10 ᠰᠠᠷ᠎ᠠ ᠶᠢᠨ 7 ᠤ ᠡᠳᠦᠷ᠂ ᠦᠪᠦᠷ ᠮᠤᠩᠭᠤᠯ ᠤᠨ ᠡᠾᠦ᠋ᠢ ᠹᠧᠩ ᠡᠨᠧᠷᠬᠢ ᠶᠢᠨ ᠰᠤᠷᠪᠤᠯᠵᠢ ᠶᠢᠨ ᠬᠢᠵᠠᠭᠠᠷᠲᠤ ᠺᠤᠮᠫᠠᠨᠢ ᠠᠴᠠ ᠪᠦᠲᠦᠬᠡᠨ ᠪᠠᠶᠢᠭᠤᠯᠵᠤ | ᠪᠠᠶᠢᠭ᠎ᠠ ᠤᠷᠠᠳ ᠤᠨ ᠬᠤᠶᠢᠲᠤ ᠬᠤᠰᠢᠭᠤᠨ ᠤ 100 ᠲᠦᠮᠡᠨ ᠺᠢᠯᠤᠧᠠᠲ ᠤᠨ ᠰᠠᠯᠬᠢ ᠨᠦᠬᠡᠴᠡᠯᠡᠭᠦ ᠰᠠᠭᠤᠷᠢᠨ ᠭᠠᠵᠠᠷ ᠤᠨ ᠠᠩᠬᠠᠲᠠᠭᠴᠢ 10 ᠰᠠᠶ᠎ᠠ ᠸᠠᠲ ᠤᠨ | ᠰᠠᠯᠬᠢᠨ ᠬᠦᠴᠤᠨ ᠤ ᠮᠠᠰᠢᠨ ᠢ ᠤᠭᠰᠠᠷᠠᠬᠤ ᠠᠵᠢᠯ ᠢ ᠠᠮᠵᠢᠯᠲᠠ ᠲᠠᠢ ᠪᠡᠶᠡᠯᠡᠭᠦᠯᠵᠦ᠂ ᠤᠷᠠᠳ ᠤᠨ ᠬᠤᠶᠢᠲᠤ ᠬᠤᠰᠢᠭᠤᠨ ᠤ 100 ᠲᠦᠮᠡᠨ ᠺᠢᠯᠤᠧᠠᠲ ᠤᠨ | ᠰᠠᠯᠬᠢᠨ ᠴᠠᠬᠢᠯᠭᠠᠨ ᠨᠦᠭᠡᠴᠡᠯᠡᠭᠦ ᠰᠠᠭᠤᠷᠢᠨ ᠭᠠᠵᠠᠷ ᠤᠨ ᠪᠠᠲᠤᠯᠠᠭ᠎ᠠ ᠶᠢᠨ ᠴᠢᠨᠠᠷᠲᠠᠢ ᠲᠦᠷᠦᠯ ᠵᠦᠢᠯ ᠤᠨ ᠪᠦᠭᠦ ᠪᠠᠭᠳᠠᠭᠠᠮᠵᠢ ᠪᠠᠷ ᠲᠤᠤᠷ ᠨᠡᠶᠢᠯᠡᠭᠦᠯᠤᠨ ᠴᠠᠭᠢᠯᠭᠠᠨ | ᠭᠠᠷᠭᠠᠬᠤ ᠳᠤ ᠪᠠᠲᠤ ᠰᠠᠭᠤᠷᠢ ᠲᠠᠯᠪᠢᠪᠠ᠃ | ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 357075.01 ᠲᠦᠮᠡᠨ ᠲᠥᠭᠦᠷᠢᠭ ᠪᠠᠶᠢᠵᠤ᠂ ᠪᠥᠲᠥᠭᠡᠨ | ᠪᠠᠶᠢᠭᠤᠯᠬᠤ ᠲᠦᠷᠤᠯ ᠵᠦᠢᠯ ᠳᠤ 100 ᠰᠠᠤᠷᠢ 10 ᠰᠠᠶ᠎ᠠ ᠸᠠᠲ ᠤᠨ ᠰᠠᠯᠬᠢᠨ ᠬᠦᠴᠦᠨ ᠤ ᠮᠠᠰᠢᠨ ᠵᠢᠴᠢ ᠢᠵᠢ ᠪᠥᠷᠢᠳᠦᠭᠦᠯᠬᠦ ᠢᠨᠵᠧᠨᠧᠷᠢᠩ᠂ 2 ᠰᠠᠭᠤᠷᠢ | 220 ᠺᠢᠯᠣᠸᠠᠲ ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠴᠢ ᠠᠵᠢᠯᠯᠠᠭᠠᠨ ᠤ ᠬᠠᠮᠢᠶᠠᠷᠤᠯᠲᠠ ᠶᠢᠨ ᠲᠥᠪ ᠵᠡᠷᠭᠡ ᠢᠵᠢ ᠪᠥᠷᠢᠳᠦᠭᠦᠯᠬᠦ ᠲᠥᠬᠦᠭᠡᠷᠦᠮᠵᠢ ᠶᠢ | ᠪᠠᠭᠲᠠᠭᠠᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 34.84 ᠳ᠋ᠦᠩᠰᠢᠭᠤᠷ ᠭᠷᠠᠳᠦ᠋ᠰ᠂ | ᠵᠢᠯ ᠳᠤ 99.96 ᠲᠦᠮᠡᠨ ᠲᠣᠨ ᠨᠡᠭᠦᠷᠡᠰᠦ ᠠᠷᠪᠢᠯᠠᠵᠤ ᠪᠣᠯᠤᠨ᠎ᠠ᠃ | ᠵᠠᠯᠭᠠᠭᠠᠳ᠂ ᠤᠷᠠᠳ ᠤᠨ ᠬᠤᠶᠢᠲᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠤᠷᠠᠳ ᠤᠨ ᠬᠤᠶᠢᠲᠤ ᠬᠤᠰᠢᠭᠤᠨ ᠤ 100 | ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠨᠥᠭᠡᠴᠡᠯᠡᠬᠦ ᠰᠠᠭᠤᠷᠢᠨ ᠭᠠᠵᠠᠷ ᠤᠨ ᠪᠠᠲᠤᠯᠠᠭ᠎ᠠ ᠶᠢᠨ ᠴᠢᠨᠠᠷᠲᠠᠶ ᠲᠥᠷᠥᠯ ᠵᠦᠢᠯ ᠢ ᠪᠠᠶᠢᠩᠭᠤᠵᠢᠭᠤᠯᠤᠨ ᠲᠣᠬᠢᠷᠠᠭᠤᠯᠬᠤ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶᠢᠯᠠᠯ ᠤᠨ ᠲᠥᠷᠥᠯ ᠵᠦᠢᠯ ᠤᠨ ᠲᠣᠭᠲᠠᠭᠰᠠᠨ ᠪᠠᠷᠢᠯᠭ᠎ᠠ ᠶᠢᠨ ᠠᠬᠢᠴᠠ ᠪᠠᠨ ᠴᠠᠭ ᠲᠤᠬᠠᠶ ᠳᠤᠨᠢ | ᠪᠡᠶᠡᠯᠡᠭᠦᠯᠬᠦ ᠶᠢ ᠪᠥᠬᠦ ᠬᠦᠴᠦᠨ ᠢᠶᠠᠷ ᠢᠶᠠᠨ ᠰᠢᠮᠳᠠᠭᠤᠯᠵᠤ᠂ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ | |