ᠳᠤᠮᠳᠠᠳᠤ ᠮᠣᠩᠭᠤᠯ ᠤᠨ ᠣᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡ ᠠᠶᠠᠯᠠᠯ ᠢᠶᠠᠨ ᠰᠡᠷᠭᠦᠭᠡᠵᠡᠢ
ᠨᠡᠶᠢᠲᠡᠯᠡᠭᠰᠡᠨ ᠴᠠᠭ᠄
2023/9/8
      ᠭᠦᠭᠡᠬᠤᠲᠠ ᠶᠢᠨ ᠲᠡᠮᠦᠷ ᠵᠠᠮ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 8 ᠰᠠᠷ᠎ᠠ ᠶᠢᠨ 30 ᠤ ᠡᠳᠦᠷ ᠤᠨ 10 ᠴᠠᠭ 25 ᠮᠢᠨᠦ᠋ᠲ ᠲᠤ ᠮᠣᠩᠭᠤᠯ ᠤᠯᠤᠰ ᠤᠨ ᠤᠯᠠᠭᠠᠨᠪᠠᠭᠠᠲᠤᠷ ᠠᠴᠠ ᠳᠤᠮᠳᠠᠳᠤ ᠤᠯᠤᠰ ᠤᠨ ᠡᠷᠢᠶᠡᠨ ᠬᠤᠲᠠ ᠬᠦᠷᠬᠦ 686 ︵22︶ ᠡᠭᠡᠯᠵᠢ ᠶᠢᠨ ᠣᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡ ᠡᠷᠢᠶᠡᠨ ᠥᠷᠲᠡᠭᠡ ᠳᠤ ᠬᠦᠷᠴᠦ ᠢᠷᠡᠪᠡ᠃ ᠡᠨᠡ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠴᠠ ᠪᠣᠯᠵᠤ ᠵᠥᠭᠡᠭᠡᠪᠦᠷᠢ ᠪᠠᠨ ᠵᠣᠭᠰᠣᠭᠠᠭᠰᠠᠨ ᠳᠤᠮᠳᠠᠳᠤ ᠮᠣᠩᠭᠤᠯ ᠤᠨ ᠣᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡ ᠠᠩᠬ᠎ᠠ ᠤᠳᠠᠭ᠎ᠠ ᠠᠶᠠᠯᠠᠯ ᠢᠶᠠᠨ ᠰᠡᠷᠭᠦᠭᠡᠵᠦ ᠪᠠᠶᠢᠭ᠎ᠠ ᠶᠠᠪᠤᠳᠠᠯ ᠪᠤᠯᠬᠤ ᠪᠥᠭᠡᠳ ᠡᠷᠢᠶᠡᠨ ᠬᠤᠲᠠ ᠶᠢᠨ ᠲᠡᠮᠦᠷ ᠵᠠᠮ ᠤᠨ ᠬᠢᠯᠢ ᠶᠢᠨ ᠪᠣᠭᠤᠮᠲᠠ ᠶᠢᠨ ᠠᠶᠠᠨᠴᠢᠳ ᠤᠨ ᠵᠥᠭᠡᠭᠡᠪᠦᠷᠢ ᠬᠡᠪ ᠤᠨ ᠪᠠᠶᠢᠳᠠᠯ ᠳᠠᠭᠠᠨ ᠣᠷᠣᠭᠰᠠᠨ ᠢ ᠬᠠᠷᠠᠭᠤᠯᠵᠤ ᠪᠠᠶᠢᠨ᠎ᠠ᠃       8 ᠰᠠᠷ᠎ᠠ ᠶᠢᠨ 31 ᠤ ᠡᠳᠦᠷ ᠠᠴᠠ ᠡᠬᠢᠯᠡᠨ᠂ ᠳᠤᠮᠳᠠᠳᠤ ᠮᠣᠩᠭᠤᠯ ᠤᠨ ᠣᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡ ᠭᠠᠷᠠᠭ ᠪᠦᠷᠢ ᠶᠢᠨ ᠭᠠᠷᠠᠭ ᠤᠨ ᠡᠳᠦᠷ ᠪᠠ ᠭᠠᠷᠠᠭ ᠤᠨ ᠳᠥᠷᠪᠡᠨ ᠳᠤ ᠮᠣᠩᠭᠤᠯ ᠤᠯᠤᠰ ᠤᠨ ᠤᠯᠠᠭᠠᠨᠪᠠᠭᠠᠲᠤᠷ ᠠᠴᠠ ᠮᠣᠷᠳᠠᠵᠤ᠂ ᠭᠠᠷᠠᠭ ᠤᠨ ᠨᠢᠭᠡᠨ ᠪᠠ ᠭᠠᠷᠠᠭ ᠤᠨ ᠲᠠᠪᠤᠨ ᠳᠤ ᠳᠤᠮᠳᠠᠳᠤ ᠤᠯᠤᠰ ᠤᠨ ᠡᠷᠢᠶᠡᠨ ᠬᠤᠲᠠ ᠠᠴᠠ ᠮᠣᠷᠳᠠᠨ᠎ᠠ᠃ ᠬᠤᠶᠠᠷ ᠤᠯᠤᠰ ᠤᠨ ᠲᠡᠮᠦᠷ ᠵᠠᠮ ᠤᠨ ᠰᠠᠯᠠᠭ᠎ᠠ ᠮᠥᠴᠢᠷ ᠤᠨ ᠬᠢᠨ ᠪᠠᠰᠠ ᠠᠶᠠᠨᠴᠢᠳ ᠤᠨ ᠪᠠᠶᠢᠳᠠᠯ ᠢ ᠦᠨᠳᠦᠰᠦᠯᠡᠨ ᠲᠦᠷ ᠴᠠᠭ ᠤᠨ ᠭᠠᠯᠲᠤ ᠲᠡᠷᠭᠡ ᠨᠡᠮᠡᠵᠦ᠂ ᠠᠶᠠᠨᠴᠢᠳ ᠤᠨ ᠠᠶᠠᠯᠠᠯ ᠳᠤ ᠳᠥᠭᠦᠮ ᠦᠵᠡᠭᠦᠯᠭᠦ ᠪᠣᠯᠣᠨ᠎ᠠ᠃       ᠳᠤᠮᠳᠠᠳᠤ ᠮᠣᠩᠭᠤᠯ ᠬᠤᠶᠠᠷ ᠤᠯᠤᠰ ᠤᠨ ᠬᠤᠭᠤᠷᠣᠨᠳᠣᠭᠢ ᠠᠷᠠᠯᠵᠢᠶ᠎ᠠ ᠬᠤᠳᠠᠯᠳᠤᠭ᠎ᠠ ᠪᠠ ᠣᠯᠠᠨ ᠨᠡᠶᠢᠲᠡ ᠶᠢᠨ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠬᠤᠶᠠᠷ ᠤᠯᠤᠰ ᠤᠨ ᠲᠡᠮᠦᠷ ᠵᠠᠮ ᠤᠨ ᠰᠠᠯᠠᠭ᠎ᠠ ᠮᠥᠴᠢᠷ ᠤᠨ ᠬᠢᠨ ᠣᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡ ᠶᠢ ᠰᠡᠷᠭᠦᠭᠡᠬᠦ ᠲᠥᠰᠥᠯ ᠢ ᠣᠯᠠᠨ ᠤᠳᠠᠭ᠎ᠠ ᠵᠥᠪᠳᠡᠯᠴᠡᠨ᠂ ᠬᠢᠵᠢᠭ ᠢ ᠰᠡᠷᠭᠡᠶᠢᠯᠡᠬᠦ ᠪᠠ ᠪᠣᠭᠤᠮᠲᠠ ᠪᠠᠷ ᠥᠩᠭᠡᠷᠡᠬᠦ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠣᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡ ᠶᠢᠨ ᠠᠮᠤᠷ ᠲᠦᠪᠰᠢᠨ ᠤᠷᠤᠭᠰᠢᠲᠠᠢ ᠠᠶᠠᠯᠠᠬᠤ ᠳᠤ ᠨᠠᠶᠢᠳᠠᠪᠤᠷᠢᠲᠠᠢ ᠪᠠᠲᠤᠯᠠᠭ᠎ᠠ ᠬᠠᠩᠭᠠᠪᠠ᠃ ᠭᠦᠭᠡᠬᠤᠲᠠ ᠶᠢᠨ ᠲᠡᠮᠦᠷ ᠵᠠᠮ ᠤᠨ ᠲᠣᠪᠴᠢᠶ᠎ᠠ ᠡᠷᠢᠶᠡᠨ ᠥᠷᠲᠡᠭᠡ ᠶᠢ ᠵᠣᠬᠢᠶᠠᠨ ᠪᠠᠶᠢᠭᠤᠯᠵᠤ ᠣᠯᠠᠨ ᠤᠯᠤᠰ ᠤᠨ ᠬᠠᠮᠲᠤᠷᠠᠭᠰᠠᠨ ᠵᠥᠭᠡᠭᠡᠪᠦᠷᠢ ᠶᠢᠨ ᠪᠢᠯᠧᠲ ᠬᠤᠳᠠᠯᠳᠤᠬᠤ ᠰᠢᠰᠲ᠋ᠧᠮ ᠢ ᠳᠠᠭᠢᠨ ᠳᠠᠪᠲᠠᠨ ᠲᠤᠷᠰᠢᠨ ᠲᠣᠬᠢᠷᠠᠭᠤᠯᠵᠤ᠂ ᠬᠢᠯᠢ ᠶᠢᠨ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠤᠯᠤᠰ ᠤᠨ ᠲᠡᠷᠭᠡ ᠬᠦᠯᠢᠶᠡᠬᠦ ᠲᠠᠰᠤᠭ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠬᠡᠮᠵᠢᠭᠦᠷᠯᠢᠭ᠂ ᠠᠦ᠋ᠲ᠋ᠣ᠋ ᠲᠦᠰᠢᠭᠦᠷ ᠱᠠᠲᠤ ᠵᠡᠷᠭᠡ ᠲᠥᠬᠦᠭᠡᠷᠦᠮᠵᠢ ᠶᠢ ᠲᠠᠰ ᠳᠡᠪᠰᠢᠭᠦᠯᠦᠨ ᠨᠥᠬᠦᠨ ᠤᠭᠰᠠᠷᠠᠪᠠ᠃ ᠡᠭᠦᠨ ᠤ ᠬᠠᠮᠲᠤ᠂ ᠣᠯᠠᠨ ᠤᠯᠤᠰ ᠤᠨ ᠬᠠᠮᠲᠤᠷᠠᠭᠰᠠᠨ ᠵᠥᠭᠡᠭᠡᠪᠦᠷᠢ ᠶᠢᠨ ︽ᠬᠤᠣᠰ ᠬᠡᠯᠡᠨ︾ ᠤ ᠶᠣᠰᠣᠯᠠᠯ ᠤᠨ ᠪᠣᠯᠪᠠᠰᠤᠷᠠᠯ ᠥᠷᠨᠢᠭᠦᠯᠵᠦ᠂ ᠲᠤᠰᠬᠠᠢ ᠠᠵᠢᠯᠲᠠᠨ ᠠᠴᠠ ᠠᠶᠠᠨᠴᠢᠳ ᠢ ᠵᠣᠬᠢᠶᠠᠨ ᠪᠠᠶᠢᠭᠤᠯᠤᠨ ᠬᠥᠲᠥᠯᠥᠨ ᠵᠢᠯᠤᠭᠤᠳᠴᠤ᠂ ᠪᠦᠯᠦᠭ ᠬᠤᠪᠢᠶᠠᠨ ᠬᠢᠯᠢ ᠪᠠᠷ ᠣᠷᠣᠵᠤ ᠭᠠᠷᠬᠤ ᠭᠠᠷᠳᠠᠮ ᠢ ᠭᠦᠢᠴᠡᠳᠬᠡᠯᠭᠡᠵᠦ᠂ ᠦᠢᠯᠡᠴᠢᠯᠡᠭᠡᠨ ᠤ ᠲᠦᠪᠰᠢᠨ ᠢ ᠪᠦᠭᠦ ᠬᠦᠴᠦᠨ ᠢᠶᠠᠷ ᠳᠡᠭᠡᠭᠰᠢᠯᠡᠭᠦᠯᠵᠡᠢ᠃
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ