ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶ ᠶᠢᠨ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠪᠠᠶᠠᠨᠨᠠᠭᠤᠷ ᠬᠤᠲᠠ ᠶᠢᠨ ︿ᠬᠡᠮᠵᠢᠯᠲᠡ ᠶᠢᠨ ᠬᠥᠭᠵᠢᠯᠲᠡ ᠶᠢᠨ ᠲᠥᠯᠦᠪᠵᠢᠭᠦᠯᠭᠡ ︵2021 ᠠᠴᠠ 2035 ᠣᠨ︶﹀ ᠶᠢ ᠬᠡᠷᠡᠭᠵᠢᠭᠦᠯᠬᠦ ᠠᠵᠢᠯ ᠤᠨ | ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 5 ᠰᠠᠷ᠎ᠠ ᠶᠢᠨ 9 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | ᠪᠠᠶᠠᠨᠨᠠᠭᠤᠷ ᠬᠤᠲᠠ ︽ᠬᠡᠮᠵᠢᠯᠲᠡ ᠶᠢᠨ ᠬᠥᠭᠵᠢᠯᠲᠡ ᠶᠢᠨ ᠲᠥᠯᠦᠪᠵᠢᠭᠦᠯᠭᠡ ︵2021 ᠠᠴᠠ 2035 ᠣᠨ︶︾ ᠶᠢ ᠬᠡᠷᠡᠭᠵᠢᠭᠦᠯᠬᠦ ᠠᠵᠢᠯ ᠤᠨ | ᠲᠥᠰᠥᠯ | ︽ᠬᠡᠮᠵᠢᠯᠲᠡ ᠶᠢᠨ ᠬᠥᠭᠵᠢᠯᠲᠡ ᠶᠢᠨ ᠲᠥᠯᠦᠪᠵᠢᠭᠦᠯᠭᠡ ︵2021 ᠠᠴᠠ 2035 ᠣᠨ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠡᠮᠵᠢᠯᠲᠡ ᠶᠢᠨ ᠬᠥᠭᠵᠢᠯᠲᠡ ᠶᠢᠨ ᠲᠥᠯᠦᠪᠵᠢᠭᠦᠯᠭᠡ ︵2021 ᠠᠴᠠ 2035 ᠣᠨ︶ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠬᠡᠷᠡᠭᠵᠢᠭᠦᠯᠬᠦ ᠲᠥᠰᠥᠯ︾ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠮᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠨ᠂ | ᠬᠡᠮᠵᠢᠯᠲᠡ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠠᠶᠠᠨᠨᠠᠭᠤᠷ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠦᠢᠯᠡᠴᠢᠯᠡᠬᠦ ᠶᠢᠨ ᠲᠤᠰᠠᠳᠠ᠂ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠵᠢᠯ ᠤᠨ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ︽ᠲᠠᠪᠤᠨ ᠰᠢᠨ᠎ᠡ ᠲᠠᠪᠤᠨ ᠥᠨᠳᠥᠷ︾ ᠤᠨ ᠲᠡᠮᠡᠴᠡᠬᠦ ᠬᠠᠷᠠᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠬᠡᠮᠵᠢᠯᠲᠡ ᠶᠢᠨ ᠲᠤᠰᠬᠠᠢ ᠮᠡᠷᠭᠡᠵᠢᠯ ᠤᠨ ᠬᠥᠭᠵᠢᠯᠲᠡ ᠶᠢᠨ ᠪᠤᠰᠤᠳᠴᠢ ᠵᠢᠮ᠎ᠡ ᠶᠣᠰᠣ ᠶᠢ ᠵᠢᠷᠤᠮᠯᠠᠨ᠂ ᠬᠡᠮᠵᠢᠯᠲᠡ ᠶᠢᠨ | ᠪᠠᠶᠢᠴᠠᠭᠠᠨ ᠬᠡᠮᠵᠢᠬᠦ ᠰᠠᠭᠤᠷᠢ ᠪᠦᠲᠦᠭᠡᠨ ᠪᠠᠶᠢᠭᠤᠯᠤᠯᠲᠠ ᠪᠠ ᠬᠡᠮᠵᠢᠯᠲᠡ ᠶᠢᠨ ᠬᠡᠮᠵᠢᠨ ᠰᠢᠯᠭᠠᠬᠤ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠬᠡᠮᠵᠢᠯᠲᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠬᠤᠲᠠ ᠶᠢᠨ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠡᠮᠵᠢᠯᠲᠡ ᠶᠢᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | ︵ᠬᠤᠶᠠᠷ︶ ᠠᠵᠢᠯ ᠤᠨ ᠬᠠᠷᠠᠯᠲᠠ | 2025 ᠣᠨ ᠪᠣᠯᠬᠤ ᠳᠤ᠂ ᠪᠥᠬᠦ ᠬᠤᠲᠠ ᠶᠢᠨ ᠲᠤᠭ᠎ᠠ ᠬᠡᠮᠵᠢᠶ᠎ᠡ ᠪᠠᠷ ᠤᠯᠠᠮᠵᠢᠯᠠᠬᠤ ᠡᠬᠢ ᠰᠤᠷᠪᠤᠯᠵᠢ ᠶᠢ ᠡᠷᠢᠬᠦ ᠰᠢᠰᠲ᠋ᠧᠮ ᠢ ᠨᠠᠩ ᠲᠡᠭᠦᠯᠳᠡᠷᠵᠢᠭᠦᠯᠵᠦ᠂ | ᠨᠡᠶᠢᠭᠡᠮ ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢ 15 ᠵᠦᠢᠯ ᠪᠠᠶᠢᠭᠤᠯᠬᠤ ᠪᠠ ᠰᠢᠨᠡᠴᠢᠯᠡᠬᠦ ᠪᠠᠷ ᠴᠢᠷᠮᠠᠶᠢᠵᠤ᠂ ᠡᠭᠦᠨ ᠳᠤ 3 ᠵᠦᠢᠯ ᠢ | ᠰᠢᠨᠡᠴᠢᠯᠡᠨ᠎ᠡ︔ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠰ ᠤᠨ ᠬᠡᠮᠵᠢᠨ ᠰᠢᠯᠭᠠᠬᠤ ᠲᠥᠪ ᠢ 1 ᠪᠡᠯᠡᠳᠬᠡᠨ ᠪᠠᠶᠢᠭᠤᠯᠵᠤ᠂ ᠬᠡᠮᠵᠢᠯᠲᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠡᠮᠵᠢᠯᠲᠡ ᠶᠢᠨ ᠦᠢᠯᠡᠴᠢᠯᠡᠭᠡᠨ ᠤ | ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠢᠲᠡᠭᠡᠮᠵᠢ ᠶᠢᠨ ᠬᠡᠮᠵᠢᠯᠲᠡ ᠶᠢᠨ ᠵᠢᠱᠢᠶ᠎ᠡ ᠦᠵᠡᠭᠦᠯᠬᠦ ᠨᠢᠭᠡᠴᠡ ᠶᠢ 75 ᠡᠷᠦᠬᠡ ᠠᠴᠠ ᠳᠡᠭᠡᠭᠰᠢ ᠬᠥᠲᠥᠯᠥᠨ | ᠵᠢᠯᠤᠭᠤᠳᠴᠤ ᠪᠣᠶᠢᠵᠢᠭᠤᠯᠤᠨ᠂ ᠰᠢᠨ᠎ᠡ ᠬᠡᠯᠪᠡᠷᠢ ᠶᠢᠨ ᠬᠡᠮᠵᠢᠯᠲᠡ ᠶᠢᠨ ᠬᠢᠨᠠᠨ ᠬᠠᠮᠢᠶᠠᠷᠬᠤ ᠳᠦᠷᠢᠮ ᠢ ᠬᠡᠷᠡᠭᠵᠢᠭᠦᠯᠵᠦ᠂ ᠬᠡᠮᠵᠢᠯᠲᠡ ᠶᠢᠨ ᠬᠢᠨᠠᠨ ᠬᠠᠮᠢᠶᠠᠷᠬᠤ | ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ | 2035 ᠣᠨ ᠪᠣᠯᠬᠤ ᠳᠤ᠂ ᠪᠥᠬᠦ ᠬᠤᠲᠠ ᠶᠢᠨ ᠬᠡᠮᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠬᠡᠮᠵᠢᠯᠲᠡ ᠶᠢᠨ | ᠮᠡᠷᠭᠡᠵᠢᠯ ᠤᠨ ᠬᠡᠷᠡᠭᠯᠡᠭᠡᠨ ᠤ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠣᠲᠣ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠪᠠ ᠳᠡᠭᠡᠳᠦ ᠰᠢᠨ᠎ᠡ ᠮᠡᠷᠭᠡᠵᠢᠯ ᠵᠡᠷᠭᠡ ᠭᠤᠣᠯᠯᠠᠬᠤ ᠠᠵᠤ ᠦᠢᠯᠡᠰ ᠲᠤ ᠣᠶᠤᠨᠴᠢᠯᠠᠭᠰᠠᠨ ᠬᠡᠮᠵᠢᠯᠲᠡ ᠶᠢ ᠪᠡᠶᠡᠯᠡᠭᠦᠯᠵᠦ᠂ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠵᠣᠬᠢᠴᠠᠭᠰᠠᠨ ᠣᠲᠣ ᠦᠶ᠎ᠡ ᠶᠢᠨ ᠲᠡᠷᠢᠭᠦᠨ ᠤ ᠬᠡᠮᠵᠢᠯᠲᠡ ᠶᠢᠨ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠬᠡᠮᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠲᠦᠯᠬᠢᠨ ᠠᠬᠢᠭᠤᠯᠤᠨ᠎ᠠ | 1. ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠬᠢᠭᠡᠳ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ | ᠬᠤᠲᠠ ᠶᠢᠨ ᠳᠣᠲᠣᠷᠠᠬᠢ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ ᠪᠠᠶᠢᠭᠤᠯᠤᠮᠵᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ | ᠯᠤᠭ᠎ᠠ ᠶᠢᠨ ᠬᠤᠯᠪᠣᠭᠠᠯᠠᠯ ᠢ ᠠᠬᠢᠭᠤᠯᠵᠤ᠂ ᠬᠡᠮᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠪᠠᠶᠢᠭᠤᠯᠵᠤ ᠥᠪᠡᠷᠲᠡᠭᠡᠨ ᠵᠠᠰᠠᠬᠤ | ᠣᠷᠣᠨ ᠤ ᠨᠡᠭᠦᠷᠡᠰᠦᠲᠥ᠋ᠷᠥᠭᠴᠢ ᠶᠢᠨ ᠬᠡᠮᠵᠢᠯᠲᠡ ᠵᠡᠷᠭᠡ ᠬᠠᠮᠢᠶ᠎ᠠ ᠪᠦᠬᠦᠢ ᠰᠤᠳᠤᠯᠭᠠᠨ ᠤ ᠰᠡᠳᠦᠪ ᠤᠨ ᠰᠤᠳᠤᠯᠭᠠᠨ ᠪᠠ ᠬᠡᠷᠡᠭᠯᠡᠭᠡᠨ ᠳᠤ ᠢᠳᠡᠪᠬᠢᠲᠡᠢ ᠣᠷᠣᠯᠴᠠᠵᠤ᠂ | ᠪᠠᠰᠠ ᠪᠥᠬᠦ ᠬᠤᠲᠠ ᠶᠢᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠪᠠ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠬᠡᠮᠵᠢᠯᠲᠡ ᠶᠢᠨ ᠮᠡᠷᠭᠡᠵᠢᠯ ᠤᠨ ᠪᠡᠷᠬᠡ ᠰᠡᠳᠦᠪ ᠢ ᠬᠠᠮᠲᠤᠷᠠᠨ | ᠲᠣᠭᠲᠠᠭᠠᠵᠤ᠂ ᠬᠠᠮᠲᠤᠷᠠᠨ ᠪᠡᠷᠬᠡ ᠰᠡᠳᠦᠪ ᠢ ᠰᠢᠢᠳᠪᠦᠷᠢᠯᠡᠵᠦ᠂ ᠬᠠᠮᠲᠤ ᠪᠠᠷ ᠰᠤᠳᠤᠯᠤᠨ ᠨᠡᠭᠡᠭᠡᠵᠦ᠂ ᠪᠥᠬᠦ ᠬᠤᠲᠠ ᠶᠢᠨ ᠣᠲᠣ ᠦᠶ᠎ᠡ ᠶᠢᠨ ᠲᠣᠨᠤᠭ | ᠲᠥᠬᠦᠭᠡᠷᠦᠮᠵᠢ ᠦᠢᠯᠡᠳᠬᠦ ᠦᠢᠯᠡᠰ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠪᠠ ᠳᠡᠭᠡᠳᠦ ᠰᠢᠨ᠎ᠡ ᠮᠡᠷᠭᠡᠵᠢᠯ ᠵᠡᠷᠭᠡ ᠣᠨᠴᠠᠯᠢᠭᠲᠤ ᠠᠵᠤ ᠦᠢᠯᠡᠰ ᠤᠨ | ᠬᠥᠭᠵᠢᠯᠲᠡ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠮᠵᠢᠯᠲᠡ ᠶᠢᠨ ᠪᠠᠶᠢᠴᠠᠭᠠᠨ ᠬᠡᠮᠵᠢᠬᠦ ᠦᠢᠯᠡᠴᠢᠯᠡᠭᠡ ᠶᠢ ᠲᠠᠰᠤᠷᠠᠯᠲᠠ ᠦᠭᠡᠢ | ᠬᠠᠩᠭᠠᠬᠤ ᠬᠡᠷᠡᠭᠲᠡᠢ᠃ ᠴᠢᠬᠤᠯᠠ ᠬᠤᠪᠢ ᠨᠡᠮᠡᠷᠢ ᠦᠵᠡᠭᠦᠯᠦᠭᠰᠡᠨ ᠬᠡᠮᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ | ᠪᠠᠶᠢᠭᠤᠯᠤᠮᠵᠢ ᠪᠠ ᠬᠤᠪᠢ ᠬᠥᠮᠥᠨ ᠢ ᠰᠠᠶᠢᠰᠢᠶᠠᠨ ᠬᠥᠬᠢᠭᠦᠯᠦᠨ᠎ᠡ᠃ ᠬᠡᠮᠵᠢᠬᠦ ᠪᠠᠷᠢᠮᠵᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠠᠶᠠᠨᠨᠠᠭᠤᠷ ᠬᠤᠲᠠ ᠶᠢᠨ | ᠦᠢᠯᠡᠳᠬᠦᠨ ᠤ ᠶᠠᠰᠤ ᠴᠢᠨᠠᠷ ᠤᠨ ᠬᠡᠮᠵᠢᠯᠲᠡ ᠶᠢᠨ ᠪᠠᠶᠢᠴᠠᠭᠠᠨ ᠬᠡᠮᠵᠢᠬᠦ ᠲᠥᠪ ᠢᠶᠠᠷ ᠭᠤᠣᠯ ᠴᠣᠭᠴᠠ ᠪᠣᠯᠭᠠᠭᠰᠠᠨ ᠠᠵᠤ ᠦᠢᠯᠡᠰ ᠤᠨ ᠲᠤᠰᠬᠠᠢ ᠬᠡᠷᠡᠭᠯᠡᠭᠡᠨ ᠤ | ᠪᠠᠶᠢᠴᠠᠭᠠᠨ ᠬᠡᠮᠵᠢᠬᠦ ᠲᠣᠨᠤᠭ ᠲᠥᠬᠦᠭᠡᠷᠦᠮᠵᠢ᠂ ᠬᠡᠮᠵᠢᠯᠲᠡ ᠶᠢᠨ ᠪᠠᠶᠢᠴᠠᠭᠠᠨ ᠬᠡᠮᠵᠢᠬᠦ ᠮᠡᠷᠭᠡᠵᠢᠯ ᠢ ᠲᠠᠰᠤᠷᠠᠯᠲᠠ ᠦᠭᠡᠢ ᠬᠤᠳᠠᠯᠳᠤᠨ ᠣᠷᠣᠭᠤᠯᠬᠤ ᠪᠠ | ᠬᠡᠮᠵᠢᠯᠲᠡ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠬᠡᠮᠵᠢᠯᠲᠡ ᠶᠢᠨ ᠪᠠᠶᠢᠴᠠᠭᠠᠨ ᠬᠡᠮᠵᠢᠬᠦ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ | ᠪᠠᠶᠢᠭᠤᠯᠤᠨ ︵ᠪᠠᠶᠢᠭᠤᠯᠵᠤ︶᠂ ᠬᠡᠮᠵᠢᠶ᠎ᠡ ᠪᠠᠷ ᠤᠯᠠᠮᠵᠢᠯᠠᠬᠤ ᠡᠬᠢ ᠰᠤᠷᠪᠤᠯᠵᠢ ᠶᠢ ᠡᠷᠢᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠡᠮᠵᠢᠶ᠎ᠡ ᠪᠠᠷ ᠤᠯᠠᠮᠵᠢᠯᠠᠬᠤ ᠡᠬᠢ | ᠰᠤᠷᠪᠤᠯᠵᠢ ᠶᠢ ᠡᠷᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠢᠯ ᠲᠥᠷᠥᠯ ᠤᠨ ᠳᠣᠲᠣᠷᠠᠬᠢ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠵᠣᠬᠢᠶᠠᠨ ᠪᠠᠶᠢᠭᠤᠯᠤᠨ ᠦᠢᠯᠡᠳᠪᠦᠷᠢᠯᠡᠯ᠂ ᠰᠢᠨᠵᠢᠯᠡᠬᠦ ᠤᠬᠠᠭᠠᠨ ᠤ ᠰᠤᠳᠤᠯᠤᠯ᠂ ᠡᠵᠡᠩᠨᠡᠯᠲᠡ ᠶᠢᠨ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ᠂ ᠲᠡᠷᠢᠭᠦᠨ ᠤ ᠬᠡᠮᠵᠢᠯᠲᠡ ᠶᠢᠨ ᠬᠡᠮᠵᠢᠭᠦᠷᠯᠢᠭ ᠲᠥᠬᠦᠭᠡᠷᠦᠮᠵᠢ ᠶᠢ ᠬᠡᠷᠡᠭᠯᠡᠵᠦ᠂ ᠳᠣᠲᠣᠭᠠᠳᠤ ᠶᠢᠨ ᠬᠡᠮᠵᠢᠶ᠎ᠡ ᠶᠢ ᠤᠯᠠᠮᠵᠢᠯᠠᠬᠤ ᠳᠤ | ᠬᠡᠷᠡᠭᠰᠡᠬᠦ ᠬᠠᠮᠤᠭ ᠤᠨ ᠥᠨᠳᠥᠷ ᠬᠡᠮᠵᠢᠯᠲᠡ ᠶᠢᠨ ᠪᠠᠷᠢᠮᠵᠢᠶ᠎ᠠ ᠶᠢ ᠪᠠᠶᠢᠭᠤᠯᠵᠤ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠤᠨ ᠦᠷ᠎ᠡ ᠠᠰᠢᠭ ᠢ | ᠨᠡᠮᠡᠭᠳᠡᠭᠦᠯᠬᠦ ᠬᠡᠮᠵᠢᠯᠲᠡ ᠶᠢᠨ ᠮᠡᠷᠭᠡᠵᠢᠯ ᠤᠨ ᠰᠠᠭᠤᠷᠢ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠠᠴᠠ ᠬᠠᠷᠢᠭᠤᠴᠠᠨ | ᠨᠠᠶᠢᠳᠠᠪᠤᠷᠢᠵᠢᠭᠤᠯᠤᠨ᠎ᠠ᠃ ᠳᠣᠣᠷᠠᠬᠢ ᠡᠯ᠎ᠡ ᠵᠦᠢᠯ ᠢ ᠴᠥᠮ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠠᠴᠠ | ᠬᠠᠷᠢᠭᠤᠴᠠᠨ ᠨᠠᠶᠢᠳᠠᠪᠤᠷᠢᠵᠢᠭᠤᠯᠵᠤ᠂ ᠠᠰ ᠲᠤᠨᠢ ᠵᠢᠭᠰᠠᠭᠠᠬᠤ ᠦᠭᠡᠢ︶ | 2. ᠬᠡᠮᠵᠢᠯᠲᠡ ᠶᠢᠨ ᠲᠣᠭᠠᠴᠢᠯᠠᠯᠲᠠ ᠶᠢᠨ ᠬᠡᠯᠪᠡᠷᠢ ᠶᠢ ᠬᠤᠪᠢᠷᠠᠭᠤᠯᠤᠨ ᠰᠤᠳᠤᠯᠤᠨ ᠬᠡᠷᠡᠭᠯᠡᠬᠦ ᠶᠢ ᠠᠬᠢᠭᠤᠯᠤᠨ᠎ᠠ᠃ ︽ᠬᠡᠮᠵᠢᠯᠲᠡ + ᠮᠡᠳᠡᠭᠡ ᠵᠠᠩᠭᠢᠵᠢᠯᠲᠠ | + ᠣᠶᠤᠨᠴᠢᠯᠠᠯᠲᠠ + ᠰᠦᠯᠵᠢᠶᠡᠵᠢᠯᠲᠡ︾ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠠᠷᠭ᠎ᠠ ᠵᠠᠮ ᠶᠣᠰᠣᠭᠠᠷ᠂ ᠠᠯᠪᠠᠳᠠᠯᠭ᠎ᠠ ᠪᠠᠷ ᠰᠢᠯᠭᠠᠨ ᠲᠣᠭᠲᠠᠭᠠᠬᠤ | ᠬᠡᠮᠵᠢᠯᠲᠡ ᠶᠢᠨ ᠪᠠᠭᠠᠵᠢ ᠬᠡᠷᠡᠭᠰᠡᠯ ᠤᠨ ᠲᠠᠪᠴᠠᠩ ︵e ︱ CQS︶ ᠤᠨ ᠬᠡᠷᠡᠭᠯᠡᠯᠲᠡ ᠶᠢ ᠳᠡᠯᠭᠡᠷᠡᠭᠦᠯᠦᠨ᠎ᠡ᠃ ᠬᠡᠮᠵᠢᠯᠲᠡ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ ᠠᠵᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠦ ᠬᠤᠲᠠ ᠶᠢᠨ ᠬᠡᠮᠵᠢᠯᠲᠡ ᠶᠢᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠯ ᠤᠨ ᠪᠥᠬᠦᠬᠡᠮᠵᠢᠯᠲᠡ ᠶᠢ ᠰᠢᠯᠭᠠᠬᠤ ᠦᠨᠡᠮᠯᠡᠯ ᠤᠨ ᠥᠭᠡᠷᠡᠴᠢᠯᠡᠯᠲᠡ ᠶᠢ ᠠᠬᠢᠭᠤᠯᠵᠤ᠂ ᠬᠡᠮᠵᠢᠯᠲᠡ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ︵ᠬᠤᠶᠠᠷ︶ ᠬᠡᠮᠵᠢᠯᠲᠡ ᠶᠢᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ | 1. ᠦᠢᠯᠡᠴᠢᠯᠡᠭᠡ ᠦᠢᠯᠡᠳᠬᠦ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠪᠦᠬᠦ ᠬᠤᠲᠠ ᠶᠢᠨ ᠣᠳᠣ ᠦᠶ᠎ᠡ ᠶᠢᠨ ᠲᠣᠨᠤᠭ ᠲᠥᠬᠦᠭᠡᠷᠦᠮᠵᠢ | ᠦᠢᠯᠡᠳᠬᠦ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠦᠢᠯᠡᠳᠬᠦ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠲᠣᠭᠤᠷᠢᠨ ᠳᠤ᠂ | ᠬᠡᠮᠵᠢᠯᠲᠡ ᠶᠢ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ ᠬᠡᠮᠵᠢᠯᠲᠡ ᠶᠢᠨ ᠪᠠᠷᠢᠮᠵᠢᠶ᠎ᠠ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠠᠬᠢᠭᠤᠯᠵᠤ᠂ ᠨᠡᠶᠢᠭᠡᠮ ᠤᠨ | ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢ 15 ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ᠂ ᠦᠢᠯᠡᠴᠢᠯᠡᠭᠡᠨ ᠤ ᠦᠢᠯᠡᠳᠬᠦ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢᠨ ᠬᠡᠮᠵᠢᠯᠲᠡ ᠶᠢᠨ ᠴᠢᠳᠠᠪᠤᠷᠢ ᠶᠢ ᠨᠡᠮᠡᠭᠳᠡᠭᠦᠯᠦᠨ᠂ ᠦᠢᠯᠡᠳᠬᠦ ᠦᠢᠯᠡᠰ ᠤᠨ ᠬᠡᠮᠵᠢᠯᠲᠡ ᠶᠢ ᠰᠢᠯᠭᠠᠨ ᠲᠣᠭᠲᠠᠭᠠᠵᠤ ᠬᠠᠷᠭᠤᠭᠤᠯᠬᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠡᠮᠵᠢᠯᠲᠡ ᠶᠢᠨ ᠦᠢᠯᠡᠴᠢᠯᠡᠭᠡᠨ ᠤ ᠦᠢᠯᠡᠳᠬᠦ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠯᠭᠠᠭᠤᠷᠢᠯᠠᠨ | ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 2. ᠡᠨᠧᠷᠭᠢ ᠶᠢᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠳᠤ ᠦᠢᠯᠡᠴᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠡᠨᠧᠷᠭᠢ ᠶᠢᠨ | ᠬᠤᠷᠣᠭᠳᠠᠭᠤᠯᠤᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠲᠠᠪᠴᠠᠩ ᠤᠨ ᠰᠢᠰᠲ᠋ᠧᠮ ᠤᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠭᠤᠣᠯᠳᠠᠯᠭ᠎ᠠ ᠲᠠᠢ | ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠣᠭᠳᠠᠭᠤᠯᠤᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ ᠤᠨ ᠠᠵᠤ ᠠᠬᠤᠶᠢᠯᠠᠯ ᠤᠨ ᠦᠵᠦᠭᠦᠷ ᠤᠨ | ᠪᠠᠶᠢᠭᠤᠯᠤᠯᠲᠠ ᠶᠢᠨ ᠶᠠᠰᠤ ᠴᠢᠨᠠᠷ ᠢ ᠠᠬᠢᠭᠤᠯᠤᠨ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠭᠤᠯᠤᠯ ᠢ ᠴᠤᠭᠯᠠᠭᠤᠯᠤᠭᠰᠠᠨ ᠲᠤᠭ᠎ᠠ ᠪᠠᠷᠢᠮᠲᠠ ᠶᠢᠨ ᠪᠦᠲᠦᠮᠵᠢᠲᠦ | ᠴᠢᠨᠠᠷ ᠪᠠ ᠣᠨᠣᠪᠴᠢᠲᠤ ᠴᠢᠨᠠᠷ ᠢ ᠪᠠᠲᠤᠯᠠᠨ᠂ ᠡᠨᠧᠷᠭᠢ ᠠᠷᠪᠢᠯᠠᠬᠤ ᠶᠢ ᠦᠨᠡᠯᠡᠬᠦ᠂ ᠲᠥᠯᠥᠪᠵᠢᠭᠦᠯᠬᠦ᠂ ᠮᠡᠷᠭᠡᠵᠢᠯ ᠤᠨ ᠥᠭᠡᠷᠡᠴᠢᠯᠡᠯᠲᠡ ᠶᠢ ᠦᠨᠡᠯᠡᠬᠦ ᠠᠵᠢᠯ ᠢ | ᠥᠷᠨᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ᠲᠤᠭ᠎ᠠ ᠪᠠᠷᠢᠮᠲᠠ ᠶᠢ ᠵᠠᠳᠠᠯᠬᠤ ᠪᠠ ᠠᠰᠢᠭᠯᠠᠬᠤ ᠶᠢ ᠴᠢᠩᠭᠠᠳᠬᠠᠨ᠂ ᠠᠵᠤ ᠠᠬᠤᠶᠢᠯᠠᠯ ᠤᠨ ᠡᠨᠧᠷᠭᠢ | ᠠᠷᠪᠢᠯᠠᠵᠤ ᠬᠤᠷᠣᠭᠳᠠᠭᠤᠯᠤᠯ ᠢ ᠪᠠᠭᠠᠰᠬᠠᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠬᠥᠲᠥᠯᠥᠨ ᠵᠢᠯᠣᠭᠤᠳᠤᠨ᠎ᠠ᠃ ᠡᠨᠧᠷᠭᠢ ᠶᠢᠨ ᠬᠡᠮᠵᠢᠯᠲᠡ ᠶᠢᠨ ᠬᠢᠨᠠᠨ | ᠪᠠᠶᠢᠴᠠᠭᠠᠯᠲᠠ ᠶᠢ ᠥᠷᠨᠢᠭᠦᠯᠵᠦ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠬᠡᠮᠵᠢᠯᠲᠡ ᠶᠢᠨ ᠪᠠᠭᠠᠵᠢ ᠬᠡᠷᠡᠭᠰᠡᠯ ᠢ ᠵᠦᠢ ᠵᠣᠬᠢᠰᠲᠠᠢ ᠲᠣᠬᠢᠷᠠᠭᠤᠯᠬᠤ ᠪᠠ | ᠬᠡᠷᠡᠭᠯᠡᠬᠦ ᠶᠢ ᠵᠢᠯᠣᠭᠤᠳᠤᠨ᠎ᠠ᠃ ᠡᠨᠧᠷᠭᠢ ᠶᠢᠨ ᠠᠰᠢᠭᠯᠠᠮᠵᠢ ᠶᠢᠨ ᠢᠯᠡᠳᠬᠡᠮᠵᠢ ᠲᠡᠮᠳᠡᠭ᠂ ᠤᠰᠤᠨ ᠤ ᠠᠰᠢᠭᠯᠠᠮᠵᠢ ᠶᠢᠨ ᠢᠯᠡᠳᠬᠡᠮᠵᠢ ᠲᠡᠮᠳᠡᠭ ᠤᠨ ᠦᠢᠯᠡᠳᠬᠦᠨ ᠳᠤ | ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠠᠵᠢᠯ ᠢ ᠥᠷᠨᠢᠭᠦᠯᠵᠦ᠂ ᠨᠡᠶᠢᠭᠡᠮ ᠳᠠᠶᠠᠭᠠᠷ ᠤᠨ ᠡᠨᠧᠷᠭᠢ ᠠᠷᠪᠢᠯᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠡᠨᠧᠷᠭᠢ | ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | 3. ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠨ᠎ᠡ᠃ ᠪᠦᠬᠦ | ᠬᠤᠲᠠ ᠶᠢᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠨ ᠤ ᠬᠡᠮᠵᠢᠯᠲᠡ ᠶᠢᠨ ᠰᠢᠯᠭᠠᠨ ᠲᠣᠭᠲᠠᠭᠠᠯᠲᠠ | ᠵᠡᠷᠭᠡ ᠬᠡᠷᠡᠭᠴᠡᠭᠡ ᠶᠢᠨ ᠲᠣᠭᠤᠷᠢᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠡᠮᠵᠢᠯᠲᠡ ᠶᠢᠨ ᠲᠥᠪ ᠤᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠪᠠᠶᠠᠨᠨᠠᠭᠤᠷ ᠬᠤᠲᠠ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠬᠡᠮᠵᠢᠯᠲᠡ ᠶᠢᠨ ᠪᠠᠶᠢᠴᠠᠭᠠᠨ | ᠬᠡᠮᠵᠢᠬᠦ ᠲᠥᠪ ᠲᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠰ ᠤᠨ ᠬᠡᠮᠵᠢᠯᠲᠡ ᠶᠢᠨ ᠲᠥᠪ ᠢ ᠨᠢᠭᠡ ᠪᠡᠯᠡᠳᠬᠡᠨ ᠪᠠᠶᠢᠭᠤᠯᠵᠤ᠂ | ᠠᠵᠤ ᠦᠢᠯᠡᠰ ᠤᠨ ᠬᠡᠮᠵᠢᠯᠲᠡ ᠶᠢᠨ ᠬᠢᠨᠠᠨ ᠲᠣᠭᠲᠠᠭᠠᠵᠤ ᠬᠠᠷᠭᠤᠭᠤᠯᠬᠤ ᠵᠡᠷᠭᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠳᠤ ᠦᠢᠯᠡᠴᠢᠯᠡᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ︶ | 4. ᠠᠷᠠᠳ ᠣᠯᠠᠨ ᠤ ᠡᠷᠡᠭᠦᠯ ᠮᠡᠨᠳᠦ ᠪᠠ ᠠᠮᠤᠷ ᠲᠦᠪᠰᠢᠨ ᠳᠤ ᠦᠢᠯᠡᠴᠢᠯᠡᠨ᠎ᠡ᠃ ᠡᠮᠴᠢᠯᠡᠭᠡ ᠡᠷᠡᠭᠦᠯ ᠮᠡᠨᠳᠦ ᠶᠢᠨ ᠬᠦᠷᠢᠶᠡᠨ ᠳᠠᠬᠢ ᠬᠡᠮᠵᠢᠯᠲᠡ ᠶᠢᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠡᠮᠴᠢᠯᠡᠭᠡ ᠡᠷᠡᠭᠦᠯ ᠮᠡᠨᠳᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠵᠡᠷᠭᠡ ᠶᠢᠨ | ᠲᠣᠭᠤᠷᠢᠨ ᠳᠤ ᠬᠡᠮᠵᠢᠯᠲᠡ ᠶᠢᠨ ᠪᠠᠷᠢᠮᠵᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠣᠯᠠᠨ ᠤ ᠡᠷᠡᠭᠦᠯ ᠮᠡᠨᠳᠦ ᠳᠤ ᠦᠢᠯᠡᠴᠢᠯᠡᠨ᠎ᠡ᠃ᠭᠠᠵᠠᠷ ᠤᠨ ᠭᠠᠢ | ᠭᠠᠮᠰᠢᠭ ᠵᠡᠷᠭᠡ ᠪᠠᠶᠢᠭᠠᠯᠢ ᠶᠢᠨ ᠭᠠᠢ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠪᠠᠴᠢᠮ ᠪᠠᠶᠢᠳᠠᠯ ᠢ ᠠᠷᠭᠠᠴᠠᠬᠤ ᠵᠡᠷᠭᠡ ᠬᠦᠷᠢᠶᠡᠨ ᠳᠠᠬᠢ ᠬᠡᠮᠵᠢᠯᠲᠡ ᠶᠢᠨ | ᠮᠡᠷᠭᠡᠵᠢᠯ ᠤᠨ ᠰᠤᠳᠤᠯᠭᠠᠨ ᠪᠠ ᠬᠡᠷᠡᠭᠯᠡᠯᠲᠡ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠠᠬᠤ ᠬᠡᠮᠵᠢᠯᠲᠡ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠠᠮᠤᠷ ᠲᠦᠪᠰᠢᠨ ᠤ ᠬᠦᠷᠢᠶᠡᠨ ᠳᠠᠬᠢ ᠬᠡᠮᠵᠢᠯᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠬᠡᠵᠦ᠂ ᠠᠶᠤᠯᠲᠠᠢ ᠬᠢᠮᠢ ᠶᠢᠨ ᠪᠣᠳᠠᠰ᠂ ᠠᠭᠤᠷᠬᠠᠢ᠂ ᠪᠠᠷᠢᠯᠭ᠎ᠠ ᠶᠢᠨ ᠠᠵᠢᠯ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠵᠡᠷᠭᠡ | ᠬᠦᠷᠢᠶᠡᠨ ᠳᠠᠬᠢ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠡᠷᠡᠭᠯᠡᠯᠲᠡ ᠪᠠ ᠬᠠᠮᠢᠶᠠᠷᠤᠯᠲᠠ ᠶᠢ ᠴᠢᠩᠭᠠᠳᠬᠠᠨ᠎ᠠ᠃ ᠵᠠᠮ ᠬᠠᠷᠢᠯᠴᠠᠭᠠᠨ ᠤ ᠬᠢᠨᠠᠯᠲᠠ ᠬᠠᠮᠢᠶᠠᠷᠤᠯᠲᠠ ᠶᠢᠨ | ᠲᠥᠬᠦᠭᠡᠷᠦᠮᠵᠢ᠂ ᠴᠠᠭᠳᠠᠭᠠᠨ ᠤ ᠲᠥᠬᠦᠭᠡᠷᠦᠮᠵᠢ ᠵᠡᠷᠭᠡ ᠶᠢ ᠬᠡᠮᠵᠢᠨ ᠰᠢᠯᠭᠠᠬᠤ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ︶ | 5. ᠦᠢᠯᠡᠴᠢᠯᠡᠭᠡ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠡᠮᠵᠢᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠮᠵᠢᠯᠲᠡ ᠶᠢᠨ | ᠮᠡᠷᠭᠡᠵᠢᠯ ᠤᠨ ᠪᠠᠶᠢᠭᠤᠯᠤᠮᠵᠢ ᠶᠢᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠭᠰᠠᠨ ᠲᠡᠮᠦᠷ ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ | ᠲᠡᠭᠡᠭᠡᠪᠦᠷᠢ ᠶᠢᠨ ᠬᠦᠷᠢᠶᠡᠨ ᠤ ᠬᠡᠮᠵᠢᠨ ᠰᠢᠯᠭᠠᠬᠤ ᠮᠡᠷᠭᠡᠵᠢᠯ ᠤᠨ ᠰᠤᠳᠤᠯᠭᠠᠨ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠬᠡᠷᠡᠭᠯᠡᠭᠡᠨ ᠤ ᠰᠤᠳᠤᠯᠭᠠᠨ ᠤ | ᠦᠷ᠎ᠡ ᠪᠦᠲᠦᠭᠡᠯ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠰᠬᠠᠢ ᠬᠡᠷᠡᠭᠯᠡᠭᠡᠨ ᠤ ᠬᠡᠮᠵᠢᠯᠲᠡ ᠶᠢᠨ ᠲᠥᠬᠦᠭᠡᠷᠦᠮᠵᠢ᠂ ᠪᠠᠷᠠᠭᠠᠨ ᠤ ᠲᠡᠷᠭᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠲᠥᠬᠦᠭᠡᠷᠦᠮᠵᠢ᠂ ᠮᠠᠰᠢᠨᠲᠤ ᠲᠡᠷᠭᠡᠨ ᠤ ᠬᠤᠷᠳᠤᠴᠠ ᠬᠡᠮᠵᠢᠬᠦ ᠲᠥᠬᠦᠭᠡᠷᠦᠮᠵᠢ ᠶᠢᠨ ᠬᠢᠨᠠᠨ ᠬᠡᠮᠵᠢᠬᠦ ᠲᠥᠬᠦᠭᠡᠷᠦᠮᠵᠢ | ᠵᠡᠷᠭᠡ ᠶᠢᠨ ᠬᠡᠷᠡᠭᠯᠡᠯᠲᠡ ᠶᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠪᠠᠶᠢᠭᠤᠯᠤᠮᠵᠢ ᠳᠤ ᠲᠤᠰᠬᠠᠢ ᠮᠡᠷᠭᠡᠵᠢᠯ ᠤᠨ | ᠬᠡᠮᠵᠢᠯᠲᠡ ᠶᠢᠨ ᠡᠷᠬᠡ ᠣᠯᠭᠤᠬᠤ ᠪᠠᠷ ᠳᠠᠮᠵᠢᠭᠤᠯᠤᠨ ᠬᠡᠮᠵᠢᠯᠲᠡ ᠶᠢᠨ ᠰᠢᠯᠭᠠᠨ ᠲᠣᠭᠲᠠᠭᠠᠯᠲᠠ ᠬᠢᠵᠦ᠂ ᠵᠠᠮ ᠬᠠᠷᠢᠯᠴᠠᠭᠠᠨ ᠤ ᠬᠦᠷᠢᠶ᠎ᠡ ᠴᠠᠷᠠᠭ᠎ᠠ ᠶᠢᠨ | ᠬᠡᠮᠵᠢᠯᠲᠡ ᠶᠢᠨ ᠲᠥᠬᠦᠭᠡᠷᠦᠮᠵᠢ ᠶᠢᠨ ᠬᠡᠮᠵᠢᠶ᠎ᠡ ᠬᠡᠮᠵᠢᠭᠳᠡᠯ ᠢ ᠳᠠᠮᠵᠢᠭᠤᠯᠬᠤ ᠪᠠ ᠡᠬᠢ ᠡᠭᠦᠰᠦᠯ ᠢ ᠡᠷᠢᠬᠦ ᠣᠨᠣᠪᠴᠢ ᠶᠢᠨ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠵᠦ᠂ ᠬᠡᠮᠵᠢᠯᠲᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠡᠮᠵᠢᠶ᠎ᠡ ᠬᠡᠮᠵᠢᠭᠳᠡᠯ ᠢ ᠣᠨᠣᠪᠴᠢᠲᠠᠶ ᠪᠠᠲᠤᠯᠠᠬᠤ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ ︵ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | 6. ᠨᠡᠭᠦᠷᠡᠰᠦᠲᠥ᠋ᠷᠥᠭᠴᠢ ᠶᠢᠨ ᠣᠷᠭᠢᠯ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯᠲᠠ ᠳᠤ ᠦᠢᠯᠡᠴᠢᠯᠡᠨ᠎ᠡ᠃ ᠭᠤᠣᠯᠳᠠᠯᠭ᠎ᠠ ᠲᠠᠢ ᠡᠨᠧᠷᠭᠢ ᠬᠡᠷᠡᠭᠯᠡᠬᠦ | ᠨᠢᠭᠡᠴᠡ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ ᠤᠨ ᠠᠵᠤ ᠠᠬᠤᠶᠢᠯᠠᠯ ᠤᠨ ᠦᠵᠦᠭᠦᠷ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠨᠧᠷᠭᠢ ᠶᠢᠨ ᠬᠡᠮᠵᠢᠯᠲᠡ ᠶᠢᠨ ᠲᠤᠭ᠎ᠠ ᠪᠠᠷᠢᠮᠲᠠ ᠬᠢᠭᠡᠳ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠤᠭ᠎ᠠ | ᠪᠠᠷᠢᠮᠲᠠ ᠶᠢ ᠪᠦᠲᠦᠮᠵᠢᠲᠡᠶ ᠵᠣᠯᠭᠠᠭᠤᠯᠬᠤ ᠪᠠ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ᠃ ᠬᠤᠲᠠ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤ | ᠬᠦᠷᠬᠦ ᠪᠠ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠠᠮᠢᠳᠤᠷᠠᠯ ᠤᠨ ᠬᠦᠷᠢᠶᠡᠨ ᠳᠠᠬᠢ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤ ᠬᠦᠷᠬᠦ ᠠᠵᠢᠯᠯᠠᠭ᠎ᠠ ᠶᠢ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤ ᠬᠦᠷᠬᠦ ᠪᠠ ᠪᠠᠷᠢᠮᠵᠢᠶᠠᠲᠤ | ᠬᠡᠮᠵᠢᠯᠲᠡ ᠶᠢᠨ ᠰᠢᠰᠲ᠋ᠧᠮᠵᠢ ᠶᠢᠨ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ | ᠬᠡᠮᠵᠢᠯᠲᠡ ᠶᠢᠨ ᠬᠡᠮᠵᠢᠶ᠎ᠡ ᠬᠡᠮᠵᠢᠭᠳᠡᠯ ᠤᠨ ᠡᠬᠢ ᠡᠭᠦᠰᠦᠯ ᠢ ᠡᠷᠢᠬᠦ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠬᠡᠮᠵᠢᠶ᠎ᠡ ᠶᠢ ᠬᠢᠨᠠᠨ ᠪᠠᠶᠢᠴᠠᠭᠠᠬᠤ ᠳᠦᠷᠢᠮ ᠢ ᠬᠡᠷᠡᠭᠵᠢᠭᠦᠯᠵᠦ᠂ ᠭᠤᠣᠯᠳᠠᠯᠭ᠎ᠠ ᠲᠠᠢ ᠭᠠᠳᠠᠭᠰᠢᠯᠠᠭᠤᠯᠬᠤ ᠨᠢᠭᠡᠴᠡ ᠶᠢᠨ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠬᠡᠮᠵᠢᠶ᠎ᠡ ᠶᠢᠨ ᠱᠠᠭᠠᠷᠳᠠᠯᠭ᠎ᠠ ᠶᠢ ᠴᠢᠩᠭᠠᠷᠠᠭᠤᠯᠤᠨ᠎ᠠ᠃ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ | ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠷᠪᠠᠳᠠᠭᠢ ᠡᠲᠡᠭᠡᠳ ᠤᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢ | ᠢᠳᠡᠪᠬᠢᠲᠡᠢ ᠪᠠᠷ ᠪᠣᠶᠢᠵᠢᠭᠤᠯᠤᠨ ᠬᠥᠭᠵᠢᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠬᠡᠮᠵᠢᠬᠦ ᠪᠠ ᠲᠣᠭᠠᠴᠠᠭ᠎ᠠ ᠬᠢᠬᠦ ᠵᠡᠷᠭᠡ ᠦᠢᠯᠡᠴᠢᠯᠡᠭᠡᠨ ᠢ ᠥᠷᠨᠢᠭᠦᠯᠵᠦ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠷᠠᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | ︵ᠭᠤᠷᠪᠠ︶ ᠬᠡᠮᠵᠢᠯᠲᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ | 1. ᠨᠡᠶᠢᠭᠡᠮ ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠯᠵᠢᠶ᠎ᠠ ᠶᠢᠨ ᠳ᠋ᠦᠩᠨᠡᠨ ᠪᠤᠳᠤᠬᠤ᠂ | ᠡᠮᠴᠢᠯᠡᠭᠡ ᠡᠷᠡᠭᠦᠯ ᠬᠠᠮᠠᠭᠠᠯᠠᠯ᠂ ᠠᠮᠤᠷ ᠲᠦᠪᠰᠢᠨ ᠤ ᠰᠡᠷᠭᠡᠶᠢᠯᠡᠯᠲᠡ᠂ ᠣᠷᠴᠢᠨ ᠲᠣᠭᠤᠷᠢᠨ ᠤ ᠬᠢᠨᠠᠨ ᠬᠡᠮᠵᠢᠯᠲᠡ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ | ᠨᠡᠶᠢᠭᠡᠮ ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢ ᠰᠢᠨ᠎ᠡ ᠪᠠᠷ ᠪᠠᠶᠢᠭᠤᠯᠵᠤ᠂ ᠬᠡᠮᠵᠢᠯᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠬᠤᠳᠠ ᠶᠢᠨ ᠱᠠᠲᠤᠨ ᠤ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠨᠤᠭᠤᠳ ᠣᠷᠣᠨ ᠪᠦᠰᠡ ᠶᠢᠨ ᠴᠢᠨᠠᠷᠲᠠᠢ᠂ ᠳᠠᠪᠠᠭᠤᠯᠢᠭ ᠴᠢᠨᠠᠷᠲᠠᠢ᠂ ᠠᠯᠤᠰ ᠬᠡᠳᠤ ᠶᠢᠨ | ᠴᠢᠨᠠᠷᠲᠠᠢ ᠨᠡᠶᠢᠭᠡᠮ ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢ ᠪᠠᠶᠢᠭᠤᠯᠬᠤ ᠶᠢ ᠬᠠᠷᠢᠭᠤᠴᠠᠵᠤ᠂ ᠬᠤᠰᠢᠭᠤ ᠰᠢᠶᠠᠨ ᠤ ᠱᠠᠲᠤᠨ ᠤ | ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠨᠤᠭᠤᠳ ᠠᠷᠠᠳ ᠲᠤ ᠲᠦᠬᠦᠮ ᠦᠵᠡᠭᠦᠯᠬᠦ ᠴᠢᠨᠠᠷᠲᠠᠢ᠂ ᠰᠠᠭᠤᠷᠢ ᠴᠢᠨᠠᠷᠲᠠᠢ᠂ ᠬᠡᠷᠡᠭᠯᠡᠭᠡᠨ ᠤ ᠴᠢᠨᠠᠷᠲᠠᠢ ᠨᠡᠶᠢᠭᠡᠮ | ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢ ᠪᠠᠶᠢᠭᠤᠯᠬᠤ ᠶᠢ ᠬᠠᠷᠢᠭᠤᠴᠠᠨ᠎ᠠ᠃ ᠤᠰᠤ᠂ ᠴᠠᠬᠢᠯᠭᠠᠨ᠂ ᠢᠯᠴᠢ᠂ ᠹᠢᠽᠢᠺ ᠬᠢᠮᠢ᠂ ᠵᠠᠮ | ᠬᠠᠷᠢᠯᠴᠠᠭ᠎ᠠ ᠵᠡᠷᠭᠡ ᠲᠤᠰᠬᠠᠢ ᠮᠡᠷᠭᠡᠵᠢᠯ ᠤᠨ ᠴᠢᠨᠠᠷᠲᠠᠢ ᠠᠵᠢᠯ ᠲᠥᠷᠥᠯ ᠤᠨ ᠬᠡᠮᠵᠢᠯᠲᠡ ᠶᠢᠨ ᠡᠷᠬᠡ ᠣᠯᠭᠤᠬᠤ ᠪᠠ ᠪᠠᠷᠢᠮᠵᠢᠶ᠎ᠠ ᠪᠠᠶᠢᠭᠤᠯᠬᠤ ᠡᠷᠴᠢᠮ ᠢ | ᠴᠢᠩᠭᠠᠷᠠᠭᠤᠯᠵᠤ᠂ ᠲᠣᠰ ᠠᠵᠢᠯ ᠲᠥᠷᠥᠯ ᠤᠨ ᠢᠶᠠᠨ ᠳᠣᠲᠣᠭᠠᠳᠤ ᠬᠡᠮᠵᠢᠶ᠎ᠡ ᠪᠠᠷ ᠳᠠᠮᠵᠢᠭᠤᠯᠬᠤ ᠠᠵᠢᠯ ᠢ ᠥᠷᠨᠢᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 2. ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ᠂ ᠬᠤᠰᠢᠭᠤ ᠰᠢᠶᠠᠨ ᠲᠣᠭᠤᠷᠢᠭ ᠤᠨ ᠬᠡᠮᠵᠢᠯᠲᠡ ᠶᠢᠨ | ᠮᠡᠷᠭᠡᠵᠢᠯ ᠤᠨ ᠪᠠᠶᠢᠭᠤᠯᠤᠮᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢ | ᠵᠣᠬᠢᠶᠠᠨ ᠪᠠᠶᠢᠭᠤᠯᠤᠨ ᠬᠡᠮᠵᠢᠯᠲᠡ ᠶᠢᠨ ᠬᠠᠷᠢᠴᠠᠭᠤᠯᠤᠯ ᠳᠤ ᠣᠷᠣᠯᠴᠠᠭᠤᠯᠵᠤ᠂ ᠠᠷᠠᠳ ᠤᠨ ᠠᠮᠢᠳᠤᠷᠠᠯ ᠤᠨ ᠬᠡᠮᠵᠢᠯᠲᠡ᠂ ᠬᠠᠤᠯᠢ ᠳᠦᠷᠢᠮ ᠤᠨ ᠬᠡᠮᠵᠢᠯᠲᠡ ᠶᠢᠨ | ᠪᠠᠲᠤᠯᠠᠭ᠎ᠠ ᠶᠢ ᠴᠢᠩᠭᠠᠷᠠᠭᠤᠯᠤᠨ᠂ ᠨᠡᠶᠢᠭᠡᠮ ᠳᠤ ᠰᠠᠭᠤᠷᠢ ᠴᠢᠨᠠᠷᠲᠠᠢ᠂ ᠣᠯᠠᠨ ᠨᠡᠶᠢᠲᠡ ᠶᠢᠨ ᠴᠢᠨᠠᠷᠲᠠᠢ ᠬᠡᠮᠵᠢᠭᠳᠡᠯ ᠤᠨ ᠳᠠᠮᠵᠢᠭᠤᠯᠭ᠎ᠠ ᠶᠢᠨ ᠡᠬᠢ ᠰᠤᠷᠪᠤᠯᠵᠢ ᠶᠢ | ᠡᠷᠢᠬᠦ ᠦᠢᠯᠡᠴᠢᠯᠡᠭᠡ ᠬᠠᠩᠭᠠᠨ᠎ᠠ︔ ᠠᠯᠪᠠᠳᠠᠯᠭ᠎ᠠ ᠪᠠᠷ ᠰᠢᠯᠭᠠᠨ ᠲᠣᠭᠲᠠᠭᠠᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ | ᠬᠦᠷᠢᠶ᠎ᠡ ᠴᠠᠷᠠᠭ᠎ᠠ᠂ ᠠᠮᠤᠷ ᠲᠦᠪᠰᠢᠨ ᠤ ᠰᠡᠷᠭᠡᠶᠢᠯᠡᠯᠲᠡ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠬᠡᠷᠡᠭᠯᠡᠵᠦ ᠪᠠᠶᠢᠭ᠎ᠠ ᠬᠡᠮᠵᠢᠯᠲᠡ ᠶᠢᠨ ᠪᠠᠭᠠᠵᠢ ᠬᠡᠷᠡᠭᠰᠡᠯ ᠢ | ᠠᠯᠪᠠᠳᠠᠯᠭ᠎ᠠ ᠪᠠᠷ ᠰᠢᠯᠭᠠᠨ ᠲᠣᠭᠲᠠᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠪᠤᠰᠤᠳ ᠡᠯ᠎ᠡ ᠲᠥᠷᠥᠯ ᠤᠨ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢᠨ | ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠣᠯᠠᠨ ᠶᠠᠩᠵᠤ ᠶᠢᠨ ᠬᠡᠮᠵᠢᠯᠲᠡ ᠶᠢᠨ ᠬᠡᠮᠵᠢᠯᠲᠡ ᠶᠢᠨ ᠦᠢᠯᠡᠴᠢᠯᠡᠭᠡᠨ ᠢ ᠬᠠᠩᠭᠠᠨ᠎ᠠ᠃ ︵ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 3. ᠬᠡᠮᠵᠢᠯᠲᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠬᠡᠮᠵᠢᠯᠲᠡ ᠶᠢᠨ | ᠪᠣᠯᠪᠠᠰᠤᠷᠠᠭᠤᠯᠤᠯ ᠤᠨ ᠲᠠᠪᠴᠠᠩ ᠪᠠ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠬᠡᠷᠡᠭᠯᠡᠨ᠂ ᠬᠡᠮᠵᠢᠯᠲᠡ ᠶᠢᠨ ᠲᠤᠰᠬᠠᠢ ᠮᠡᠷᠭᠡᠵᠢᠯ ᠤᠨ ᠠᠵᠢᠯᠲᠠᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ ︔ ᠳᠠᠩᠰᠠᠯᠠᠭᠤᠯᠤᠭᠰᠠᠨ ᠬᠡᠮᠵᠢᠭᠴᠢ ᠶᠢᠨ ᠠᠵᠢᠯ ᠮᠡᠷᠭᠡᠵᠢᠯ ᠤᠨ ᠬᠢᠷᠢ ᠬᠡᠮ ᠬᠢᠭᠡᠳ ᠢᠨᠵᠧᠨᠧᠷᠢᠩ ᠤᠨ ᠰᠤᠷᠭᠠᠨ ᠬᠥᠮᠦᠵᠢᠯ ᠤᠨ | ᠲᠤᠰᠬᠠᠢ ᠮᠡᠷᠭᠡᠵᠢᠯ ᠤᠨ ᠴᠣᠯᠠ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠵᠡᠷᠭᠡ ᠳᠦᠷᠢᠮ ᠢ ᠵᠣᠯᠭᠠᠭᠤᠯᠬᠤ ᠳᠦᠷᠢᠮ ᠤᠨ ᠠᠷᠭ᠎ᠠ ᠪᠠ | ᠵᠣᠯᠭᠠᠭᠤᠯᠬᠤ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠰᠦᠪᠡᠭᠴᠢᠯᠡᠨ ᠠᠬᠢᠭᠤᠯᠤᠨ᠎ᠠ᠃ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢᠨ ᠰᠢᠨ᠎ᠡ ᠶᠢ ᠡᠭᠦᠳᠬᠦ | ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠶᠢ ᠵᠣᠷᠢᠭᠵᠢᠭᠤᠯᠵᠤ᠂ ᠲᠦᠷᠦᠭᠦᠸ ᠬᠡᠮᠵᠢᠭᠴᠢ ᠵᠡᠷᠭᠡ ᠳᠦᠷᠢᠮ ᠢ ᠰᠦᠪᠡᠭᠴᠢᠯᠡᠨ ᠪᠠᠶᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠲᠠᠰ ᠤᠨ ᠲᠤᠰᠬᠠᠢ ᠮᠡᠷᠭᠡᠵᠢᠯ ᠤᠨ ᠬᠡᠮᠵᠢᠯᠲᠡ ᠶᠢᠨ ᠮᠡᠷᠭᠡᠵᠢᠯ ᠤᠨ ᠵᠥᠪᠯᠡᠯ ᠤᠨ ᠭᠡᠰᠢᠭᠦᠨ᠂ ᠬᠡᠮᠵᠢᠯᠲᠡ ᠶᠢᠨ ᠪᠠᠷᠢᠮᠵᠢᠶ᠎ᠠ ᠶᠢᠨ ᠰᠢᠯᠭᠠᠨ | ᠲᠣᠭᠲᠠᠭᠠᠭᠴᠢ ᠶᠢ ᠬᠥᠮᠥᠵᠢᠭᠦᠯᠦᠨ ᠲᠠᠨᠢᠯᠴᠠᠭᠤᠯᠤᠨ᠎ᠠ᠃ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠬᠡᠮᠵᠢᠯᠲᠡ ᠶᠢᠨ ᠰᠠᠯᠠᠭ᠎ᠠ ᠮᠥᠴᠢᠷ ᠬᠢᠭᠡᠳ ᠮᠣᠩᠭᠤᠯ ᠤᠯᠤᠰ ᠤᠨ ᠪᠠᠷᠢᠮᠵᠢᠶᠠᠵᠢᠭᠤᠯᠤᠯᠲᠠ ᠬᠢᠭᠡᠳ ᠬᠡᠮᠵᠢᠯᠲᠡ ᠶᠢᠨ | ᠲᠣᠪᠴᠢᠶ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠳᠤ ᠢᠳᠡᠪᠬᠢᠲᠡᠢ ᠣᠷᠣᠯᠴᠠᠵᠤ᠂ ᠬᠡᠮᠵᠢᠯᠲᠡ ᠶᠢᠨ ᠮᠡᠷᠭᠡᠵᠢᠯ ᠤᠨ ᠠᠵᠢᠯᠲᠠᠨ ᠤ ᠣᠯᠠᠨ ᠲᠠᠰ ᠳᠠᠪᠬᠤᠷᠭ᠎ᠠ ᠶᠢᠨ | ᠬᠡᠮᠵᠢᠯᠲᠡ ᠶᠢᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠨ᠎ᠡ᠃ ︵ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 4. ᠠᠵᠤ ᠠᠬᠤᠶᠢᠯᠠᠯ ᠤᠨ ᠬᠡᠮᠵᠢᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠰᠠᠨᠠᠭᠠᠴᠢᠯᠠᠭᠠᠲᠤ | ᠴᠢᠨᠠᠷ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠎ᠠ᠃ ᠠᠵᠤ ᠠᠬᠤᠶᠢᠯᠠᠯ ᠤᠨ | ᠬᠡᠮᠵᠢᠯᠲᠡ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠪᠠᠶᠢᠭᠠᠳ ᠬᠡᠮᠵᠢᠯᠲᠡ ᠶᠢᠨ ᠬᠠᠮᠢᠶᠠᠷᠤᠯᠲᠠ ᠶᠢᠨ ᠳᠦᠷᠢᠮ ᠪᠠ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ ᠤᠨ | ᠬᠡᠮᠵᠢᠯᠲᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠬᠢᠬᠦ ᠶᠢ ᠵᠣᠷᠢᠭᠵᠢᠭᠤᠯᠤᠨ᠂ ᠠᠵᠤ ᠠᠬᠤᠶᠢᠯᠠᠯ ᠤᠨ ᠬᠠᠮᠤᠭ ᠤᠨ ᠥᠨᠳᠥᠷ ᠬᠡᠮᠵᠢᠯᠲᠡ ᠶᠢᠨ | ᠪᠠᠷᠢᠮᠵᠢᠶ᠎ᠠ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ ᠳᠣᠲᠣᠭᠠᠳᠤ ᠳᠠᠭᠠᠨ ᠬᠡᠷᠡᠭᠯᠡᠵᠦ ᠪᠠᠶᠢᠭ᠎ᠠ ᠬᠡᠮᠵᠢᠯᠲᠡ ᠶᠢᠨ ᠪᠠᠭᠠᠵᠢ ᠬᠡᠷᠡᠭᠰᠡᠯ ᠤᠨ ᠢᠷᠡᠯᠲᠡ ᠶᠢ ᠡᠷᠢᠬᠦ ᠶᠢ | ᠥᠷᠨᠢᠭᠦᠯᠦᠨ᠂ ᠬᠡᠮᠵᠢᠯᠲᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠡᠮᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠪᠠ ᠬᠡᠮᠵᠢᠯᠲᠡ ᠶᠢᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠬᠡᠮᠵᠢᠯᠲᠡ ᠶᠢᠨ ᠴᠢᠳᠠᠪᠤᠷᠢ ᠶᠢᠨ ᠥᠪᠡᠰᠦᠪᠡᠨ ᠢᠯᠡᠷᠬᠡᠶᠢᠯᠡᠬᠦ | ᠳᠦᠷᠢᠮ ᠢ ᠨᠠᠶᠢᠳᠠᠪᠤᠷᠢᠵᠢᠭᠤᠯᠵᠤ᠂ ᠲᠡᠷᠢᠭᠦᠨ ᠤ ᠠᠵᠤ ᠠᠬᠤᠶᠢᠯᠠᠯ ᠤᠨ ᠬᠡᠮᠵᠢᠯᠲᠡ ᠶᠢᠨ ᠬᠡᠪ ᠳᠠᠭᠤᠷᠢᠶᠠᠯ ᠤᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠤᠨ᠎ᠠ ᠃ ︽ᠬᠡᠮᠵᠢᠯᠲᠡ ᠶᠢᠨ ᠦᠢᠯᠡᠴᠢᠯᠡᠭᠡᠨ ᠤ ᠳᠤᠮᠳᠠ ᠵᠢᠵᠢᠭ ᠠᠵᠤ ᠠᠬᠤᠶᠢᠯᠠᠯ ᠤᠨ ᠠᠶᠠᠯᠠᠯ︾ ᠤᠨ ᠠᠵᠢᠯᠯᠠᠭ᠎ᠠ ᠥᠷᠨᠢᠭᠦᠯᠵᠦ᠂ | ᠬᠡᠮᠵᠢᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠰᠢᠨ᠎ᠡ ᠪᠠᠷ ᠬᠤᠳᠠᠯᠳᠤᠨ ᠠᠪᠤᠭᠰᠠᠨ | ᠬᠡᠮᠵᠢᠯᠲᠡ ᠶᠢᠨ ᠪᠠᠭᠠᠵᠢ ᠬᠡᠷᠡᠭᠰᠡᠯ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠶᠢᠯᠢ ᠲᠤᠰᠢᠶᠠᠬᠤ ᠠᠴᠠ ᠡᠮᠦᠨ᠎ᠡ ᠰᠠᠭᠤᠯᠭᠠᠨ ᠠᠪᠤᠨ᠎ᠠ᠃ ︵ᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ | ᠲᠣᠪᠴᠢᠶ᠎ᠠ︶ | 5. ᠬᠡᠮᠵᠢᠯᠲᠡ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠮᠵᠢᠯᠲᠡ ᠶᠢᠨ ᠰᠠᠭᠤᠷᠢ ᠮᠡᠳᠡᠯᠭᠡ ᠶᠢᠨ ᠵᠢᠭᠠᠨ ᠰᠤᠷᠭᠠᠯᠲᠠ ᠶᠢᠨ ᠬᠡᠮᠵᠢᠯᠲᠡ ᠶᠢᠨ | ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠬᠡᠮᠵᠢᠯᠲᠡ ᠶᠢᠨ ᠮᠡᠳᠡᠯᠭᠡ ᠶᠢ ᠤᠬᠠᠭᠤᠯᠬᠤ ᠠᠵᠢᠯ ᠢ ᠴᠢᠩᠭᠠᠳᠬᠠᠵᠤ᠂ ᠬᠡᠮᠵᠢᠯᠲᠡ ᠶᠢᠨ ᠰᠣᠶᠣᠯ ᠤᠨ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ ᠢ ᠪᠣᠶᠢᠵᠢᠭᠤᠯᠤᠨ᠂ ᠬᠡᠮᠵᠢᠯᠲᠡ ᠶᠢᠨ ᠠᠵᠤ ᠦᠢᠯᠡᠰ ᠢ ᠬᠥᠭᠵᠢᠭᠦᠯᠵᠦ᠂ ᠬᠡᠮᠵᠢᠯᠲᠡ ᠶᠢᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ᠬᠡᠮᠵᠢᠯᠲᠡ ᠶᠢᠨ ᠰᠣᠶᠣᠯ ᠤᠨ ᠤᠬᠠᠭᠤᠯᠭ᠎ᠠ ᠶᠢᠨ ᠡᠯᠴᠢᠨ ᠰᠠᠶᠢᠳ ᠢ ᠬᠥᠮᠥᠵᠢᠭᠦᠯᠦᠨ | ᠲᠠᠨᠢᠯᠴᠠᠭᠤᠯᠵᠤ᠂ ᠰᠢᠨ᠎ᠡ ᠴᠠᠭ ᠦᠶ᠎ᠡ ᠶᠢᠨ ᠬᠡᠮᠵᠢᠯᠲᠡ ᠶᠢᠨ ᠵᠣᠷᠢᠭ ᠰᠠᠨᠠᠭ᠎ᠠ ᠶᠢ ᠢᠳᠡᠪᠬᠢᠲᠡᠢ ᠪᠠᠷ ᠪᠣᠶᠢᠵᠢᠭᠤᠯᠤᠨ ᠪᠠᠳᠠᠷᠠᠭᠤᠯᠵᠤ᠂ ᠥᠪᠡᠷᠲᠡᠭᠡᠨ ᠵᠠᠰᠠᠬᠤ | ᠣᠷᠣᠨ ᠤ ᠰᠣᠩᠭᠤᠨ ᠭᠠᠷᠭᠠᠭᠰᠠᠨ ᠬᠡᠮᠵᠢᠯᠲᠡ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠳᠤ ᠢᠳᠡᠪᠬᠢᠲᠡᠢ ᠣᠷᠣᠯᠴᠠᠵᠤ᠂ ᠰᠢᠨ᠎ᠡ ᠴᠠᠭ ᠦᠶ᠎ᠡ ᠶᠢᠨ ᠬᠡᠮᠵᠢᠯᠲᠡ ᠶᠢᠨ | ᠠᠵᠢᠯᠲᠠᠨ ᠤ ᠢᠷᠠᠭᠤ ᠠᠯᠳᠠᠷᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠡᠮᠡᠭᠳᠡᠭᠦᠯᠦᠨ᠎ᠡ᠃ ︵ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ | ᠵᠢᠭᠤᠯᠴᠢᠯᠠᠯ ᠷᠠᠳᠢᠣ᠋ ᠨᠡᠪᠲᠡᠷᠡᠭᠦᠯᠭᠡ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | ︵ᠳᠥᠷᠪᠡ︶ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ | 1. ᠬᠡᠮᠵᠢᠯᠲᠡ ᠶᠢᠨ ᠬᠠᠤᠯᠢ ᠲᠣᠭᠲᠠᠭᠠᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠡᠮᠵᠢᠯᠲᠡ ᠶᠢᠨ ᠤᠬᠠᠭᠤᠯᠭ᠎ᠠ ᠶᠢ ᠴᠢᠩᠭᠠᠳᠬᠠᠨ᠎ᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠬᠡᠮᠵᠢᠯᠲᠡ ᠶᠢᠨ ᠮᠡᠷᠭᠡᠵᠢᠯ ᠤᠨ ᠵᠢᠷᠤᠮᠵᠢᠯ ᠤᠨ ᠬᠠᠮᠢᠶᠠᠷᠤᠯᠲᠠ ᠶᠢᠨ ᠠᠷᠭ᠎ᠠ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠯᠲᠡ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠪᠠ ᠣᠷᠣᠨ ᠨᠤᠲᠤᠭ ᠤᠨ ᠬᠡᠮᠵᠢᠯᠲᠡ ᠶᠢ ᠰᠢᠯᠭᠠᠨ ᠲᠣᠭᠲᠠᠭᠠᠬᠤ ᠳᠦᠷᠢᠮ᠂ ᠬᠠᠷᠭᠤᠭᠤᠯᠬᠤ ᠵᠢᠷᠤᠮᠵᠢᠯ ᠢ ᠲᠣᠭᠲᠠᠭᠠᠬᠤ ᠠᠵᠢᠯ ᠢ | ᠢᠳᠡᠪᠬᠢᠲᠡᠢ ᠵᠣᠬᠢᠶᠠᠨ ᠪᠠᠶᠢᠭᠤᠯᠤᠨ ᠣᠷᠣᠯᠴᠠᠵᠤ᠂ ᠬᠠᠤᠯᠢ ᠳᠦᠷᠢᠮ ᠤᠨ ᠬᠡᠮᠵᠢᠯᠲᠡ ᠶᠢᠨ ᠬᠠᠮᠢᠶᠠᠷᠤᠯᠲᠠ ᠳᠤ ᠮᠡᠷᠭᠡᠵᠢᠯ ᠤᠨ ᠪᠠᠷᠢᠮᠵᠢᠶ᠎ᠠ ᠬᠠᠩᠭᠠᠬᠤ ᠬᠡᠷᠡᠭᠲᠡᠢ᠃ | ᠤᠯᠤᠰ ᠤᠨ ᠬᠡᠮᠵᠢᠯᠲᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠥᠷᠨᠢᠭᠦᠯᠵᠦ᠂ ᠪᠥᠬᠦ ᠠᠷᠠᠳ ᠤᠨ ᠬᠡᠮᠵᠢᠯᠲᠡ ᠶᠢᠨ ᠦᠵᠡᠯ ᠤᠬᠠᠮᠰᠠᠷ ᠪᠠ | ᠣᠯᠠᠨ ᠲᠦᠮᠡᠨ ᠤ ᠮᠡᠳᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ | ᠴᠠᠭᠠᠵᠠ ᠶᠢᠨ ᠲᠣᠪᠴᠢᠶ᠎ᠠ︶ | 2. ᠠᠷᠠᠳ ᠤᠨ ᠠᠮᠢᠳᠤᠷᠠᠯ ᠤᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠶᠢᠨ | ᠬᠡᠮᠵᠢᠯᠲᠡ ᠶᠢᠨ ᠠᠰᠠᠭᠤᠳᠠᠯ ᠤᠨ ᠲᠣᠭᠤᠷᠢᠨ ᠳᠤ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ | ᠬᠤᠳᠠᠯᠳᠤᠭᠠᠨ ᠤ ᠬᠡᠲᠦ ᠳᠡᠯᠭᠡᠭᠦᠷ᠂ ᠲᠣᠰᠣ ᠨᠡᠮᠡᠬᠦ ᠥᠷᠲᠡᠭᠡ᠂ ᠢᠳᠡᠭᠡᠨ ᠤᠮᠳᠠᠭᠠᠨ ᠤ ᠦᠢᠯᠡᠰ᠂ ᠡᠮᠴᠢᠯᠡᠭᠡ ᠡᠷᠡᠭᠦᠯ ᠬᠠᠮᠠᠭᠠᠯᠠᠯ᠂ ᠨᠢᠳᠦᠨ ᠰᠢᠯ ᠤᠨ ᠳᠡᠯᠭᠡᠭᠦᠷ᠂ | ᠲᠦᠷᠢᠶᠡᠰᠦᠨ ᠮᠠᠰᠢᠨ ᠲᠡᠷᠭᠡ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠡᠮᠵᠢᠯᠲᠡ ᠶᠢᠨ ᠬᠢᠨᠠᠯᠲᠠ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ | ᠬᠡᠮᠵᠢᠶ᠎ᠡ ᠲᠠᠢ ᠪᠣᠭᠤᠳᠠᠯᠯᠠᠭᠰᠠᠨ ᠲᠠᠸᠠᠷ ᠤᠨ ᠬᠡᠮᠵᠢᠯᠲᠡ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠨ᠂ ᠲᠠᠷᠢᠶᠠᠯᠠᠩ ᠳᠤ ᠬᠤᠯᠪᠣᠭᠳᠠᠬᠤ ᠡᠳ᠋ ᠪᠣᠳᠠᠰ ᠵᠡᠷᠭᠡ ᠶᠢᠨ | ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠵᠠᠬ᠎ᠠ ᠳᠡᠯᠭᠡᠭᠦᠷ ᠤᠨ ᠬᠡᠮᠵᠢᠯᠲᠡ ᠶᠢᠨ ᠣᠷᠴᠢᠨ ᠲᠣᠭᠤᠷᠢᠨ ᠢ ᠴᠡᠪᠡᠷᠰᠢᠭᠦᠯᠦᠨ᠎ᠡ᠃ ᠤᠰᠤ ᠬᠠᠩᠭᠠᠬᠤ᠂ ᠬᠡᠢ ᠬᠠᠩᠭᠠᠬᠤ᠂ ᠴᠠᠬᠢᠯᠭᠠᠨ | ᠬᠠᠩᠭᠠᠬᠤ᠂ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ ᠵᠡᠷᠭᠡ ᠬᠠᠮᠢᠶ᠎ᠠ ᠪᠦᠬᠦᠢ ᠬᠡᠮᠵᠢᠯᠲᠡ ᠶᠢᠨ ᠰᠠᠭᠤᠷᠢ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 3. ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠣᠲᠣ ᠶᠢᠨ ᠪᠠᠶᠢᠭ᠎ᠠ ᠬᠡᠮᠵᠢᠯᠲᠡ ᠶᠢᠨ | ᠬᠢᠨᠠᠯᠲᠠ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠶᠢᠨ ᠰᠦᠪᠡᠭᠴᠢᠯᠡᠭᠰᠡᠨ | ᠠᠯᠤᠰ ᠡᠵᠡᠮᠰᠢᠯᠲᠦ ᠬᠢᠨᠠᠯᠲᠠ ᠬᠠᠮᠢᠶᠠᠷᠤᠯᠲᠠ᠂ ᠰᠢᠯᠵᠢᠮᠡᠯ ᠬᠢᠨᠠᠯᠲᠠ ᠬᠠᠮᠢᠶᠠᠷᠤᠯᠲᠠ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠵᠡᠷᠭᠡ ᠲᠤᠬᠠᠢ ᠶᠢᠨ | ᠲᠠᠯᠠᠪᠤᠷ ᠤᠨ ᠪᠤᠰᠤ ᠣᠶᠤᠨᠴᠢ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠰᠢᠨ᠎ᠡ ᠵᠠᠭᠪᠤᠷ ᠢ ᠢᠳᠡᠪᠬᠢᠲᠡᠢ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠣᠶᠤᠨᠴᠢ | ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠢᠳᠡᠪᠬᠢᠲᠡᠢ ᠪᠣᠶ ᠪᠣᠯᠭᠠᠵᠤ᠂ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢᠨ ᠣᠶᠤᠨᠴᠢ ᠬᠡᠮᠵᠢᠯᠲᠡ ᠶᠢᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠬᠦ ᠶᠢ | ᠵᠣᠷᠢᠭᠵᠢᠭᠤᠯᠵᠤ᠂ ᠣᠶᠤᠨᠴᠢ ᠬᠡᠮᠵᠢᠯᠲᠡ ᠶᠢᠨ ᠲᠤᠷᠰᠢᠯᠲᠠ ᠶᠢᠨ ᠲᠠᠰᠤᠭ ᠢ ᠪᠠᠶᠢᠭᠤᠯᠵᠤ᠂ ᠠᠵᠤ ᠠᠬᠤᠶᠢᠯᠠᠯ ᠤᠨ ᠬᠡᠮᠵᠢᠯᠲᠡ ᠶᠢᠨ ᠪᠠᠶᠢᠴᠠᠭᠠᠨ ᠬᠡᠮᠵᠢᠬᠦ | ᠲᠥᠬᠦᠭᠡᠷᠦᠮᠵᠢ ᠶᠢ ᠣᠶᠤᠨᠴᠢᠯᠠᠨ ᠲᠠᠰ ᠳᠡᠪᠰᠢᠭᠦᠯᠦᠨ ᠥᠭᠡᠷᠡᠴᠢᠯᠡᠬᠦ ᠶᠢ ᠵᠣᠷᠢᠭᠵᠢᠭᠤᠯᠵᠤ᠂ ᠦᠢᠯᠡᠳᠬᠦᠨ ᠤ ᠶᠠᠰᠤ ᠴᠢᠨᠠᠷ ᠢ ᠡᠵᠡᠮᠳᠡᠬᠦ ᠪᠠ ᠬᠠᠮᠢᠶᠠᠷᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ︶ | 4. ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠲᠥᠷᠥᠯ ᠬᠤᠪᠢᠶᠠᠭᠰᠠᠨ ᠬᠠᠮᠢᠶᠠᠷᠤᠯᠲᠠ ᠶᠢ ᠠᠬᠢᠭᠤᠯᠤᠨ᠎ᠠ᠃ ᠬᠡᠮᠵᠢᠯᠲᠡ ᠶᠢᠨ ᠢᠲᠡᠭᠡᠮᠵᠢ ᠶᠢᠨ ᠲᠠᠰ | ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠠᠬᠢᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠬᠡᠮᠵᠢᠯᠲᠡ ᠪᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠴᠢᠩᠭᠠᠷᠠᠭᠤᠯᠤᠨ᠎ᠠ︔ ᠡᠵᠡᠩᠨᠡᠭᠴᠢᠳ ᠤᠨ ᠥᠪᠡᠷ ᠤᠨ ᠠᠮᠠᠯᠠᠯᠲᠠ ᠪᠠᠷ ᠭᠤᠣᠯ ᠪᠣᠯᠭᠠᠵᠤ᠂ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠬᠢᠭᠤᠯᠤᠯᠲᠠ ᠪᠠᠷ ᠬᠠᠪᠰᠤᠷᠤᠮᠵᠢ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠪᠠᠷ | ᠨᠥᠬᠦᠪᠦᠷᠢ ᠪᠣᠯᠭᠠᠭᠰᠠᠨ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠠᠵᠢᠯᠯᠠᠭ᠎ᠠ ᠶᠢ ᠠᠬᠢᠭᠤᠯᠤᠨ᠎ᠠ᠃ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ | ᠬᠤᠳᠠᠯᠳᠤᠭᠠᠨ ᠤ ᠬᠡᠲᠦ ᠳᠡᠯᠭᠡᠭᠦᠷ᠂ ᠲᠣᠰᠣ ᠨᠡᠮᠡᠬᠦ ᠥᠷᠲᠡᠭᠡ᠂ ᠢᠳᠡᠭᠡᠨ ᠤᠮᠳᠠᠭᠠᠨ ᠤ ᠲᠠᠯᠠᠪᠤᠷ ᠭᠠᠵᠠᠷ᠂ ᠨᠢᠳᠦᠨ ᠰᠢᠯ ᠤᠨ ᠳᠡᠯᠭᠡᠭᠦᠷ᠂ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ | ᠡᠵᠡᠩᠨᠡᠭᠴᠢᠳ ᠤᠨ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠥᠪᠡᠷ ᠤᠨ ᠠᠮᠠᠯᠠᠯᠲᠠ ᠶᠢ ᠬᠡᠷᠡᠭᠵᠢᠭᠦᠯᠦᠨ᠂ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠵᠢᠱᠢᠶ᠎ᠡ | ᠦᠵᠡᠭᠦᠯᠬᠦ ᠬᠤᠳᠠᠯᠳᠤᠭᠠᠴᠢᠨ ᠡᠷᠦᠬᠡ ᠶᠢ 75 ᠡᠷᠦᠬᠡ ᠠᠴᠠ ᠳᠡᠭᠡᠭᠰᠢ ᠰᠣᠩᠭᠤᠨ ᠭᠠᠷᠭᠠᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | 5. ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠬᠡᠮᠵᠢᠯᠲᠡ ᠶᠢᠨ ᠬᠠᠤᠯᠢ | ᠬᠡᠷᠡᠭᠵᠢᠭᠦᠯᠬᠦ ᠬᠠᠮᠵᠢᠯᠴᠠᠭ᠎ᠠ ᠶᠢ ᠴᠢᠩᠭᠠᠳᠬᠠᠵᠤ᠂ ᠬᠡᠮ ᠦᠢᠯᠡᠳᠬᠦ ᠴᠢᠳᠠᠮᠵᠢ ᠲᠠᠢ ᠬᠡᠮᠵᠢᠯᠲᠡ ᠶᠢᠨ ᠪᠠᠭᠠᠵᠢ ᠬᠡᠷᠡᠭᠰᠡᠯ ᠢ ᠦᠢᠯᠡᠳᠬᠦ᠂ ᠪᠣᠷᠣᠯᠠᠭᠤᠯᠬᠤ ᠪᠠ ᠬᠡᠷᠡᠭᠯᠡᠬᠦ᠂ | ᠬᠡᠮᠵᠢᠯᠲᠡ ᠶᠢᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠬᠡᠮᠵᠢᠯᠲᠡ ᠶᠢᠨ ᠦᠨᠡᠮᠯᠡᠯ ᠪᠠ ᠮᠡᠳᠡᠭᠦᠯᠦᠯᠲᠡ ᠬᠢᠵᠦ ᠥᠭᠬᠦ ᠵᠡᠷᠭᠡ ᠬᠠᠤᠯᠢ | ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠡᠷᠡᠭᠦᠦ ᠰᠢᠢᠳᠬᠡᠯ ᠢ ᠵᠣᠯᠭᠠᠭᠤᠯᠬᠤ ᠶᠢ ᠲᠦᠯᠬᠢᠨ ᠠᠬᠢᠭᠤᠯᠵᠤ᠂ | ᠬᠡᠮᠵᠢᠯᠲᠡ ᠶᠢᠨ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ᠃ | ᠬᠡᠮᠵᠢᠯᠲᠡ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠮᠵᠢᠯᠲᠡ ᠶᠢᠨ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ︶ | 6. ᠬᠡᠮᠵᠢᠯᠲᠡ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠨᠡᠶᠢᠭᠡᠮ ᠤᠨ ᠡᠬᠢ ᠪᠠᠶᠠᠯᠢᠭ ᠪᠠ ᠬᠦᠴᠦᠨ | ᠴᠢᠳᠠᠯ ᠢ ᠭᠦᠢᠴᠡᠳ ᠠᠰᠢᠭᠯᠠᠨ᠂ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠶᠢ ᠣᠷᠣᠭᠤᠯᠤᠨ ᠬᠠᠤᠯᠢ ᠳᠦᠷᠢᠮ ᠤᠨ ᠬᠡᠮᠵᠢᠯᠲᠡ ᠶᠢᠨ ᠠᠵᠢᠯ ᠳᠤ | ᠣᠷᠣᠯᠴᠠᠭᠤᠯᠵᠤ᠂ ᠣᠯᠠᠨ ᠡᠰᠢᠲᠦ᠂ ᠨᠡᠭᠡᠭᠡᠯᠲᠡᠲᠡᠢ ᠬᠠᠤᠯᠢ ᠳᠦᠷᠢᠮ ᠤᠨ ᠬᠡᠮᠵᠢᠯᠲᠡ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠬᠡᠮᠵᠢᠯᠲᠡ ᠶᠢ ᠬᠠᠷᠭᠤᠭᠤᠯᠬᠤ᠂ | ᠬᠡᠮᠵᠢᠨ ᠰᠢᠯᠭᠠᠬᠤ᠂ ᠠᠵᠤ ᠦᠢᠯᠡᠰ ᠤᠨ ᠬᠡᠮᠵᠢᠯᠲᠡ ᠶᠢᠨ ᠮᠡᠷᠭᠡᠵᠢᠯ ᠤᠨ ᠦᠢᠯᠡᠴᠢᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠬᠥᠭᠵᠢᠭᠦᠯᠵᠦ᠂ | ᠲᠤᠰᠬᠠᠶᠢᠵᠢᠭᠰᠠᠨ ᠬᠡᠮᠵᠢᠯᠲᠡ ᠶᠢᠨ ᠮᠡᠷᠭᠡᠵᠢᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠣᠶᠢᠵᠢᠭᠤᠯᠤᠨ ᠪᠤᠵᠠᠭᠠᠶᠢᠷᠠᠭᠤᠯᠵᠤ᠂ ᠬᠡᠮᠵᠢᠯᠲᠡ ᠶᠢ ᠬᠠᠷᠭᠤᠭᠤᠯᠬᠤ ᠵᠠᠬ᠎ᠠ | ᠳᠡᠯᠭᠡᠭᠦᠷ ᠪᠠ ᠬᠡᠮᠵᠢᠯᠲᠡ ᠶᠢ ᠬᠠᠷᠭᠤᠭᠤᠯᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠵᠢᠷᠤᠮᠵᠢᠭᠤᠯᠤᠨ᠂ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢᠨ | ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ | ᠬᠠᠩᠭᠠᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠤ | ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠡᠮᠵᠢᠯᠲᠡ ᠶᠢᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠡᠮᠵᠢᠯᠲᠡ ᠶᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ | ᠬᠡᠮᠵᠢᠯᠲᠡ ᠶᠢᠨ ᠦᠢᠯᠡᠰ ᠤᠨ ᠬᠥᠭᠵᠢᠯᠲᠡ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠯᠦᠭᠡ | ᠵᠣᠯᠭᠠᠭᠤᠯᠵᠤ᠂ ᠬᠠᠷᠠᠯᠲᠠ ᠶᠢᠨ ᠡᠭᠦᠷᠭᠡ ᠶᠢ ᠵᠠᠳᠠᠯᠤᠨ ᠨᠠᠷᠢᠯᠢᠭᠵᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠢ᠃ ᠬᠤᠲᠠ ᠶᠢᠨ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠ ᠪᠠᠷᠢᠮᠵᠢᠶ᠎ᠠ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠬᠤ ᠵᠥᠪᠯᠡᠯ ᠠᠴᠠ ᠪᠥᠬᠦ | ᠬᠤᠲᠠ ᠶᠢᠨ ᠬᠡᠮᠵᠢᠯᠲᠡ ᠶᠢᠨ ᠬᠥᠭᠵᠢᠯᠲᠡ ᠶᠢᠨ ᠠᠵᠢᠯ ᠳᠤ ᠵᠠᠳᠠᠯᠤᠯᠲᠠ ᠬᠢᠵᠦ᠂ ᠬᠡᠮᠵᠢᠯᠲᠡ ᠶᠢᠨ ᠬᠥᠭᠵᠢᠯᠲᠡ ᠶᠢᠨ ᠠᠵᠢᠯ ᠤᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠡᠯ᠎ᠡ ᠵᠦᠢᠯ ᠤᠨ ᠬᠠᠷᠠᠯᠲᠠᠲᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠦᠨ᠎ᠡ | ᠬᠡᠮᠵᠢᠯᠲᠡ ᠶᠢᠨ ᠰᠠᠭᠤᠷᠢ ᠪᠡᠯᠡᠳᠬᠡᠮᠵᠢ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠳᠦᠷᠢᠮ ᠤᠨ ᠬᠡᠮᠵᠢᠯᠲᠡ ᠪᠠ ᠬᠡᠮᠵᠢᠶ᠎ᠡ ᠶᠢᠨ | ᠳᠠᠮᠵᠢᠭᠤᠯᠭ᠎ᠠ ᠶᠢᠨ ᠡᠬᠢ ᠰᠤᠷᠪᠤᠯᠵᠢ ᠶᠢ ᠡᠷᠢᠬᠦ ᠰᠢᠰᠲ᠋ᠧᠮ ᠤᠨ ᠪᠦᠲᠦᠮᠵᠢᠲᠡᠶ ᠠᠵᠢᠯᠯᠠᠬᠤ ᠶᠢ ᠪᠠᠲᠤᠯᠠᠨ᠎ᠠ᠃ ᠬᠡᠮᠵᠢᠯᠲᠡ ᠶᠢᠨ ᠦᠢᠯᠡᠴᠢᠯᠡᠭᠡᠨ ᠤ ᠨᠡᠮᠡᠭᠳᠡᠯ ᠳᠠᠬᠢ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠨᠡᠶᠢᠭᠡᠮ ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ | ᠪᠠᠷᠢᠮᠵᠢᠶ᠎ᠠ ᠶᠢᠨ ᠪᠠᠶᠢᠭᠤᠯᠤᠯᠲᠠ ᠵᠢᠴᠢ ᠬᠠᠮᠠᠭᠠᠯᠠᠯᠲᠠ᠂ ᠠᠯᠪᠠᠳᠠᠯᠭ᠎ᠠ ᠪᠠᠷ ᠰᠢᠯᠭᠠᠨ ᠲᠣᠭᠲᠠᠭᠠᠬᠤ ᠵᠢᠴᠢ ᠬᠡᠮᠵᠢᠯᠲᠡ ᠶᠢᠨ ᠲᠤᠰᠬᠠᠢ ᠵᠦᠢᠯ ᠳᠤ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠡᠮᠵᠢᠯᠲᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦᠬᠡᠮᠵᠢᠯᠲᠡ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠣᠲᠣ ᠶᠢᠨ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠨᠢᠭᠡᠳᠦᠯᠲᠡᠢ ᠲᠥᠯᠥᠪᠯᠡᠨ ᠠᠰᠢᠭᠯᠠᠵᠤ᠂ ᠪᠡᠯᠡᠳᠬᠡᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠤ ᠦᠢᠯᠡᠰ ᠤᠨ ᠬᠡᠮᠵᠢᠨ ᠰᠢᠯᠭᠠᠬᠤ ᠲᠥᠪ ᠢ | ᠭᠤᠣᠯᠳᠠᠯᠭ᠎ᠠ ᠲᠠᠢ ᠳᠡᠮᠵᠢᠨ᠎ᠡ᠃ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠶᠢ ᠵᠣᠷᠢᠭᠵᠢᠭᠤᠯᠵᠤ᠂ ᠨᠡᠶᠢᠭᠡᠮ ᠤᠨ ᠪᠡᠯᠡ ᠮᠥᠩᠭᠦ ᠶᠢ ᠢᠳᠡᠪᠬᠢᠲᠡᠢ ᠪᠠᠷ | ᠬᠥᠲᠥᠯᠥᠨ ᠵᠢᠯᠤᠭᠤᠳᠴᠤ ᠪᠠᠶᠢᠭᠠᠳ ᠬᠡᠮᠵᠢᠯᠲᠡ ᠶᠢᠨ ᠮᠡᠷᠭᠡᠵᠢᠯ᠂ ᠬᠡᠮᠵᠢᠯᠲᠡ ᠶᠢᠨ ᠲᠣᠨᠣᠭᠯᠠᠯ ᠢ ᠰᠤᠳᠤᠯᠤᠨ ᠨᠡᠭᠡᠭᠡᠬᠦ ᠪᠠ ᠬᠡᠷᠡᠭᠯᠡᠭᠡᠨ ᠤ | ᠦᠢᠯᠡᠴᠢᠯᠡᠭᠡᠨ ᠳ᠋ᠦᠲ᠋ᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠷᠠᠭᠤᠯᠵᠤ᠂ ᠬᠡᠮᠵᠢᠨ ᠰᠢᠯᠭᠠᠬᠤ ᠬᠦᠷᠢᠶ᠎ᠡ ᠴᠠᠷᠠᠭ᠎ᠠ ᠶᠢᠨ ᠲᠤᠰᠬᠠᠢ | ᠮᠡᠷᠭᠡᠵᠢᠯ ᠤᠨ ᠴᠢᠳᠠᠪᠤᠷᠢᠲᠠᠨ ᠢ ᠲᠥᠯᠥᠪᠯᠡᠭᠡ ᠲᠠᠢ ᠪᠠᠷ ᠡᠯᠰᠡᠨ᠎ᠡ᠃ | ︵ᠭᠤᠷᠪᠠ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠯᠤᠰ ᠤᠨ ᠬᠡᠮᠵᠢᠯᠲᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠡᠷᠬᠡ | ᠬᠠᠷᠢᠭᠤᠴᠠᠯᠭ᠎ᠠ ᠲᠣᠳᠣᠷᠬᠠᠢ᠂ ᠦᠶᠯᠡ ᠠᠵᠢᠯᠯᠠᠭ᠎ᠠ ᠵᠢᠷᠤᠮᠵᠢᠯ ᠲᠠᠢ᠂ ᠬᠢᠨᠠᠯᠲᠠ ᠬᠠᠮᠢᠶᠠᠷᠤᠯᠲᠠ ᠪᠦᠲᠦᠮᠵᠢᠲᠡᠶ᠂ ᠪᠠᠲᠤᠯᠠᠭ᠎ᠠ ᠬᠦᠴᠦᠲᠡᠢ ᠬᠡᠮᠵᠢᠯᠲᠡ ᠶᠢᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ︽ᠬᠡᠮᠵᠢᠯᠲᠡ ᠶᠢᠨ ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠳᠠᠪᠤᠷᠢᠵᠢᠭᠤᠯᠬᠤ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠪᠣᠶ ᠪᠣᠯᠭᠠᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ | ᠬᠡᠷᠡᠭᠲᠡᠢ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠰ | ᠲᠥᠰᠥᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠵᠢᠯᠤᠭᠤᠳᠬᠤ᠂ ᠬᠢᠨᠠᠨ ᠬᠡᠮᠵᠢᠬᠦ᠂ ᠦᠨᠡᠯᠡᠨ ᠵᠢᠱᠢᠬᠦ ᠶᠢ ᠴᠢᠩᠭᠠᠳᠬᠠᠵᠤ᠂ ᠨᠡᠶᠢᠲᠡᠯᠢᠭ ᠲᠤᠷᠰᠢᠯᠭ᠎ᠠ ᠶᠢ | ᠳ᠋ᠦᠩᠨᠡᠨ ᠳᠡᠯᠭᠡᠷᠡᠭᠦᠯᠵᠦ᠂ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠠᠷᠭ᠎ᠠ ᠪᠣᠳᠣᠯᠭ᠎ᠠ ᠶᠢ ᠰᠤᠳᠤᠯᠤᠨ ᠰᠢᠢᠳᠪᠦᠷᠢᠯᠡᠵᠦ᠂ | ᠴᠢᠬᠤᠯᠠ ᠪᠠᠶᠢᠳᠠᠯ ᠢ ᠴᠠᠭ ᠲᠤᠬᠠᠢ ᠳᠤᠨᠢ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃ ᠬᠤᠲᠠ ᠶᠢᠨ ᠵᠠᠰᠠᠭ ᠤᠨ ᠣᠷᠳᠣᠨ ᠬᠡᠮᠵᠢᠯᠲᠡ ᠶᠢᠨ | ᠬᠥᠭᠵᠢᠯᠲᠡ ᠶᠢᠨ ᠠᠵᠢᠯ ᠢ ᠵᠠᠰᠠᠭ ᠤᠨ ᠣᠷᠳᠣᠨ ᠤ ᠶᠠᠰᠤ ᠴᠢᠨᠠᠷ ᠤᠨ ᠠᠵᠢᠯ ᠤᠨ ᠬᠠᠷᠠᠯᠲᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ | ᠣᠷᠣᠭᠤᠯᠵᠤ᠂ ︽ᠶᠠᠰᠤ ᠴᠢᠨᠠᠷ ᠤᠨ ᠠᠵᠢᠯ ᠤᠨ ᠰᠢᠯᠭᠠᠨ ᠬᠢᠨᠠᠬᠤ ᠠᠷᠭ᠎ᠠ︾ ᠶᠣᠰᠣᠭᠠᠷ ︽ᠬᠡᠮᠵᠢᠯᠲᠡ ᠶᠢᠨ ᠬᠥᠭᠵᠢᠯᠲᠡ ᠶᠢᠨ ᠲᠥᠯᠦᠪᠵᠢᠭᠦᠯᠭᠡ︾ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠯᠭᠠᠨ ᠬᠢᠨᠠᠵᠤ᠂ ᠨᠢᠭᠡᠨᠲᠡ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ | ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | | | |