︽ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠨᠡ ᠤᠳᠠᠭ᠎ᠠ ᠶᠢᠨ ︿ᠡᠭᠦᠳᠡᠨ ᠳᠤᠨᠢ ᠬᠦᠷᠴᠦ ᠦᠢᠯᠡᠴᠢᠯᠡᠬᠦ | ﹀ ᠠᠵᠢᠯᠯᠠᠭ᠎ᠠ ᠨᠢ ᠮᠠᠰᠢ ᠣᠯᠠᠨ ᠲᠥᠷᠥ ᠶᠢᠨ ᠪᠣᠳᠣᠯᠭ᠎ᠠ ᠶᠢᠨ ᠲᠠᠯ᠎ᠠ ᠶᠢᠨ ᠰᠡᠵᠢᠭ ᠢ ᠠᠯᠳᠠᠷᠠᠭᠠᠭᠰᠠᠨ ᠢᠶᠠᠷ ᠪᠠᠷᠠᠬᠤ ᠦᠭᠡᠢ ᠨᠠᠩ ᠴᠤ ᠡᠨᠧᠷᠭᠢ ᠠᠷᠪᠢᠯᠠᠬᠤ ᠬᠢᠨᠠᠨ | ᠪᠠᠶᠢᠴᠠᠭᠠᠯᠲᠠ ᠶᠢᠨ ᠭᠠᠷᠳᠠᠮ ᠢ ᠤᠷᠢᠳᠴᠢᠯᠠᠨ ᠬᠢᠨᠠᠵᠤ᠂ ᠵᠠᠷᠤᠳᠠᠯ ᠪᠠ ᠴᠠᠭ ᠢ ᠠᠷᠪᠢᠯᠠᠵᠤ᠂ ᠲᠥᠷᠥᠯ ᠵᠦᠢᠯ ᠢ ᠲᠦᠷᠭᠡᠳᠬᠡᠨ ᠨᠠᠶᠢᠳᠠᠪᠤᠷᠢᠵᠢᠭᠤᠯᠵᠤ ᠪᠦᠲᠦᠭᠡᠨ | ᠪᠠᠶᠢᠭᠤᠯᠬᠤ ᠶᠢ ᠠᠬᠢᠭᠤᠯᠵᠠᠢ︾᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠨᠧᠷᠭᠢ | ᠠᠷᠪᠢᠯᠠᠬᠤ ᠶᠢ ᠬᠢᠨᠠᠨ ᠪᠠᠶᠢᠴᠠᠭᠠᠬᠤ ᠵᠥᠪᠯᠡᠯ ᠤᠨ ︽ᠡᠭᠦᠳᠡᠨ ᠳᠤᠨᠢ ᠬᠦᠷᠴᠦ ᠦᠢᠯᠡᠴᠢᠯᠡᠬᠦ︾ ᠶᠠᠷᠢᠯᠴᠠᠬᠤ ᠬᠤᠷᠠᠯ ᠳᠤ ᠣᠷᠣᠯᠴᠠᠬᠰᠠᠨ ᠨᠢᠭᠡ ᠠᠵᠤ | ᠠᠬᠤᠶᠢᠯᠠᠯ ᠤᠨ ᠬᠠᠷᠢᠭᠤᠴᠠᠯᠭᠠᠲᠠᠨ ᠡᠶᠢᠨ ᠬᠦ ᠬᠡᠯᠡᠪᠡ᠃ | ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠭᠤᠣᠯᠳᠠᠭᠤ ᠵᠠᠬ᠎ᠠ ᠳᠡᠯᠭᠡᠭᠦᠷ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢ ᠨᠠᠶᠢᠳᠠᠪᠤᠷᠢᠵᠢᠭᠤᠯᠬᠤ ᠠᠴᠠ ᠡᠮᠦᠨᠡᠬᠢ ᠡᠨᠧᠷᠭᠢ ᠬᠡᠷᠡᠭᠯᠡᠬᠦ ᠴᠢᠬᠤᠯᠠ | ᠡᠯᠧᠮᠧᠨ᠋ᠲ ᠢ ᠪᠠᠲᠤᠯᠠᠬᠤ ᠵᠦᠢᠯᠡᠰ ᠤᠨ ᠲᠣᠭᠤᠷᠢᠨ ᠳᠤ᠂ ︽ᠲᠦᠷᠭᠡᠨ ᠲᠥᠰᠥᠪᠯᠡᠬᠦ᠂ ᠲᠦᠷᠭᠡᠨ ᠬᠥᠳᠡᠯᠦᠯᠴᠡᠬᠦ᠂ ᠲᠦᠷᠭᠡᠨ ᠨᠠᠶᠢᠳᠠᠪᠤᠷᠢᠵᠢᠭᠤᠯᠬᠤ︾ ᠳᠤ | ᠠᠩᠬᠠᠷᠤᠯ ᠢᠶᠠᠨ ᠲᠥᠪᠯᠡᠷᠡᠭᠦᠯᠦᠨ᠂ ︽ᠬᠢᠨᠠᠨ ᠵᠥᠪᠰᠢᠶᠡᠷᠡᠬᠦ ᠪᠠᠷ ᠬᠦᠯᠢᠶᠡᠬᠦ︾ ᠶᠢ ︽ᠡᠭᠦᠳᠡᠨ ᠳᠤᠨᠢ ᠬᠦᠷᠴᠦ ᠦᠢᠯᠡᠴᠢᠯᠡᠬᠦ︾ ᠪᠣᠯᠭᠠᠨ ᠬᠤᠪᠢᠷᠠᠭᠤᠯᠵᠤ᠂ | ᠰᠠᠨᠠᠭᠠᠴᠢᠯᠠᠭ᠎ᠠ ᠠᠴᠠ ᠪᠠᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠪᠠᠶᠢᠭ᠎ᠠ ᠭᠠᠵᠠᠷ ᠤᠨ ᠡᠮᠦᠨ᠎ᠡ ᠹᠷᠣᠨᠲ ᠲᠤ ᠭᠦᠨᠵᠡᠭᠡᠶᠢᠷᠡᠨ᠂ ᠴᠢᠬᠤᠯᠠ ᠶᠡᠭᠡ ᠲᠥᠷᠥᠯ | ᠵᠦᠢᠯ ᠳᠤ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠠᠵᠢᠯ ᠤᠨ ᠡᠮᠦᠨᠡᠬᠢ ︽ᠡᠭᠦᠳᠡᠨ ᠳᠤᠨᠢ ᠬᠦᠷᠴᠦ ᠦᠢᠯᠡᠴᠢᠯᠡᠬᠦ︾ ᠠᠵᠢᠯ ᠢ ᠥᠷᠨᠢᠭᠦᠯᠵᠦ᠂ ᠬᠦᠴᠢᠷ | ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠵᠦ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠰ ᠳᠡᠪᠰᠢᠬᠦ ᠶᠢ ᠲᠦᠷᠭᠡᠳᠬᠡᠪᠡ᠃ | ᠭᠤᠣᠯ ᠰᠡᠳᠦᠪᠲᠦ ᠬᠥᠮᠦᠵᠢᠯ ᠤᠨ ︽ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ︾ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ | ᠬᠢᠨᠠᠨ ᠪᠠᠶᠢᠴᠠᠭᠠᠬᠤ ᠠᠵᠢᠯ ᠤᠨ ᠡᠮᠦᠨᠡᠬᠢ ᠳᠤᠮᠳᠠᠬᠢ ᠪᠠ ᠳᠠᠷᠠᠭᠠᠬᠢ ᠦᠢᠯᠡᠴᠢᠯᠡᠭᠡ ᠬᠢᠭᠡᠳ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠮᠡᠳᠡᠭᠳᠡᠯ︾ ᠢ | ᠳᠠᠷᠤᠮᠠᠯᠯᠠᠨ ᠲᠠᠷᠬᠠᠭᠠᠵᠤ᠂ ᠨᠢᠭᠡᠨᠲᠡ ᠭᠡᠷ᠎ᠡ ᠲᠣᠭᠲᠠᠭᠰᠠᠨ ᠴᠢᠬᠤᠯᠠ ᠶᠡᠭᠡ ᠲᠥᠷᠥᠯ ᠵᠦᠢᠯ ᠳᠤ ᠠᠵᠢᠯ ᠤᠨ ᠡᠮᠦᠨᠡᠬᠢ ︽ᠡᠭᠦᠳᠡᠨ ᠳᠤᠨᠢ ᠬᠦᠷᠴᠦ ᠦᠢᠯᠡᠴᠢᠯᠡᠬᠦ︾ | ᠶᠢ ᠥᠷᠨᠢᠭᠦᠯᠵᠦ᠂ ᠡᠮᠦᠨ᠎ᠡ ᠹᠷᠣᠨᠲ ᠲᠤ ᠭᠦᠨᠵᠡᠭᠡᠶᠢᠷᠡᠨ ᠲᠤᠬᠠᠢ ᠶᠢᠨ ᠲᠠᠯᠠᠪᠠᠶ ᠳᠤ ᠠᠯᠪᠠᠯᠠᠵᠤ ᠬᠦᠴᠢᠷ ᠠᠰᠠᠭᠤᠳᠠᠯ ᠢ ᠰᠢᠢᠳᠪᠦᠷᠢᠯᠡᠬᠦ᠂ ᠰᠡᠵᠢᠭ ᠢ ᠠᠯᠳᠠᠷᠠᠭᠠᠵᠤ | ᠲᠥᠭᠡᠷᠢᠭᠳᠡᠯ ᠢ ᠲᠠᠶᠢᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠡᠷ᠎ᠡ ᠲᠣᠭᠲᠠᠭᠰᠠᠨ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠡᠭᠦᠨ ᠤ ᠬᠠᠮᠲᠤ᠂ ᠦᠢᠯᠡᠴᠢᠯᠡᠬᠦ ᠪᠠ ᠬᠢᠨᠠᠨ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠬᠠᠪᠰᠤᠷᠤᠨ ᠡᠨᠧᠷᠭᠢ | ᠠᠷᠪᠢᠯᠠᠬᠤ ᠳᠠᠯᠳᠠ ᠬᠦᠴᠦᠨ ᠢ ᠠᠭᠤᠳᠠᠯᠵᠤ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠵᠦᠢ ᠵᠣᠬᠢᠰᠲᠠᠢ ᠡᠨᠧᠷᠭᠢ | ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠲᠦᠷᠭᠡᠳᠬᠡᠨ | ᠠᠬᠢᠭᠤᠯᠤᠨ᠎ᠠ ᠭᠡᠵᠦ ᠳᠤᠷᠠᠳᠪᠠ᠃ | ︽ᠮᠡᠳᠡᠭᠳᠡᠯ︾ ᠤᠨ ᠲᠣᠬᠢᠷᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠯ᠎ᠡ ᠠᠶᠢᠮᠠᠭ | ᠬᠤᠲᠠ ᠶᠢᠨ ︽ᠡᠭᠦᠳᠡᠨ ᠳᠤᠨᠢ ᠬᠦᠷᠴᠦ ᠦᠢᠯᠡᠴᠢᠯᠡᠬᠦ︾ ᠴᠢᠬᠤᠯᠠᠲᠠᠢ ᠴᠢᠬᠤᠯᠠ ᠶᠡᠭᠡ ᠲᠥᠷᠥᠯ ᠵᠦᠢᠯ ᠤᠨ ᠨᠠᠷᠢᠨ ᠲᠠᠩᠰᠠ ᠶᠢ ᠡᠮᠬᠢᠯᠡᠨ ᠳᠢᠭᠯᠡᠵᠦ᠂ ᠡᠨᠧᠷᠭᠢ | ᠠᠷᠪᠢᠯᠠᠬᠤ ᠶᠢ ᠬᠢᠨᠠᠨ ᠪᠠᠶᠢᠴᠠᠭᠠᠬᠤ ᠲᠥᠷᠥ ᠶᠢᠨ ᠪᠣᠳᠣᠯᠭ᠎ᠠ ᠶᠢ ᠰᠠᠶᠢᠨ ᠮᠡᠳᠡᠳᠡᠭ ᠲᠤᠷᠰᠢᠯᠭ᠎ᠠ ᠲᠠᠢ ᠠᠵᠢᠯᠲᠠᠨ ᠵᠢᠴᠢ ᠲᠤᠰᠬᠠᠢ ᠮᠡᠷᠭᠡᠵᠢᠯᠲᠡᠨ ᠢ ᠵᠣᠬᠢᠶᠠᠨ | ᠪᠠᠶᠢᠭᠤᠯᠵᠤ᠂ ᠣᠷᠳᠣᠰ ᠬᠤᠲᠠ᠂ ᠦᠬᠠᠢ ᠬᠤᠲᠠ᠂ ᠪᠠᠶᠠᠨᠨᠠᠭᠤᠷ ᠬᠤᠲᠠ ᠳᠤ ᠬᠦᠷᠴᠦ᠂ ᠪᠡᠭᠡᠵᠢᠩ ᠲᠢᠶᠠᠨᠵᠢᠨ ᠾᠧᠪᠧᠢ᠂ ᠬᠥᠬᠡ ᠮᠥᠷᠡᠨ ᠤ ᠭᠤᠷᠪᠠᠯᠵᠢᠨ | ᠬᠤᠶᠢᠭ ᠤᠨ ᠭᠠᠵᠠᠷ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠪᠠ ᠳᠡᠯᠡᠬᠡᠢ ᠶᠢᠨ ᠥᠪᠥᠷ ᠮᠣᠩᠭᠤᠯ ᠤᠨ | ᠬᠤᠳᠠᠯᠳᠤᠭᠠᠴᠢᠳ ᠤᠨ ᠶᠡᠭᠡ ᠬᠤᠷᠠᠯ᠂ 2023 ᠣᠨ ᠤ ᠳᠤᠮᠳᠠᠳᠤ ᠤᠯᠤᠰ ᠤᠨ ᠠᠵᠤ ᠦᠢᠯᠡᠰ ᠤᠨ ᠰᠢᠯᠵᠢᠯᠲᠡ ᠶᠢᠨ ᠬᠥᠭᠵᠢᠯᠲᠡ ᠶᠢ ᠵᠣᠯᠭᠠᠭᠤᠯᠬᠤ ᠠᠵᠢᠯᠯᠠᠭ᠎ᠠ | ︵ᠥᠪᠥᠷ ᠮᠣᠩᠭᠤᠯ︶ ᠳᠡᠭᠡᠷ᠎ᠡ ᠨᠢᠭᠡᠨᠲᠡ ᠭᠡᠷ᠎ᠡ ᠲᠣᠭᠲᠠᠭᠰᠠᠨ ᠴᠢᠬᠤᠯᠠ ᠶᠡᠭᠡ ᠲᠥᠷᠥᠯ ᠵᠦᠢᠯ ᠳᠤ ᠬᠠᠨᠳᠤᠭᠤᠯᠤᠨ ᠡᠨᠧᠷᠭᠢ ᠠᠷᠪᠢᠯᠠᠬᠤ ᠬᠢᠨᠠᠨ | ᠪᠠᠶᠢᠴᠠᠭᠠᠯᠲᠠ ᠠᠴᠠ ᠡᠮᠦᠨ᠎ᠡ ︽ᠡᠭᠦᠳᠡᠨ ᠳᠤᠨᠢ ᠬᠦᠷᠴᠦ ᠦᠢᠯᠡᠴᠢᠯᠡᠬᠦ︾ ᠠᠵᠢᠯᠯᠠᠭ᠎ᠠ ᠥᠷᠨᠢᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠠᠪᠤᠴᠠ ᠳᠠᠬᠢ | ᠠᠵᠤ ᠦᠢᠯᠡᠰ ᠤᠨ ᠲᠥᠷᠥ ᠶᠢᠨ ᠪᠣᠳᠣᠯᠭ᠎ᠠ ᠪᠤᠶᠤ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠭᠠᠷᠳᠠᠮ ᠢ ᠭᠦᠢᠴᠡᠳᠬᠡᠬᠦ ᠵᠡᠷᠭᠡ ᠲᠠᠯ᠎ᠠ ᠪᠠᠷ ᠬᠢ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠨᠢᠭᠤᠷᠳᠠᠨ ᠰᠣᠨᠣᠰᠴᠤ᠂ ᠲᠤᠬᠠᠢ ᠶᠢᠨ ᠭᠠᠵᠠᠷ ᠲᠤᠨᠢ ᠠᠵᠢᠯᠯᠠᠵᠤ᠂ ᠠᠵᠤ ᠠᠬᠤᠶᠢᠯᠠᠯ ᠤᠨ ᠰᠡᠵᠢᠭ ᠢ ᠠᠯᠳᠠᠷᠠᠭᠠᠵᠤ᠂ | ᠦᠢᠯᠡᠴᠢᠯᠡᠭᠡᠨ ᠤ ᠠᠵᠢᠯ ᠢ ᠦᠨᠡᠨ ᠬᠦ ᠰᠠᠶᠢᠲᠤᠷ ᠬᠢᠪᠡ᠃ | ᠪᠦᠷᠢᠳᠬᠡᠯ ᠢ ᠦᠨᠳᠦᠰᠦᠯᠡᠪᠡᠯ᠂ ᠲᠣᠰ ᠤᠳᠠᠭ᠎ᠠ 13 ᠠᠵᠤ ᠠᠬᠤᠶᠢᠯᠠᠯ ᠤᠨ ᠡᠭᠦᠳᠡᠨ ᠳᠤᠨᠢ ᠬᠦᠷᠴᠦ ᠦᠢᠯᠡᠴᠢᠯᠡᠵᠦ᠂ ᠬᠤᠯᠪᠣᠭᠳᠠᠭᠰᠠᠨ ᠶᠡᠷᠦᠩᠬᠡᠢ ᠪᠡᠯᠡ | ᠣᠷᠣᠭᠤᠯᠤᠯᠲᠠ ᠨᠢ 2015.39 ᠳ᠋ᠦᠩᠰᠢᠭᠤᠷ ᠲᠥᠭᠦᠷᠢᠭ ᠲᠤ ᠬᠦᠷᠴᠦ᠂ ᠲᠤᠬᠠᠢ ᠶᠢᠨ ᠲᠠᠯᠠᠪᠠᠶ ᠳᠤ ᠮᠠᠲᠠᠭ ᠲᠠᠢ ᠠᠰᠠᠭᠤᠳᠠᠯ ᠢ 18 ᠰᠢᠢᠳᠪᠦᠷᠢᠯᠡᠵᠦ᠂ | ᠡᠨᠧᠷᠭᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠬᠤ᠂ ᠡᠨᠧᠷᠭᠢ ᠶᠢᠨ ᠬᠤᠷᠣᠭᠳᠠᠯ ᠢ ᠠᠰ ᠲᠤᠨᠢ ᠭᠤᠶᠤᠴᠢᠯᠠᠬᠤ᠂ ᠰᠢᠨ᠎ᠡ ᠡᠨᠧᠷᠭᠢ ᠶᠢ | ᠬᠠᠷᠭᠤᠭᠤᠯᠤᠨ ᠬᠠᠰᠤᠬᠤ ᠵᠡᠷᠭᠡ ᠠᠰᠠᠭᠤᠳᠠᠯ ᠢ ᠬᠠᠮᠤᠷᠴᠠᠢ᠃ ᠰᠢᠢᠳᠪᠦᠷᠢᠯᠡᠵᠦ ᠳᠡᠶᠢᠯᠭᠦ ᠠᠰᠠᠭᠤᠳᠠᠯ ᠢ ᠲᠡᠷᠡ ᠳᠠᠷᠤᠢ ᠳᠤᠨᠢ ᠰᠢᠢᠳᠪᠦᠷᠢᠯᠡᠵᠦ᠂ ᠲᠦᠷ | ᠰᠢᠢᠳᠪᠦᠷᠢᠯᠡᠵᠦ ᠳᠡᠶᠢᠯᠭᠦ ᠦᠭᠡᠢ ᠠᠰᠠᠭᠤᠳᠠᠯ ᠳᠤ ᠲᠦᠷᠦ ᠶᠢᠨ ᠪᠣᠳᠣᠯᠭ᠎ᠠ ᠶᠢ ᠲᠣᠳᠣᠷᠬᠠᠶᠢᠯᠠᠨ᠂ ᠪᠠᠶᠢᠳᠠᠯ ᠢ ᠲᠠᠶᠢᠯᠪᠤᠷᠢᠯᠠᠵᠤ᠂ ᠲᠦᠷᠦᠯ ᠵᠦᠢᠯ ᠢ | ᠨᠠᠶᠢᠳᠠᠪᠤᠷᠢᠵᠢᠭᠤᠯᠬᠤ ︽ᠬᠤᠷᠳᠤᠴᠠ︾᠂ ︽ᠡᠷᠴᠢᠮ︾ ᠢᠶᠠᠷ ᠭᠠᠵᠠᠷ ᠣᠷᠣᠨ ᠤ ᠬᠥᠭᠵᠢᠯᠲᠡ ᠶᠢᠨ ᠰᠢᠨ᠎ᠡ ︽ᠥᠨᠳᠥᠷᠴᠡ︾ ᠳᠤ ᠬᠦᠷᠭᠡᠪᠡ᠃ | | | | | |