8 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠭᠤᠣᠯ ᠰᠡᠳᠦᠪ ᠲᠠᠢ ᠨᠢᠭᠲᠠ | ᠤᠶᠠᠯᠳᠤᠭᠤᠯᠵᠤ᠂ ᠠᠰᠠᠭᠤᠳᠠᠯ ᠢ ᠨᠢᠭᠲᠠ ᠠᠩᠬᠠᠷᠴᠤ᠂ ᠪᠣᠳᠠᠲᠠᠢ ᠲᠠᠢ ᠨᠢᠭᠲᠠ ᠤᠶᠠᠯᠳᠤᠭᠤᠯᠵᠤ᠂ ᠨᠠᠮᠴᠢ ᠴᠢᠨᠠᠷ ᠤᠨ ᠵᠠᠳᠠᠯᠤᠯᠲᠠ ᠬᠢᠵᠦ᠂ ᠰᠢᠭᠦᠮᠵᠢᠯᠡᠯ ᠪᠠ | ᠥᠪᠡᠷ ᠤᠨ ᠰᠢᠭᠦᠮᠵᠢᠯᠡᠯ ᠥᠷᠨᠢᠭᠦᠯᠪᠡ᠃ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠳᠣᠯᠣᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠰᠤᠯᠠ ᠣᠷᠣᠯᠴᠠᠵᠠᠢ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠡᠨᠡ ᠤᠳᠠᠭ᠎ᠠ ᠶᠢᠨ ᠲᠤᠰᠬᠠᠢ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠪ ᠤᠨ ᠨᠢᠭᠡᠳᠦᠭᠡᠷ ᠵᠢᠯᠤᠭᠤᠳᠬᠤ ᠳᠤᠭᠤᠶᠢᠯᠠᠩ ᠤᠨ ᠰᠠᠨᠠᠯ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠲᠤᠰᠬᠠᠶᠢᠯᠠᠨ ᠲᠥᠰᠥᠯ ᠲᠣᠭᠲᠠᠭᠠᠵᠤ᠂ ᠳᠡᠭᠡᠷ᠎ᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ | ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠰᠲ᠋ᠧᠮ ᠲᠠᠢ ᠡᠮᠬᠢᠯᠡᠵᠦ᠂ ᠰᠤᠷᠤᠯᠴᠠᠵᠤ ᠰᠤᠳᠤᠯᠤᠨ ᠶᠠᠷᠢᠯᠴᠠᠬᠤ᠂ ᠰᠡᠳᠬᠢᠯ ᠤᠨ | ᠦᠭᠡ ᠪᠠᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠠᠰᠠᠭᠤᠳᠠᠯ ᠢ ᠪᠦᠭᠦ ᠲᠠᠯ᠎ᠠ ᠪᠠᠷ ᠪᠠᠶᠢᠴᠠᠭᠠᠨ ᠵᠢᠭᠰᠠᠭᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ | ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠪᠡ᠃ | ᠸᠠᠩ ᠯᠢ ᠰᠢᠶᠠ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠡᠮᠦᠨ᠎ᠡ ᠠᠴᠠ ᠬᠠᠷᠭᠤᠭᠤᠯᠤᠭᠰᠠᠨ | ᠪᠠᠶᠢᠴᠠᠭᠠᠯᠲᠠ ᠬᠢᠭᠰᠡᠨ ᠪᠥᠭᠡᠳ ᠲᠦᠷᠦᠭᠦᠯᠡᠨ ᠬᠤᠪᠢ ᠬᠥᠮᠥᠨ ᠤ ᠬᠠᠷᠭᠤᠭᠤᠯᠤᠭᠰᠠᠨ ᠪᠠᠶᠢᠴᠠᠭᠠᠯᠲᠠ ᠬᠢᠵᠦ᠂ ᠪᠤᠰᠤᠳ ᠨᠥᠬᠦᠳ ᠨᠢᠭᠡᠳ ᠨᠢᠭᠡ ᠪᠠᠷ | ᠬᠠᠷᠭᠤᠭᠤᠯᠤᠭᠰᠠᠨ ᠪᠠᠶᠢᠴᠠᠭᠠᠯᠲᠠ ᠬᠢᠵᠦ᠂ ᠨᠥᠬᠦᠳ ᠨᠢᠭᠡ ᠪᠦᠷᠢ ᠦᠭᠡ ᠬᠡᠯᠡᠭᠰᠡᠨ ᠤ ᠳᠠᠷᠠᠭ᠎ᠠ ᠪᠤᠰᠤᠳ ᠨᠥᠬᠦᠳ ᠳᠠᠷᠠᠭᠠᠯᠠᠨ ᠰᠢᠭᠦᠮᠵᠢᠯᠡᠬᠦ ᠰᠠᠨᠠᠯ ᠳᠤᠷᠠᠳᠴᠠᠢ᠃ | ᠣᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠲᠠᠢ ᠪᠠᠷᠢᠮᠵᠢᠶᠠᠯᠠᠵᠤ᠂ 7 | ᠲᠠᠯ᠎ᠠ ᠶᠢᠨ ᠲᠣᠪᠤᠶᠢᠮ᠎ᠠ ᠠᠰᠠᠭᠤᠳᠠᠯ ᠲᠠᠢ ᠬᠠᠷᠭᠤᠭᠤᠯᠵᠤ ᠪᠠᠶᠢᠴᠠᠭᠠᠨ ᠰᠢᠨᠵᠢᠵᠦ ᠵᠠᠳᠠᠯᠤᠯᠲᠠ ᠬᠢᠵᠦ᠂ ᠠᠯᠠᠱᠠ ᠶᠢᠨ ᠰᠢᠨ ᠵᠢᠩ ᠨᠡᠭᠦᠷᠡᠰᠦᠨ ᠤ ᠦᠢᠯᠡᠰ ᠤᠨ | ᠬᠢᠵᠠᠭᠠᠷᠲᠤ ᠺᠤᠮᠫᠠᠨᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢᠨ ︽2 · 22︾ ᠤᠨ ᠣᠨᠴᠠᠭᠠᠢ ᠬᠦᠨᠳᠦ ᠶᠡᠭᠡ ᠶᠡᠭᠦᠷᠡᠭᠰᠡᠨ ᠠᠳᠡᠯ ᠢᠶᠠᠷ ᠨᠡᠶᠢᠲᠡᠯᠢᠭ ᠵᠢᠱᠢᠶ᠎ᠡ | ᠪᠣᠯᠭᠠᠨ ᠭᠦᠨᠵᠡᠭᠡᠢ ᠲᠤᠩᠭᠠᠨ ᠪᠣᠳᠣᠯᠬᠢᠯᠠᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ | ᠲᠣᠳᠣᠷᠬᠠᠶᠢᠯᠠᠪᠠ᠃ | ᠸᠠᠩ ᠯᠢ ᠰᠢᠶᠠ ᠳ᠋ᠦᠩᠨᠡᠯᠲᠡ ᠶᠢᠨ ᠶᠠᠷᠢᠶᠠᠨ ᠳᠠᠭᠠᠨ᠂ ᠲᠥᠪ ᠤᠨ ᠨᠢᠭᠡᠳᠦᠭᠡᠷ ᠵᠢᠯᠤᠭᠤᠳᠬᠤ ᠳᠤᠭᠤᠶᠢᠯᠠᠩ ᠤᠨ ᠨᠠᠷᠢᠨ ᠨᠢᠮᠪᠠᠢ ᠵᠢᠯᠣᠭᠤᠳᠤᠯᠭ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠱᠢᠶ᠎ᠡ ᠦᠵᠡᠭᠦᠯᠭᠦ ᠳᠠᠭᠠᠭᠤᠯᠭ᠎ᠠ ᠳᠣᠣᠷ᠎ᠠ᠂ ᠡᠨᠡ ᠤᠳᠠᠭ᠎ᠠ ᠶᠢᠨ ᠲᠤᠰᠬᠠᠢ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠵᠢᠱᠢᠭᠰᠡᠨ ᠬᠠᠷᠠᠯᠲᠠ ᠪᠠ ᠦᠷ᠎ᠡ ᠪᠦᠲᠦᠮᠵᠢ ᠳᠡᠭᠡᠨ ᠬᠦᠷᠴᠡᠢ᠂ ᠡᠷᠬᠡᠪᠰᠢ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠠᠵᠢᠯ︾ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ | ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠦᠷ᠎ᠡ ᠪᠦᠲᠦᠭᠡᠯ ᠢ ᠤᠯᠤᠰ ᠲᠥᠷᠥ ᠶᠢ ᠡᠷᠭᠢᠮᠯᠡᠭᠦ᠂ ᠦᠨᠡᠨᠴᠢ ᠰᠢᠳᠤᠷᠭᠤ ᠪᠠᠶᠢᠬᠤ ᠳᠡᠭᠡᠷ᠎ᠡ ᠢᠯᠡᠷᠡᠭᠦᠯᠵᠦ᠂ ᠨᠠᠮ ᠤᠨ | ᠰᠢᠨ᠎ᠡ ᠶᠢ ᠡᠭᠦᠳᠦᠭᠰᠡᠨ ᠣᠨᠣᠯ ᠢ ᠭᠦᠨᠵᠡᠭᠡᠢ ᠰᠤᠷᠤᠯᠴᠠᠨ ᠪᠠᠲᠤᠲᠠᠢ ᠦᠢᠯᠡᠳᠦᠯᠭᠡᠵᠢᠭᠦᠯᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠦᠷ᠎ᠡ ᠪᠦᠲᠦᠭᠡᠯ ᠢ ᠬᠤᠶᠠᠷ ᠶᠡᠭᠡ ᠶᠠᠪᠤᠳᠠᠯ ᠢ ᠰᠠᠶᠢᠲᠤᠷ ᠡᠷᠭᠢᠯᠡᠭᠦ ᠳᠡᠭᠡᠷ᠎ᠡ ᠢᠯᠡᠷᠡᠭᠦᠯᠵᠦ᠂ ︽ᠲᠠᠪᠤᠨ ᠶᠡᠭᠡ | ᠡᠭᠦᠷᠭᠡ︾ ᠶᠢ ᠬᠡᠷᠡᠭᠵᠢᠭᠦᠯᠬᠦ ᠲᠥᠰᠥᠯ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠠᠭᠤᠷᠢ ᠲᠠᠯᠪᠢᠬᠤ᠂ ᠦᠨᠳᠦᠰᠦ ᠶᠢ ᠪᠠᠬᠢᠵᠢᠭᠦᠯᠬᠦ᠂ ᠠᠯᠤᠰ ᠭᠡᠳᠦ ᠳᠤ ᠠᠰᠢᠭᠲᠠᠢ ᠪᠠᠶᠢᠬᠤ ᠠᠵᠢᠯ ᠢ ᠪᠣᠳᠠᠲᠠᠢ | ᠬᠢᠵᠦ᠂ ᠬᠥᠭᠵᠢᠯᠲᠡ ᠶᠢ ᠠᠳᠬᠤᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠣᠳᠠᠲᠠᠢ ᠦᠷ᠎ᠡ ᠪᠦᠲᠦᠮᠵᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ︽ᠰᠢᠨ᠎ᠡ | ᠵᠠᠮ ᠢᠶᠠᠷ ᠵᠠᠮᠨᠠᠬᠤ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠬᠤ ᠬᠡᠷᠡᠭᠲᠡᠢ᠃ ᠦᠷ᠎ᠡ ᠪᠦᠲᠦᠭᠡᠯ ᠢ ︽ᠵᠢᠷᠭᠤᠭᠠᠨ | ᠬᠡᠪ ᠳᠠᠭᠤᠷᠢᠶᠠᠯ ᠪᠤᠯᠬᠤ︾ ᠳᠡᠭᠡᠷ᠎ᠡ ᠢᠯᠡᠷᠡᠭᠦᠯᠵᠦ᠂ ᠬᠥᠭᠵᠢᠯᠲᠡ ᠶᠢᠨ ᠲᠤᠯᠭᠠᠮ ᠪᠤᠳᠤᠯ ᠢᠶᠠᠨ ᠴᠢᠩᠭᠠᠳᠬᠠᠵᠤ᠂ ᠠᠵᠢᠯ ᠢᠶᠠᠨ ᠨᠠᠷᠢᠯᠢᠭᠵᠢᠭᠤᠯᠬᠤ ᠶᠢ ᠠᠬᠢᠭᠤᠯᠵᠤ᠂ | ᠰᠤᠷᠲᠠᠯ ᠤᠨ ᠴᠢᠩᠭ᠎ᠠ ᠪᠣᠳᠠᠲᠠᠢ ᠬᠡᠮᠵᠢᠶ᠎ᠡ ᠶᠢ ᠳᠡᠭᠡᠭᠰᠢᠯᠡᠭᠦᠯᠵᠦ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ | ᠵᠠᠰᠠᠬᠤ ᠶᠢ ᠲᠦᠷᠦᠭᠦᠯᠡᠨ ᠥᠷᠨᠢᠭᠦᠯᠵᠦ᠂ ︽ᠵᠢᠷᠤᠮᠵᠢᠭᠤᠯᠬᠤ᠂ ᠴᠤᠮᠬᠠᠳᠬᠠᠬᠤ᠂ ᠲᠦᠷᠭᠡᠳᠬᠡᠬᠦ︾ ᠶᠢ ᠦᠷᠭᠦᠯᠵᠢᠯᠡᠨ ᠠᠬᠢᠭᠤᠯᠵᠤ᠂ ︽ᠤᠳᠠᠭᠠᠨ︾᠂ ︽ | ᠪᠦᠳᠦᠭᠦᠯᠢᠭ︾᠂ ︽ᠬᠡᠶᠢᠰᠪᠦᠷᠢ︾ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ ᠵᠠᠯᠠᠷᠠᠭᠤᠯᠤᠨ ᠵᠠᠰᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠬᠡᠯᠡᠪᠡ᠃ | |