ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠵᠢᠯ ᠡᠬᠢᠯᠡᠭᠰᠡᠨ ᠠᠴᠠ ᠨᠠᠭᠠᠰᠢ᠂ ᠲᠥᠪ ᠤᠨ ᠡᠳ᠋ ᠤᠨ | ᠵᠠᠰᠠᠭ ᠪᠣᠯᠣᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 4.9 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠵᠤ᠂ ᠥᠪᠥᠷ ᠮᠣᠩᠭᠤᠯ ᠤᠨ 556 | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢ ᠳᠡᠮᠵᠢᠬᠦ ᠳᠤ ᠬᠡᠷᠡᠭᠯᠡᠭᠦᠯᠪᠡ᠃ | 2023 ᠣᠨ ᠳᠤ᠂ ᠥᠪᠥᠷ ᠮᠣᠩᠭᠤᠯ ᠶᠢᠨ 351 ᠭᠠᠴᠠᠭ᠎ᠠ ᠲᠣᠰᠬᠤᠨ ᠲᠥᠪ ᠤᠨ ᠡᠳ᠋ ᠤᠨ ᠵᠠᠰᠠᠭ ᠠᠴᠠ ᠬᠠᠮᠲᠤ ᠶᠢᠨ ᠠᠵᠤ ᠠᠬᠤᠢ ᠶᠢ ᠲᠡᠳᠬᠦᠨ | ᠬᠥᠭᠵᠢᠭᠦᠯᠬᠦ ᠬᠡᠪᠴᠢᠶᠡᠨ ᠳᠤ ᠬᠠᠮᠤᠷᠤᠭᠳᠠᠪᠠ᠃ ᠡᠲᠡᠭᠡᠷ ᠭᠠᠴᠠᠭ᠎ᠠ ᠲᠣᠰᠬᠤᠨ ᠨᠤᠭᠤᠳ ᠲᠤ᠂ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠵᠣᠯᠭᠠᠯᠳᠤᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 2.457 ᠳ᠋ᠦᠩᠰᠢᠭᠤᠷ ᠲᠥᠭᠦᠷᠢᠭ ᠪᠠᠭᠤᠯᠭᠠᠵᠤ᠂ ᠭᠠᠴᠠᠭ᠎ᠠ | ᠲᠣᠰᠬᠤᠨ ᠪᠦᠷᠢ ᠳᠤ 70 ᠲᠦᠮᠡᠨ ᠲᠥᠭᠦᠷᠢᠭ ᠪᠠᠭᠤᠯᠭᠠᠪᠠ︔ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠢᠵᠢ ᠪᠦᠷᠢᠳᠦᠭᠦᠯᠦᠭᠰᠡᠨ ᠲᠤᠰᠬᠠᠢ | ᠲᠡᠳᠬᠦᠨ ᠳᠡᠮᠵᠢᠬᠦ ᠪᠡᠯᠡ ᠮᠥᠩᠭᠦ 1.053 ᠳ᠋ᠦᠩᠰᠢᠭᠤᠷ ᠲᠥᠭᠦᠷᠢᠭ ᠪᠠᠭᠤᠯᠭᠠᠵᠤ᠂ ᠭᠠᠴᠠᠭ᠎ᠠ ᠲᠣᠰᠬᠤᠨ ᠨᠢᠭᠡᠪᠦᠷᠢ ᠳᠤ 30 ᠲᠦᠮᠡᠨ ᠲᠥᠭᠦᠷᠢᠭ ᠪᠠᠭᠤᠯᠭᠠᠨ᠂ | ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠦᠷᠭᠦᠯᠵᠢᠯᠡᠨ ᠬᠥᠭᠵᠢᠬᠦ ᠳᠤ ᠡᠳ᠋ ᠮᠦᠩᠭᠦᠨ ᠤ | ᠪᠠᠲᠤᠯᠠᠭ᠎ᠠ ᠬᠠᠩᠭᠠᠪᠠ᠃ | ᠳᠡᠭᠡᠷ᠎ᠡ ᠳᠤᠷᠠᠳᠤᠭᠰᠠᠨ ᠭᠠᠴᠠᠭ᠎ᠠ ᠲᠣᠰᠬᠤᠨ ᠠᠴᠠ ᠭᠠᠳᠠᠨ᠎ᠠ᠂ 2023 ᠣᠨ ᠳᠤ᠂ ᠥᠪᠥᠷ ᠮᠣᠩᠭᠤᠯ 205 ᠭᠠᠴᠠᠭ᠎ᠠ ᠲᠣᠰᠬᠤᠨ ᠢ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠠᠴᠠ ᠬᠠᠮᠲᠤ ᠶᠢᠨ ᠠᠵᠤ ᠠᠬᠤᠢ ᠶᠢ ᠲᠡᠳᠬᠦᠨ ᠬᠥᠭᠵᠢᠭᠦᠯᠬᠦ ᠬᠡᠪᠴᠢᠶᠡᠨ ᠳᠤ ᠣᠷᠣᠭᠤᠯᠬᠤ ᠪᠠᠷ ᠲᠣᠭᠲᠠᠭᠠᠭᠰᠠᠨ ᠪᠥᠭᠡᠳ 1. | 43 ᠳ᠋ᠦᠩᠰᠢᠭᠤᠷ ᠲᠥᠭᠦᠷᠢᠭ ᠤᠨ ᠲᠡᠳᠬᠦᠨ ᠳᠡᠮᠵᠢᠬᠦ ᠪᠡᠯᠡ ᠮᠥᠩᠭᠦ ᠪᠠᠭᠤᠯᠭᠠᠪᠠ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠱᠠᠭᠠᠷᠳᠠᠭᠰᠠᠨ ᠨᠢ᠂ ᠳᠡᠭᠡᠷ᠎ᠡ ᠳᠤᠷᠠᠳᠤᠭᠰᠠᠨ ᠪᠡᠯᠡ ᠮᠥᠩᠭᠦ ᠶᠢ ᠪᠦᠬᠦᠨ ᠢ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠢ ᠶᠢᠨ ᠬᠠᠮᠢᠶ᠎ᠠ ᠪᠦᠬᠦᠢ ᠫᠷᠤᠵᠧᠺᠲ ᠢ ᠲᠡᠳᠬᠦᠬᠦ ᠳᠤ ᠬᠡᠷᠡᠭᠯᠡᠬᠦ ᠬᠡᠷᠡᠭᠲᠡᠢ᠂ ᠪᠡᠯᠡ ᠮᠥᠩᠭᠦ ᠶᠢ ᠬᠤᠪᠢ ᠬᠥᠮᠥᠨ ᠵᠢᠴᠢ | ᠪᠤᠰᠤᠳ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠤᠰᠤ ᠵᠣᠬᠢᠶᠠᠨ ᠪᠠᠶᠢᠭᠤᠯᠤᠯᠲᠠ ᠳᠤ ᠬᠡᠮᠵᠢᠶᠡᠵᠢᠭᠦᠯᠬᠦ ᠪᠤᠶᠤ ᠬᠡᠯᠪᠡᠷᠢ ᠥᠭᠡᠷᠡᠲᠦᠭᠦᠯᠦᠨ | ᠬᠤᠪᠢᠶᠠᠷᠢᠯᠠᠨ ᠥᠭᠴᠦ ᠬᠡᠷᠡᠭᠯᠡᠭᠦᠯᠵᠦ ᠪᠣᠯᠬᠤ ᠦᠭᠡᠢ᠂ ᠡᠭᠦᠨ ᠢᠶᠠᠷ ᠳᠡᠮᠵᠢᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠴᠢᠷᠮᠠᠶᠢᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠨᠡᠮᠡᠷᠢᠯᠡᠨ᠎ᠡ᠃ ᠡᠭᠦᠨ ᠤ ᠬᠠᠮᠲᠤ᠂ ᠬᠠᠮᠢᠶ᠎ᠠ | ᠪᠦᠬᠦᠢ ᠠᠶᠢᠮᠠᠭ ᠬᠤᠲᠠ᠂ ᠬᠤᠰᠢᠭᠤ ᠰᠢᠶᠠᠨ ᠨᠢ ᠣᠷᠣᠨ ᠨᠤᠲᠤᠭ ᠤᠨ ᠡᠳ᠋ ᠮᠦᠩᠭᠦᠨ ᠤ ᠪᠠᠶᠢᠳᠠᠯ ᠢᠶᠠᠨ ᠦᠨᠳᠦᠰᠦᠯᠡᠨ᠂ ᠪᠡᠯᠡ ᠮᠥᠩᠭᠦ ᠶᠢᠨ ᠨᠥᠬᠦᠪᠦᠷᠢ ᠶᠢᠨ | ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠦᠬᠦᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢ ᠳᠡᠮᠵᠢᠵᠦ ᠪᠣᠯᠣᠨ᠎ᠠ ᠭᠡᠵᠦ ᠲᠣᠳᠣᠷᠬᠠᠢ | ᠲᠣᠭᠲᠠᠭᠠᠪᠠ᠃ | | | |