9 ᠰᠠᠷ᠎ᠠ ᠶᠢᠨ 29 ᠤ ᠡᠳᠦᠷ᠂ ᠤᠷᠠᠳ ᠤᠨ ᠬᠤᠶᠢᠲᠤ ᠬᠤᠰᠢᠭᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠪᠡᠯᠴᠢᠭᠡᠷᠯᠡᠭᠦᠯᠬᠦ ᠶᠢ ᠴᠠᠭᠠᠵᠠᠯᠠᠬᠤ | ᠠᠵᠢᠯ ᠤᠨ ᠶᠠᠷᠢᠯᠴᠠᠬᠤ ᠬᠤᠷᠠᠯ ᠬᠢᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠬᠢᠨ ᠬᠤᠷᠠᠯ | ᠡᠷᠭᠢᠯᠡᠵᠦ ᠶᠠᠷᠢᠶ᠎ᠠ ᠲᠠᠯᠪᠢᠪᠠ᠃ | ᠶᠠᠷᠢᠯᠴᠠᠬᠤ ᠬᠤᠷᠠᠯ ᠳᠡᠭᠡᠷ᠎ᠡ᠂ ᠲᠥᠯᠥᠭᠡᠯᠡᠭᠴᠢᠳ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠶᠡᠷᠦᠩᠬᠡᠶ | ᠪᠠᠶᠢᠳᠠᠯ᠂ ᠲᠤᠯᠭᠠᠷᠠᠵᠤ ᠪᠠᠶᠢᠭ᠎ᠠ ᠭᠤᠤᠯ ᠠᠰᠠᠭᠤᠳᠠᠯ ᠪᠠ ᠣᠷᠣᠨ ᠪᠦᠰᠡ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠥᠷᠨᠢᠭᠦᠯᠬᠦ ᠵᠡᠷᠭᠡ ᠲᠠᠯ᠎ᠠ ᠪᠠᠷ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠭᠰᠠᠨ ᠪᠥᠭᠡᠳ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠰᠠᠨᠠᠯ | ᠰᠠᠨᠠᠭᠤᠯᠭ᠎ᠠ ᠳᠤᠷᠠᠳᠪᠠ᠃ | ᠬᠤᠷᠠᠯ ᠠᠴᠠ᠂ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ | ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠣᠷᠣᠨ ᠪᠦᠰᠡ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠦᠷᠭᠦᠯᠵᠢᠯᠡᠨ ᠪᠦᠲᠦᠮᠵᠢᠲᠡᠢ ᠥᠷᠨᠢᠭᠦᠯᠬᠦ ᠶᠢ | ᠪᠠᠲᠤᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠶᠢᠨ ᠬᠡᠪᠴᠢᠶ᠎ᠡ ᠶᠢ ᠨᠠᠩ ᠥᠷᠭᠡᠨ ᠳᠡᠯᠭᠡᠷ᠂ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠶᠢᠯᠤᠮᠵᠢ ᠶᠢ ᠨᠠᠩ ᠲᠣᠳᠣᠷᠬᠠᠶ ᠪᠣᠯᠭᠠᠬᠤ ᠪᠠᠷ ᠴᠢᠷᠮᠠᠶᠢᠵᠤ᠂ ᠪᠥᠬᠦ ᠬᠤᠰᠢᠭᠤᠨ ᠤ ᠥᠷᠭᠡᠨ ᠣᠯᠠᠨ ᠮᠠᠯᠴᠢᠨ | ᠲᠠᠷᠢᠶᠠᠴᠢᠨ ᠢ ᠬᠥᠲᠥᠯᠦᠨ ᠵᠢᠯᠣᠭᠤᠳᠴᠤ ᠪᠠᠶᠢᠭᠠᠳ ᠬᠠᠮᠢᠶ᠎ᠠ ᠪᠥᠬᠦᠶ ᠲᠣᠭᠲᠠᠭᠠᠯ ᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠣᠷᠳᠣ ᠬᠤᠭᠤᠴᠠᠭ᠎ᠠ ᠪᠠᠷ | ᠬᠠᠮᠠᠭᠠᠯᠠᠨ ᠠᠰᠢᠭᠯᠠᠬᠤ ᠶᠢ ᠨᠠᠩ ᠰᠠᠶᠢᠲᠤᠷ ᠠᠬᠢᠭᠤᠯᠬᠤ ᠬᠡᠷᠡᠭᠲᠡᠶ ᠬᠡᠪᠠ᠃ | ᠬᠤᠷᠠᠯ ᠠᠴᠠ ᠱᠠᠭᠠᠷᠳᠠᠭᠰᠠᠨ ᠨᠢ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠬᠤ ᠶᠢᠨ ᠬᠠᠮᠲᠤ᠂ ᠥᠷᠭᠡᠨ ᠣᠯᠠᠨ ᠮᠠᠯᠴᠢᠳ ᠢ ᠬᠥᠲᠥᠯᠦᠨ ᠵᠢᠯᠣᠭᠤᠳᠴᠤ ᠪᠠᠶᠢᠭᠠᠳ ᠪᠡᠯᠴᠢᠭᠡᠷᠯᠡᠭᠦᠯᠬᠦ ᠶᠢ ᠴᠠᠭᠠᠵᠠᠯᠠᠵᠤ ᠨᠤᠲᠤᠭ ᠪᠡᠯᠴᠢᠭᠡᠷ ᠤᠨ ᠠᠮᠢ | ᠠᠬᠤᠶ ᠶᠢ ᠬᠠᠮᠠᠭᠠᠯᠠᠬᠤ ᠪᠠ ᠮᠠᠯ ᠠᠵᠤ ᠠᠬᠤᠶ ᠶᠢ ᠬᠥᠭᠵᠢᠭᠦᠯᠬᠦ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠬᠦᠢᠴᠡᠳ ᠲᠠᠨᠢᠭᠤᠯᠵᠤ᠂ ᠰᠡᠳᠬᠢᠯ ᠳᠡᠯᠪᠢᠨ | ᠬᠠᠶᠢᠷ᠎ᠠ ᠰᠡᠳᠬᠢᠯᠭᠡ ᠲᠠᠢ ᠪᠠᠷ ᠨᠣᠭᠤᠭᠠᠷᠠᠭᠤᠯᠤᠯᠲᠠ ᠶᠢ ᠬᠠᠮᠠᠭᠠᠯᠠᠵᠤ᠂ ᠤᠷᠠᠳ ᠤᠨ ᠬᠤᠶᠢᠲᠤ ᠬᠤᠰᠢᠭᠤᠨ ᠤ ᠪᠣᠬᠢᠷᠲᠤᠯ ᠥᠬᠡᠶ ᠰᠠᠭᠤᠷᠢ ᠶᠢ ᠲᠠᠰᠤᠷᠠᠯᠲᠠ ᠥᠬᠡᠶ | ᠪᠠᠬᠢᠵᠢᠭᠦᠯᠬᠦ ᠬᠡᠷᠡᠭᠲᠡᠶ ᠬᠡᠪᠠ᠃ | |