ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠰᠢᠨ᠎ᠡ ᠮᠡᠳᠡᠭᠡ᠄ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠶᠠᠮᠤᠨ ᠤ ᠬᠠᠮᠤᠭ ᠤᠨ ᠰᠢᠨ᠎ᠡ ᠳᠠᠷᠤᠮᠠᠯᠯᠠᠨ ᠲᠠᠷᠬᠠᠭᠠᠭᠰᠠᠨ ᠬᠠᠮᠢᠶ᠎ᠠ ᠪᠦᠬᠦᠢ ᠪᠢᠴᠢᠭ ᠢ ᠦᠨᠳᠦᠰᠦᠯᠡᠨ᠂ ᠪᠥᠬᠦ ᠣᠷᠣᠨ ᠤ ᠭᠤᠣᠯᠳᠠᠯᠭ᠎ᠠ ᠲᠠᠢ ᠬᠥᠮᠥᠰ ᠤᠨ ᠦᠢᠯᠡᠰ | ᠪᠣᠰᠬᠠᠵᠦ ᠠᠵᠢᠯ ᠣᠯᠬᠤ ᠶᠢ ᠳᠡᠮᠵᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠣᠶᠢᠷ᠎ᠠ ᠳᠤ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠢᠴᠢᠭ ᠪᠠᠭᠤᠯᠭᠠᠵᠤ᠂ ᠥᠪᠥᠷ ᠮᠣᠩᠭᠤᠯ ᠤᠨ | ᠭᠤᠣᠯᠳᠠᠯᠭ᠎ᠠ ᠲᠠᠢ ᠬᠥᠮᠥᠰ ᠤᠨ ᠦᠢᠯᠡᠰ ᠪᠣᠰᠬᠠᠵᠦ ᠠᠵᠢᠯ ᠣᠯᠬᠤ ᠶᠢ ᠳᠡᠮᠵᠢᠬᠦ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠲᠠᠢ ᠬᠤᠯᠪᠣᠭᠳᠠᠬᠤ ᠬᠢᠵᠠᠭᠠᠷ ᠲᠤᠭ᠎ᠠ ᠶᠢ ᠴᠥᠮ ᠡᠷᠬᠡ ᠣᠯᠭᠤᠭᠰᠠᠨ ᠳᠡᠭᠡᠳᠦ ᠬᠢᠵᠠᠭᠠᠷ ᠢᠶᠠᠷ ᠨᠢ ᠬᠡᠷᠡᠭᠵᠢᠭᠦᠯᠵᠦ᠂ ᠬᠤᠭᠤᠴᠠᠭ᠎ᠠ ᠨᠢ 2027 ᠣᠨ ᠤ | 12 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ ᠪᠣᠯᠣᠨ᠎ᠠ᠃ | ᠨᠢᠭᠡ ᠳᠤ᠂ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2027 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ᠂ ᠪᠥᠬᠦ | ᠣᠷᠣᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ︵ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠯᠲᠠ ᠳᠤ ᠪᠠᠶᠢᠭ᠎ᠠ ᠡᠲᠡᠭᠡᠳ ᠪᠠᠭᠲᠠᠨ᠎ᠠ︶᠂ ︽ᠠᠵᠢᠯ | ᠣᠯᠵᠤ ᠦᠢᠯᠡᠰ ᠪᠣᠰᠬᠠᠬᠤ ᠦᠨᠡᠮᠯᠡᠯ︾ ᠪᠤᠶᠤ ︽ᠠᠵᠢᠯ ᠣᠯᠣᠭᠰᠠᠨ ᠪᠠ ᠠᠵᠢᠯ ᠠᠯᠳᠠᠭᠰᠠᠨ ᠳᠠᠩᠰᠠᠯᠠᠯᠲᠠ ᠶᠢᠨ ᠦᠨᠡᠮᠯᠡᠯ︾ ᠲᠠᠢ ᠬᠥᠮᠥᠰ ᠬᠤᠪᠢ ᠪᠠᠷ ᠢᠶᠠᠨ | ᠡᠵᠡᠩᠨᠡᠯᠲᠡ ᠬᠢᠵᠦ ᠪᠠᠶᠢᠪᠠᠯ᠂ ᠬᠤᠪᠢ ᠬᠥᠮᠥᠨ ᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠪᠠᠷ ᠳᠠᠩᠰᠠᠯᠠᠭᠤᠯᠤᠭᠰᠠᠨ ᠲᠣᠰ ᠰᠠᠷ᠎ᠠ ᠠᠴᠠ ᠡᠬᠢᠯᠡᠨ᠂ 3 ᠵᠢᠯ ︵ | 36 ᠰᠠᠷ᠎ᠠ︶ ᠤᠨ ᠳᠣᠲᠣᠷ᠎ᠠ ᠡᠷᠦᠬᠡ ᠪᠦᠷᠢ ᠵᠢᠯ ᠶᠢᠨ 24000 ᠲᠥᠭᠦᠷᠢᠭ ᠤᠨ ᠬᠢᠵᠠᠭᠠᠷ ᠲᠤᠭ᠎ᠠ ᠪᠠᠷ ᠲᠣᠰ ᠵᠢᠯ ᠤᠨ ᠪᠣᠳᠠᠲᠠᠢ ᠲᠤᠰᠢᠶᠠᠪᠠᠰᠤ ᠵᠣᠬᠢᠬᠤ | ᠥᠷᠲᠡᠭ ᠨᠡᠮᠡᠭᠳᠡᠯ ᠤᠨ ᠭᠠᠶᠢᠯᠢ᠂ ᠬᠤᠲᠠ ᠶᠢᠨ ᠠᠷᠠᠴᠢᠯᠠᠭ᠎ᠠ ᠪᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ | ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠪᠠ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠲᠠᠰ ᠳᠠᠷᠠᠭᠠᠯᠠᠨ ᠬᠠᠰᠤᠨ᠎ᠠ᠃ ︽ᠠᠵᠢᠯ | ᠣᠯᠵᠤ ᠦᠢᠯᠡᠰ ᠪᠣᠰᠬᠠᠬᠤ ᠦᠨᠡᠮᠯᠡᠯ︾ ᠳᠡᠭᠡᠷ᠎ᠡ ᠡᠷᠬᠡᠪᠰᠢ ︽ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾ | ᠪᠤᠶᠤ ︽ᠲᠡᠭᠦᠰᠦᠭᠰᠡᠨ ᠵᠢᠯ ᠳᠤ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾ ᠶᠢ ᠲᠣᠳᠣᠷᠬᠠᠶᠢᠯᠠᠬᠤ ᠬᠡᠷᠡᠭᠲᠡᠢ︔ | ︽ᠠᠵᠢᠯ ᠣᠯᠣᠭᠰᠠᠨ ᠪᠠ ᠠᠵᠢᠯ ᠠᠯᠳᠠᠭᠰᠠᠨ ᠳᠠᠩᠰᠠᠯᠠᠯᠲᠠ ᠶᠢᠨ ᠦᠨᠡᠮᠯᠡᠯ︾ ᠳᠡᠭᠡᠷ᠎ᠡ ᠡᠷᠬᠡᠪᠰᠢ ︽ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠭᠠᠶᠢᠯᠢ | ᠲᠠᠲᠠᠪᠤᠷᠢ ᠶᠢᠨ ᠲᠥᠷᠥ ᠶᠢᠨ ᠪᠣᠳᠣᠯᠭ᠎ᠠ︾ ᠶᠢ ᠲᠣᠳᠣᠷᠬᠠᠶᠢᠯᠠᠬᠤ ᠬᠡᠷᠡᠭᠲᠡᠢ᠃ | ᠬᠤᠶᠠᠷ ᠲᠤ᠂ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2027 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ᠂ ᠪᠦᠬᠦ | ᠣᠷᠣᠨ ᠤ ᠠᠵᠤ ᠠᠬᠤᠶᠢᠯᠠᠯ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ︵ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠯᠲᠠ ᠳᠤ ᠪᠠᠶᠢᠭ᠎ᠠ ᠡᠲᠡᠭᠡᠳ ᠪᠠᠭᠲᠠᠨ᠎ᠠ | ︶᠂ ᠵᠢᠴᠢ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠳᠠᠩᠰᠠᠯᠠᠭᠤᠯᠤᠭᠰᠠᠨ ᠠᠵᠢᠯ ᠠᠯᠳᠠᠭᠠᠳ ᠬᠠᠭᠠᠰ ᠵᠢᠯ ᠠᠴᠠ ᠳᠡᠭᠡᠭᠰᠢ | ᠪᠣᠯᠤᠭᠰᠠᠨ ᠮᠥᠷᠲᠡᠭᠡᠨ ︽ᠠᠵᠢᠯ ᠣᠯᠵᠤ ᠦᠢᠯᠡᠰ ᠪᠣᠰᠬᠠᠬᠤ ᠦᠨᠡᠮᠯᠡᠯ︾ ᠪᠤᠶᠤ ︽ᠠᠵᠢᠯ ᠣᠯᠣᠭᠰᠠᠨ ᠪᠠ ᠠᠵᠢᠯ ᠠᠯᠳᠠᠭᠰᠠᠨ ᠳᠠᠩᠰᠠᠯᠠᠯᠲᠠ ᠶᠢᠨ ᠦᠨᠡᠮᠯᠡᠯ︾ | ︵ᠦᠨᠡᠮᠯᠡᠯ ᠳᠡᠭᠡᠷ᠎ᠡ ᠡᠷᠬᠡᠪᠰᠢ ︽ᠠᠵᠤ ᠠᠬᠤᠶᠢᠯᠠᠯ ᠡᠯᠰᠡᠨ ᠬᠡᠷᠡᠭᠯᠡᠬᠦ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾ ᠶᠢ ᠲᠣᠳᠣᠷᠬᠠᠶᠢᠯᠠᠬᠤ ᠬᠡᠷᠡᠭᠲᠡᠢ︶ ᠲᠠᠢ | ᠬᠥᠮᠥᠰ ᠢ ᠡᠯᠰᠡᠨ ᠬᠡᠷᠡᠭᠯᠡᠵᠦ᠂ 1 ᠵᠢᠯ ᠠᠴᠠ ᠳᠡᠭᠡᠭᠰᠢ ᠬᠤᠭᠤᠴᠠᠭ᠎ᠠ ᠲᠠᠢ ᠬᠥᠳᠡᠯᠮᠦᠷᠢ ᠶᠢᠨ ᠭᠡᠷ᠎ᠡ ᠪᠠᠶᠢᠭᠤᠯᠤᠭᠰᠠᠨ ᠪᠥᠭᠡᠳ ᠬᠠᠤᠯᠢ ᠶᠣᠰᠣᠭᠠᠷ ᠨᠡᠶᠢᠭᠡᠮ ᠤᠨ | ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠶᠢᠪᠠᠯ᠂ ᠬᠥᠳᠡᠯᠮᠦᠷᠢ ᠶᠢᠨ ᠭᠡᠷ᠎ᠡ ᠪᠠᠶᠢᠭᠤᠯᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠲᠤᠰ | ᠰᠠᠷ᠎ᠠ ᠠᠴᠠ ᠡᠬᠢᠯᠡᠨ᠂ 3 ᠵᠢᠯ ︵36 ᠰᠠᠷ᠎ᠠ︶ ᠤᠨ ᠳᠣᠲᠣᠷ᠎ᠠ ᠪᠣᠳᠠᠲᠠᠢ ᠡᠯᠰᠡᠨ ᠬᠡᠷᠡᠭᠯᠡᠭᠰᠡᠨ ᠬᠥᠮᠥᠨ ᠤ ᠲᠤᠭ᠎ᠠ ᠪᠠᠷ ᠠᠵᠤ ᠠᠬᠤᠶᠢᠯᠠᠯ ᠠᠴᠠ ᠦᠷᠳᠡᠭ | ᠨᠡᠮᠡᠭᠳᠡᠯ ᠤᠨ ᠭᠠᠶᠢᠯᠢ᠂ ᠬᠤᠳᠠ ᠶᠢᠨ ᠠᠷᠠᠴᠢᠯᠠᠭ᠎ᠠ ᠪᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ | ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠳᠠᠷᠠᠭᠠᠯᠠᠨ ᠬᠠᠰᠤᠵᠤ᠂ ᠬᠠᠰᠤᠬᠤ ᠪᠠᠷᠢᠮᠵᠢᠶ᠎ᠠ ᠨᠢ | ᠬᠥᠮᠥᠨ ᠪᠦᠷᠢ ᠵᠢᠯ ᠳᠤ 7800 ᠲᠥᠭᠦᠷᠢᠭ ᠪᠣᠯᠣᠨ᠎ᠠ᠃ | | | | | |