ᠣᠶᠢᠷ᠎ᠠ ᠳᠤ᠂ ︽ᠴᠡᠷᠢᠭ ᠠᠷᠠᠳ ᠤᠮᠠᠷᠠᠲᠤ ᠬᠢᠯᠢ ᠪᠠᠨ ᠬᠠᠮᠲᠤ ᠪᠠᠷ ᠪᠠᠶᠢᠭᠤᠯᠵᠤ ᠪᠦᠯᠬᠦᠮᠳᠡᠨ ᠲᠡᠮᠡᠴᠡᠵᠦ ᠰᠢᠨ᠎ᠡ ᠠᠶᠠᠨ ᠳᠠᠭᠠᠨ ᠡᠷᠡᠮᠡᠬᠡᠶᠢᠯᠡᠨ | ᠤᠷᠤᠭᠰᠢᠯᠠᠬᠤ︾ — ᠶᠠᠨ ᠠᠨ ᠤ ᠬᠤᠶᠠᠷ ᠢ ᠬᠦᠷᠢᠶᠡᠯᠡᠬᠦ ᠬᠥᠳᠡᠯᠭᠡᠭᠡᠨ ᠤ 80 ᠵᠢᠯ ᠤᠨ ᠣᠶ ᠶᠢ ᠳᠤᠷᠠᠰᠬᠠᠬᠤ ᠵᠢᠴᠢ 2023 ᠣᠨ ᠤ ᠥᠪᠡᠷᠲᠡᠭᠡᠨ ᠵᠠᠰᠠᠬᠤ | ᠣᠷᠣᠨ ᠤ ︽ᠬᠠᠮᠤᠭ ᠤᠨ ᠭᠤᠶᠣ ᠴᠡᠷᠢᠭ ᠤᠨ ᠠᠯᠪᠠ ᠠᠴᠠ ᠬᠠᠯᠠᠭᠳᠠᠭᠰᠠᠳ︾᠂ ︽ᠬᠠᠮᠤᠭ ᠤᠨ ᠭᠤᠶᠣ ᠴᠡᠷᠢᠭ ᠤᠨ ᠪᠦᠰᠡᠭᠦᠢ︾᠂ ︽ᠬᠠᠮᠤᠭ ᠤᠨ ᠭᠤᠶᠣ | ᠴᠡᠷᠢᠭ ᠢᠶᠠᠨ ᠬᠦᠷᠢᠶᠡᠯᠡᠭᠴᠢ︾᠂ ︽ᠬᠠᠮᠤᠭ ᠤᠨ ᠭᠤᠶᠣ ᠴᠡᠷᠢᠭ ᠢᠶᠠᠨ ᠬᠦᠷᠢᠶᠡᠯᠡᠭᠰᠡᠨ ᠠᠵᠤ ᠠᠬᠤᠶᠢᠯᠠᠯ︾ ᠢ ᠨᠡᠶᠢᠲᠡᠯᠡᠬᠦ ᠶᠣᠰᠣᠯᠠᠯ ᠭᠦᠭᠡᠬᠤᠲᠠ ᠳᠤ ᠶᠠᠪᠤᠭᠳᠠᠪᠠ | ᠃ | ᠶᠣᠰᠣᠯᠠᠯ ᠨᠢ ︽ᠶᠡᠭᠡ ᠬᠠᠶᠢᠷ᠎ᠠ ᠬᠥᠮᠥᠰ ᠤᠨ ᠰᠡᠳᠬᠢᠯ ᠢ ᠳᠤᠯᠠᠭᠠᠴᠠᠭᠤᠯᠵᠤ᠂ ᠵᠢᠭᠠᠰᠤ ᠤᠰᠤᠨ ᠤ ᠬᠠᠷᠢᠴᠠᠭ᠎ᠠ ᠶᠢ ᠤᠯᠠᠮ ᠵᠤᠵᠠᠭᠠᠳᠬᠠᠬᠤ︾᠂ ︽ | ᠴᠡᠷᠢᠭ ᠢᠶᠠᠨ ᠬᠦᠷᠢᠶᠡᠯᠡᠨ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠬᠦ︾ ᠵᠡᠷᠭᠡ 4 ᠬᠡᠰᠡᠭ ᠢᠶᠠᠷ ᠪᠦᠷᠢᠯᠳᠦᠵᠦ᠂ ︽ᠬᠠᠮᠤᠭ ᠤᠨ ᠭᠤᠶᠣ ᠴᠡᠷᠢᠭ ᠤᠨ | ᠠᠯᠪᠠ ᠠᠴᠠ ᠬᠠᠯᠠᠭᠳᠠᠭᠰᠠᠳ︾ ᠤᠨ ᠴᠡᠷᠢᠭ ᠠᠩᠭᠢ ᠠᠴᠠ ᠬᠠᠯᠠᠭᠳᠠᠭᠰᠠᠨ ᠴᠤ ᠡᠭᠦᠷᠢᠳᠡ ᠨᠠᠮ ᠪᠠ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠬᠤ | ᠲᠡᠷᠢᠭᠦᠨ ᠤ ᠦᠢᠯᠡ ᠠᠵᠢᠯᠯᠠᠭ᠎ᠠ ᠶᠢ ᠳᠡᠯᠭᠡᠨ ᠦᠵᠡᠭᠦᠯᠵᠦ᠂ ᠪᠦᠭᠦ ᠣᠷᠣᠨ ᠤ ᠡᠯ᠎ᠡ ᠭᠠᠵᠠᠷ ᠣᠷᠣᠨ᠂ ᠡᠯ᠎ᠡ ᠬᠦᠷᠢᠶ᠎ᠡ ᠴᠠᠷᠠᠭᠠᠨ ᠤ ︽ᠬᠠᠮᠤᠭ ᠤᠨ ᠭᠤᠶᠣ | ᠴᠡᠷᠢᠭ ᠢᠶᠠᠨ ᠬᠦᠷᠢᠶᠡᠯᠡᠭᠴᠢ︾᠂ ︽ᠬᠠᠮᠤᠭ ᠤᠨ ᠭᠤᠶᠣ ᠴᠡᠷᠢᠭ ᠢᠶᠠᠨ ᠬᠦᠷᠢᠶᠡᠯᠡᠭᠰᠡᠨ ᠠᠵᠤ ᠠᠬᠤᠶᠢᠯᠠᠯ︾ ᠤᠨ ᠬᠤᠶᠠᠷ ᠢ ᠬᠦᠷᠢᠶᠡᠯᠡᠬᠦ ᠰᠢᠯᠢᠳᠡᠭ | ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠲᠠᠮᠵᠢᠵᠤ ᠪᠠᠶᠢᠭ᠎ᠠ | ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠦᠯᠢᠭᠡᠷ ᠢ ᠢᠯᠡᠷᠡᠭᠦᠯᠪᠡ᠃ | ᠲᠣᠰ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠪᠣᠯᠣᠨ ᠥᠪᠥᠷ ᠮᠣᠩᠭᠤᠯ ᠤᠨ | ᠴᠡᠷᠢᠭ ᠤᠨ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠲᠣᠪᠴᠢᠶ᠎ᠠ ᠠᠴᠠ ᠬᠠᠮᠲᠤᠷᠠᠨ ᠡᠷᠭᠢᠯᠡᠵᠦ᠂ ᠱᠠᠲᠤ ᠱᠠᠲᠤ ᠪᠠᠷ ᠲᠠᠨᠢᠯᠴᠠᠭᠤᠯᠬᠤ᠂ ᠴᠢᠩᠭ᠎ᠠ ᠰᠢᠯᠢᠨ | ᠰᠣᠩᠭᠤᠬᠤ᠂ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠬᠦ ᠪᠠᠷ ᠳᠡᠮᠵᠢᠨ᠂ ᠬᠤᠸᠠᠩ ᠭᠦᠸᠧ ᠼᠠᠢ ᠵᠡᠷᠭᠡ 30 ᠬᠥᠮᠥᠨ ᠳᠤ ︽ᠬᠠᠮᠤᠭ ᠤᠨ ᠭᠤᠶᠣ ᠴᠡᠷᠢᠭ ᠤᠨ | ᠠᠯᠪᠠ ᠠᠴᠠ ᠬᠠᠯᠠᠭᠳᠠᠭᠰᠠᠳ︾᠂ ᠪᠠᠢ ᠬᠤᠨᠭ᠌ ᠮᠸᠢ ᠵᠡᠷᠭᠡ 20 ᠬᠥᠮᠥᠨ ᠳᠤ ︽ᠬᠠᠮᠤᠭ ᠤᠨ ᠭᠤᠶᠣ ᠴᠡᠷᠢᠭ ᠤᠨ ᠪᠦᠰᠡᠭᠦᠢ︾᠂ ᠱᠢ ᠸᠧᠨ ᠭᠤᠸᠠᠩ ᠵᠡᠷᠭᠡ 20 | ᠬᠥᠮᠥᠨ ᠳᠤ ︽ᠬᠠᠮᠤᠭ ᠤᠨ ᠭᠤᠶᠣ ᠴᠡᠷᠢᠭ ᠢᠶᠠᠨ ᠬᠦᠷᠢᠶᠡᠯᠡᠭᠴᠢ︾᠂ ᠥᠪᠥᠷ ᠮᠣᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ | ᠬᠢᠵᠠᠭᠠᠷᠲᠤ ᠺᠤᠮᠫᠠᠨᠢ ᠵᠡᠷᠭᠡ 20 ᠠᠵᠤ ᠠᠬᠤᠶᠢᠯᠠᠯ ᠳᠤ ︽ᠬᠠᠮᠤᠭ ᠤᠨ ᠭᠤᠶᠣ ᠴᠡᠷᠢᠭ ᠢᠶᠠᠨ ᠬᠦᠷᠢᠶᠡᠯᠡᠭᠰᠡᠨ ᠠᠵᠤ ᠠᠬᠤᠶᠢᠯᠠᠯ︾ ᠤᠨ ᠴᠣᠯᠠ ᠣᠯᠭᠤᠪᠠ᠃ | ᠲᠠᠷᠠᠭᠠᠴᠢ ᠪᠠᠷ᠂ ᠪᠦᠭᠦ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠢᠰᠲ᠋ᠧᠮ ᠤᠨ ᠬᠢᠨ ︽ᠬᠠᠮᠤᠭ ᠤᠨ ᠭᠤᠶᠣ︾ ᠠᠴᠠ | ᠰᠤᠷᠤᠯᠴᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠨᠡᠶᠢᠭᠡᠮ ᠳᠠᠶᠠᠭᠠᠷ ᠢᠶᠠᠷ ᠢᠶᠠᠨ ᠴᠡᠷᠢᠭ ᠬᠥᠮᠥᠨ ᠤ ᠠᠵᠢᠯ ᠲᠦᠷᠦᠯ ᠢ | ᠬᠦᠨᠳᠦᠳᠬᠡᠬᠦ᠂ ᠴᠡᠷᠢᠭ ᠬᠥᠮᠥᠨ ᠤ ᠪᠠᠶᠢᠷᠢ ᠰᠠᠭᠤᠷᠢ ᠶᠢ ᠬᠠᠮᠠᠭᠠᠯᠠᠬᠤ᠂ ᠴᠡᠷᠢᠭ ᠬᠥᠮᠥᠨ ᠤ ᠡᠷᠬᠡ ᠠᠰᠢᠭ ᠢ ᠪᠠᠲᠤᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠶ | ᠪᠤᠯᠭᠠᠬᠤ ᠪᠣᠯᠣᠨ᠎ᠠ᠃ | | | | | |