᠲᠠᠨᠢᠬᠤ ᠮᠡᠷᠭᠡᠵᠢᠯ᠂ AGV ᠵᠡᠷᠭᠡ ᠮᠡᠷᠭᠡᠵᠢᠯ ᠢ ᠬᠡᠷᠡᠭᠯᠡᠬᠦ ᠶᠢ ᠳᠡᠮᠵᠢᠵᠦ᠂ | ᠦᠢᠯᠡᠳᠪᠦᠷᠢ ᠶᠢᠨ ᠲᠠᠰᠤᠭ ᠤᠨ ᠲᠥᠯᠥᠪᠯᠡᠭᠡ ᠲᠠᠢ ᠪᠠᠷ ᠭᠠᠳᠠᠭᠰᠢᠯᠠᠭᠤᠯᠬᠤ᠂ ᠡᠳ᠋ᠰᠢᠭᠦᠯᠦᠨ ᠤᠭᠰᠠᠷᠠᠬᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ | ᠡᠨᠧᠷᠭᠢ ᠶᠢᠨ ᠬᠤᠷᠣᠭᠳᠠᠯ ᠤᠨ ᠬᠠᠮᠢᠶᠠᠷᠤᠯᠲᠠ ᠵᠡᠷᠭᠡ ᠡᠯ᠎ᠡ ᠦᠢᠯᠡᠳᠪᠦᠷᠢᠯᠡᠯ ᠤᠨ ᠭᠤᠭᠴᠤᠭ᠎ᠠ ᠶᠢᠨ ᠣᠶᠤᠨᠴᠢ ᠬᠠᠮᠵᠢᠯᠴᠠᠭ᠎ᠠ ᠪᠠ ᠬᠤᠯᠪᠤᠭᠠᠯᠠᠨ ᠬᠥᠳᠡᠯᠦᠯᠴᠡᠬᠦ ᠶᠢ | ᠠᠬᠢᠭᠤᠯᠵᠤ᠂ ᠬᠠᠮᠢᠶᠠᠷᠤᠯᠲᠠ ᠶᠢ ᠰᠢᠯᠢᠳᠡᠭᠵᠢᠭᠦᠯᠦᠨ᠂ ᠲᠣᠭᠠᠨ ᠤ ᠦᠢᠯᠡᠳᠪᠦᠷᠢ ᠶᠢᠨ ᠲᠠᠰᠤᠭ ᠢ ᠪᠦᠲᠦᠭᠡᠨ ᠪᠠᠶᠢᠭᠤᠯᠤᠨ᠎ᠠ᠃ 2025 ᠣᠨ ᠪᠣᠯᠬᠤ ᠳᠤ᠂ ᠪᠥᠬᠦ | ᠬᠤᠲᠠ ᠳᠤ ᠢᠯᠢ᠂ ᠮᠧᠩ ᠨᠢᠦ᠂ ᠢ ᠵᠥᠩ ᠢ᠂ ᠳ᠋ᠠ ᠪᠧᠢ ᠨᠦᠩ ᠵᠡᠷᠭᠡ ᠣᠶᠤᠨᠲᠤ ᠦᠢᠯᠡᠳᠪᠦᠷᠢ ︵ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ᠪᠠᠭᠲᠠᠨ᠎ᠠ︶ | ᠶᠢ ᠨᠡᠶᠢᠲᠡ 15 ᠠᠴᠠ ᠳᠡᠭᠡᠭᠰᠢ ᠪᠠᠶᠢᠭᠤᠯᠤᠨ᠎ᠠ᠃ ᠵᠠᠳᠠᠭᠠᠢ ᠭᠠᠵᠠᠷ ᠵᠢᠴᠢ ᠠᠭᠤᠷᠬᠠᠢ ᠶᠢᠨ ᠬᠤᠳᠳᠤᠭ ᠤᠨ ᠠᠵᠤ ᠦᠢᠯᠡᠳᠪᠦᠷᠢ ᠠᠭᠤᠷᠬᠠᠢ ᠳᠤ 5G | ᠳᠣᠬᠢᠶᠠᠨ ᠤ ᠲᠣᠣᠷ ᠰᠦᠯᠵᠢᠶ᠎ᠡ ᠶᠢ ᠲᠥᠯᠥᠪᠵᠢᠭᠦᠯᠦᠨ ᠪᠠᠶᠢᠷᠢᠯᠠᠭᠤᠯᠵᠤ᠂ ᠸᠧᠨ ᠮᠢᠩ ᠨᠡᠭᠦᠷᠡᠰᠦᠨ ᠠᠭᠤᠷᠬᠠᠢ᠂ ᠳ᠋ᠠ ᠵᠥᠩ ᠠᠭᠤᠷᠬᠠᠢ ᠶᠢᠨ ᠦᠢᠯᠡᠰ᠂ ᠪᠠᠷᠠᠭᠤᠨ | ᠣᠷᠣᠨ ᠤ ᠵᠡᠰ ᠤᠨ ᠦᠢᠯᠡᠰ᠂ ᠲᠠᠢ ᠫᠢᠩ ᠠᠭᠤᠷᠬᠠᠢ ᠶᠢᠨ ᠦᠢᠯᠡᠰ ᠵᠡᠷᠭᠡ ᠠᠵᠤ ᠠᠬᠤᠶᠢᠯᠠᠯ ᠤᠨ ᠠᠳᠠᠯᠢ ᠪᠤᠰᠤ ᠨᠥᠬᠦᠴᠡᠯ᠂ ᠦᠵᠡᠮᠵᠢ ᠪᠠᠶᠢᠳᠠᠯ᠂ ᠵᠠᠭᠪᠤᠷ | ᠳᠣᠣᠷᠠᠬᠢ 5G + ︽ᠣᠶᠤᠨᠴᠢᠯᠠᠭᠰᠠᠨ︾ ᠵᠢᠱᠢᠶ᠎ᠡ ᠦᠵᠡᠭᠦᠯᠬᠦ ᠲᠥᠷᠥᠯ ᠵᠦᠢᠯ ᠢ ᠪᠠᠶᠢᠭᠤᠯᠬᠤ ᠶᠢ ᠭᠤᠣᠯᠳᠠᠯᠭ᠎ᠠ ᠲᠠᠢ ᠳᠡᠮᠵᠢᠨ᠎ᠡ᠃ | ︵ᠳᠣᠯᠤᠭ᠎ᠠ︶ ᠣᠶᠤᠨᠲᠤ ᠬᠦᠷᠢᠶᠡᠯᠡᠩ ᠲᠣᠭᠤᠷᠢᠭ ᠢ ᠴᠣᠭᠴᠠᠯᠠᠬᠤ ᠢᠨᠵᠧᠨᠧᠷᠢᠩ᠃ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ | ᠮᠡᠷᠭᠡᠵᠢᠯ ᠪᠣᠯᠣᠨ ᠣᠶᠤᠨ ᠤᠬᠠᠭᠠᠨ ᠤ ᠬᠡᠷᠡᠭᠯᠡᠭᠡ ᠪᠠᠷ ᠲᠤᠯᠭᠠᠭᠤᠷᠢᠯᠠᠯ ᠪᠣᠯᠭᠠᠵᠤ᠂ ︽ᠨᠢᠭᠡ ᠲᠠᠪᠴᠠᠩ᠂ ᠬᠤᠶᠠᠷ ᠲᠥᠪ᠂ ᠵᠢᠷᠭᠤᠭᠠᠨ ᠰᠢᠰᠲ᠋ᠧᠮ︾ ︵ | ᠲᠤᠭ᠎ᠠ ᠪᠠᠷᠢᠮᠲᠠ ᠶᠢ ᠮᠡᠳᠡᠷᠡᠬᠦ ᠲᠠᠪᠴᠠᠩ᠂ ᠣᠶᠤᠨᠴᠢ ᠡᠵᠡᠩᠨᠡᠯᠲᠡ ᠶᠢᠨ ᠲᠥᠪ᠂ ᠲᠤᠭ᠎ᠠ ᠪᠠᠷᠢᠮᠲᠠ ᠬᠠᠳᠠᠭᠠᠯᠠᠬᠤ ᠲᠥᠪ᠂ ᠠᠵᠤ ᠠᠬᠤᠢ ᠶᠢᠨ ᠠᠵᠢᠯᠯᠠᠭᠠᠨ ᠤ | ᠬᠢᠨᠠᠨ ᠬᠡᠮᠵᠢᠬᠦ ᠰᠢᠰᠲ᠋ᠧᠮ᠂ ᠡᠨᠧᠷᠭᠢ ᠶᠢᠨ ᠬᠤᠷᠣᠭᠳᠠᠯ ᠢ ᠬᠢᠨᠠᠨ ᠬᠡᠮᠵᠢᠬᠦ ᠰᠢᠰᠲ᠋ᠧᠮ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠢᠰᠲ᠋ᠧᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠡᠮᠵᠢᠬᠦ ᠰᠢᠰᠲ᠋ᠧᠮ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠬᠢᠨᠠᠨ ᠬᠡᠮᠵᠢᠬᠦ ᠰᠢᠰᠲ᠋ᠧᠮ᠂ | ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ︶ ᠢ ᠭᠤᠣᠯᠳᠠᠯᠭ᠎ᠠ ᠲᠠᠢ ᠪᠣᠶ ᠪᠣᠯᠭᠠᠨ᠎ᠠ᠃ ᠪᠥᠬᠦ ᠬᠤᠲᠠ ᠶᠢᠨ 4 ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠲᠤ ᠴᠥᠮ ᠣᠶᠤᠨᠲᠤ ᠬᠦᠷᠢᠶᠡᠯᠡᠩ ᠲᠣᠭᠤᠷᠢᠭ ᠪᠠᠶᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ | ᠠᠵᠢᠯᠯᠠᠭᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠡᠨᠧᠷᠭᠢ ᠶᠢᠨ ᠬᠤᠷᠣᠭᠳᠠᠯ ᠢ ᠬᠠᠮᠢᠶᠠᠷᠤᠨ ᠡᠵᠡᠮᠳᠡᠬᠦ᠂ ᠪᠣᠬᠢᠷᠲᠤᠯ ᠢ ᠬᠢᠨᠠᠨ ᠬᠡᠮᠵᠢᠬᠦ ᠵᠡᠷᠭᠡ ᠶᠢ | ᠨᠢᠭᠡ ᠴᠣᠭᠴᠠᠵᠢᠭᠤᠯᠬᠤ᠂ ︽ᠪᠥᠬᠦ ᠦᠵᠡᠮᠵᠢ ᠶᠢᠨ ᠮᠠᠶ᠋ᠢᠭ︾ ᠤᠨ ᠬᠠᠮᠢᠶᠠᠷᠤᠯᠲᠠ ᠶᠢ ᠪᠡᠶᠡᠯᠡᠭᠦᠯᠪᠡ᠃ | ︵ᠨᠠᠢᠮᠠ︶ ᠠᠵᠤ ᠦᠢᠯᠡᠳᠪᠦᠷᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ᠃ ᠲᠣᠰ ᠭᠠᠵᠠᠷ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠦᠷᠢᠶ᠎ᠡ ᠴᠠᠷᠠᠭ᠎ᠠ ᠶᠢᠨ ᠲᠤᠭ᠎ᠠ ᠪᠠᠷᠢᠮᠲᠠ ᠶᠢ ᠲᠥᠷᠥᠯ ᠬᠤᠪᠢᠶᠠᠨ ᠱᠠᠲᠤ ᠬᠤᠪᠢᠶᠠᠨ ᠬᠠᠮᠢᠶᠠᠷᠬᠤ ᠵᠢᠴᠢ ᠴᠢᠬᠤᠯᠠ | ᠲᠤᠭ᠎ᠠ ᠪᠠᠷᠢᠮᠲᠠ ᠪᠠ ᠭᠤᠣᠯ ᠪᠣᠯᠬᠤ ᠲᠤᠭ᠎ᠠ ᠪᠠᠷᠢᠮᠲᠠ ᠶᠢ ᠢᠯᠭᠠᠨ ᠲᠠᠨᠢᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠭ᠎ᠠ ᠪᠠᠷᠢᠮᠲᠠ ᠶᠢᠨ ᠪᠥᠬᠦ ᠠᠮᠢ | ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠲᠦᠭᠰᠢᠭᠦᠷᠢ ᠶᠢ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠦᠨᠡᠯᠡᠨᠠᠵᠤ ᠠᠬᠤᠶᠢᠯᠠᠯ ᠢ | ᠵᠢᠯᠣᠭᠤᠳᠤᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠠᠵᠤ ᠦᠢᠯᠡᠳᠪᠦᠷᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠵᠤ | ᠦᠢᠯᠡᠳᠪᠦᠷᠢ ᠶᠢᠨ ᠠᠦ᠋ᠲ᠋ᠣᠴᠢᠯᠠᠭᠰᠠᠨ ᠡᠵᠡᠮᠳᠡᠬᠦ ᠰᠢᠰᠲ᠋ᠧᠮ ᠤᠨ ᠰᠡᠷᠭᠡᠶᠢᠯᠡᠨ ᠬᠠᠮᠠᠭᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠪᠠᠶᠢᠳᠠᠯ ᠪᠠ ᠣᠷᠣᠰᠢᠵᠤ ᠪᠠᠶᠢᠭ᠎ᠠ | ᠠᠮᠤᠷ ᠲᠦᠪᠰᠢᠨ ᠤ ᠳᠠᠯᠳᠠ ᠬᠡᠮ ᠢ ᠭᠤᠣᠯᠳᠠᠯᠭ᠎ᠠ ᠲᠠᠢ ᠪᠠᠶᠢᠴᠠᠭᠠᠵᠤ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠠᠮᠤᠷ ᠲᠦᠪᠰᠢᠨ ᠤ ᠬᠢᠨᠠᠯᠲᠠ | ᠪᠠᠶᠢᠴᠠᠭᠠᠯᠲᠠ᠂ ᠲᠦᠭᠰᠢᠭᠦᠷᠢ ᠶᠢ ᠦᠨᠡᠯᠡᠨ ᠵᠢᠱᠢᠬᠦ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ ᠮᠡᠳᠡᠭᠡᠯᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ | ᠲᠤᠭ᠎ᠠ ᠪᠠᠷᠢᠮᠲᠠ ᠶᠢ ᠬᠠᠮᠠᠭᠠᠯᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠪᠣᠯᠣᠨ ᠬᠤᠲᠠ ᠶᠢᠨ ᠱᠠᠲᠤᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠲᠣᠰ ᠲᠥᠰᠥᠯ ᠤᠨ ᠬᠡᠷᠡᠭᠵᠢᠭᠦᠯᠦᠯᠲᠡ ᠶᠢ | ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠬᠢᠨᠠᠨ ᠵᠢᠯᠤᠭᠤᠳᠬᠤ᠂ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠢ᠃ ᠨᠢᠭᠡ ᠪᠦᠯᠦᠭ ᠲᠣᠭᠠᠴᠢᠯᠠᠭᠰᠠᠨ | ᠬᠡᠯᠪᠡᠷᠢ ᠶᠢ ᠬᠤᠪᠢᠷᠠᠭᠤᠯᠬᠤ ᠵᠢᠱᠢᠶ᠎ᠡ ᠦᠵᠡᠭᠦᠯᠬᠦ ᠠᠬᠤᠢ ᠲᠠᠯᠠᠪᠠᠶ ᠶᠢᠨ ᠬᠡᠷᠡᠭᠯᠡᠭᠡᠨ ᠤ ᠲᠥᠷᠥᠯ ᠵᠦᠢᠯ ᠢ ᠰᠢᠯᠢᠨ ᠰᠣᠩᠭᠤᠵᠤ᠂ ︽ᠠᠰᠠᠷᠠᠭᠴᠢ ᠮᠠᠶ᠋ᠢᠭ︾ ᠤᠨ | ᠦᠢᠯᠡᠴᠢᠯᠡᠭᠡ ᠵᠢᠴᠢ ᠲᠥᠷᠥ ᠶᠢᠨ ᠪᠣᠳᠣᠯᠭ᠎ᠠ ᠶᠢᠨ ᠬᠡᠯᠪᠠᠶᠢᠯᠲᠡ ᠪᠠᠷ ᠳᠠᠮᠵᠢᠭᠤᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠲᠡᠮᠦᠷ ᠰᠤᠪᠤᠷᠭ᠎ᠠ ᠶᠢᠨ | ᠺᠣᠮᠫᠠᠨᠢ ᠵᠡᠷᠭᠡ ᠡᠯ᠎ᠡ ᠡᠵᠡᠩᠨᠡᠯᠲᠡ ᠶᠢᠨ ᠬᠤᠳᠠᠯᠳᠤᠭᠠᠴᠢᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠲᠣᠭᠠᠴᠢᠯᠠᠭᠰᠠᠨ | ᠰᠠᠭᠤᠷᠢ ᠲᠥᠬᠦᠭᠡᠷᠦᠮᠵᠢ ᠶᠢ ᠳᠠᠰᠤᠷᠠᠯᠳᠠ ᠦᠭᠡᠢ ᠲᠡᠰ ᠳᠡᠪᠰᠢᠭᠦᠯᠬᠦ ᠶᠢᠨ ᠬᠠᠮᠲᠤ ᠣᠶᠤᠨᠴᠢᠯᠠᠭᠰᠠᠨ ᠲᠠᠯᠠᠪᠤᠷ ᠤᠨ ᠬᠡᠷᠡᠭᠯᠡᠭᠡᠨ ᠤ ᠰᠢᠢᠳᠪᠦᠷᠢᠯᠡᠬᠦ ᠲᠥᠰᠥᠯ ᠢ | ᠬᠠᠩᠭᠠᠵᠤ᠂ ᠠᠵᠤ ᠦᠢᠯᠡᠳᠪᠦᠷᠢ ᠶᠢᠨ ᠬᠦᠷᠢᠶᠡᠨ ᠤ ᠤᠶᠤᠨ ᠤ ᠥᠭᠡᠷᠡᠴᠢᠯᠡᠯᠲᠡ ᠶᠢᠨ ᠲᠤᠭ᠎ᠠ ᠶᠢ ᠬᠤᠪᠢᠷᠠᠭᠤᠯᠬᠤ ᠠᠯᠬᠤᠮ ᠢ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ︵ᠬᠤᠶᠠᠷ︶ ᠲᠣᠭᠠᠵᠢᠭᠤᠯᠤᠭᠰᠠᠨ ᠦᠨᠡᠯᠡᠨ ᠵᠢᠱᠢᠵᠦ ᠣᠨᠣᠰᠢᠯᠠᠬᠤ ᠶᠢ ᠥᠷᠨᠢᠭᠦᠯᠦᠨ᠎ᠡ᠃ ᠪᠥᠬᠦ ᠬᠤᠲᠠ ᠶᠢᠨ ᠬᠡᠪ ᠤᠨ ᠦᠢᠯᠡᠳᠪᠦᠷᠢᠯᠡᠯ ᠤᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠬᠠᠨᠳᠤᠭᠤᠯᠤᠨ᠂ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ | ᠠᠬᠤᠶᠢᠯᠠᠯ ᠤᠨ ᠠᠵᠤ ᠠᠬᠤᠶᠢᠯᠠᠯ ᠤᠳ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠲᠣᠭᠠᠴᠢᠯᠠᠭᠰᠠᠨ ᠦᠨᠡᠯᠡᠨ ᠵᠢᠱᠢᠵᠦ | ᠣᠨᠣᠰᠢᠯᠠᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ | ᠬᠡᠷᠡᠭᠵᠢᠭᠦᠯᠵᠦ᠂ ᠠᠵᠤ ᠠᠬᠤᠶᠢᠯᠠᠯ ᠤᠨ ᠲᠣᠭᠠᠴᠢᠯᠠᠭᠰᠠᠨ ᠦᠨᠡᠯᠡᠨ ᠵᠢᠱᠢᠵᠦ ᠣᠨᠣᠰᠢᠯᠠᠭᠰᠠᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ᠃ ᠠᠳᠠᠯᠢ ᠪᠤᠰᠤ ᠬᠢᠷᠢ | ᠲᠦᠪᠰᠢᠨ᠂ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠴᠢᠭᠯᠡᠯ ᠪᠠ ᠠᠷᠭ᠎ᠠ ᠵᠠᠮ ᠢ | ᠲᠣᠳᠣᠷᠬᠠᠶᠢᠯᠠᠵᠤ᠂ ᠪᠠᠶᠠᠨᠨᠠᠭᠤᠷ ᠬᠤᠲᠠ ᠶᠢᠨ ᠣᠶᠤᠨᠴᠢᠯᠠᠭᠰᠠᠨ ᠬᠥᠭᠵᠢᠯᠲᠡ ᠶᠢ ᠲᠦᠯᠬᠢᠨ ᠠᠬᠢᠭᠤᠯᠬᠤ ᠳᠤ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ | ᠬᠡᠷᠡᠭᠵᠢᠭᠦᠯᠬᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠯᠭᠠᠭᠤᠷᠢᠯᠠᠯ ᠬᠠᠩᠭᠠᠨ᠎ᠠ᠃ | ︵ᠭᠤᠷᠪᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠢ ᠣᠯᠬᠤ ᠪᠠᠷ ᠴᠢᠷᠮᠠᠶᠢᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ | ᠵᠢᠯᠤᠭᠤᠳᠬᠤ ᠦᠢᠯᠡᠳᠦᠯ ᠢ ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ ᠲᠣᠭᠠᠴᠢᠯᠠᠭᠰᠠᠨ᠂ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠳᠤ ᠳᠡᠭᠡᠳᠦ ᠱᠠᠲᠤᠨ ᠤ | ᠪᠡᠯᠡ ᠮᠥᠩᠭᠦ ᠶᠢ ᠣᠯᠬᠤ ᠪᠠᠷ ᠴᠢᠷᠮᠠᠶᠢᠬᠤ ᠲᠠᠯ᠎ᠠ ᠪᠠᠷ ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃ ᠠᠵᠤ ᠠᠬᠤᠶᠢᠯᠠᠯ ᠳᠤ ᠤᠬᠠᠭᠤᠯᠤᠨ ᠲᠠᠶᠢᠯᠪᠤᠷᠢᠯᠠᠬᠤ | ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠲᠣᠭᠠᠵᠢᠭᠤᠯᠬᠤ᠂ ᠤᠶᠤᠨᠵᠢᠭᠤᠯᠬᠤ ᠥᠭᠡᠷᠡᠴᠢᠯᠡᠯᠲᠡ ᠵᠡᠷᠭᠡ ᠴᠢᠬᠤᠯᠠ ᠶᠡᠭᠡ ᠲᠥᠷᠥᠯ ᠵᠦᠢᠯ ᠢ | ᠬᠡᠷᠡᠭᠵᠢᠭᠦᠯᠬᠦ ᠶᠢ ᠳᠡᠮᠵᠢᠨ᠎ᠡ᠃ ᠠᠵᠤ ᠠᠬᠤᠶᠢᠯᠠᠯ ᠤᠨ ᠲᠣᠭᠠᠵᠢᠭᠤᠯᠬᠤ ᠪᠦᠲᠦᠭᠡᠨ ᠪᠠᠶᠢᠭᠤᠯᠤᠯᠲᠠ ᠶᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠯᠦᠭᠡ ᠵᠡᠷᠭᠡ ᠳᠤᠨᠢ | ᠵᠢᠷᠤᠭᠯᠠᠨ ᠲᠥᠯᠥᠪᠯᠡᠵᠦ᠂ ᠵᠡᠷᠭᠡ ᠳᠤᠨᠢ ᠪᠦᠲᠦᠭᠡᠨ ᠪᠠᠶᠢᠭᠤᠯᠵᠤ᠂ ᠵᠡᠷᠭᠡ ᠳᠤᠨᠢ ᠡᠵᠡᠩᠨᠡᠵᠦ᠂ ᠠᠵᠤ ᠠᠬᠤᠶᠢᠯᠠᠯ ᠤᠨ ︽ᠠᠵᠤ ᠦᠢᠯᠡᠳᠪᠦᠷᠢᠵᠢᠯᠲᠡ ᠪᠠ ᠮᠡᠳᠡᠭᠡ | ᠵᠠᠩᠭᠢᠵᠢᠯᠲᠠ ᠶᠢ ᠠᠭᠤᠰᠤᠯᠴᠠᠭᠤᠯᠬᠤ︾ ᠶᠢᠨ ᠬᠢᠷᠢ ᠬᠡᠮᠵᠢᠶ᠎ᠡ ᠶᠢ ᠡᠬᠢ ᠡᠭᠦᠰᠦᠯ ᠠᠴᠠ ᠨᠢ ᠦᠨᠡᠨᠬᠦ ᠳᠡᠭᠡᠭᠰᠢᠯᠡᠭᠦᠯᠦᠨ᠎ᠡ᠃ | ︵ᠳᠥᠷᠪᠡ︶ ᠤᠬᠠᠭᠤᠯᠤᠨ ᠳᠡᠯᠭᠡᠷᠡᠭᠦᠯᠬᠦ ᠶᠢ ᠴᠢᠩᠭᠠᠷᠠᠭᠤᠯᠤᠨ᠎ᠠ ᠃ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠨᠡᠶᠢᠭᠡᠮᠯᠢᠭ ᠤᠨ | ᠬᠤᠯᠪᠣᠭ᠎ᠠ᠂ ᠠᠵᠤ ᠦᠢᠯᠡᠰ ᠤᠨ ᠲᠤᠰᠬᠠᠢ ᠮᠡᠷᠭᠡᠵᠢᠯᠲᠡᠨ᠂ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠵᠡᠷᠭᠡ ᠪᠦᠯᠬᠦᠮ ᠢ ᠪᠠᠶᠢᠩᠭᠤ ᠶᠢᠨ ᠴᠢᠨᠠᠷᠲᠠᠢ ᠪᠠᠷ ᠵᠣᠬᠢᠶᠠᠨ | ᠪᠠᠶᠢᠭᠤᠯᠵᠤ ᠲᠦᠷᠦ ᠶᠢᠨ ᠪᠣᠳᠣᠯᠭ᠎ᠠ᠂ ᠰᠦᠯᠵᠢᠶ᠎ᠡ᠂ ᠲᠠᠪᠴᠠᠩ᠂ ᠠᠮᠤᠷ ᠲᠦᠪᠰᠢᠨ᠂ ᠢᠯᠡᠳᠬᠡᠮᠵᠢ ᠲᠡᠮᠳᠡᠭ᠂ ᠡᠬᠢ ᠪᠠᠶᠠᠯᠢᠭ᠂ ᠬᠡᠷᠡᠭᠯᠡᠭᠡ ᠵᠡᠷᠭᠡ ᠦᠢᠯᠡᠴᠢᠯᠡᠭᠡᠨ ᠤ | ᠠᠭᠤᠯᠭ᠎ᠠ ᠶᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢᠨ ᠬᠤᠰᠢᠭᠤᠷᠠᠯ | ᠣᠨᠣᠯ᠂ ᠮᠡᠷᠭᠡᠵᠢᠯ ᠤᠨ ᠦᠷ᠎ᠡ ᠪᠦᠲᠦᠭᠡᠯ ᠤᠨ ᠤᠬᠠᠭᠤᠯᠭ᠎ᠠ ᠪᠠ ᠳᠡᠯᠭᠡᠷᠡᠭᠦᠯᠦᠯᠲᠡ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠰᠡᠳᠦᠪᠲᠦ | ᠲᠠᠶᠢᠯᠤᠮᠵᠢ᠂ ᠶᠠᠷᠢᠶᠠᠨ ᠤ ᠲᠠᠪᠴᠠᠩ᠂ ᠪᠣᠯᠪᠠᠰᠤᠷᠠᠭᠤᠯᠤᠯ ᠰᠣᠯᠢᠯᠴᠠᠭᠠᠨ ᠤ ᠠᠵᠢᠯᠯᠠᠭ᠎ᠠ ᠡᠷᠭᠢᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ | ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢᠨ ᠦᠵᠡᠯ ᠤᠬᠠᠮᠰᠠᠷ᠂ ᠲᠠᠨᠢᠯᠲᠠ ᠶᠢᠨ ᠬᠢᠷᠢ ᠲᠦᠪᠰᠢᠨ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ | ᠴᠢᠳᠠᠪᠤᠷᠢ ᠶᠢ ᠲᠦᠷᠭᠡᠳᠬᠡᠨ ᠳᠡᠭᠡᠭᠰᠢᠯᠡᠭᠦᠯᠦᠨ᠎ᠡ᠃ | | |