ᠤᠷᠠᠳ ᠤᠨ ᠳᠤᠮᠳᠠᠳᠤ ᠬᠤᠰᠢᠭᠤᠨ ᠤ 19 ᠠᠵᠤ ᠠᠬᠤᠶᠢᠯᠠᠯ ︽ᠤᠯᠤᠰ ᠤᠨ ᠮᠥᠷᠳᠡᠨ ᠤᠬᠤᠴᠢᠯᠠᠬᠤ ᠲᠠᠪᠴᠠᠩ︾᠎ ᠳᠤ ᠣᠷᠣᠵᠤ ᠰᠠᠭᠤᠪᠠ
ᠨᠡᠶᠢᠲᠡᠯᠡᠭᠰᠡᠨ ᠴᠠᠭ᠄
2024/10/15
      ᠪᠥᠬᠦ ᠬᠤᠰᠢᠭᠤᠨ ᠤ ᠬᠡᠪᠴᠢᠶᠡᠨ ᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠤᠬᠤᠴᠢᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ︵︽ᠤᠯᠤᠰ ᠤᠨ ᠮᠥᠷᠳᠡᠨ ᠤᠬᠤᠴᠢᠯᠠᠬᠤ ᠲᠠᠪᠴᠠᠩ︾ ᠭᠡᠵᠦ ᠲᠣᠪᠴᠢᠯᠠᠨ᠎ᠠ︶᠎ ᠢ ᠳᠡᠯᠭᠡᠷᠡᠭᠦᠯᠦᠨ ᠬᠡᠷᠡᠭᠯᠡᠵᠦ᠂ ᠤᠯᠤᠰ ᠤᠨ ᠮᠥᠷᠳᠡᠨ ᠤᠬᠤᠴᠢᠯᠠᠬᠤ ᠲᠠᠪᠴᠠᠩ ᠢᠶᠠᠷ ᠳᠠᠮᠵᠢᠭᠤᠯᠤᠨ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ᠂ ᠡᠳ᠋ᠰᠢᠭᠦᠯᠦᠯᠲᠡ᠂ ᠭᠦᠢᠯᠭᠡᠭᠡ ᠵᠡᠷᠭᠡ ᠪᠥᠬᠦ ᠬᠡᠯᠬᠢᠶᠡᠵᠢᠯ ᠢ ᠬᠢᠨᠠᠨ ᠬᠠᠮᠢᠶᠠᠷᠬᠤ ᠪᠠ ᠮᠥᠷᠳᠡᠨ ᠤᠬᠤᠴᠢᠯᠠᠬᠤ ᠶᠢ ᠪᠡᠶᠡᠯᠡᠭᠦᠯᠬᠦ ᠶᠢᠨ ᠲᠤᠰᠠᠳᠠ᠂ ᠤᠷᠠᠳ ᠤᠨ ᠳᠤᠮᠳᠠᠳᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠥᠪ ᠠᠴᠠ ᠪᠥᠬᠦ ᠬᠤᠰᠢᠭᠤᠨ ᠤ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ᠂ ᠭᠠᠵᠠᠷ ᠵᠦᠢ ᠶᠢᠨ ᠢᠯᠡᠳᠬᠡᠮᠵᠢ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠡᠷᠬᠡ ᠣᠯᠭᠤᠭᠰᠠᠨ ᠠᠵᠤ ᠠᠬᠤᠶᠢᠯᠠᠯ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ ᠤᠯᠤᠰ ᠤᠨ ᠮᠥᠷᠳᠡᠨ ᠤᠬᠤᠴᠢᠯᠠᠬᠤ ᠲᠠᠪᠴᠠᠩ ᠳᠤ ᠣᠷᠣᠭᠤᠯᠪᠠ᠃ ᠣᠳᠣᠬᠠᠨ ᠳᠤ᠂ ᠲᠣᠰ ᠬᠤᠰᠢᠭᠤᠨ ᠤ ︽ᠤᠯᠤᠰ ᠤᠨ ᠮᠥᠷᠳᠡᠨ ᠤᠬᠤᠴᠢᠯᠠᠬᠤ ᠲᠠᠪᠴᠠᠩ︾᠎ ᠳᠤ ᠣᠷᠣᠵᠤ ᠰᠠᠭᠤᠭᠰᠠᠨ ᠠᠵᠤ ᠠᠬᠤᠶᠢᠯᠠᠯ 19 ᠪᠠᠶᠢᠵᠤ᠂ ᠡᠭᠦᠨ ᠳᠤ ᠪᠣᠬᠢᠷᠲᠤᠯ ᠦᠭᠡᠢ ᠢᠳᠡᠭᠡᠨ ᠤ ᠠᠵᠤ ᠠᠬᠤᠶᠢᠯᠠᠯ 2᠂ ᠣᠷᠭᠠᠨᠢᠭ ᠪᠦᠲᠦᠭᠡᠭᠳᠡᠬᠦᠨ ᠤ ᠠᠵᠤ ᠠᠬᠤᠶᠢᠯᠠᠯ 5᠂ ᠭᠠᠵᠠᠷ ᠵᠦᠢ ᠶᠢᠨ ᠢᠯᠡᠳᠬᠡᠮᠵᠢ ᠲᠡᠮᠳᠡᠭᠲᠦ ᠠᠵᠤ ᠠᠬᠤᠶᠢᠯᠠᠯ 1᠂ ᠨᠠᠷᠠᠲᠤ ᠰᠢᠯᠢᠳᠡᠭ ᠣᠨᠴᠠ ᠠᠵᠤ ᠠᠬᠤᠶᠢᠯᠠᠯ 11 ᠪᠠᠶᠢᠨ᠎ᠠ᠃       ᠣᠷᠣᠵᠤ ᠰᠠᠭᠤᠭᠰᠠᠨ ᠭᠤᠣᠯ ᠴᠣᠭᠴᠠ ᠨᠢ ︽ᠤᠯᠤᠰ ᠤᠨ ᠮᠥᠷᠳᠡᠨ ᠤᠬᠤᠴᠢᠯᠠᠬᠤ ᠲᠠᠪᠴᠠᠩ︾᠎ ᠢᠶᠠᠷ ᠳᠠᠮᠵᠢᠭᠤᠯᠤᠨ ᠪᠦᠲᠦᠭᠡᠭᠳᠡᠬᠦᠨ ᠤ ᠮᠡᠳᠡᠭᠡ ᠵᠠᠩᠭᠢ ᠶᠢ ᠣᠷᠣᠭᠤᠯᠵᠤ᠂ ᠰᠢᠰᠲ᠋ᠧᠮ ᠨᠢ ᠮᠥᠷᠳᠡᠨ ᠤᠬᠤᠴᠢᠯᠠᠬᠤ ᠺᠣᠳ᠋ ᠢ ᠠᠶᠠᠨᠳᠠᠭᠠᠨ ᠪᠣᠶ ᠪᠣᠯᠭᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠪᠥᠬᠦ ᠶᠠᠪᠤᠴᠠ ᠶᠢ ᠮᠥᠷᠳᠡᠨ ᠤᠬᠤᠴᠢᠯᠠᠬᠤ ᠶᠢ ᠪᠡᠶᠡᠯᠡᠭᠦᠯᠬᠦ ᠶᠢᠨ ᠬᠠᠮᠲᠤ᠂ ᠮᠠᠰᠢ ᠣᠯᠠᠨ ᠠᠰᠢᠭ ᠲᠤᠰᠠ ᠠᠪᠴᠢᠷᠠᠨ᠎ᠠ᠃ ᠨᠢᠭᠡ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠵᠣᠯᠭᠠᠭᠤᠯᠬᠤ ᠪᠠᠨ ᠴᠢᠩᠭᠠᠳᠬᠠᠪᠠ᠃ ᠠᠮᠠᠯᠠᠯᠲᠠ ᠶᠢᠨ ᠪᠠᠷᠢᠮᠵᠢᠶ᠎ᠠ ᠳᠤ ᠭᠦᠷᠦᠭᠰᠡᠨ ᠬᠢᠷᠢ ᠲᠡᠩᠴᠡᠭᠰᠡᠨ ᠦᠨᠡᠮᠯᠡᠯ ᠨᠢ ᠬᠦᠴᠦᠨ ᠪᠦᠬᠦᠢ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠡᠩᠴᠡᠭᠰᠡᠨ ᠭᠡᠷᠡᠴᠢ ᠪᠠᠷᠢᠮᠲᠠ ᠮᠥᠨ ᠭᠡᠳᠡᠭ ᠢ ᠲᠣᠳᠣᠷᠬᠠᠶᠢᠯᠠᠵᠤ᠂ ᠠᠮᠠᠯᠠᠯᠲᠠ ᠶᠢᠨ ᠪᠠᠷᠢᠮᠵᠢᠶ᠎ᠠ ᠳᠤ ᠭᠦᠷᠦᠭᠰᠡᠨ ᠬᠢᠷᠢ ᠲᠡᠩᠴᠡᠭᠰᠡᠨ ᠦᠨᠡᠮᠯᠡᠯ ᠢ ᠬᠦᠴᠦᠨ ᠪᠦᠬᠦᠢ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠡᠩᠴᠡᠭᠰᠡᠨ ᠭᠡᠷᠡᠴᠢ ᠪᠠᠷᠢᠮᠲᠠ ᠪᠣᠯᠭᠠᠬᠤ ᠪᠠᠷ ᠳᠠᠮᠵᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠣᠷᠣᠭᠤᠯᠬᠤ ᠳᠤ ᠡᠷᠬᠡᠪᠰᠢ ᠪᠠᠶᠢᠴᠠᠭᠠᠬᠤ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠦᠲᠦᠮᠵᠢᠲᠡᠶ ᠪᠠᠶᠢᠭᠤᠯᠪᠠ᠃ ᠬᠤᠶᠠᠷ ᠲᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠶᠠᠪᠤᠴᠠ ᠶᠢᠨ ᠵᠢᠯᠣᠭᠤᠳᠤᠯᠭ᠎ᠠ ᠪᠠ ᠡᠳᠦᠷ ᠲᠤᠲᠤᠮ ᠤᠨ ᠪᠠᠶᠢᠴᠠᠭᠠᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ 60 %᠎ ᠶᠢᠨ ᠦᠢᠯᠡᠳᠪᠦᠷᠢᠯᠡᠯ ᠤᠨ ᠭᠤᠣᠯ ᠴᠣᠭᠴᠠ ᠶᠢ ᠵᠢᠷᠤᠮᠵᠢᠭᠤᠯᠤᠨ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠣᠯᠭᠤᠵᠤ ᠪᠣᠯᠣᠨ᠎ᠠ᠃ ᠭᠤᠷᠪᠠ ᠳᠤ᠂  ᠡᠯᠧᠺᠲᠷᠣᠨ ᠬᠤᠳᠠᠯᠳᠤᠭᠠᠨ ᠤ ᠲᠠᠪᠴᠠᠩ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠵᠡᠷᠭᠡ ᠯᠦᠭᠡ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠷᠤᠯᠲᠠ ᠶᠢᠨ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠢ ᠰᠢᠭᠤᠳ ᠪᠣᠷᠣᠯᠠᠭᠤᠯᠬᠤ ᠦᠨᠡᠮᠯᠡᠯ ᠲᠠᠢ ᠪᠣᠷᠣᠯᠠᠭᠤᠯᠬᠤ ᠶᠢ ᠠᠬᠢᠭᠤᠯᠤᠨ᠎ᠠ᠃ ᠳᠥᠷᠪᠡ ᠳᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠨᠥᠯᠥᠭᠡᠯᠡᠬᠦ ᠬᠦᠴᠦᠨ ᠪᠠ ᠬᠡᠷᠡᠭᠯᠡᠭᠴᠢᠳ ᠤᠨ ᠮᠡᠳᠡᠷᠡᠬᠦ ᠬᠡᠮᠵᠢᠶ᠎ᠡ ᠶᠢ ᠥᠷᠭᠡᠳᠬᠡᠨ᠂ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠬᠢᠭᠡᠳ ᠲᠠᠷᠢᠶᠠᠯᠠᠩ ᠤᠨ ᠪᠦᠲᠦᠭᠡᠭᠳᠡᠬᠦᠨ ᠤ ᠮᠥᠷᠳᠡᠨ ᠤᠬᠤᠴᠢᠯᠠᠬᠤ ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠢ ᠮᠥᠷᠳᠡᠨ ᠤᠬᠤᠴᠢᠯᠠᠬᠤ ᠨᠢ ︽ᠢᠷᠡᠯᠲᠡ ᠶᠢ ᠮᠥᠷᠳᠡᠵᠦ ᠪᠣᠯᠬᠤ᠂ ᠬᠠᠮᠢᠭ᠎ᠠ ᠣᠴᠢᠭᠰᠠᠨ ᠴᠤ ᠪᠠᠶᠢᠴᠠᠭᠠᠵᠤ ᠪᠣᠯᠬᠤ᠂ ᠲᠦᠭᠰᠢᠭᠦᠷᠢ ᠶᠢ ᠡᠵᠡᠮᠳᠡᠵᠦ ᠪᠣᠯᠬᠤ᠂ ᠬᠠᠷᠢᠭᠤᠴᠠᠯᠭ᠎ᠠ ᠶᠢ ᠨᠡᠬᠡᠮᠵᠢᠯᠡᠵᠦ ᠪᠣᠯᠬᠤ︾᠎ ᠶᠢ ᠪᠡᠶᠡᠯᠡᠭᠦᠯᠵᠦ ᠪᠣᠯᠣᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ